ᠯᠢ ᠴᠢᠶᠠᠩ ᠤᠯᠠᠨ ᠤᠯᠤᠰ ᠤᠨ ᠠᠲ᠋ᠣᠮ ᠤᠨ ᠡᠨᠧᠷᠭᠢ ᠶᠢᠨ ᠪᠠᠶᠢᠭᠤᠯᠤᠮᠵᠢ ᠶᠢᠨ 68 ᠳ᠋ᠤᠭᠠᠷ ᠬᠤᠭᠤᠴᠠᠭᠠᠨ ᠤ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2024/9/19
      ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 18 ᠤ ᠡᠳᠦᠷ ᠤᠨ ᠴᠠᠭᠢᠯᠭᠠᠨ ᠮᠡᠳᠡᠭᠡ   ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 9 ᠳ᠋ᠦ᠋ᠭᠡᠷ ᠰᠠᠷ᠎ᠠ ᠶᠢᠨ 16 ᠤ ᠡᠳᠦᠷ ᠤᠯᠠᠨ ᠤᠯᠤᠰ ᠤᠨ ᠠᠲ᠋ᠣᠮ ᠤᠨ ᠡᠨᠧᠷᠭᠢ ᠶᠢᠨ ᠪᠠᠶᠢᠭᠤᠯᠤᠮᠵᠢ ᠶᠢᠨ 68 ᠳ᠋ᠤᠭᠠᠷ ᠬᠤᠭᠤᠴᠠᠭᠠᠨ ᠤ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃      ᠯᠢ ᠴᠢᠶᠠᠩ ᠡᠩ ᠲᠡᠷᠢᠭᠦᠨ ᠳᠤ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠪᠡ᠃ ᠲᠡᠷᠡ ᠪᠠᠷ ᠴᠥᠮ᠎ᠡ ᠶᠢᠨ ᠡᠨᠧᠷᠭᠢ ᠪᠣᠯ ᠴᠢᠬᠤᠯᠠ ᠴᠡᠪᠡᠷ ᠡᠨᠧᠷᠭᠢ ᠮᠥᠨ᠃ ᠲᠡᠷᠢᠭᠦᠯᠡᠭᠴᠢ ᠰᠢ  ᠶᠢᠨ ᠫᠢᠩ ᠡᠷᠬᠡ ᠲᠡᠭᠰᠢ᠂ ᠬᠠᠮᠲᠤᠷᠠᠯᠴᠠᠬᠤ᠂ ᠬᠠᠮᠲᠤ ᠪᠠᠷ ᠠᠰᠢᠭ ᠬᠦᠷᠲᠡᠬᠦ ᠣᠯᠠᠨ ᠤᠯᠤᠰ ᠤᠨ ᠴᠥᠮ᠎ᠡ ᠶᠢᠨ ᠠᠶᠤᠯ ᠦᠭᠡᠢ ᠲᠣᠭᠲᠠᠯᠴᠠᠭ᠎ᠠ ᠪᠠᠶᠢᠭᠤᠯᠬᠤ ᠶᠢ ᠳᠤᠷᠠᠳᠴᠠᠢ᠃ ᠳᠣᠮᠲᠠᠲᠤ ᠤᠯᠤᠰ ᠣᠯᠠᠨ ᠤᠯᠤᠰ ᠤᠨ ᠴᠥᠮ᠎ᠡ ᠶᠢᠨ ᠡᠨᠧᠷᠭᠢ ᠶᠢᠨ ᠪᠠᠶᠢᠭᠤᠯᠤᠮᠵᠢ ᠳᠤ ᠣᠷᠣᠭᠰᠠᠨ 40 ᠵᠢᠯ ᠤᠨ ᠲᠤᠷᠰᠢᠲᠠ᠂ ᠢᠮᠠᠭᠲᠠ ᠪᠣᠳᠠᠲᠤ ᠠᠵᠢᠯᠯᠠᠭ᠎ᠠ ᠪᠠᠷ ᠢᠶᠠᠨ ᠣᠯᠠᠨ ᠤᠯᠤᠰ ᠤᠨ ᠴᠥᠮ᠎ᠡ ᠶᠢᠨ ᠡᠨᠧᠷᠭᠢ ᠶᠢᠨ ᠪᠠᠶᠢᠭᠤᠯᠤᠮᠵᠢ ᠶᠢᠨ ᠠᠵᠢᠯ ᠢ ᠲᠠᠮᠵᠢᠵᠤ᠂ ᠬᠤᠶᠠᠷ ᠲᠠᠯ᠎ᠠ ᠪᠠᠷ ᠢᠶᠠᠨ ᠴᠥᠮ᠎ᠡ ᠶᠢᠨ ᠡᠨᠧᠷᠭᠢ ᠶᠢ ᠰᠤᠳᠤᠯᠤᠨ ᠨᠡᠭᠡᠭᠡᠵᠦ ᠠᠰᠢᠭᠯᠠᠬᠤ᠂ ᠴᠥᠮ᠎ᠡ ᠶᠢᠨ ᠠᠶᠤᠯ ᠦᠭᠡᠢ ᠪᠠ ᠴᠥᠮ᠎ᠡ ᠶᠢᠨ ᠠᠮᠤᠷ ᠲᠦᠪᠰᠢᠨ ᠤ ᠪᠠᠲᠤᠯᠠᠭ᠎ᠠ᠂ ᠬᠢᠨᠠᠯᠲᠠ ᠲᠠᠯᠪᠢᠬᠤ ᠶᠢ ᠪᠠᠲᠤᠯᠠᠬᠤ ᠪᠠ ᠥᠷᠭᠡᠳᠬᠡᠨ ᠲᠠᠷᠬᠠᠭᠠᠬᠤ ᠶᠢ ᠰᠡᠷᠭᠡᠶᠢᠯᠡᠨ ᠬᠤᠷᠢᠭᠯᠠᠬᠤ ᠵᠡᠷᠭᠡ ᠬᠦᠷᠢᠶᠡᠨ ᠳᠤ ᠪᠦᠭᠦ ᠲᠠᠯ᠎ᠠ ᠪᠠᠷ ᠬᠠᠮᠲᠤᠷᠠᠯᠴᠠᠨ᠂ ᠡᠯᠪᠡᠭ ᠪᠠᠶᠠᠯᠢᠭ ᠣᠶᠢᠷ᠎ᠠ ᠪᠦᠲᠦᠭᠡᠯ ᠣᠯᠵᠤ᠂ ᠪᠦᠭᠦ ᠪᠥᠮᠪᠥᠷᠴᠡᠭ ᠤᠨ ᠴᠥᠮ᠎ᠡ ᠶᠢᠨ ᠡᠨᠧᠷᠭᠢ ᠶᠢᠨ ᠵᠠᠰᠠᠯᠲᠠ ᠪᠠ ᠬᠥᠭᠵᠢᠯᠲᠡ ᠳᠤ ᠴᠢᠬᠤᠯᠠ ᠬᠦᠴᠦᠨ ᠴᠢᠳᠠᠯ ᠢᠶᠠᠨ ᠨᠡᠮᠡᠷᠢᠯᠡᠵᠡᠢ ᠬᠡᠮᠡᠨ ᠵᠢᠭᠠᠵᠤ ᠭᠠᠷᠭᠠᠪᠠ᠃      ᠯᠢ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠤᠯᠤᠰ ᠳᠤᠷᠠᠲᠠᠶ᠎ᠠ ᠣᠯᠠᠨ ᠤᠯᠤᠰ ᠤᠨ ᠴᠥᠮ᠎ᠡ ᠶᠢᠨ ᠡᠨᠧᠷᠭᠢ ᠶᠢᠨ ᠪᠠᠶᠢᠭᠤᠯᠤᠮᠵᠢ ᠬᠢᠭᠡᠳ ᠪᠤᠰᠤᠳ ᠪᠦᠷᠢᠯᠳᠦᠭᠦᠨ ᠤᠯᠤᠰ ᠤᠳ ᠯᠤᠭ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠪᠥᠮᠪᠥᠷᠴᠡᠭ ᠤᠨ ᠴᠥᠮ᠎ᠡ ᠶᠢᠨ ᠡᠨᠧᠷᠭᠢ ᠶᠢᠨ ᠵᠠᠰᠠᠯᠲᠠ ᠶᠢ ᠨᠠᠩ ᠲᠥᠪ ᠭᠤᠤᠯᠴᠢ ᠵᠦᠢ ᠵᠣᠬᠢᠰᠲᠠᠢ᠂ ᠴᠥᠮ᠎ᠡ ᠶᠢᠨ ᠡᠨᠧᠷᠭᠢ ᠶᠢᠨ ᠬᠥᠭᠵᠢᠯᠲᠡ ᠶᠢ ᠨᠠᠩ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ᠂ ᠴᠥᠮ᠎ᠡ ᠶᠢᠨ ᠡᠨᠧᠷᠭᠢ ᠶᠢᠨ ᠬᠠᠮᠲᠤᠷᠠᠯᠴᠠᠭ᠎ᠠ ᠶᠢ ᠨᠠᠩ ᠨᠡᠭᠡᠭᠡᠯᠲᠡᠲᠡᠢ ᠡᠮᠬᠢ ᠵᠢᠷᠤᠮ ᠲᠠᠢ ᠪᠣᠯᠭᠠᠨ᠎ᠠ ᠬᠡᠮᠡᠵᠡᠢ᠃     
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ