ᠣᠷᠳᠣᠰᠴᠤᠳ ᠡᠷᠳᠠ ᠤᠷᠢᠳᠤ ᠶᠢᠨ ᠴᠠᠭ ᠠᠴᠠ ᠪᠤᠷᠭᠠᠰᠤ ᠶᠢ ᠠᠰᠢᠭᠯᠠᠨ ᠭᠡᠷ ᠪᠠᠶᠢᠰᠢᠩ ᠬᠦᠷᠢᠶ᠎ᠡ ᠬᠤᠷᠤᠭ᠎ᠠ ᠪᠠᠨ ᠪᠠᠷᠢᠵᠤ᠂ ᠡᠳᠦᠷ ᠲᠤᠲᠤᠮ ᠤᠨ | ᠠᠮᠢᠳᠤᠷᠠᠯ ᠤᠨ ᠬᠡᠷᠡᠭᠯᠡᠭᠡᠨ ᠤ ᠰᠠᠭᠰᠤ᠂ ᠳᠡᠪᠢᠭᠦᠷ᠂ ᠱᠠᠵᠢᠭᠡᠢ ᠵᠡᠷᠭᠡ ᠪᠠᠭᠠᠵᠢ ᠬᠡᠷᠡᠭᠰᠡᠯ ᠢ ᠦᠢᠯᠡᠳᠦᠨ ᠠᠰᠢᠭᠯᠠᠵᠤ ᠪᠠᠶᠢᠵᠡᠢ᠃ ᠪᠤᠩᠬᠤᠷᠠᠢ ᠭᠤᠸᠠᠢ ᠪᠤᠯ | ᠡᠨᠡᠭᠦ ᠪᠤᠷᠭᠠᠰᠤᠨ ᠬᠦᠷᠦᠮᠡᠯ ᠤᠨ ᠬᠤᠲᠠ ᠶᠢᠨ ᠳᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠲᠦᠯᠦᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ ᠪᠠᠶᠢᠵᠤ᠂ | ᠭᠠᠯᠠᠭᠤᠲᠤ ᠪᠠᠯᠭᠠᠰᠤᠨ ᠠᠴᠠ ᠲᠡᠬᠦᠨ ᠢ ᠤᠷᠢᠵᠤ ᠲᠤᠰ ᠤᠳᠠᠭᠠᠨ ᠤ ᠪᠤᠷᠭᠠᠰᠤᠨ ᠬᠦᠷᠦᠮᠡᠯ ᠤᠨ ᠤᠷ᠎ᠠ ᠮᠡᠷᠭᠡᠵᠢᠯ ᠤᠨ ᠪᠤᠯᠪᠠᠰᠤᠷᠠᠯ ᠢ ᠡᠷᠬᠢᠯᠡᠨ | ᠶᠠᠪᠤᠭᠳᠠᠭᠤᠯᠵᠤ ᠪᠠᠶᠢᠭ᠎ᠠ ᠪᠢᠯᠡ᠃ | 9 ᠰᠠᠷ᠎ᠠ ᠶᠢᠨ 23 ᠤ ᠡᠳᠦᠷ ᠠᠴᠠ ᠡᠬᠢᠯᠡᠭᠰᠡᠨ ᠲᠤᠰ ᠤᠳᠠᠭᠠᠨ ᠤ ᠪᠤᠯᠪᠠᠰᠤᠷᠠᠯ ᠢ ᠭᠠᠯᠠᠭᠤᠲᠤ ᠪᠠᠯᠭᠠᠰᠤᠨ ᠠᠴᠠ ᠭᠤᠤᠯᠯᠠᠨ ᠡᠷᠬᠢᠯᠡᠵᠤ᠂ ᠲᠠᠪᠤᠨ | ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠪᠠᠷ ᠪᠠᠶᠢᠵᠤ᠂ ᠪᠤᠷᠭᠠᠰᠤᠨ ᠭᠦᠷᠦᠮᠡᠯ ᠳᠤ ᠳᠤᠷ᠎ᠠ ᠪᠠᠬ᠎ᠠ ᠲᠠᠢ ᠭᠤᠴᠢᠭᠠᠳ ᠰᠤᠷᠤᠭᠴᠢ ᠪᠤᠯᠪᠠᠰᠤᠷᠠᠯ ᠳᠤ | ᠣᠷᠣᠯᠴᠠᠭᠰᠠᠨ ᠪᠠᠶᠢᠨ᠎ᠠ᠃ | | | ᠰᠤᠷᠪᠤᠯᠵᠢᠯᠠᠭᠴᠢ᠄ ᠪᠤᠶᠠᠨᠳᠤ᠂ ᠲᠠᠸᠠᠩᠨᠤᠷᠪᠤ |