ᠮᠠᠯ ᠲᠡᠵᠢᠭᠡᠪᠦᠷᠢ ᠶᠢ ᠠᠳᠠᠯᠢ ᠬᠤᠭᠤᠴᠠᠭᠠᠨ ᠤ ᠣᠷᠤᠭ᠎ᠠ ᠬᠡᠳᠡᠭ ᠪᠣᠯ ᠲᠠᠷᠦᠢ ᠲᠥᠯᠯᠡᠬᠦ ᠮᠠᠯ ᠤᠨ ᠣᠷᠤᠭ᠎ᠠ ᠣᠷᠣᠬᠤ ᠬᠤᠭᠤᠴᠠᠭ᠎ᠠ ᠶᠢ ᠠᠳᠠᠯᠢ | ᠪᠣᠯᠭᠠᠬᠤ ᠠᠷᠭ᠎ᠠ ᠮᠡᠷᠭᠡᠵᠢᠯ ᠢ ᠬᠡᠯᠡᠳᠡᠭ᠃ ᠬᠤᠷᠮᠤᠨ ᠢ ᠬᠡᠷᠡᠭᠯᠡᠪᠡᠯ ᠮᠠᠯ ᠲᠡᠵᠢᠭᠡᠪᠦᠷᠢ ᠶᠢᠨ ᠠᠶᠠᠨᠳᠠᠭᠠᠨ ᠣᠷᠤᠭ᠎ᠠ ᠣᠷᠣᠬᠤ ᠦᠶᠡᠯᠡᠬᠦ ᠵᠢᠮ᠎ᠡ ᠶᠤᠰᠤ ᠶᠢ | ᠬᠤᠪᠢᠷᠠᠭᠤᠯᠤᠨ ᠤᠯᠠᠨ ᠲᠤᠭᠠᠨ ᠤ ᠲᠦᠯᠵᠢᠬᠦ ᠮᠠᠯ ᠢ ᠨᠢᠭᠡ ᠲᠤᠤᠷ᠎ᠠ ᠲᠥᠪᠯᠡᠷᠡᠭᠦᠯᠵᠦ᠂ ᠨᠢᠭᠡ ᠲᠤᠤᠷ᠎ᠠ ᠣᠷᠤᠭ᠎ᠠ ᠣᠷᠣᠭᠤᠯᠵᠣ ᠴᠢᠳᠠᠨ᠎ᠠ᠃ ᠡᠨᠡ ᠨᠢ | ᠵᠣᠬᠢᠶᠠᠮᠠᠯ ᠬᠡᠬᠡᠯᠳᠦᠭᠦᠯᠭᠡ ᠬᠢᠬᠦ ᠳᠤ ᠲᠤᠩ ᠠᠰᠢᠭᠲᠠᠢ ᠪᠠᠶᠢᠳᠠᠭ᠃ | ᠬᠤᠷᠮᠣᠨ ᠢ ᠬᠡᠷᠡᠭᠯᠡᠵᠦ ᠠᠳᠠᠯᠢ ᠬᠤᠭᠤᠴᠠᠭ᠎ᠠ ᠳᠤ ᠣᠷᠤᠭ᠎ᠠ ᠣᠷᠣᠭᠤᠯᠬᠤ ᠪᠣᠯ ᠲᠦᠯᠵᠢᠬᠦ ᠮᠠᠯ ᠤᠨ ᠣᠷᠤᠭ᠎ᠠ ᠣᠷᠣᠬᠤ ᠨᠣᠷᠮ᠎ᠠ ᠶᠢ ᠲᠡᠭᠡᠭᠰᠢᠯᠡᠭᠦᠯᠦᠨ | ᠢᠵᠢᠯ ᠦᠷ᠎ᠡ ᠪᠠᠷ ᠬᠡᠬᠡᠯᠳᠤᠭᠦᠯᠬᠦ ᠬᠦᠷᠢᠶ᠎ᠡ ᠬᠡᠪᠴᠢᠶ᠎ᠡ ᠶᠢ ᠥᠷᠭᠡᠳᠭᠡᠵᠦ᠂ ᠮᠠᠯ ᠤᠨ ᠦᠷᠡᠵᠢᠯᠲᠡ ᠶᠢᠨ ᠨᠣᠷᠮ᠎ᠠ ᠶᠢ ᠲᠡᠭᠡᠭᠰᠢᠯᠡᠭᠦᠯᠵᠦ ᠮᠠᠯ ᠤᠨ ᠬᠤᠰᠠᠷᠠᠵᠦ | ᠰᠣᠪᠠᠶᠢᠷᠠᠬᠤ ᠠᠰᠠᠭᠤᠳᠠᠯ ᠢ ᠰᠡᠷᠭᠡᠶᠢᠯᠡᠵᠦ ᠴᠢᠳᠠᠨ᠎ᠠ᠃ ᠲᠦᠯᠵᠢᠬᠦ ᠮᠠᠯ ᠢ ᠠᠳᠠᠯᠢ ᠬᠤᠭᠤᠴᠠᠭᠠᠨ ᠳᠤ ᠲᠥᠪᠯᠡᠷᠡᠭᠦᠯᠵᠦ ᠪᠠᠶᠢᠭᠠᠳ ᠬᠡᠬᠡᠯᠳᠤᠭᠦᠯᠪᠡ ᠬᠢᠪᠡᠯ | ᠦᠷᠡᠵᠢᠯ ᠤᠨ ᠪᠦᠬᠦ ᠶᠠᠪᠤᠴᠠ ᠶᠢ ᠠᠳᠠᠯᠢ ᠬᠤᠭᠤᠴᠠᠭᠠᠨ ᠳᠤ ᠬᠢᠵᠠᠭᠠᠷᠯᠠᠵᠤ᠂ ᠭᠡᠭᠡᠯ ᠬᠠᠮᠠᠭᠠᠯᠠᠬᠤ᠂ ᠲᠥᠯ ᠲᠤᠰᠴᠦ ᠪᠣᠶᠢᠵᠢᠭᠤᠯᠬᠤ ᠵᠡᠷᠭᠡ ᠠᠵᠢᠯ ᠳᠤ | ᠲᠥᠭᠦᠮ ᠦᠵᠡᠭᠦᠯᠬᠦ ᠪᠥᠭᠡᠳ ᠬᠦᠳᠡᠯᠮᠦᠷᠢ ᠬᠦᠴᠦ ᠳᠤ ᠭᠠᠮᠲᠠᠢ ᠪᠠᠶᠢᠵᠦ᠂ ᠵᠣᠬᠢᠶᠠᠮᠠᠯ ᠭᠡᠭᠡᠯᠳᠦᠭᠦᠯᠭᠡ ᠬᠢᠬᠦ ᠪᠡᠯᠡᠳᠭᠡᠯ ᠲᠥᠭᠦᠭᠡᠷᠦᠮᠵᠢ ᠶᠢ ᠪᠦᠷᠢᠨ | ᠠᠰᠢᠭᠯᠠᠵᠦ ᠮᠠᠯ ᠲᠡᠵᠢᠭᠡᠪᠦᠷᠢ ᠶᠢ ᠶᠡᠭᠡ ᠪᠠᠷ ᠥᠰᠭᠡᠬᠦ ᠳᠤ ᠲᠤᠰᠠ ᠲᠠᠢ ᠪᠠᠶᠢᠳᠠᠭ᠃ | ᠬᠤᠷᠮᠣᠨ ᠢ ᠬᠡᠷᠡᠭᠯᠡᠵᠦ ᠠᠳᠠᠯᠢ ᠬᠤᠭᠤᠴᠠᠭᠠᠨ ᠳᠤ ᠣᠷᠤᠭ᠎ᠠ ᠣᠷᠣᠭᠤᠯᠬᠤ ᠨᠢ ᠴᠥᠮ ᠬᠦᠮᠦᠨ ᠤ ᠬᠦᠴᠦ ᠪᠠᠷ ᠨᠢᠭᠡᠳᠦᠯᠲᠡᠢ ᠪᠣᠯᠭᠠᠳᠠᠭ ᠲᠤᠯᠠ | ᠮᠢᠬᠠᠨ ᠦᠭᠡᠷ ᠢ ᠬᠥᠭᠵᠢᠭᠦᠯᠬᠦ᠂ ᠰᠠᠭᠠᠯᠢ ᠶᠢᠨ ᠦᠨᠢᠶ᠎ᠡ ᠢ ᠥᠰᠭᠡᠵᠦ ᠦᠷᠡᠵᠢᠭᠦᠯᠬᠦ᠂ ᠮᠢᠬᠠᠨ ᠬᠤᠨᠢ ᠶᠢ ᠪᠣᠶᠢᠵᠢᠭᠤᠯᠬᠤ ᠪᠠ ᠬᠤᠷᠠᠭ᠎ᠠ ᠶᠢ ᠪᠣᠷᠳᠣᠨ | ᠲᠠᠷᠭᠤᠯᠠᠭᠤᠯᠬᠤ ᠵᠡᠷᠭᠡ ᠳᠤ ᠲᠤᠭᠳᠠᠭᠰᠠᠨ ᠴᠠᠭ ᠬᠤᠭᠤᠴᠠᠭ᠎ᠠ ᠲᠠᠢ ᠪᠠᠶᠢᠵᠦ᠂ ᠲᠤᠭᠳᠠᠭᠰᠠᠨ ᠴᠠᠭ ᠬᠤᠭᠤᠴᠠᠭᠠᠨ ᠳᠤ ᠮᠢᠬᠠᠨ ᠮᠠᠯ ᠢᠶᠠᠨ ᠵᠠᠬ᠎ᠠ ᠲᠡᠯᠭᠡᠭᠦᠷ | ᠲᠤ ᠭᠠᠷᠭᠠᠵᠦ᠂ ᠠᠵᠦ ᠠᠬᠤᠢ ᠶᠢᠨ ᠣᠷᠣᠯᠭ᠎ᠠ ᠪᠠᠨ ᠨᠡᠮᠡᠭᠳᠡᠭᠦᠯᠵᠦ ᠴᠢᠳᠠᠨ᠎ᠠ᠃ | | | ︽ᠮᠠᠯ ᠲᠠᠷᠢᠶᠠᠯᠠᠩ ᠤᠨ ᠬᠡᠷᠡᠭᠯᠡᠭᠡᠨ ᠤ ᠰᠢᠨ᠎ᠡ ᠮᠡᠷᠭᠡᠵᠢᠯ︾ ᠭᠡᠬᠦ ᠨᠣᠮ ᠠᠴᠠ ᠪᠠᠭᠤᠯᠭᠠᠪᠠ | |