ᠰᠢᠨᠬᠤᠸᠠ ᠬᠤᠷᠢᠶ᠎ᠠ ᠶᠢᠨ ᠯᠠᠨᠵᠧᠦ ᠶᠢᠨ 9 ᠰᠠᠷ᠎ᠠ ᠶᠢᠨ 12 ᠤᠨ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 12 ᠤᠨ ᠦᠳᠡ ᠶᠢᠨ ᠬᠤᠶᠢᠨ᠎ᠠ ᠭᠠᠨᠰᠤ | ᠮᠤᠵᠢ ᠶᠢᠨ ᠯᠠᠨᠵᠧᠦ ᠬᠤᠲᠠ ᠳᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ | ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠬᠤᠷᠢᠳᠤᠭᠠᠷ ᠶᠡᠭᠡ | ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠬᠠᠮᠠᠭᠠᠯᠠᠯᠲᠠ ᠶᠢ ᠴᠢᠬᠤᠯᠠᠴᠢᠯᠠᠬᠤ᠂ ᠵᠠᠰᠠᠯᠲᠠ ᠶᠢ ᠭᠤᠣᠯᠳᠠᠯᠭ᠎ᠠ ᠪᠤᠯᠭᠠᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠪᠠᠲᠤ | ᠡᠵᠡᠮᠳᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠥ᠂ ᠠᠮᠢ ᠠᠬᠤᠢ ᠶᠢ ᠤᠷᠢᠳᠠᠪᠠᠷ | ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠤᠰᠤᠨ ᠤ ᠬᠡᠮᠵᠢᠶ᠎ᠡ ᠪᠠᠷ ᠬᠢᠬᠦ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠨᠢᠭᠡᠳᠦᠯᠲᠡᠢ | ᠲᠥᠯᠥᠪᠵᠢᠭᠦᠯᠵᠦ᠂ ᠬᠠᠮᠵᠢᠯᠴᠠᠭᠤᠯᠤᠨ ᠠᠬᠢᠭᠤᠯᠬᠤ ᠶᠢ ᠪᠠᠷᠢᠮᠲᠠᠯᠠᠵᠤ᠂ ᠪᠦᠭᠦ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠰᠢᠨ᠎ᠡ ᠳᠡᠭᠲᠡᠷ ᠲᠤ | ᠭᠠᠷᠬᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠵᠢᠯ ᠰᠢᠨ᠎ᠡ ᠠᠬᠢᠴᠠ ᠲᠠᠢ ᠪᠤᠯᠬᠤ᠂ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ | ᠪᠦᠲᠦᠮᠵᠢ ᠣᠯᠬᠤ᠂ ᠠᠷᠠᠳ ᠣᠯᠠᠨ ᠤ ᠠᠮᠢᠳᠤᠷᠠᠯ ᠰᠢᠨ᠎ᠡ ᠰᠠᠶᠢᠵᠢᠷᠠᠯᠲᠠ ᠲᠠᠢ ᠪᠤᠯᠬᠤ ᠶᠢ ᠠᠬᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | | | | | 9 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠠᠨᠰᠤ ᠮᠤᠵᠢ ᠶᠢᠨ ᠯᠠᠨᠵᠧᠦ ᠬᠤᠲᠠ ᠳᠤ ᠬᠠᠲᠤᠨ ᠭᠤᠣᠯ ᠤᠨ ᠰᠠᠪᠠ ᠭᠠᠵᠠᠷ ᠤᠨ | ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ | ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ | ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠵᠠᠢ᠃ | ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠭᠠᠨᠰᠤ | ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤ᠋ ᠴᠠᠩ ᠱᠧᠩ᠂ ᠱᠠᠨᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠤᠤ ᠢ ᠳ᠋ᠧ᠂ ᠾᠧᠨᠠᠨ ᠮᠤᠵᠢ ᠶᠢᠨ | ᠨᠠᠮ ᠤᠨ ᠬᠤᠷᠢᠶ᠎ᠠ ᠶᠢᠨ ᠱᠦᠵᠢ ᠯᠧᠦ ᠶᠠᠩ ᠱᠧᠩ ᠤᠷᠢᠳ ᠬᠤᠵᠢᠳ ᠦᠭᠡ ᠬᠡᠯᠡᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠪᠠ᠃ | ᠶᠠᠷᠢᠯᠴᠠᠬᠤ ᠬᠤᠷᠠᠯ ᠳᠤ ᠣᠷᠣᠯᠴᠠᠬᠰᠠᠨ ᠪᠤᠰᠤᠳ ᠮᠤᠵᠢ ᠣᠷᠣᠨ ᠤ ᠭᠤᠣᠯ ᠬᠠᠷᠢᠭᠤᠴᠠᠯᠭᠠᠲᠠᠨ ᠪᠢᠴᠢᠭ ᠤᠨ ᠭᠡᠯᠪᠡᠷᠢ ᠶᠢᠨ ᠦᠭᠡ ᠬᠡᠯᠡᠬᠦ ᠮᠠᠲ᠋ᠧᠷᠢᠶᠠᠯ | ᠳᠡᠪᠰᠢᠭᠦᠯᠵᠡᠢ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠲᠥᠪ ᠬᠤᠷᠢᠶ᠎ᠠ ᠠᠴᠠ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠳᠤᠷᠠᠳᠤᠭᠰᠠᠨ ᠠᠴᠠ | ᠨᠠᠭᠠᠰᠢ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠤᠰᠤᠨ ᠤ ᠠᠮᠤᠷ | ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠴᠢᠩᠭᠠᠷᠠᠵᠤ᠂ ᠡᠨᠧᠷᠭᠢ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠲᠠᠰᠤᠷᠠᠯᠲᠠ ᠦᠭᠡᠢ | ᠪᠠᠬᠢᠵᠢᠵᠦ᠂ ᠴᠢᠨᠠᠷ ᠰᠠᠶᠢᠲᠠᠢ ᠬᠥᠭᠵᠢᠯᠲᠡ ᠶᠢᠨ ᠭᠢᠯᠠᠰ ᠴᠡᠭ ᠴᠥᠭᠡᠨ ᠪᠤᠰᠤ ᠢᠯᠡᠷᠡᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠨᠠᠩ ᠥᠨᠳᠥᠷ ᠭᠠᠷᠤᠭ᠎ᠠ ᠳᠡᠭᠡᠷ᠎ᠡ ᠵᠣᠭᠰᠣᠪᠠ᠃ ᠡᠭᠦᠨ ᠤ ᠬᠠᠮᠲᠤ ᠪᠠᠰᠠ ᠴᠥᠭᠡᠨ ᠪᠤᠰᠤ ᠪᠡᠷᠬᠡ ᠰᠡᠳᠦᠪ ᠢ | ᠴᠢᠨᠠᠭᠰᠢᠳᠠ ᠰᠢᠢᠳᠪᠦᠷᠢᠯᠡᠬᠦ ᠴᠢᠬᠤᠯᠠᠲᠠᠢ ᠪᠠᠶᠢᠬᠤ ᠶᠢ ᠣᠯᠵᠤ ᠬᠠᠷᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠶᠡᠭᠡ ᠬᠠᠮᠠᠭᠠᠯᠠᠯᠲᠠ ᠶᠡᠭᠡ ᠬᠠᠮᠵᠢᠯᠴᠠᠭ᠎ᠠ ᠶᠢᠨ ᠪᠠᠶᠢᠷᠢᠰᠢᠯ ᠢ ᠦᠷᠭᠦᠯᠵᠢᠯᠡᠨ | ᠲᠡᠭᠦᠯᠳᠡᠷᠵᠢᠭᠦᠯᠵᠦ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠬᠠᠲᠤᠨ ᠭᠤᠣᠯ ᠤᠨ ᠵᠠᠰᠠᠯᠲᠠ ᠶᠢᠨ | ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠨᠠᠩ ᠳᠣᠪᠤᠶᠢᠯᠭᠠᠵᠤ᠂ ᠳᠡᠭᠡᠷ᠎ᠡ ᠳᠣᠣᠷ᠎ᠠ ᠤᠷᠤᠰᠬᠠᠯ ᠨᠡᠪᠲᠡᠷᠡᠯᠴᠡᠵᠦ ᠨᠢᠭᠡ | ᠴᠣᠭᠴᠠᠵᠢᠭᠰᠠᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ | ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠠᠪᠠ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ | ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ | ᠴᠢᠩᠭᠠᠳᠬᠠᠵᠤ᠂ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠨᠡᠭᠦᠷᠡᠰᠦ ᠮᠠᠯᠲᠠᠭᠰᠠᠨ ᠠᠴᠠ ᠪᠣᠯᠵᠤ ᠶᠡᠭᠦᠷᠡᠭᠰᠡᠨ ᠣᠷᠣᠨ ᠢ | ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ ᠡᠬᠢ ᠪᠠᠶᠠᠯᠢᠭ ᠤᠨ ᠭᠡᠯᠪᠡᠷᠢ ᠪᠦᠬᠦᠢ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ | ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠬᠦ ᠬᠡᠷᠡᠭᠲᠡᠢ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ | ᠭᠦᠨᠵᠡᠭᠡᠢ ᠰᠠᠶᠢᠲᠤᠷ ᠬᠢᠵᠦ᠂ ᠴᠢᠬᠤᠯᠠ ᠰᠠᠯᠪᠤᠷᠢ ᠤᠷᠤᠰᠬᠠᠯ ᠪᠠ ᠭᠤᠣᠯᠳᠠᠯᠭ᠎ᠠ ᠲᠠᠢ ᠨᠠᠭᠤᠷ ᠴᠥᠭᠦᠷᠥᠮ ᠢ ᠵᠠᠰᠠᠬᠤ ᠠᠵᠢᠯ ᠢ ᠴᠢᠩᠭᠠᠳᠬᠠᠵᠤ᠂ ᠭᠤᠣᠯ | ᠳᠠᠭᠠᠵᠦ ᠨᠠᠭᠤᠷ ᠲᠣᠭᠤᠷᠢᠭᠰᠠᠨ ᠭᠠᠵᠠᠷ ᠣᠷᠣᠨ ᠤ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠬᠦ | ᠬᠡᠷᠡᠭᠲᠡᠢ᠃ ᠠᠭᠠᠷ ᠮᠠᠨᠳᠠᠯ ᠤᠨ ᠪᠣᠬᠢᠷᠳᠤᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠭᠡᠲᠦ ᠪᠠᠭ᠎ᠠ | ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠶᠡᠭᠡ ᠪᠠᠷ ᠠᠬᠢᠭᠤᠯᠬᠤ | ᠬᠡᠷᠡᠭᠲᠡᠢ᠃ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠳᠤᠯ ᠲᠠᠢ︾ ᠠᠵᠤ ᠠᠬᠤᠶᠢᠯᠠᠯ ᠢ ᠬᠠᠤᠯᠢ ᠶᠣᠰᠣᠭᠠᠷ ᠴᠡᠭᠴᠡᠯᠡᠨ ᠵᠠᠰᠠᠵᠤ᠂ ᠠᠶᠤᠯ | ᠲᠦᠭᠰᠢᠭᠦᠷᠢ ᠶᠢᠨ ᠡᠬᠢ ᠰᠤᠷᠪᠤᠯᠵᠢ ᠶᠢ ᠪᠦᠲᠦᠮᠵᠢᠲᠡᠢ ᠬᠠᠮᠢᠶᠠᠷᠤᠨ ᠡᠵᠡᠮᠳᠡᠬᠦ ᠬᠡᠷᠡᠭᠲᠡᠢ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ | ᠳᠡᠮᠵᠢᠬᠦ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡᠨ᠂ ᠪᠡᠯᠡ ᠣᠷᠣᠭᠤᠯᠤᠯᠲᠠ᠂ ᠦᠨ᠎ᠡ ᠬᠠᠩᠰᠢ ᠶᠢᠨ ᠲᠦᠷᠦ ᠶᠢᠨ ᠪᠣᠳᠣᠯᠭ᠎ᠠ ᠪᠠ ᠪᠠᠷᠢᠮᠵᠢᠶ᠎ᠠ ᠶᠢᠨ | ᠰᠢᠰᠲ᠋ᠧᠮ ᠢ ᠬᠡᠷᠡᠭᠵᠢᠭᠦᠯᠬᠦ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠲᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠪᠦᠭᠦ ᠰᠠᠪᠠ | ᠭᠠᠵᠠᠷ᠂ ᠵᠠᠬ᠎ᠠ ᠳᠡᠯᠭᠡᠭᠦᠷᠵᠢᠭᠰᠡᠨ᠂ ᠤᠯᠠᠨ ᠡᠰᠢᠵᠢᠭᠰᠡᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠤᠰᠤᠨ ᠤ ᠡᠬᠢ ᠪᠠᠶᠠᠯᠢᠭ ᠢ ᠬᠠᠮᠠᠭᠠᠯᠠᠵᠤ ᠠᠰᠢᠭᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ | ᠠᠷᠪᠢᠲᠠᠢ ᠡᠷᠴᠢᠮᠵᠢᠭᠦᠯᠦᠨ ᠠᠰᠢᠭᠯᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠡᠭᠡᠷ᠎ᠡ ᠬᠢᠵᠠᠭᠠᠷ ᠢ | ᠴᠢᠩᠭ᠎ᠠ ᠰᠠᠬᠢᠵᠤ᠂ ᠤᠰᠤᠨ ᠪ᠊ ᠬᠡᠮᠵᠢᠶ᠎ᠡ ᠪᠠᠷ ᠬᠤᠲᠠ ᠶᠢᠨ ᠪᠦᠲᠦᠭᠡᠨ ᠪᠠᠶᠢᠭᠤᠯᠤᠯᠲᠠ ᠪᠠᠨ ᠲᠣᠭᠲᠠᠭᠠᠬᠤ᠂ ᠤᠰᠤᠨ ᠪ᠊ ᠬᠡᠮᠵᠢᠶ᠎ᠡ ᠪᠠᠷ ᠭᠠᠵᠠᠷ ᠳᠠᠷᠢᠶ᠎ᠠ ᠪᠠᠨ | ᠲᠣᠭᠲᠠᠭᠠᠬᠤ᠂ ᠤᠰᠤᠨ ᠪ᠊ ᠬᠡᠮᠵᠢᠶ᠎ᠡ ᠪᠠᠷ ᠬᠤᠳᠠ ᠶᠢᠨ ᠬᠥᠮᠥᠨ ᠠᠮᠠ ᠶᠢᠨ ᠳᠠᠭᠠᠭᠠᠴᠠ ᠶᠢ ᠲᠣᠭᠲᠠᠭᠠᠬᠤ᠂ ᠤᠰᠤᠨ ᠪ᠊ ᠬᠡᠮᠵᠢᠶ᠎ᠡ ᠪᠠᠷ ᠦᠢᠯᠡᠳᠪᠦᠷᠢᠯᠡᠯ ᠢᠶᠠᠨ | ᠲᠣᠭᠲᠠᠭᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠪᠦᠭᠦ ᠰᠠᠪᠠ ᠭᠠᠵᠠᠷ ᠢ ᠬᠠᠮᠤᠷᠤᠭᠰᠠᠨ ᠤᠰᠤ ᠲᠠᠲᠠᠵᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠬᠦ | ᠰᠢᠰᠲ᠋ᠧᠮ ᠢ ᠪᠦᠷᠢᠨᠰᠢᠭᠦᠯᠵᠦ᠂ ᠭᠤᠣᠯ ᠤᠷᠤᠰᠬᠠᠯ ᠪᠠ ᠰᠠᠯᠪᠤᠷᠢ ᠤᠷᠤᠰᠬᠠᠯ ᠤᠨ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ | ᠬᠡᠷᠡᠭᠲᠡᠢ᠃ ᠭᠠᠵᠠᠷ ᠳᠣᠣᠷᠠᠬᠢ ᠤᠰᠤᠨ ᠲᠦᠪᠰᠢᠨ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠳᠤᠮᠳᠠ ᠳᠣᠣᠷ᠎ᠠ ᠤᠷᠤᠰᠬᠠᠯ ᠤᠨ ᠭᠠᠵᠠᠷ ᠳᠣᠣᠷᠠᠬᠢ | ᠤᠰᠤ ᠶᠢ ᠬᠡᠲᠦᠷᠡᠲᠡᠯ᠎ᠡ ᠲᠠᠲᠠᠬᠤ ᠶᠢ ᠵᠠᠰᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ | ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ︽ᠨᠠᠶᠠᠨ ᠲᠤᠯᠤᠭᠠᠨ ᠣᠨ︾ ᠤ ᠤᠰᠤ ᠰᠠᠯᠭᠠᠬᠤ ᠲᠥᠰᠥᠯ ᠢ ᠯᠠᠪᠳᠠᠭᠤᠨ ᠢᠶᠠᠷ ᠰᠢᠯᠢᠳᠡᠭᠵᠢᠭᠦᠯᠦᠨ ᠲᠣᠬᠢᠷᠠᠭᠤᠯᠬᠤ | ᠬᠡᠷᠡᠭᠲᠡᠢ᠃ ᠤᠰᠤᠨ ᠤ ᠡᠷᠬᠡ ᠶᠢᠨ ᠠᠷᠠᠯᠵᠢᠶ᠎ᠠ ᠶᠢ ᠢᠳᠡᠪᠬᠢᠲᠡᠢ ᠰᠦᠪᠡᠭᠴᠢᠯᠡᠬᠦ ᠪᠠ ᠵᠢᠷᠤᠮᠵᠢᠭᠤᠯᠤᠨ ᠠᠬᠢᠭᠤᠯᠵᠤ᠂ ᠤᠰᠤᠨ ᠤ ᠡᠬᠢ ᠪᠠᠶᠠᠯᠢᠭ ᠤᠨ ᠰᠦᠢᠳᠬᠡᠯ ᠢ | ᠭᠠᠶᠢᠯᠢ ᠪᠣᠯᠭᠠᠨ ᠥᠭᠡᠷᠡᠴᠢᠯᠡᠬᠦ ᠶᠢ ᠪᠦᠭᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠤᠰᠤ ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠤᠰᠤ ᠠᠷᠪᠢᠯᠠᠬᠤ | ᠭᠡᠯᠪᠡᠷᠢ ᠶᠢᠨ ᠨᠡᠶᠢᠭᠡᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠠᠳᠤᠨ ᠭᠤᠣᠯ ᠤᠨ ᠠᠮᠤᠷ ᠲᠣᠭᠲᠠᠭᠤᠨ ᠢ ᠪᠦᠭᠦ | ᠬᠦᠴᠦ ᠪᠠᠷ ᠢᠶᠠᠨ ᠪᠠᠲᠤᠯᠠᠬᠤ ᠬᠡᠷᠡᠭᠲᠡᠢ᠃ ᠤᠰᠤ ᠡᠯᠡᠰᠦ ᠶᠢ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠭᠤᠣᠯᠯᠠᠭᠴᠢ ᠤᠰᠤᠨ ᠴᠥᠭᠦᠷᠥᠮ ᠵᠡᠷᠭᠡ | ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢᠶᠠᠷ ᠭᠤᠣᠯ ᠪᠤᠯᠭᠠᠬᠰᠠᠨ ᠲᠣᠬᠢᠷᠠᠭᠤᠯᠭ᠎ᠠ ᠡᠵᠡᠮᠳᠡᠯ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ | ᠭᠤᠣᠯ ᠤᠷᠤᠰᠬᠠᠯ ᠰᠠᠯᠪᠤᠷᠢ ᠤᠷᠤᠰᠬᠠᠯ ᠢ ᠨᠢᠭᠡᠳᠦᠯᠲᠡᠢ ᠰᠡᠷᠭᠡᠶᠢᠯᠡᠵᠦ ᠨᠢᠭᠡᠳᠦᠯᠲᠡᠢ ᠵᠠᠰᠠᠬᠤ ᠶᠢ ᠪᠠᠷᠢᠮᠲᠠᠯᠠᠵᠤ᠂ ᠭᠤᠣᠯ ᠤᠷᠤᠰᠬᠠᠯ ᠤᠨ ᠭᠤᠣᠯᠳᠠᠯᠭ᠎ᠠ ᠲᠠᠢ | ᠭᠤᠣᠯ ᠤᠨ ᠬᠡᠰᠡᠭ᠂ ᠠᠶᠤᠯᠲᠠᠢ ᠪᠠᠷᠢᠯᠭ᠎ᠠ ᠶᠢᠨ ᠬᠡᠰᠡᠭ ᠤᠨ ᠵᠠᠰᠠᠯᠲᠠ ᠶᠢ ᠠᠬᠢᠭᠤᠯᠵᠤ᠂ ᠴᠢᠬᠤᠯᠠ ᠰᠡᠷᠭᠡᠶᠢᠯᠡᠯᠲᠡ ᠶᠢᠨ ᠤᠰᠤᠨ ᠴᠥᠭᠦᠷᠥᠮ ᠪᠣᠯᠣᠨ ᠰᠠᠭᠤᠷᠢ | ᠲᠥᠬᠦᠭᠡᠷᠦᠮᠵᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠬᠠᠳᠤᠨ ᠭᠤᠣᠯ ᠤᠨ ᠤᠰᠤᠨ ᠠᠰᠢᠭᠯᠠᠯᠲᠠ ᠶᠢᠨ ᠬᠦᠢᠰᠦ ᠴᠢᠬᠤᠯᠠ ᠶᠡᠭᠡ ᠢᠨᠵᠧᠨᠧᠷᠢᠩ ᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠳᠬᠠᠨ᠂ ᠤᠷᠢᠳᠴᠢᠯᠠᠨ | ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠬᠤ ᠬᠡᠷᠡᠭᠲᠡᠢ᠃ ᠠᠶᠤᠯ ᠲᠦᠭᠰᠢᠭᠦᠷᠢ ᠶᠢ ᠵᠢᠭᠰᠠᠭᠠᠨ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠪᠠ ᠪᠠᠶᠢᠩᠭᠤᠵᠢᠭᠰᠠᠨ᠂ ᠵᠢᠩᠬᠢᠨᠢ | ᠪᠠᠶᠢᠯᠳᠤᠭᠠᠨᠴᠢᠯᠠᠬᠰᠡᠨ ᠬᠠᠮᠵᠢᠯᠴᠠᠨ ᠳᠠᠶᠢᠴᠢᠯᠠᠬᠤ ᠰᠣᠷᠢᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠭᠵᠢᠯᠲᠡ ᠶᠢᠨ ᠠᠷᠭ᠎ᠠ ᠭᠡᠯᠪᠡᠷᠢ ᠶᠢ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠣᠨᠴᠠᠯᠢᠭᠲᠤ | ᠳᠠᠪᠠᠭᠤᠯᠢᠭ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠢ ᠤᠬᠳᠤ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠲᠣᠨᠣᠭᠯᠠᠯ ᠤᠨ | ᠲᠤᠯᠭᠠᠭᠤᠷᠢᠯᠠᠯ ᠢ ᠴᠢᠩᠭᠠᠳᠬᠠᠵᠤ᠂ ᠲᠠᠷᠢᠶᠠᠯᠠᠩ ᠤᠨ ᠵᠣᠬᠢᠰᠲᠠᠢ ᠬᠡᠪᠴᠢᠶᠡᠵᠢᠭᠰᠡᠨ ᠡᠵᠡᠩᠨᠡᠯᠲᠡ ᠶᠢ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠣᠨᠴᠠᠯᠢᠭᠲᠤ ᠳᠠᠪᠠᠭᠤᠯᠢᠭ ᠲᠠᠷᠢᠶᠠᠯᠠᠩ ᠢ ᠬᠥᠭᠵᠢᠭᠦᠯᠬᠦ ᠬᠡᠷᠡᠭᠲᠡᠢ᠃ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠵᠦ ᠠᠰᠢᠭᠯᠠᠬᠤ ᠶᠢ ᠰᠠᠶᠢᠲᠤᠷ ᠠᠳᠬᠤᠵᠤ᠂ | ᠲᠠᠷᠢᠶᠠᠨ ᠭᠠᠵᠠᠷ ᠤᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠭᠦ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠠᠵᠠᠷ ᠳᠡᠭᠡᠷᠡᠬᠢ ᠤᠷᠤᠰᠬᠠᠯ᠂ ᠭᠠᠵᠠᠷ ᠳᠣᠣᠷᠠᠬᠢ ᠤᠰᠤᠨ ᠳᠤ ᠦᠵᠡᠭᠦᠯᠭᠦ ᠨᠥᠯᠥᠭᠡ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠢ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠲᠣᠮᠣ ᠭᠡᠯᠪᠡᠷᠢ ᠶᠢᠨ | ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠪᠠ ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠨᠡᠪᠲᠡᠷᠡᠬᠦ ᠵᠠᠮ ᠤᠨ ᠲᠥᠯᠦᠪᠵᠢᠭᠦᠯᠭᠡ | ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠴᠡᠪᠡᠷ ᠡᠨᠧᠷᠭᠢ ᠪᠠᠷ ᠣᠷᠣᠯᠠᠭᠤᠯᠬᠤ ᠶᠢ | ᠲᠦᠷᠭᠡᠳᠬᠡᠬᠦ ᠬᠡᠷᠡᠭᠲᠡᠢ᠃ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ | ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠥᠭᠡᠷᠡᠴᠢᠯᠡᠯᠲᠡ ᠪᠠ ᠲᠥᠬᠦᠭᠡᠷᠦᠮᠵᠢ ᠶᠢᠨ | ᠰᠢᠨᠡᠴᠢᠯᠡᠯᠲᠡ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠲᠡᠷᠢᠭᠦᠨ ᠤ ᠦᠢᠯᠡᠳᠬᠦ ᠦᠢᠯᠡᠰ ᠤᠨ | ᠪᠥᠭᠡᠮᠨᠡᠷᠡᠯ ᠢ ᠪᠤᠵᠠᠭᠠᠶᠢᠷᠠᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠬᠡᠷᠡᠭᠲᠡᠢ᠃ ᠣᠷᠣᠨ ᠪᠦᠰᠡ ᠶᠢᠨ ᠳᠣᠲᠣᠷᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠶᠢᠨ | ᠮᠡᠷᠭᠡᠵᠢᠯ ᠢ ᠰᠢᠯᠵᠢᠭᠦᠯᠬᠦ ᠪᠠ ᠠᠵᠤ ᠦᠢᠯᠡᠰᠵᠢᠭᠦᠯᠦᠨ ᠦᠢᠯᠡᠴᠢᠯᠡᠬᠦ ᠲᠣᠭᠲᠠᠴᠠ ᠶᠢ ᠪᠠᠶᠢᠷᠢᠰᠢᠭᠤᠯᠤᠨ ᠪᠠᠶᠢᠭᠤᠯᠬᠤ ᠶᠢ ᠵᠣᠷᠢᠭᠵᠢᠭᠤᠯᠵᠤ᠂ ᠠᠵᠤ ᠦᠢᠯᠡᠰ ᠤᠨ | ᠬᠡᠯᠬᠢᠶ᠎ᠡ ᠰᠢᠨ᠎ᠡ ᠶᠢ ᠡᠭᠦᠳᠬᠦ ᠬᠡᠯᠬᠢᠶ᠎ᠡ ᠶᠢᠨ ᠬᠠᠮᠵᠢᠯᠴᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠦᠭᠦ ᠲᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠳᠤ | ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ᠂ ᠡᠯ᠎ᠡ | ᠵᠦᠢᠯ ᠤᠨ ᠭᠡᠯᠪᠡᠷᠢ ᠶᠢᠨ ᠣᠷᠣᠨ ᠨᠤᠲᠤᠭ ᠤᠨ ᠬᠠᠮᠠᠭᠠᠯᠠᠬᠤ ᠦᠵᠡᠯ ᠢ ᠡᠷᠡᠰ ᠠᠷᠢᠯᠭᠠᠬᠤ ᠬᠡᠷᠡᠭᠲᠡᠢ᠃ ᠤᠯᠤᠰ ᠤᠨ ᠥᠮᠴᠢᠯᠡᠯ ᠤᠨ ᠡᠳ᠋ ᠬᠥᠷᠥᠩᠭᠡ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ | ᠪᠤᠵᠠᠭᠠᠶᠢᠷᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠳᠠᠪᠠᠭᠤᠯᠢᠭ ᠲᠠᠯ᠎ᠠ ᠪᠠᠨ | ᠬᠠᠷᠢᠯᠴᠠᠨ ᠨᠥᠬᠦᠪᠦᠷᠢᠯᠡᠭᠰᠡᠨ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠪᠣᠯᠣᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠰᠢᠰᠲ᠋ᠧᠮ ᠢ | ᠪᠠᠶᠢᠭᠤᠯᠵᠤ᠂ ᠣᠨᠴᠠ ᠶᠡᠭᠡ ᠬᠤᠲᠠ ᠨᠤᠭᠤᠳ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠬᠠᠲᠤᠨ ᠭᠤᠣᠯ ᠳᠠᠭᠠᠤ ᠶᠢᠨ ᠬᠤᠲᠠ ᠶᠢᠨ | ᠪᠥᠭᠡᠮᠨᠡᠷᠡᠯ ᠨᠢ ᠬᠥᠮᠥᠨ ᠠᠮᠠ ᠶᠢᠨ ᠲᠥᠪᠯᠡᠷᠡᠯ ᠪᠣᠯᠣᠨ ᠠᠵᠤ ᠦᠢᠯᠡᠰ ᠤᠨ ᠬᠠᠮᠵᠢᠯᠴᠠᠬᠤ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ ᠵᠠᠮ ᠬᠠᠷᠢᠯᠴᠠᠭ᠎ᠠ᠂ | ᠡᠨᠧᠷᠭᠢ᠂ ᠤᠰᠤᠨ ᠠᠰᠢᠭᠯᠠᠯᠲᠠ ᠵᠡᠷᠭᠡ ᠮᠤᠵᠢ ᠣᠷᠣᠨ ᠰᠤᠨᠳᠠᠯᠠᠭᠰᠠᠨ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠡ | ᠭᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠪᠤᠰᠤᠳ ᠣᠷᠣᠨ ᠪᠦᠰᠡ ᠶᠢᠨ ᠪᠠᠶᠢᠯᠳᠤᠬᠤ | ᠪᠣᠳᠣᠯᠭ᠎ᠠ ᠲᠠᠢ ᠵᠣᠯᠭᠠᠭᠤᠯᠬᠤ ᠶᠢ ᠴᠢᠩᠭᠠᠳᠬᠠᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠵᠣᠬᠢᠴᠠᠯᠳᠤᠨ | ᠬᠠᠮᠲᠤᠷᠠᠨ ᠬᠥᠳᠡᠯᠦᠯᠴᠡᠬᠦ ᠶᠢ ᠠᠬᠢᠭᠤᠯᠬᠤ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ | ᠣᠷᠣᠯᠴᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠬᠥᠭᠵᠢᠯᠲᠡ ᠶᠢᠨ ᠣᠷᠣᠨ ᠵᠠᠢ ᠶᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ | ᠲᠥᠯᠥᠪᠵᠢᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ᠃ ᠶᠡᠭᠡ ᠳᠤᠮᠳᠠ ᠪᠠᠭ᠎ᠠ ᠬᠤᠲᠠ ᠪᠣᠯᠣᠨ ᠪᠠᠭ᠎ᠠ | ᠬᠤᠲᠠ ᠪᠠᠯᠭᠠᠰᠤ ᠶᠢᠨ ᠵᠣᠬᠢᠴᠠᠩᠭᠤᠢ ᠪᠠᠷ ᠬᠥᠭᠵᠢᠬᠦ᠂ ᠡᠷᠴᠢᠮᠯᠢᠭ ᠠᠪᠰᠠᠷᠬᠠᠨ ᠪᠠᠶᠢᠷᠢᠰᠢᠭᠤᠯᠬᠤ ᠶᠢ ᠬᠥᠲᠥᠯᠥᠨ ᠵᠢᠯᠤᠭᠤᠳᠴᠤ᠂ ᠰᠢᠶᠠᠨ ᠤ ᠬᠤᠲᠠ ᠶᠢᠨ ᠠᠵᠤ | ᠦᠢᠯᠡᠰ ᠪᠣᠯᠣᠨ ᠬᠥᠮᠥᠨ ᠠᠮᠠ ᠶᠢᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠤ᠂ ᠠᠮᠢ ᠠᠬᠤᠢ ᠶᠢᠨ ᠬᠡᠪᠡᠷᠡᠭ ᠣᠷᠣᠨ ᠤ ᠳᠠᠭᠠᠭᠠᠬᠤ ᠳᠠᠷᠤᠯᠲᠠ ᠶᠢ | ᠬᠥᠩᠭᠡᠷᠡᠭᠦᠯᠬᠦ ᠬᠡᠷᠡᠭᠲᠡᠢ᠃ ᠰᠢᠶᠠᠨ ᠤ ᠬᠤᠲᠠ ᠶᠢᠨ ᠬᠤᠲᠠ ᠶᠢ ᠬᠤᠯᠪᠣᠬᠤ᠂ ᠬᠥᠳᠡᠭᠡ ᠲᠣᠰᠬᠤᠨ ᠢ ᠳᠠᠶᠢᠴᠢᠯᠠᠬᠤ ᠦᠢᠯᠡᠳᠦᠯ ᠢ ᠨᠠᠩ ᠰᠠᠶᠢᠨ ᠪᠠᠳᠠᠷᠠᠭᠤᠯᠵᠤ᠂ | ᠰᠢᠶᠠᠨ ᠤ ᠬᠡᠪᠴᠢᠶᠡᠨ ᠳᠤ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠤᠷᠢᠳ ᠢᠶᠠᠷ ᠪᠡᠶᠡᠯᠡᠭᠦᠯᠬᠦ ᠬᠡᠷᠡᠭᠲᠡᠢ᠃ ᠠᠶᠢᠯ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠲᠥᠷᠥᠯ ᠬᠤᠪᠢᠶᠠᠨ ᠠᠬᠢᠭᠤᠯᠵᠤ᠂ ᠣᠷᠣᠰᠢᠨ ᠠᠮᠢᠳᠤᠷᠠᠬᠤ ᠦᠢᠯᠡᠰ ᠪᠦᠲᠦᠭᠡᠬᠦ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ᠃ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ | ᠴᠢᠨᠠᠷᠲᠠᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠠᠵᠢᠯ ᠣᠯᠭᠤᠯᠲᠠ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠬᠤᠳᠠ | ᠪᠠᠯᠭᠠᠰᠤᠨ ᠤ ᠠᠵᠤ ᠦᠢᠯᠡᠰ ᠢ ᠬᠥᠭᠵᠢᠭᠦᠯᠬᠦ ᠪᠠ ᠬᠥᠳᠡᠭᠡ ᠲᠣᠰᠬᠤᠨ ᠤ ᠠᠵᠤ ᠦᠢᠯᠡᠰ ᠢ ᠪᠣᠶᠢᠵᠢᠭᠤᠯᠬᠤ ᠳᠤ ᠴᠥᠮ ᠠᠵᠢᠯ ᠣᠯᠭᠤᠯᠲᠠ ᠶᠢᠨ | ᠪᠠᠭᠲᠠᠭᠠᠮᠵᠢ ᠶᠢ ᠥᠷᠭᠡᠳᠬᠡᠬᠦ ᠶᠢ ᠴᠢᠬᠤᠯᠠᠴᠢᠯᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ | ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠦᠨᠳᠦᠰᠦᠲᠡᠨ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠠᠳᠤᠨ ᠭᠤᠣᠯ ᠤᠨ ᠰᠠᠪᠠ ᠭᠠᠵᠠᠷ ᠪᠣᠯ ᠳᠤᠮᠳᠠᠳᠤ ᠶᠢᠨ ᠦᠨᠳᠦᠰᠦᠲᠡᠨ ᠪᠣᠯᠣᠨ ᠳᠤᠮᠳᠠᠳᠤ ᠶᠢᠨ ᠪᠣᠯᠪᠠᠰᠤᠨ ᠤ ᠴᠢᠬᠤᠯᠠ ᠭᠤᠯᠣᠮᠲᠠ | ᠣᠷᠣᠨ ᠮᠥᠨ᠂ ᠬᠠᠳᠤᠨ ᠭᠤᠣᠯ ᠤᠨ ᠰᠣᠶᠣᠯ ᠢ ᠬᠠᠮᠠᠭᠠᠯᠠᠨ ᠪᠠᠳᠠᠷᠠᠭᠤᠯᠵᠤ᠂ ᠲᠡᠦᠬᠡ ᠰᠣᠶᠣᠯ ᠤᠨ ᠭᠤᠯᠣᠮᠲᠠ ᠪᠣᠯᠣᠨ ᠦᠨᠳᠦᠰᠦᠲᠡᠨ ᠤ ᠤᠭ ᠦᠨᠳᠦᠰᠦ ᠶᠢ | ᠰᠠᠶᠢᠲᠤᠷ ᠤᠯᠠᠮᠵᠢᠯᠠᠨ ᠵᠠᠯᠭᠠᠮᠵᠢᠯᠠᠬᠤ ᠬᠡᠷᠡᠭᠲᠡᠢ᠃ ᠰᠣᠶᠣᠯ ᠤᠨ ᠥᠪ ᠪᠣᠯᠣᠨ ᠪᠠᠶᠢᠭᠠᠯᠢ ᠶᠢᠨ ᠥᠪ ᠤᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ ᠲᠠᠢ | ᠬᠠᠮᠠᠭᠠᠯᠠᠯᠲᠠ ᠶᠢ ᠴᠢᠩᠭᠠᠳᠬᠠᠵᠤ᠂ ᠬᠠᠭᠤᠴᠢ ᠰᠤᠳᠤᠯᠤᠯ ᠵᠡᠷᠭᠡ ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ᠃ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ | ᠰᠠᠶᠢᠲᠤᠷ ᠬᠠᠮᠠᠭᠠᠯᠠᠵᠤ᠂ ᠬᠤᠪᠢᠰᠬᠠᠯ ᠤᠨ ᠰᠣᠶᠣᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠬᠦ ᠬᠡᠷᠡᠭᠲᠡᠢ᠃ ᠬᠠᠳᠤᠨ | ᠭᠤᠣᠯ ᠤᠨ ᠰᠣᠶᠣᠯ ᠤᠨ ᠴᠠᠭ ᠦᠶ᠎ᠡ ᠶᠢᠨ ᠦᠨ᠎ᠡ ᠦᠷᠳᠡᠭ ᠢ ᠭᠦᠨᠵᠡᠭᠡᠢ ᠠᠭᠤᠳᠠᠯᠵᠤ᠂ ᠳᠤᠮᠳᠠᠳᠤ ᠶᠢᠨ ᠦᠨᠳᠦᠰᠦᠲᠡᠨ ᠤ ᠬᠦᠴᠦᠷᠬᠡᠭᠵᠢᠬᠦ ᠪᠠᠷ ᠬᠦᠴᠦᠯᠡᠨ | ᠴᠢᠷᠮᠠᠶᠢᠬᠤ᠂ ᠰᠢᠨᠲᠠᠷᠠᠰᠢ ᠦᠭᠡᠢ ᠲᠡᠮᠡᠴᠡᠬᠦ ᠦᠨᠳᠦᠰᠦᠲᠡᠨ ᠤ ᠵᠠᠩ ᠴᠢᠨᠠᠷ ᠪᠣᠯᠣᠨ ᠲᠡᠮᠡᠴᠡᠯ ᠤᠨ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠬᠦ ᠬᠡᠷᠡᠭᠲᠡᠢ᠃ | ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠯᠠᠨ ᠤᠯᠤᠰ ᠲᠤ ᠨᠥᠯᠥᠭᠡᠯᠡᠬᠦ ᠬᠦᠴᠦᠨ ᠪᠦᠬᠦᠢ ᠬᠠᠳᠤᠨ ᠭᠤᠣᠯ ᠤᠨ ᠰᠣᠶᠣᠯ | ᠵᠢᠭᠤᠯᠴᠢᠯᠠᠯ ᠤᠨ ᠪᠦᠰᠡ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠲᠥᠪ ᠤᠨ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢᠨ ᠤᠳᠤᠷᠢᠳᠬᠤ ᠳᠤᠭᠤᠶᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ | ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠬᠠᠲᠤᠨ ᠭᠤᠣᠯ ᠳᠠᠭᠠᠤ ᠶᠢᠨ ᠡᠯ᠎ᠡ ᠮᠤᠵᠢ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠡᠭᠦᠷᠭᠡᠯᠡᠵᠦ᠂ ᠨᠡᠶᠢᠭᠡᠮ ᠤᠨ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ | ᠰᠢᠨ᠎ᠡ ᠴᠠᠭ ᠦᠶ᠎ᠡ ᠶᠢᠨ ︽ᠬᠠᠲᠤᠨ ᠭᠤᠣᠯ ᠤᠨ ᠨᠠᠶᠢᠷᠠᠯ ᠳᠠᠭᠤᠤ︾ ᠶᠢ ᠰᠠᠶᠢᠲᠤᠷ ᠳᠠᠭᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠠᠵᠤ ᠠᠬᠤᠢ ᠶᠢᠨ | ᠠᠵᠢᠯ ᠤᠨ ᠲᠤᠬᠠᠢ ᠪᠠᠶᠢᠷᠢᠯᠠᠭᠤᠯᠤᠯᠲᠠ ᠪᠣᠯᠣᠨ ᠡᠯ᠎ᠡ ᠵᠦᠢᠯ ᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠭᠤᠷᠪᠠᠳᠤᠭᠠᠷ ᠤᠯᠠᠷᠢᠯ ᠤᠨ ᠰᠡᠭᠦᠯᠴᠢ ᠪᠣᠯᠣᠨ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠠᠳᠬᠤᠵᠤ᠂ ᠪᠦᠭᠦ | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠬᠠᠲᠤᠨ ᠭᠤᠣᠯ ᠤᠨ ᠰᠠᠪᠠ ᠭᠠᠵᠠᠷ ᠤᠨ | ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃ | ᠶᠡᠭᠡ ᠬᠠᠮᠠᠭᠠᠯᠠᠯᠲᠠ ᠶᠢ ᠵᠠᠩᠭᠢᠯᠠᠭ᠎ᠠ ᠶᠢᠨ ᠡᠭᠦᠷᠭᠡ ᠪᠤᠯᠭᠠᠬᠤ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ | ᠠᠬᠢᠭᠤᠯᠵᠤ᠂ ᠪᠠᠲᠤ ᠪᠠᠬᠢ᠂ ᠲᠤᠯᠭᠠᠭᠤᠷᠢᠯᠠᠯ ᠬᠦᠴᠦᠨ ᠲᠠᠢ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠦᠷᠭᠡᠳᠬᠡᠨ ᠪᠠᠶᠢᠭᠤᠯᠬᠤ | ᠬᠡᠷᠡᠭᠲᠡᠢ᠃ ︽ᠬᠥᠮᠥᠨ ᠪᠠ ᠤᠰᠤᠨ ᠤ ᠬᠠᠷᠢᠴᠠᠭ᠎ᠠ︾ ᠡᠨᠡ ᠬᠦ ᠶᠡᠭᠡ ᠶᠠᠪᠤᠳᠠᠯ ᠢ ᠨᠠᠷᠢᠯᠢᠭ ᠰᠠᠶᠢᠲᠤᠷ ᠬᠢᠵᠦ᠂ ︽ᠤᠰᠤᠨ ᠤ ᠬᠡᠮᠵᠢᠶ᠎ᠡ ᠪᠠᠷ ᠳᠥᠷᠪᠡ ᠶᠢ | ᠲᠣᠭᠲᠠᠭᠠᠬᠤ︾ ᠵᠠᠷᠴᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠪᠦᠭᠦ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠬᠤ ᠬᠡᠷᠡᠭᠲᠡᠢ᠃ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ᠂ ᠲᠣᠰ ᠲᠣᠰ ᠤᠨ ᠬᠠᠷᠢᠴᠠᠩᠭᠤᠢ | ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠬᠦ ᠬᠡᠷᠡᠭᠲᠡᠢ᠃ | ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠳᠤ ᠨᠠᠩ ᠰᠠᠶᠢᠲᠤᠷ ᠣᠷᠣᠯᠴᠠᠵᠤ᠂ ᠳᠣᠲᠣᠭᠠᠳᠤ ᠭᠠᠳᠠᠭᠠᠳᠤ ᠨᠡᠭᠡᠭᠡᠯᠲᠡ ᠶᠢᠨ ᠥᠷᠭᠡᠴᠡ ᠪᠠ ᠭᠦᠨᠴᠡ ᠶᠢ ᠥᠷᠭᠡᠳᠬᠡᠵᠦ᠂ ᠬᠠᠲᠤᠨ ᠭᠤᠣᠯ ᠤᠨ | ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠠᠮᠢᠵᠢᠷᠠᠯ ᠤᠨ | ᠬᠦᠴᠦᠨ ᠨᠡᠮᠡᠷᠢᠯᠡᠬᠦ ᠬᠡᠷᠡᠭᠲᠡᠢ ᠭᠡᠵᠦ ᠢᠯᠡᠳᠬᠡᠪᠡ᠃ | ᠾᠧ ᠯᠢ ᠹᠧᠩ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠮᠤᠵᠢ ᠣᠷᠣᠨ ᠤ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ | | | |