ᠨᠡᠡᠳᠢᠨ ᠨᠡᠶᠢᠭᠡᠮ ᠲᠤᠭᠤᠷᠢᠭ ᠦᠨᠳᠤᠰᠤᠳᠡᠨ ᠤ ᠪᠦᠯᠭᠦᠮᠳᠡᠯ ᠲᠠᠪᠰᠢᠯᠳᠡ ᠶᠢᠨ ᠠᠵᠢᠯ ᠢ ᠴᠢᠬᠤᠯᠠᠴᠢᠯᠡᠨ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2024/9/29
      ᠭᠠᠯᠠᠭᠤᠳᠤ  ᠪᠠᠯᠭᠠᠰᠤᠨ ᠤ ᠨᠠᠡᠳᠢᠨ ᠨᠡᠶᠢᠭᠡᠮ ᠲᠤᠭᠤᠷᠢᠭ ᠦᠪᠡᠷ ᠤᠨ ᠪᠤᠳᠠᠳᠣ ᠪᠠᠶᠢᠳᠠᠯ ᠲᠠᠢ ᠪᠠᠨ ᠤᠶᠠᠯᠳᠤᠭᠤᠯᠤᠨ ᠦᠨᠳᠤᠰᠤᠳᠡᠨ ᠤ ᠪᠦᠯᠭᠦᠮᠳᠡᠯ ᠲᠠᠪᠰᠢᠯᠳᠡ ᠶᠢᠨ ᠠᠵᠢᠯ ᠢ ᠦᠷᠭᠦᠯᠵᠢ ᠶᠢᠨ ᠴᠢᠨᠡᠷᠳᠡᠢ ᠰᠢᠰᠲ᠋ᠧᠮ ᠲᠠᠢ ᠦᠷᠨᠢᠭᠦᠯᠵᠦ᠂ ᠦᠨᠳᠤᠰᠤᠳᠡᠨ ᠤ ᠬᠤᠭᠤᠷᠤᠨᠳᠤᠭᠢ ᠪᠦᠯᠭᠦᠮᠳᠡᠯ ᠢ ᠰᠡᠶᠢᠨ ᠠᠬᠢᠭᠤᠯᠵᠤ ᠂ ᠡᠶ᠎ᠡ ᠵᠤᠬᠢᠴᠠᠩᠭᠤᠢ ᠨᠡᠶᠢᠭᠡᠮ ᠲᠤᠭᠤᠷᠢᠭ ᠢ ᠪᠦᠳᠤᠭᠡᠨ ᠪᠠᠶᠢᠭᠤᠯᠵᠤ ᠪᠠᠶᠢᠨ᠎ᠠ᠃      ᠨᠠᠡᠳᠢᠨ ᠨᠡᠶᠢᠭᠡᠮ ᠲᠤᠭᠤᠷᠢᠭ ᠨᠢ 2012 ᠣᠨ ᠳᠤ ᠪᠠᠶᠢᠭᠤᠯᠤᠭᠳᠠᠵᠤ᠂ 29 ᠰᠠᠭᠤᠭᠠᠯᠢ ᠠᠷᠡᠳ ᠤᠨ ᠲᠤᠭᠤᠷᠢᠭ ᠢ  ᠪᠠᠭᠳᠠᠭᠠᠨ᠂ ᠨᠠᠶᠢᠳᠡ 2 ᠲᠦᠮᠡᠨ 6 ᠮᠢᠩᠭ᠎ᠠ ᠭᠠᠷᠤᠢ ᠬᠦᠮᠦᠨ ᠠᠮᠠ ᠲᠠᠢ᠃       ᠨᠠᠡᠳᠢᠨ ᠨᠡᠶᠢᠭᠡᠮ ᠲᠤᠭᠤᠷᠢᠭ ᠨᠢ ᠦᠨᠳᠤᠰᠤᠳᠠᠨ ᠤ ᠪᠦᠯᠭᠦᠮᠳᠡᠯ ᠲᠠᠪᠰᠢᠯᠳᠡ ᠶᠢᠨ ᠠᠵᠢᠯ ᠢ ᠴᠢᠬᠤᠯᠠᠴᠢᠯᠠᠨ ᠠᠳᠬᠤᠭᠰᠠᠭᠠᠷ ᠢᠷᠡᠵᠦ᠂ ᠨᠡᠶᠢᠭᠡᠮ ᠲᠤᠭᠤᠷᠢᠭ ᠤᠨ ᠰᠠᠭᠤᠭᠠᠯᠢ ᠠᠷᠡᠳ ᠤᠨ ᠤᠷᠤᠯᠴᠠᠯᠭ᠎ᠠ ᠲᠠᠢ ᠴᠠᠭᠠᠨ ᠰᠠᠷ᠎ᠠ ᠶᠢᠨ ᠦᠳᠡᠰᠢᠯᠡᠭᠡ᠂ ︽ᠦᠨᠳᠤᠰᠣᠳᠡᠨ ᠪᠥᠭᠦᠨ ᠨᠢᠭᠡ ᠭᠡᠷ ᠪᠦᠯᠢ ᠮᠡᠳᠤ︾ ᠭᠤᠣᠯ ᠰᠡᠳᠤᠪᠳᠤ ᠤᠷᠠᠨ ᠰᠠᠶᠢᠬᠠᠨ ᠤ ᠲᠤᠭᠯᠠᠯᠳᠠ᠂ ᠨᠡᠶᠢᠷ ᠴᠤᠭᠯᠠᠭᠠᠨ᠂ ᠬᠠᠮᠳᠤ ᠶᠢᠨ ᠨᠣᠮ ᠤᠩᠰᠢᠯᠭ᠎ᠠ ᠵᠡᠷᠭᠡ ᠡᠯᠪᠡᠭ ᠪᠠᠶᠠᠯᠢᠭ ᠠᠭᠤᠯᠭ᠎ᠠ ᠲᠠᠢ ᠠᠵᠢᠯᠯᠠᠭᠠᠨ ᠢ ᠦᠷᠨᠢᠭᠦᠯᠵᠦ᠂ ᠰᠠᠭᠤᠭᠠᠯᠢ ᠠᠷᠡᠳ ᠤᠨ ᠬᠤᠭᠤᠷᠤᠨᠳᠡᠭᠢ ᠨᠦᠭᠦᠷᠰᠡᠭ ᠬᠠᠷᠢᠴᠠᠭ᠎ᠠ ᠶᠢ ᠪᠠᠳᠤᠳᠬᠠᠭᠰᠠᠭᠠᠷ ᠢᠷᠡᠭᠰᠡᠨ ᠠᠴᠠ ᠬᠤᠳᠠ᠂ ᠬᠤᠰᠢᠭᠤ ᠲᠠᠰ ᠤᠨ ᠦᠨᠳᠤᠰᠤᠳᠡᠨ ᠤ ᠪᠦᠯᠭᠦᠮᠳᠡᠯ ᠲᠠᠪᠰᠢᠯᠳᠡ ᠶᠢᠨ ᠵᠢᠱᠢᠶᠠᠴᠢ ᠨᠡᠶᠢᠭᠡᠮ ᠲᠤᠭᠤᠷᠢᠭ ᠢᠶᠠᠷ ᠦᠨᠡᠯᠡᠭᠳᠡᠭᠰᠡᠨ ᠪᠠᠶᠢᠨ᠎ᠠ᠃                                   ᠰᠤᠷᠪᠤᠯᠵᠢᠯᠠᠭᠴᠢ᠄ ᠪᠤᠶᠠᠨᠳᠤ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ