18 ᠰᠠᠷ᠎ᠠ ᠠᠷᠠᠴᠢᠯᠠᠪᠠᠯ ᠲᠠᠸᠠᠷᠴᠢᠯᠠᠵᠦ ᠪᠣᠯᠳᠠᠭ ᠡᠭᠦᠯᠳᠡᠷ ᠤᠨ ᠠᠯᠠᠰᠢᠨ ᠤ ᠦᠭᠡᠷ ᠢ ᠥᠪᠥᠷ ᠮᠣᠩᠭᠤᠯ ᠤᠨ ᠮᠠᠯ ᠠᠵᠦ ᠠᠬᠤᠢ ᠶᠢᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠡᠷᠳᠡᠮᠳᠡᠳ ᠰᠤᠳᠤᠯᠤᠨ ᠪᠣᠶᠢᠵᠢᠭᠤᠯᠪᠠ᠃ ᠲᠤᠰ ᠡᠭᠦᠯᠳᠡᠷ ᠤᠨ ᠦᠭᠡᠷ ᠢ 18 ᠰᠠᠷ᠎ᠠ ᠠᠷᠠᠴᠢᠯᠠᠭᠠᠳ ᠠᠯᠠᠬᠤ ᠦᠶ᠎ᠡ ᠳᠤ | ᠪᠡᠶ᠎ᠡ ᠶᠢᠨ ᠬᠦᠨᠳᠦ ᠶᠢᠨ ᠵᠢᠩ ᠨᠢ 400 ᠺᠢᠯᠥᠭᠷᠡᠮ ᠠᠴᠠ ᠲᠡᠭᠡᠭᠰᠢ ᠪᠣᠯᠵᠤ᠂ 30 ᠰᠠᠷ᠎ᠠ ᠠᠷᠠᠴᠢᠯᠠᠭᠠᠳ ᠠᠯᠠᠬᠤ ᠳᠤ ᠪᠡᠶ᠎ᠡ ᠶᠢᠨ ᠬᠦᠨᠳᠦ ᠶᠢᠨ ᠵᠢᠩ ᠨᠢ | 450 ᠺᠢᠯᠥᠭᠷᠡᠮ ᠠᠴᠠ ᠲᠡᠭᠡᠭᠰᠢ ᠪᠣᠯᠳᠠᠭ᠃ ᠶᠡᠷᠦᠩᠬᠡᠢ ᠳᠤᠨᠢ ᠠᠪᠴᠦ ᠬᠡᠯᠡᠪᠡᠯ᠂ ᠡᠶᠢᠮᠦ ᠦᠭᠡᠷ ᠢ ᠡᠩ ᠤᠨ ᠦᠭᠡᠷ ᠠᠴᠠ ᠵᠢᠯ ᠬᠠᠭᠠᠰ ᠪᠤᠶᠤ ᠬᠤᠶᠠᠷ ᠵᠢᠯ | ᠤᠷᠢᠳᠴᠢᠯᠠᠨ ᠠᠯᠠᠰᠢᠨ ᠳᠤ ᠣᠷᠣᠭᠤᠯᠵᠤ ᠪᠣᠯᠣᠨ᠎ᠠ᠃ | ᠡᠨᠡ ᠬᠦ ᠦᠭᠡᠷ ᠢ ᠪᠣᠶᠢᠵᠢᠭᠤᠯᠬᠤ ᠠᠷᠭ᠎ᠠ ᠭᠡᠪᠡᠯ᠄ ᠠᠳᠠᠯᠢ ᠪᠤᠰᠤ ᠠᠵᠦ ᠠᠬᠤᠢ ᠶᠢᠨ ᠣᠷᠣᠨ ᠳᠤ ᠠᠳᠠᠯᠢ ᠪᠤᠰᠤ ᠠᠷᠭ᠎ᠠ ᠬᠡᠯᠪᠡᠷᠢ ᠪᠠᠷ ᠦᠭᠡᠷ ᠢ | ᠡᠷᠯᠢᠵᠡᠵᠢᠭᠦᠯᠦᠨ ᠪᠣᠶᠢᠵᠢᠭᠤᠯᠵᠤ᠂ ᠰᠠᠶᠢᠨ ᠡᠭᠦᠯᠳᠡᠷ ᠤᠨ ᠡᠷᠯᠢᠵᠡ ᠦᠭᠡᠷ ᠢ ᠣᠯᠣᠨ᠎ᠠ᠃ ᠡᠷᠯᠢᠵᠡ ᠦᠭᠡᠷ ᠢ ᠦᠷᠡᠵᠢᠬᠦᠯᠬᠦ ᠰᠢᠰᠲ᠋ᠧᠮ ᠢ ᠪᠤᠢ ᠪᠣᠯᠭᠠᠨ᠎ᠠ︔ | ᠪᠡᠯᠴᠢᠭᠡᠷᠯᠡᠭᠦᠯᠬᠦ ᠪᠠᠷ ᠭᠤᠣᠯ ᠪᠣᠯᠭᠠᠬᠤ᠂ ᠣᠬᠤᠷ ᠬᠤᠭᠤᠴᠠᠭ᠎ᠠ ᠪᠠᠷ ᠪᠣᠷᠳᠤᠬᠤ᠂ ᠡᠪᠦᠯ ᠬᠠᠪᠤᠷ ᠢ ᠴᠥᠭᠡᠨ ᠥᠡᠭᠭᠡᠷᠡᠭᠦᠯᠬᠦ ᠵᠡᠷᠭᠡ ᠵᠠᠷᠴᠢᠮ ᠢᠶᠠᠷ ᠦᠭᠡᠷ | ᠠᠷᠠᠴᠢᠯᠠᠬᠤ ᠬᠤᠭᠤᠴᠠᠭ᠎ᠠ᠂ ᠠᠯᠠᠰᠢᠨ ᠳᠤ ᠣᠷᠣᠭᠤᠯᠬᠤ ᠪᠡᠶ᠎ᠡ ᠶᠢᠨ ᠬᠦᠨᠳᠦ ᠶᠢᠨ ᠵᠢᠩ᠂ ᠠᠯᠠᠰᠢᠨ ᠦᠭᠡᠷ ᠲᠤ ᠬᠠᠨᠭ᠍ᠭᠠᠬᠤ ᠠᠳᠠᠯᠢ ᠪᠣᠰᠤ ᠰᠢᠮ᠎ᠡ ᠲᠡᠵᠢᠭᠡᠯ | ᠤᠨ ᠬᠡᠮᠵᠢᠶ᠎ᠡ ᠵᠡᠷᠭᠡ ᠶᠢ ᠲᠤᠭᠳᠠᠭᠠᠨ᠎ᠠ︔ ᠡᠪᠡᠰᠦ ᠲᠠᠷᠢᠵᠦ᠂ ᠨᠣᠭᠤᠭᠠᠨ ᠪᠣᠷᠳᠤᠭ᠎ᠠ ᠪᠤᠶᠤ ᠲᠠᠷᠢᠶᠠᠨ ᠤ ᠡᠰᠢ ᠰᠥᠷᠡᠯ ᠢᠶᠠᠷ ᠪᠣᠷᠳᠣᠵᠣ ᠪᠣᠯᠣᠨ᠎ᠠ᠃ | | | ︽ᠮᠠᠯ ᠲᠠᠷᠢᠶᠠᠯᠠᠩ ᠤᠨ ᠬᠡᠷᠡᠭᠯᠡᠭᠡᠨ ᠤ ᠰᠢᠨ᠎ᠡ ᠮᠡᠷᠭᠡᠵᠢᠯ︾ ᠭᠡᠬᠦ ᠨᠣᠮ ᠠᠴᠠ ᠪᠠᠭᠤᠯᠭᠠᠪᠠ | |