ᠣᠶᠢᠷ᠎ᠠ ᠶᠢᠨ ᠵᠢᠯ ᠳᠤ᠂ ᠤᠯᠠᠭᠠᠨᠲᠣᠯᠣᠭᠠᠢ ᠪᠠᠯᠭᠠᠰᠤ ᠨᠠᠮ ᠤᠨ ᠪᠠᠶᠢᠭᠤᠯᠤᠯᠲᠠ ᠪᠠᠷ ᠬᠥᠲᠥᠯᠦᠨ ᠵᠢᠯᠤᠭᠤᠳᠤᠭᠤᠯᠬᠤ ᠶᠢ ᠪᠠᠷᠢᠮᠳᠠᠯᠠᠨ ︽ᠣᠷᠣᠨ | ᠠᠯᠤᠰᠯᠠᠭᠰᠠᠨ ᠠᠵᠤ ᠠᠬᠤᠶ︾ ᠶᠢ ᠪᠦᠯᠬᠦᠮᠳᠡᠭᠦᠯᠦᠨ ᠬᠥᠭᠵᠢᠭᠦᠯᠵᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠤᠭᠰᠠᠨ ᠪᠠᠶᠢᠨ᠎ᠠ᠃ | ᠤᠯᠠᠭᠠᠨᠲᠣᠯᠣᠭᠠᠢ ᠪᠠᠯᠭᠠᠰᠤᠨ ᠤ ᠣᠷᠣᠨ ᠠᠯᠤᠰᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠳᠤ ᠣᠷᠣᠬᠤ ᠳᠤ᠂ ᠲᠡᠷᠢ ᠲᠡᠭᠰᠢ | ᠦᠢᠯᠡᠳᠪᠦᠷᠢ ᠶᠢᠨ ᠪᠠᠶᠢᠰᠢᠩ ᠤᠳ ᠨᠢᠳᠤᠨ ᠳᠤ ᠲᠤᠳᠤᠷᠠᠵᠤ᠂ ᠬᠦᠷᠢᠶᠡᠯᠡᠩ ᠲᠣᠭᠤᠷᠢᠭ ᠲᠤ ᠤᠢ ᠮᠣᠳᠣ ᠨᠣᠭᠤᠭᠠᠷᠠᠵᠤ᠂ 2000 ᠭᠠᠷᠤᠢ ᠬᠠᠪᠲᠠᠭᠠᠢ | ᠳᠥᠷᠪᠡᠯᠵᠢᠨ ᠮᠧᠲᠷ ᠲᠠᠯᠠᠪᠠᠢ ᠪᠦᠬᠦᠢ ᠪᠠᠷᠠᠭᠠᠨ ᠭᠦᠢᠯᠭᠡᠭᠡᠨ ᠤ ᠦᠢᠯᠡᠳᠪᠦᠷᠢ ᠶᠢᠨ ᠪᠠᠶᠢᠰᠢᠩ ᠶᠠᠭ ᠪᠠᠷᠢᠯᠭ᠎ᠠ ᠳᠤᠮᠳᠠ ᠪᠠᠨ ᠪᠠᠶᠢᠯ᠎ᠠ᠃ | ᠤᠯᠠᠭᠠᠨᠲᠣᠯᠣᠭᠠᠢ ᠪᠠᠯᠭᠠᠰᠤ ᠨᠢ ᠮᠠᠨ ᠤ ᠬᠤᠰᠢᠭᠤᠨ ᠤ ᠳᠤᠮᠳᠠ ᠵᠡᠭᠦᠨ ᠬᠡᠰᠡᠭ ᠲᠤ ᠪᠠᠶᠢᠷᠢᠯᠠᠵᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ | ᠠᠵᠤ ᠠᠬᠤᠶ ᠶᠢᠨ ᠪᠣᠳᠠᠲᠤ ᠬᠦᠴᠦᠨ ᠨᠡᠯᠢᠶᠡᠳ ᠪᠠᠭᠤᠷᠠᠶ ᠪᠠᠶᠢᠭ᠎ᠠ ᠶᠤᠮ᠃ ᠨᠢᠳᠤᠨᠤᠨ ᠤ ᠵᠢᠯ ᠤᠨ ᠡᠬᠢᠨ ᠳᠤ᠂ ᠪᠠᠯᠭᠠᠰᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠭᠠᠴᠠᠭ᠎ᠠ ᠪᠠ ᠨᠡᠶᠢᠭᠡᠮ ᠲᠣᠭᠤᠷᠢᠭ ᠤᠨ ᠤᠳᠤᠷᠢᠳᠬᠤ ᠪᠠᠭ ᠢ ᠳᠠᠭᠠᠭᠤᠯᠤᠨ ᠣᠯᠠᠨ ᠤᠳᠠᠭ᠎ᠠ ᠭᠠᠳᠠᠭᠰᠢ ᠭᠠᠷᠴᠤ ᠪᠠᠶᠢᠴᠠᠭᠠᠨ | ᠰᠤᠳᠤᠯᠤᠯᠲᠠ ᠬᠢᠵᠦ ᠰᠤᠷᠤᠯᠴᠠᠨ᠂ 8 ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠢ ᠬᠥᠲᠥᠯᠦᠨ ᠵᠢᠯᠣᠭᠤᠳᠴᠤ ᠪᠠᠶᠢᠭᠠᠳ ᠬᠠᠮᠲᠤ ᠪᠠᠷ ᠬᠤᠪᠢ | ᠣᠷᠣᠭᠤᠯᠵᠤ᠂ ᠦᠤᠰᠢᠨ ᠬᠤᠰᠢᠭᠤᠨ ᠤ ᠢ ᠡᠾᠧ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠠᠶᠢᠭᠤᠯᠪᠠ᠃ ᠺᠣᠮᠫᠠᠨᠢ ᠨᠢ | ᠲᠦᠷᠢᠶᠡᠰᠦᠯᠡᠬᠦ ᠪᠠᠷ ᠬᠤᠳᠠᠯᠳᠤᠨ ᠠᠪᠬᠤ ᠶᠢ ᠣᠷᠣᠯᠠᠭᠤᠯᠬᠤ ᠵᠠᠭᠪᠤᠷ ᠢᠶᠠᠷ ᠳᠠᠮᠵᠢᠭᠤᠯᠤᠨ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠪᠠᠷ ᠨᠡᠶᠢᠭᠡᠮ ᠤᠨ | 3000 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠳᠠᠶᠢᠴᠢᠯᠠᠵᠤ᠂ 10 ᠲᠦᠮᠡᠨ ᠲᠡᠭᠰᠢ ᠳᠥᠷᠪᠡᠯᠵᠢᠨ ᠮᠧᠲᠷ ᠤᠨ ᠰᠤᠯᠠ ᠪᠠᠶᠢᠭ᠎ᠠ | ᠦᠢᠯᠡᠳᠪᠦᠷᠢ ᠶᠢᠨ ᠲᠣᠭᠤᠷᠢᠭ ᠢ ᠠᠰᠢᠭᠯᠠᠯᠲᠠ ᠳᠤ ᠤᠷᠤᠭᠤᠯᠵᠤ᠂ 7 ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠨᠠᠷᠢᠯᠢᠭ ᠡᠳ᠋ᠰᠢᠭᠦᠯᠬᠦ᠂ ᠬᠠᠳᠠᠭᠠᠯᠠᠵᠤ | ᠲᠡᠭᠡᠭᠡᠪᠦᠷᠢᠯᠡᠬᠦ᠂ ᠪᠣᠷᠣᠯᠠᠭᠤᠯᠬᠤ᠂ ᠬᠥᠳᠡᠯᠮᠦᠷᠢ ᠦᠢᠯᠡᠴᠢᠯᠡᠭᠡ ᠭᠢᠭᠦ᠂ ᠪᠠᠴᠢᠮ ᠪᠠᠶᠢᠳᠠᠯ ᠢ ᠠᠷᠭᠠᠴᠠᠭᠠᠬᠤ ᠠᠮᠤᠷ ᠲᠦᠪᠰᠢᠨ ᠤ ᠬᠥᠮᠦᠵᠢᠯ ᠢ ᠨᠢᠭᠡ | ᠴᠣᠭᠴᠠᠵᠢᠭᠤᠯᠤᠭᠰᠠᠨ ᠤᠷᠤᠨ ᠠᠯᠤᠰᠯᠠᠭᠰᠠᠨ ᠠᠵᠤ ᠠᠬᠤᠶ ᠶᠢᠨ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠤᠭᠰᠠᠨ ᠪᠠᠶᠢᠨ᠎ᠠ᠃ | | ᠺᠣᠮᠫᠠᠨᠢ ᠪᠠᠶᠢᠭᠤᠯᠤᠭᠳᠠᠭᠰᠠᠨ 9 ᠰᠠᠷ᠎ᠠ ᠠᠴᠠ ᠨᠠᠰᠢ᠂ ᠡᠵᠡᠩᠨᠡᠯᠲᠡ ᠶᠢᠨ ᠴᠢᠨᠠᠷᠲᠠᠶ ᠣᠷᠣᠯᠭ᠎ᠠ ᠨᠢ 330 ᠲᠦᠮᠡᠨ ᠲᠥᠭᠦᠷᠢᠭ ᠲᠤ ᠬᠦᠷᠴᠦ᠂ 50 | ᠭᠠᠷᠤᠶ ᠬᠥᠮᠦᠨ ᠤ ᠠᠵᠢᠯ ᠣᠯᠬᠤ ᠠᠰᠠᠭᠤᠳᠠᠯ ᠢ ᠰᠢᠢᠳᠪᠤᠷᠢᠯᠡᠭᠰᠡᠨ ᠪᠠᠶᠢᠨ᠎ᠠ᠃ | | | | ᠰᠣᠷᠪᠤᠯᠵᠢᠯᠠᠭᠴᠢ᠄ ᠠᠯᠤᠰ ᠸᠠᠩ ᠴᠢ |