ᠪᠦᠬᠦ ᠤᠷᠤᠨ ᠤ ︽ᠦᠨᠳᠦᠰᠦᠲᠡᠨ ᠤ ᠪᠦᠯᠬᠦᠮᠳᠡᠯ ᠲᠠᠪᠰᠢᠯᠲᠠ︾ ᠬᠤᠨᠳᠠᠭᠠᠲᠦ ᠮᠤᠩᠭᠤᠯ ᠰᠢᠲᠠᠷ᠎ᠠ ᠶᠢᠨ ᠤᠷᠢᠯᠭ᠎ᠠ ᠶᠢᠨ ᠤᠷᠤᠯᠳᠤᠭᠠᠨ 8 ᠰᠠᠷ᠎ᠠ | ᠶᠢᠨ 7 ᠤ ᠡᠳᠤᠷ ᠠᠴᠠ 8 ᠰᠠᠷ᠎ᠠ ᠶᠢᠨ 8 ᠤ ᠡᠳᠦᠷ ᠪᠤᠯᠲᠠᠯ᠎ᠠ ᠤᠯᠠᠭᠠᠨᠳᠤᠯᠤᠭᠠᠢ ᠪᠠᠯᠭᠠᠰᠤᠨ ᠤ ᠪᠠᠶᠠᠡᠰᠢᠯᠢ ᠭᠠᠴᠠᠭᠠᠨ ᠳᠤ ᠶᠠᠪᠤᠭᠳᠠᠭᠰᠠᠨ ᠪᠠᠶᠢᠨ᠎ᠠ᠃ | ᠲᠣᠰ ᠤᠳᠠᠭᠠᠨ ᠤ ᠤᠷᠤᠯᠳᠤᠭᠠᠨ ᠨᠢ ︽ᠪᠦᠯᠬᠦᠮᠳᠡᠨ ᠨᠢᠭᠲᠠᠷᠠᠬᠤ᠂ ᠤᠯᠠᠮᠵᠢᠯᠠᠨ ᠰᠣᠯᠢᠯᠴᠠᠬᠤ᠂ ᠠᠭᠤᠰᠤᠯᠴᠠᠨ ᠲᠠᠪᠰᠢᠬᠤ︾ ᠪᠠᠷ ᠭᠤᠤᠯ ᠰᠡᠳᠦᠪ | ᠢᠶᠠᠨ ᠪᠣᠯᠭᠠᠵᠤ᠂ ᠬᠤᠶᠠᠷ ᠡᠳᠦᠷ ᠤᠨ ᠬᠤᠭᠤᠴᠠᠭᠠᠨ ᠳᠤ ᠮᠣᠩᠭᠤᠯ ᠰᠢᠲᠠᠷ᠎ᠠ ᠶᠢᠨ ᠤᠷᠤᠯᠳᠤᠭᠠᠨ᠂ ᠮᠣᠩᠭᠤᠯ ᠰᠢᠲᠠᠷ᠎ᠠ ᠶᠢᠨ ᠮᠠᠯᠴᠢᠨ ᠲᠠᠷᠢᠶᠠᠴᠢᠨ ᠤ | ᠰᠠᠭᠤᠷᠢᠨ ᠭᠠᠵᠠᠷ ᠤᠨ ᠪᠠᠶᠢᠭᠤᠯᠤᠯᠲᠠ ᠶᠢᠨ ᠳᠤᠬᠠᠢ ᠰᠠᠭᠤᠳᠠᠯ ᠤᠨ ᠬᠤᠷᠠᠯ᠂ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ ᠵᠡᠷᠭᠡ | ᠠᠵᠢᠯᠯᠠᠭ᠎ᠠ ᠶᠢ ᠶᠠᠪᠤᠭᠳᠠᠭᠤᠯᠵᠠᠢ᠃ | ᠪᠥᠬᠦ ᠤᠷᠤᠨ ᠤ ᠡᠯ᠎ᠡ ᠠᠶᠢᠮᠠᠭ ᠬᠤᠳᠠ ᠶᠢᠨ ᠨᠠᠶᠠᠭᠠᠳ ᠰᠢᠲᠠᠷᠴᠢᠨ᠂ 64 ᠲᠦᠯᠦᠭᠡᠯᠡᠭᠴᠢ ᠬᠤᠶᠠᠷ ᠡᠳᠦᠷ ᠤᠨ ᠬᠤᠭᠤᠴᠠᠭᠠᠨ ᠳᠤ ᠤᠶᠤᠨ | ᠤᠬᠠᠭᠠᠨ᠂ ᠤᠷ᠎ᠠ ᠴᠢᠳᠠᠪᠤᠷᠢ ᠪᠠᠨ ᠰᠤᠷᠢᠬᠤ ᠶᠢᠨ ᠬᠠᠮᠲᠦ ᠤᠯᠠᠨ ᠲᠦᠮᠡᠨᠴᠢ ᠰᠤᠶᠤᠯ ᠪᠠᠶ᠎ᠡ ᠶᠢᠨ ᠲᠠᠮᠢᠷ ᠤᠨ ᠰᠤᠳᠤᠨ ᠰᠠᠶᠢᠬᠠᠨ ᠮᠦᠷᠦᠶᠢᠴᠡᠭᠡᠨ ᠢ ᠨᠡᠶᠢᠲᠡ | ᠤᠯᠠᠨ ᠳᠤ ᠦᠵᠡᠬᠦᠯᠵᠤ᠂ ᠪᠦᠬᠦ ᠤᠷᠤᠨ ᠤ ᠬᠡᠪᠴᠢᠶ᠎ᠡ ᠪᠠᠷ ᠲᠤᠮᠤᠬᠠᠨ ᠨᠢᠭᠡ ᠤᠳᠠᠭᠠᠨ ᠤ ᠮᠤᠩᠭᠤᠯ ᠰᠢᠲᠠᠷ᠎ᠠ ᠶᠢᠨ ᠨᠠᠭᠠᠳᠤᠮ ᠪᠤᠯᠵᠠᠢ᠃ ᠮᠣᠩᠭᠤᠯ ᠰᠢᠲᠠᠷ᠎ᠠ | ᠪᠤᠯ ᠠᠯᠢ ᠡᠷᠳᠡ ᠠᠴᠠ ᠤᠯᠠᠮᠵᠢᠯᠠᠵᠦ ᠢᠷᠡᠭᠰᠡᠨ ᠮᠤᠩᠭᠤᠯᠴᠤᠳ ᠤᠨ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠤᠭᠳᠠᠬᠤ ᠴᠢᠬᠤᠯᠠ ᠪᠦᠬᠦᠢ ᠰᠣᠶᠣᠯ | ᠪᠡᠶ᠎ᠡ ᠶᠢᠨ ᠲᠠᠮᠢᠷ ᠤᠨ ᠵᠤᠭ᠎ᠠ ᠴᠡᠩᠭᠡᠯ ᠤᠨ ᠠᠵᠢᠯᠯᠠᠭ᠎ᠠ ᠪᠣᠯᠤᠭᠰᠠᠨ ᠤ ᠬᠤᠪᠢ ᠳᠤ᠂ ᠣᠳᠣᠬᠠᠨ ᠳᠤ ᠪᠥᠬᠦ ᠣᠷᠣᠨ ᠳᠤ ︽ᠥᠪᠥᠷ ᠮᠣᠩᠭᠤᠯ ᠤᠨ ᠮᠣᠩᠭᠤᠯ | ᠰᠢᠲᠠᠷ᠎ᠠ ᠶᠢᠨ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ︾ ᠢ ᠨᠢᠭᠡᠨᠲᠡ 50 ᠪᠠᠶᠢᠭᠤᠯᠵᠤ᠂ ︽ᠥᠪᠥᠷ ᠮᠣᠩᠭᠤᠯ ᠤᠨ ᠮᠣᠩᠭᠤᠯ | ᠰᠢᠲᠠᠷ᠎ᠠ ᠶᠢᠨ ᠮᠠᠯᠴᠢᠨ ᠲᠠᠷᠢᠶᠠᠴᠢᠨ ᠢ ᠪᠣᠯᠪᠠᠰᠤᠷᠠᠭᠤᠯᠬᠤ ᠰᠠᠭᠤᠷᠢᠨ ᠭᠠᠵᠠᠷ︾ ᠢ 12 ᠪᠠᠶᠢᠭᠤᠯᠵᠦ᠂ ᠦᠷᠭᠦᠯᠵᠢᠯᠡᠨ ᠰᠠᠶᠢᠬᠠᠨ ᠤᠯᠠᠮᠵᠢᠯᠠᠨ ᠲᠡᠯᠭᠡᠷᠡᠭᠦᠯᠬᠦ ᠶᠢ | ᠠᠬᠢᠭᠤᠯᠵᠦ ᠪᠠᠶᠢᠨ᠎ᠠ᠃ | | | | | | | | | | | | | | | | | | | | | | | | | | | | ᠰᠤᠷᠪᠤᠯᠵᠢᠯᠠᠭᠴᠢ᠄ ᠪᠤᠶᠠᠨᠳᠤ |