ᠭᠠᠯᠠᠭᠤᠳᠤ ᠪᠠᠯᠭᠠᠰᠤ ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ ︽ᠵᠣᠯ ᠵᠢᠷᠭᠠᠯᠲᠤ ᠪᠠᠯᠭᠠᠰᠤ︾ ᠶᠢᠨ ᠰᠢᠨ᠎ᠡ ᠵᠠᠮ ᠢᠶᠠᠷ ᠵᠠᠮᠨᠠᠵᠤ ᠪᠠᠶᠢᠨ᠎ᠠ
ᠨᠡᠶᠢᠲᠡᠯᠡᠭᠰᠡᠨ ᠴᠠᠭ᠄
2024/9/10
      ᠣᠶᠢᠷ᠎ᠠ ᠶᠢᠨ ᠵᠢᠯ ᠳᠤ᠂ ᠭᠠᠯᠠᠭᠤᠲᠤ ᠪᠠᠯᠭᠠᠰᠤ ︽ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ︾ ᠪᠠᠷ ᠤᠳᠤᠷᠢᠳᠤᠮᠵᠢ ᠪᠤᠯᠭᠠᠨ ᠠᠵᠤ ᠦᠢᠯᠡᠰ᠂ ᠠᠮᠢ ᠠᠬᠤᠶ᠂ ᠰᠣᠶᠣᠯ᠂ ᠦᠢᠯᠡᠴᠢᠯᠡᠭᠡ᠂ ᠵᠠᠰᠠᠯᠲᠠ᠂ ᠦᠢᠯᠡᠰ ᠪᠤᠰᠬᠠᠬᠤ ᠶᠢ ᠬᠠᠮᠲᠤ ᠪᠠᠷ ᠡᠳ᠋ᠯᠡᠬᠦ ︽ᠵᠢᠷᠭᠤᠭᠠᠨ ᠶᠡᠭᠡ ᠪᠠᠶᠢᠳᠠᠯ︾ ᠢ ᠡᠭᠦᠳᠭᠦ ᠶᠢ ᠢᠳᠡᠪᠬᠢᠲᠡᠶ ᠰᠦᠪᠡᠭᠴᠢᠯᠡᠵᠤ ᠣᠷᠣᠨ ᠨᠤᠲᠤᠭ ᠤᠨ ᠣᠨᠴᠠᠯᠢᠭ ᠲᠠᠢ ᠰᠢᠨ᠎ᠡ ᠵᠠᠮ ᠢᠶᠠᠷ ᠵᠠᠮᠨᠠᠵᠤ ᠪᠠᠶᠢᠨ᠎ᠠ᠃      ᠣᠶᠢᠷ᠎ᠠ ᠶᠢᠨ ᠬᠤᠭᠤᠴᠠᠭᠠᠨ ᠳᠤ ᠭᠠᠯᠠᠭᠤᠳᠤ ᠪᠠᠯᠭᠠᠰᠤᠨ ᠤ ᠳᠠᠪᠴᠠᠭ ᠲᠣᠰᠬᠤᠨ ᠤ ᠯᠢᠦ ᠰᠢᠤᠢ ᠶᠢᠨ ᠬᠠᠮᠤᠭ ᠰᠠᠭᠦᠯ ᠤᠨ 5 ᠬᠦᠯᠡᠮᠵᠢ ᠶᠢᠨ ᠭᠤᠸᠠ ᠵᠢᠮᠢᠰ ᠨᠢᠭᠡᠨᠳᠠ ᠪᠤᠯᠪᠠᠰᠤᠷᠠᠵᠤ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ ᠢᠶᠠᠷ ᠵᠠᠬ᠎ᠠ ᠳᠡᠯᠭᠡᠭᠦᠷ ᠲᠤ ᠭᠠᠷᠬᠤ ᠪᠠᠷ ᠪᠠᠶᠢᠨ᠎ᠠ᠃ ᠭᠤᠸᠠ ᠵᠢᠮᠢᠰ ᠲᠠᠷᠢᠬᠤ ᠬᠦᠯᠡᠮᠵᠢ ᠪᠣᠯ ᠳᠠᠷᠤᠢ ᠲᠤᠬᠠᠢ ᠶᠢᠨ ᠭᠠᠵᠠᠷ ᠤᠨ ᠤᠢᠢᠷ᠎ᠠ ᠶᠢᠨ ᠵᠢᠯ ᠤᠨ ᠲᠤᠷᠰᠢ ᠭᠥᠭᠵᠢᠭᠦᠯᠥᠭᠰᠠᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠪᠣᠯᠬᠤ ᠬᠠᠮᠲᠤ ᠪᠠᠷ ᠡᠳ᠋ᠯᠡᠬᠦ ᠨᠣᠭᠤᠭ᠎ᠠ ᠶᠢᠨ ᠬᠦᠷᠢᠶᠡᠯᠡᠩ ᠪᠣᠯᠤᠨ᠎ᠠ᠃ ᠡᠨᠡ ᠵᠢᠯ ᠯᠢᠦ ᠰᠢᠤᠢ 20 ᠬᠦᠯᠡᠮᠵᠢ ᠲᠠᠭᠠᠭᠠᠴᠢᠯᠠᠵᠤ ᠣᠷᠣᠯᠭ᠎ᠠ ᠨᠢ 20 ᠲᠦᠮᠡᠨ ᠲᠥᠭᠦᠷᠢᠭ ᠢ ᠳᠠᠪᠠᠭ᠋ᠤ ᠪᠠᠷ ᠵᠢᠱᠢᠵᠤ ᠪᠤᠢ᠃ ᠯᠢᠦ ᠰᠢᠦᠢ ᠰᠤᠷᠪᠤᠯᠵᠢᠯᠠᠭᠴᠢ ᠳᠤ ᠭᠡᠯᠡᠭᠦ ᠳᠤ ᠪᠠᠨ᠄ ︽ᠡᠨᠡ ᠵᠢᠯ ᠤᠨ ᠲᠠᠷᠢᠭᠰᠠᠨ 15 ᠭᠥᠯᠡᠮᠵᠢ ᠶᠢᠨ ᠲᠠᠷᠪᠤᠰ ᠪᠤᠯ ᠵᠠᠬᠢᠶᠠᠯᠠᠭ᠎ᠠ ᠶᠢᠨ ᠲᠠᠷᠪᠤᠰ ᠪᠤᠯᠬᠤᠷ ᠤᠶᠢᠯᠡᠳᠪᠦᠷᠢ ᠠᠴᠠ ᠰᠢᠭᠤᠳ ᠬᠤᠳᠠᠯᠳᠤᠨ ᠠᠪᠴᠤ ᠥᠷ᠎ᠠ ᠠᠰᠢᠭ ᠮᠠᠰᠢ ᠰᠠᠶᠢᠨ︾ ᠭᠡᠵᠤ ᠪᠠᠶᠢᠯ᠎ᠠ᠃      ᠣᠶᠢᠷ᠎ᠠ ᠶᠢᠨ ᠵᠢᠯ ᠳᠤ ᠭᠠᠯᠠᠭᠤᠲᠤ ᠪᠠᠯᠭᠠᠰᠤᠨ ᠤ ᠳᠠᠪᠴᠠᠭ ᠲᠣᠰᠬᠤᠨ ᠲᠠᠷᠬᠠᠶ ᠪᠤᠲᠠᠷᠬᠠᠶ ᠭᠠᠵᠠᠷ ᠰᠢᠷᠣᠶ ᠶᠢ ᠡᠮᠬᠢᠯᠡᠨ ᠨᠡᠶᠢᠯᠡᠭᠦᠯᠵᠦ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠢ ᠢᠳᠡᠪᠬᠢᠲᠡᠢ ᠬᠥᠭᠵᠢᠭᠦᠯᠵᠦ 100 ᠭᠠᠷᠤᠶ ᠲᠠᠷᠢᠮᠠᠯ ᠤᠨ ᠡᠷᠦᠬᠡ ᠶᠢ ᠳᠠᠶᠢᠴᠢᠯᠠᠨ ᠬᠦᠯᠡᠮᠵᠢ ᠶᠢᠨ ᠲᠠᠷᠢᠮᠠᠯ ᠢ ᠭᠥᠭᠵᠢᠭᠦᠯᠥᠭᠰᠠᠨ ᠢᠶᠠᠷ ᠡᠷᠦᠬᠡ ᠪᠣᠯᠭᠠᠨ ᠤ ᠵᠢᠯ ᠤᠨ ᠳᠤᠮᠳᠠᠴᠢ ᠣᠷᠣᠯᠭ᠎ᠠ ᠨᠢ 1.5 ᠲᠦᠮᠡᠨ ᠲᠥᠭᠦᠷᠢᠭ ᠢ ᠳᠠᠪᠠᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠢᠯ ᠤᠨ ᠣᠷᠣᠯᠭ᠎ᠠ 100 ᠲᠦᠮᠡᠨ ᠲᠥᠭᠦᠷᠢᠭ ᠠᠴᠠ ᠳᠡᠭᠡᠭᠰᠢ ᠨᠡᠮᠡᠭᠳᠡᠭᠰᠡᠨ ᠪᠠᠶᠢᠨ᠎ᠠ᠃      ᠦᠳᠡ ᠪᠤᠯᠬᠤ ᠳᠤ᠂ ᠭᠠᠯᠠᠭᠤᠳᠤ ᠪᠠᠯᠭᠠᠰᠤᠨ ᠤ ᠨᠠᠷᠠᠨ ᠭᠡᠷᠡᠯ ᠨᠡᠶᠢᠭᠡᠮ ᠲᠣᠭᠤᠷᠢᠭ ᠤᠨ ᠬᠠᠮᠲᠤ ᠪᠠᠷ ᠡᠳ᠋ᠯᠡᠬᠦ ᠬᠤᠭᠤᠯᠠᠨ ᠭᠡᠷ ᠲᠤ ᠨᠠᠰᠤᠲᠠᠶᠢᠴᠤᠳ ᠴᠤᠭᠯᠠᠷᠠᠨ ᠦᠳᠡ ᠶᠢᠨ ᠬᠤᠭᠤᠯᠠ ᠪᠠᠨ ᠢᠳᠡᠵᠦ ᠡᠬᠢᠯᠡᠪᠡ᠃ ᠣᠳᠣᠬᠠᠨ ᠳᠤ᠂ ᠮᠠᠨ ᠤ ᠬᠤᠰᠢᠭᠤ 6 ᠨᠡᠶᠢᠭᠡᠮ ᠲᠣᠭᠤᠷᠢᠭ ᠪᠠ 1 ᠲᠣᠰᠬᠤᠨ ᠳᠤ ᠨᠡᠶᠢᠲᠡ 11 ︽ᠬᠠᠮᠲᠤ ᠪᠠᠷ ᠡᠳ᠋ᠯᠡᠬᠦ ᠬᠤᠭᠤᠯᠠᠨ ᠬᠡᠷ︾ ᠢ ᠪᠠᠶᠢᠭᠤᠯᠵᠤ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠵᠡᠮᠳᠡᠭᠴᠦᠳ᠂ ᠥᠨᠥᠴᠢᠨ ᠬᠡᠤᠬᠡᠳ ᠪᠠ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ᠲᠤ ᠴᠢᠭᠯᠡᠭᠦᠯᠦᠨ ᠨᠢᠭᠡᠨᠲᠡ 42 ᠲᠦᠮᠡᠨ ᠲᠥᠭᠦᠷᠢᠭ ᠤᠨ ᠬᠤᠭᠤᠯᠠᠨ ᠤ ᠨᠥᠬᠦᠪᠥᠷᠢ ᠶᠢ ᠣᠯᠭᠤᠭᠰᠠᠨ ᠪᠠᠶᠢᠨ᠎ᠠ᠃ ᠡᠭᠦᠨ ᠠᠴᠠ ᠭᠠᠳᠠᠨ᠎ᠠ ᠶᠠᠪᠤᠵᠤ ᠰᠠᠭᠤᠬᠤ ᠳᠤ ᠳᠥᠭᠦᠮ ᠦᠭᠡᠢ ᠨᠠᠰᠤᠲᠠᠶᠢᠴᠤᠳ ᠲᠤ ᠨᠡᠶᠢᠭᠡᠮ ᠲᠣᠭᠤᠷᠢᠭ ᠤᠨ ᠬᠢᠨ ᠪᠠᠰᠠ ᠬᠡᠷ ᠲᠤᠨᠢ ᠬᠤᠭᠤᠯᠠ ᠬᠦᠷᠭᠡᠬᠦ ᠦᠢᠯᠡᠴᠢᠯᠡᠭᠡ ᠬᠠᠩᠭᠠᠵᠤ᠂ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠲᠡᠳᠡᠨ ᠳᠤ ᠮᠡᠳᠡᠷᠡᠭᠦᠯᠦᠭᠰᠡᠨ ᠪᠠᠶᠢᠨ᠎ᠠ᠃      ᠭᠠᠯᠠᠭᠤᠲᠤ ᠪᠠᠯᠭᠠᠰᠤᠨ ᠤ ᠨᠠᠷᠠᠨ ᠭᠡᠷᠡᠯ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠯᠢᠦ ᠭᠤᠸᠠᠩ ᠷᠦᠩ ᠰᠣᠷᠪᠤᠯᠵᠢᠯᠠᠭᠴᠢ ᠳᠤ ᠭᠡᠯᠡᠭᠦ ᠳᠤ ᠪᠠᠨ᠄ ︽ᠪᠢᠳᠡ ᠳᠥᠷᠪᠡ ᠲᠠᠪᠤᠨ ᠲᠥᠭᠦᠷᠢᠭ ᠵᠠᠷᠤᠪᠠᠯ ᠨᠢᠭᠡ ᠡᠷᠡᠨ ᠤ ᠬᠤᠭᠤᠯᠠ ᠪᠠᠨ ᠭᠤᠶᠤ ᠢᠳᠡᠴᠢᠬᠡᠨ᠎ᠡ᠂ ᠡᠨᠡ ᠨᠢ ᠪᠢᠳᠡᠨ ᠳᠤ ᠲᠦᠢᠯ ᠤᠨ ᠲᠦᠭᠦᠮ ᠢ ᠠᠪᠴᠢᠷᠠᠭᠰᠠᠨ ᠪᠦᠭᠡᠳ ᠵᠤᠯ ᠵᠢᠷᠭᠠᠯᠲᠠᠢ ᠰᠠᠨᠠᠭᠳᠠᠭᠤᠯᠵᠤ ᠪᠠᠶᠢᠨ᠎ᠠ︾ ᠭᠡᠵᠤ ᠶᠠᠷᠢᠯ᠎ᠠ᠃      ᠣᠶᠢᠷ᠎ᠠ ᠶᠢᠨ ᠵᠢᠯ ᠠᠴᠠ ᠨᠠᠰᠢ᠂ ᠭᠠᠯᠠᠭᠤᠲᠤ ᠪᠠᠯᠭᠠᠰᠤ ︽ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ︾ ᠨᠠᠮ ᠤᠨ ᠪᠠᠶᠢᠭᠤᠯᠤᠯᠲᠠ ᠶᠢᠨ ᠨᠡᠷᠡᠲᠤ ᠲᠡᠮᠲᠡᠭ ᠢ ᠡᠭᠦᠳᠦᠨ᠂ ᠬᠠᠮᠲᠤ ᠪᠠᠷ ᠡᠳ᠋ᠯᠡᠬᠦ ᠪᠠᠭᠠᠵᠢ ᠬᠡᠷᠡᠭᠰᠡᠯ ᠤᠨ ᠦᠷᠦᠭᠡ᠂ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠵᠡᠷᠭᠡ ᠶᠢ ᠪᠠᠶᠢᠭᠤᠯᠵᠤ ᠠᠷᠠᠳ ᠣᠯᠠᠨ ᠤ ᠠᠮᠢᠳᠤᠷᠠᠯ ᠪᠠᠶᠠᠨ ᠴᠢᠨᠡᠭᠡᠯᠢᠭ᠂ ᠣᠷᠴᠢᠨ ᠲᠣᠭᠤᠷᠢᠨ ᠲᠠᠭᠠᠯᠠᠮᠵᠢᠲᠠᠢ᠂ ᠣᠯᠠᠨ ᠨᠡᠶᠢᠲᠡ ᠶᠢᠨ ᠦᠢᠯᠡᠴᠢᠯᠡᠭᠡ ᠲᠦᠭᠡᠮᠡᠯᠵᠢᠭᠰᠡᠨ ︽ᠵᠣᠯ ᠵᠢᠷᠭᠠᠯᠲᠤ ᠪᠠᠯᠭᠠᠰᠤ︾ ᠶᠢᠨ ᠵᠢᠱᠢᠶᠡᠴᠢ ᠬᠡᠪ ᠢ ᠪᠣᠶ ᠪᠣᠯᠭᠠᠭᠰᠠᠨ ᠪᠠᠶᠢᠨ᠎ᠠ᠃                          ᠰᠣᠷᠪᠤᠯᠵᠢᠯᠠᠭᠴᠢ᠄ ᠠᠯᠤᠰ  ᠸᠠᠩ ᠴᠢ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ