ᠤᠮᠠᠷᠠᠲᠤ ᠬᠢᠯᠢ ᠶᠢᠨ ᠰᠤᠶᠤᠯ — ᠦᠦᠰᠢᠨ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠦᠵᠡᠭᠦᠯᠭᠡ ᠶᠢᠨ ᠤᠷᠳᠤᠨ
ᠨᠡᠶᠢᠲᠡᠯᠡᠭᠰᠡᠨ ᠴᠠᠭ᠄
2024/9/12
      ᠦᠵᠡᠭᠦᠯᠭᠡ ᠶᠢᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠨᠢ 1170 ᠳᠡᠭᠰᠢ ᠲᠦᠷᠪᠡᠯᠵᠢᠨ ᠮᠧᠲᠷ ᠪᠠᠶᠢᠵᠤ᠂ ᠦᠵᠡᠭᠦᠯᠭᠡ ᠶᠢᠨ ᠠᠭᠤᠯᠭ᠎ᠠ ᠨᠢ ᠲᠡᠭᠷᠢ ᠠᠴᠠ ᠰᠣᠶᠣᠷᠬᠠᠭᠰᠠᠨ ᠭᠤᠣᠯ ᠤᠨ ᠬᠥᠨᠳᠡᠢ ᠠᠮᠢ ᠠᠬᠤᠢ ᠶᠢᠨ ᠡᠬᠢ ᠰᠤᠷᠪᠤᠯᠵᠢ᠂ ᠡᠯᠡᠰᠦ ᠶᠢ ᠵᠠᠰᠠᠬᠤ ᠵᠣᠷᠢᠭ ᠰᠠᠨᠠᠭ᠎ᠠ ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠪᠡᠯ ᠡᠯᠡᠰᠦᠨ ᠳᠠᠯᠠᠢ ᠪᠠᠶᠠᠨ ᠪᠦᠷᠢᠳᠦ ᠪᠣᠯᠣᠨ᠎ᠠ ᠭᠡᠬᠦ ᠭᠤᠷᠪᠠᠨ ᠬᠡᠰᠡᠭ ᠢᠶᠠᠷ ᠪᠦᠷᠢᠯᠳᠦᠵᠤ᠂ ᠦᠦᠰᠢᠨ ᠬᠤᠰᠢᠭᠤᠨ ᠤ ᠡᠯᠡᠰᠦ ᠶᠢ ᠵᠠᠰᠠᠬᠤ ᠵᠣᠷᠢᠭ ᠰᠠᠨᠠᠭ᠎ᠠ ᠶᠢ ᠳᠡᠯᠭᠡᠨ ᠦᠵᠡᠭᠦᠯᠬᠦ ᠪᠠᠷ ᠭᠤᠣᠯ ᠪᠣᠯᠭᠠᠵᠤ᠂ ᠦᠦᠰᠢᠨ ᠬᠤᠰᠢᠭᠤᠨ ᠤ ᠠᠮᠢ ᠠᠬᠤᠢ ᠪᠠᠶᠢᠭᠠᠯᠢ ᠶᠢᠨ ᠣᠷᠴᠢᠨ ᠲᠣᠭᠤᠷᠢᠨ ᠢ ᠰᠢᠨᠵᠢᠯᠡᠬᠦ ᠤᠬᠠᠭᠠᠨᠴᠢ ᠪᠠᠷ ᠲᠦᠭᠡᠮᠡᠯᠵᠢᠭᠦᠯᠬᠦ ᠪᠠᠷ ᠠᠭᠤᠯᠭ᠎ᠠ ᠪᠣᠯᠭᠠᠵᠤ᠂ ᠦᠦᠰᠢᠨ ᠬᠤᠰᠢᠭᠤᠨ ᠤ ᠡᠯᠡᠰᠦ ᠶᠢ ᠵᠠᠰᠠᠵᠤ ᠡᠯᠡᠰᠦ ᠶᠢ ᠰᠡᠷᠭᠡᠶᠢᠯᠡᠬᠦ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠬᠠᠭᠤᠯᠤᠭᠰᠠᠨ ᠶᠡᠷᠦᠩᠬᠡᠶᠢᠯᠡᠭᠰᠡᠨ ᠬᠡᠯᠪᠡᠷᠢ ᠶᠢᠨ ᠡᠯᠡᠰᠦ ᠶᠢ ᠵᠠᠰᠠᠬᠤ ᠠᠮᠢ ᠠᠬᠤᠢ ᠶᠢᠨ ᠣᠷᠳᠣᠨ ᠪᠣᠯᠣᠨ᠎ᠠ᠃ ᠰᠢᠷᠬᠤᠰᠤ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ᠂ ᠰᠢᠷᠬᠤᠰᠤ ᠤᠯᠤᠰ ᠤᠨ ᠨᠤᠭᠤ ᠭᠠᠵᠠᠷ ᠤᠨ ᠴᠡᠴᠡᠷᠯᠢᠭ ᠪᠣᠯᠣᠨ ᠰᠢᠷᠬᠤᠰᠤ ᠰᠡᠯᠡᠭᠦᠴᠡᠯ ᠰᠤᠪᠢᠯᠠᠯᠲᠠ ᠶᠢᠨ ᠲᠠᠷᠢᠶᠠᠯᠠᠩ ᠤᠨ ᠴᠡᠴᠡᠷᠯᠢᠭ ᠨᠢ ᠭᠤᠣᠯ ᠤᠨ ᠬᠥᠪᠡᠭᠡᠨ ᠳᠤ ᠳᠡᠰ ᠳᠠᠷᠠᠭᠠᠯᠠᠨ ᠪᠠᠶᠢᠷᠢᠯᠠᠵᠤ ᠡᠬᠡ ᠭᠤᠣᠯ ᠲᠠᠢ ᠪᠠᠨ ︽ᠨᠢᠭᠡ ᠭᠤᠣᠯ ᠭᠤᠷᠪᠠᠨ ᠴᠡᠴᠡᠷᠯᠢᠭ︾ ᠢ ᠪᠦᠷᠢᠯᠳᠦᠭᠦᠯᠵᠤ ︽ᠪᠠᠶᠢᠭᠠᠯᠢ ᠶᠢ ᠬᠦᠨᠳᠦᠳᠬᠡᠵᠦ᠂ ᠰᠣᠶᠣᠯ  ᠢ ᠬᠦᠨᠳᠦᠳᠬᠡᠵᠦ᠂ ᠠᠷᠠᠳ ᠤᠨ ᠠᠮᠢᠳᠤᠷᠠᠯ ᠢ ᠬᠦᠨᠳᠦᠳᠬᠡᠬᠦ︾ ᠲᠠᠢ ᠨᠡᠶᠢᠴᠡᠨ ᠤᠯᠠᠮ ᠠᠴᠠ ᠤᠯᠠᠮ ᠬᠦᠭᠵᠢᠨ ᠲᠡᠭᠦᠯᠳᠡᠷᠵᠢᠵᠤ ᠪᠠᠶᠢᠨ᠎ᠠ᠃
微信图片_20240827094017.jpg
微信图片_20240827094057.jpg
微信图片_20240827094037.jpg
微信图片_20240827094102.jpg
微信图片_20240827094107.jpg
 
ᠢᠷᠡᠯᠲᠡ᠄ ᠦᠦᠰᠢᠨ ᠬᠤᠰᠢᠭᠤᠨ ᠤ ᠨᠡᠶᠢᠲᠡᠯᠡᠯ