ᠪᠠᠲᠤ ᠶᠢᠨ ᠲᠤᠬᠤᠢ ᠪᠣᠯ ᠪᠠᠷᠠᠭᠤᠨ ᠬᠤᠶᠢᠲᠤ ᠣᠷᠣᠨ ᠤ ᠬᠤᠪᠢᠰᠬᠠᠯ ᠨᠠᠯᠢᠶᠡᠳ ᠡᠷᠲᠡ ᠥᠷᠨᠢᠭᠰᠡᠨ ᠭᠠᠵᠠᠷ ᠤᠨ ᠨᠢᠭᠡ ᠶᠤᠮ᠃ ᠲᠡᠭᠡᠷ᠎ᠡ ᠵᠠᠭᠤᠨ ᠤ | ᠭᠤᠴᠢᠭᠠᠳ ᠣᠨ ᠤ ᠦᠶ᠎ᠡ ᠪᠠᠷ ᠤᠯᠠᠭᠠᠨᠬᠦᠦ᠂ ᠸᠠᠩ ᠵᠧᠨ᠂ ᠰᠦᠡᠭ ᠷᠧᠨ ᠴᠢᠦ᠋ᠡᠭ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠡᠨᠡ ᠨᠣᠳᠤᠭ ᠲᠤ | ᠬᠤᠪᠢᠰᠬᠠᠯ ᠬᠢᠵᠦ ᠪᠠᠶᠢᠭᠰᠠᠨ ᠦᠯᠢᠭᠡᠷ ᠲᠡᠤᠬᠡ ᠲᠠᠢ ᠶᠤᠮ᠃ ᠪᠠᠲᠤ ᠶᠢᠨ ᠲᠤᠬᠤᠢ ᠶᠢᠨ ᠬᠤᠪᠢᠰᠬᠠᠯᠲᠤ ᠰᠣᠶᠣᠯ ᠤᠨ ᠪᠠᠯᠭᠠᠰᠤ ᠨᠢ ᠦᠦᠰᠢᠨ ᠬᠤᠰᠢᠭᠤᠨ ᠤ | ᠰᠢᠷᠬᠤᠰᠣᠨ ᠪᠠᠯᠭᠠᠰᠣᠨ ᠳᠤ ᠪᠠᠶᠢᠷᠢᠯᠠᠵᠦ᠂ ᠲᠥᠯᠥᠪᠵᠢᠭᠦᠯᠭᠡ ᠶᠢᠨ ᠲᠠᠯᠠᠪᠠᠢ ᠨᠢ 8.92 ᠲᠡᠭᠰᠢ ᠲᠥᠷᠪᠡᠯᠵᠢᠨ ᠺᠢᠯᠥᠮᠧᠲᠷ ᠪᠠᠶᠢᠵᠦ᠂ ᠦᠦᠰᠢᠨ ᠬᠤᠰᠢᠭᠤᠨ ᠤ | ᠬᠤᠪᠢᠰᠬᠠᠯ ᠤᠨ ᠦᠯᠢᠭᠡᠷ ᠤᠨ ᠪᠣᠯᠪᠠᠰᠣᠷᠠᠯ ᠤᠨ ᠣᠷᠳᠣᠨ᠂ ᠦᠦᠰᠢᠨ ᠬᠤᠰᠢᠭᠤᠨ ᠤ ᠠᠮᠢ ᠠᠬᠤᠢ ᠶᠢᠨ ᠪᠣᠯᠪᠠᠰᠣᠨ ᠤ ᠦᠵᠡᠭᠦᠯᠭᠡ ᠶᠢᠨ ᠭᠠᠵᠠᠷ᠂ ᠦᠦᠰᠢᠨ | ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠯᠠᠵᠤ ᠪᠠᠶᠢᠭᠰᠠᠨ ᠬᠭᠠᠤᠴᠢᠨ ᠪᠠᠭᠤᠷᠢ ᠵᠡᠷᠭᠡ ︽ᠨᠢᠭᠡ ᠪᠠᠯᠭᠠᠰᠤ᠂ ᠭᠤᠷᠪᠠᠨ ᠣᠷᠳᠣᠨ᠂ ᠣᠯᠠᠨ ᠴᠡᠭ︾ ᠢ | ᠪᠦᠷᠢᠯᠳᠤᠭᠦᠯᠵᠦ᠂ ᠬᠤᠪᠢᠰᠬᠠᠯ ᠤᠨ ᠬᠦᠮᠦᠵᠢᠯ᠂ ᠨᠠᠮᠴᠢ ᠴᠢᠨᠠᠷ ᠤᠨ ᠪᠣᠯᠪᠠᠰᠤᠷᠠᠯ᠂ ᠡᠬᠡ ᠣᠷᠣᠨᠴᠢ ᠦᠵᠡᠯ ᠤᠨ ᠬᠦᠮᠦᠵᠢᠯ᠂ ᠣᠯᠣᠰ ᠤᠨ ᠪᠠᠳᠣᠯᠠᠨ ᠬᠠᠮᠠᠭᠠᠯᠠᠯᠲᠠ | ᠶᠢᠨ ᠬᠦᠮᠦᠵᠢᠯ᠂ ᠰᠣᠶᠣᠯ ᠤᠨ ᠰᠣᠯᠢᠯᠴᠠᠭ᠎ᠠ᠂ ᠤᠶᠢᠯᠡᠳᠦᠯᠭᠡ ᠪᠣᠯᠪᠠᠰᠣᠷᠠᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠬᠦᠮᠦᠵᠢᠯ ᠤᠨ ᠰᠠᠭᠤᠷᠢᠨ | ᠭᠠᠵᠠᠷ ᠪᠣᠯᠣᠨ᠎ᠠ᠃ | | | | | | | | | | | | | |