ᠪᠠᠶᠠᠨᠰᠢᠯᠢ ᠭᠠᠴᠠᠭ᠎ᠠ ᠦᠨᠳᠣᠰᠣᠳᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2024/9/29
      ᠤᠯᠠᠭᠠᠨᠲᠣᠯᠣᠭᠠᠶ ᠪᠠᠯᠭᠠᠰᠤᠨ ᠤ ᠪᠠᠶᠠᠨᠰᠢᠯᠢ ᠭᠠᠴᠠᠭ᠎ᠠ ᠨᠢ ᠨᠠᠮ ᠤᠨ ᠪᠠᠶᠢᠭᠤᠯᠤᠯᠲᠠ ᠪᠠᠷ ᠦᠨᠳᠦᠰᠦᠲᠡᠨ ᠤ ᠪᠦᠯᠬᠦᠮᠳᠡᠯ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠦᠨ ᠳᠠᠭᠠᠭᠤᠯᠵᠤ ᠦᠨᠳᠣᠰᠣᠳᠡᠨ ᠤ ᠪᠦᠯᠬᠦᠮᠳᠡᠯ ᠳᠠᠪᠰᠢᠯᠲᠠ᠂ ᠰᠣᠶᠣᠯ ᠵᠢᠭᠤᠯᠴᠢᠯᠠᠯ᠂ ᠮᠠᠯ ᠲᠠᠷᠢᠶᠠᠯᠠᠩ ᠠᠭᠤᠰᠣᠯᠴᠠᠨ ᠭᠦᠭᠵᠢᠭᠰᠡᠨ ᠳᠠᠭᠤᠷᠢᠶᠠᠯ ᠭᠠᠴᠠᠭ᠎ᠠ ᠪᠣᠯᠣᠯ᠎ᠠ᠃        ᠪᠠᠶᠠᠨᠰᠢᠯᠢ ᠭᠠᠴᠠᠭ᠎ᠠ ᠨᠢ 5  ᠮᠠᠯᠵᠢᠬᠤ ᠲᠠᠷᠢᠶᠠᠯᠠᠬᠤ ᠬᠤᠷᠰᠢᠶ᠎ᠠ ᠪᠠᠷ ᠪᠦᠷᠢᠯᠳᠣᠨ 64 ᠲᠦᠮᠡᠨ ᠮᠥ ᠶᠢᠨ ᠨᠣᠳᠤᠭ ᠪᠡᠯᠴᠢᠭᠡᠷ ᠳᠡᠭᠡᠷ᠎ᠡ ᠪᠠᠨ ᠡᠯᠪᠡᠭ ᠪᠠᠶᠠᠯᠢᠭ ᠠᠮᠢ ᠠᠬᠤᠶ ᠶᠢᠨ ᠵᠢᠭᠤᠯᠴᠢᠯᠠᠯ ᠤᠨ ᠡᠬᠢ ᠪᠠᠶᠠᠯᠢᠭ ᠲᠠᠢ᠃ ᠲᠠᠯ᠎ᠠ ᠨᠤᠲᠤᠭ ᠤᠨ ᠰᠣᠶᠣᠯ ᠪᠣᠯᠣᠨ ᠲᠠᠷᠢᠶᠠᠯᠠᠬᠤ ᠰᠣᠶᠣᠯ ᠤᠨ ᠶᠠᠪᠤᠯᠴᠠᠭ᠎ᠠ ᠰᠣᠯᠢᠯᠴᠠᠭᠠᠨ ᠤ ᠠᠭᠤᠰᠤᠯᠴᠠᠯ ᠨᠢᠭᠲᠠ ᠪᠠᠶᠢᠳᠠᠭ ᠠᠴᠠ ᠵᠢᠯ ᠪᠦᠷᠢ ᠳᠤᠮᠳᠠᠴᠢ ᠪᠠᠷ 6 ᠲᠦᠮᠡ ᠭᠠᠷᠤᠶ ᠬᠥᠮᠦᠨ ᠤᠳᠠᠭ᠎ᠠ ᠶᠢᠨ ᠵᠢᠭᠤᠯᠴᠢᠯᠠᠭᠰᠠᠳ ᠢ ᠭᠥᠯᠢᠶᠡᠨ ᠠᠪᠴᠤ ᠵᠣᠴᠢᠯᠠᠳᠠᠭ ᠪᠠᠶᠢᠨ᠎ᠠ᠃ ᠠᠳᠡ 100 ᠭᠠᠷᠤᠶ ᠵᠢᠯ ᠤᠨ ᠲᠠᠣᠬᠡ ᠲᠠᠢ ᠬᠤᠪᠢᠰᠬᠠᠯᠲᠣ ᠰᠣᠶᠣᠯ ᠤᠨ ᠤᠯᠠ ᠮᠥᠷ ᠲᠠᠮᠠᠭᠠᠯᠠᠭᠰᠠᠨ ᠮᠠᠩᠬᠠᠲᠤ ᠶᠢᠨ ᠰᠦᠮ᠎ᠡ᠂ ᠨᠣᠮ ᠪᠢᠴᠢᠭ ᠢᠶᠠᠨ ᠳᠡᠭᠡᠳᠣᠯᠠᠨ ᠳᠡᠬᠢᠭ᠌ᠰᠠᠨ ᠨᠣᠮ ᠤᠨ ᠤᠪᠤᠭ᠎ᠠ᠂ ᠮᠣᠩᠭᠤᠯ ᠬᠢᠲᠠᠳ ᠦᠨᠳᠣᠰᠣᠳᠡᠨ ᠬᠠᠮᠲᠣᠪᠡᠷ ᠰᠦᠰᠦᠭᠯᠡᠨ ᠳᠡᠬᠢᠵᠥ ᠦᠨᠳᠣᠰᠣᠳᠡᠨ ᠤ ᠪᠦᠯᠬᠦᠮᠳᠡᠯ ᠢ ᠬᠠᠷᠠᠭᠤᠯᠣᠭᠰᠠᠨ ᠮᠤᠬᠤᠷ ᠤᠨ ᠤᠪᠤᠭ᠎ᠠ ᠲᠠᠢ ᠪᠠᠶᠢᠳᠠᠭ᠃ ᠤᠷᠲᠤ ᠤᠳᠠᠭᠠᠨ ᠲᠡᠦᠬᠡ ᠶᠢᠨ ᠶᠠᠪᠤᠴᠠ ᠳᠤ ᠪᠠᠶᠠᠨᠰᠢᠯᠢ ᠭᠠᠴᠠᠭ᠎ᠠ ᠦᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠦᠵᠡᠮᠵᠢ ᠶᠢ ᠪᠦᠷᠢᠯᠳᠦᠭᠦᠯᠵᠦ ᠡᠯᠪᠡᠭ ᠪᠠᠶᠠᠯᠢᠭ ᠰᠣᠶᠣᠯ ᠢᠷᠭᠡᠨᠰᠢᠯ ᠤᠨ ᠲᠡᠦᠬᠡ ᠶᠢᠨ ᠠᠭᠤᠯᠣᠭᠳᠠᠬᠤᠨ ᠢ ᠬᠤᠷᠠᠮᠳᠤᠭᠤᠯᠵᠤ ᠥᠪᠡᠷᠮᠢᠴᠡ ᠣᠨᠴᠠᠯᠢᠭ ᠲᠠᠢ ᠦᠨᠳᠦᠰᠦᠲᠡᠨ ᠤ ᠰᠣᠶᠣᠯ ᠢ ᠪᠤᠢ ᠪᠣᠯᠭᠠᠭᠰᠠᠨ ᠪᠠᠶᠢᠨ᠎ᠠ᠃      ᠪᠠᠶᠠᠨᠰᠢᠯᠢ ᠭᠠᠴᠠᠭ᠎ᠠ ᠤᠷᠢᠳ ᠬᠤᠵᠢᠳ ᠳᠤᠮᠳᠠᠳᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ᠂ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠨᠴᠠᠯᠢᠬᠳᠤ ᠭᠠᠴᠠᠭ᠎ᠠ ᠲᠣᠰᠬᠤᠨ᠂ ᠣᠷᠳᠣᠰ ᠨᠠᠷᠢᠨ ᠨᠤᠤᠰᠤᠳᠤ ᠬᠤᠨᠢ ᠲᠡᠵᠢᠭᠡᠨ ᠮᠠᠯᠵᠢᠬᠤ ᠵᠢᠱᠢᠶ᠎ᠡ ᠦᠵᠡᠭᠦᠯᠬᠦ ᠭᠠᠴᠠᠭ᠎ᠠ᠂ ᠣᠷᠳᠣᠰ ᠬᠤᠲᠠ ᠶᠢᠨ ᠪᠣᠯᠪᠠᠰᠤᠨ ᠭᠠᠴᠠᠭ᠎ᠠ᠂ ᠪᠥᠬᠦ ᠬᠤᠲᠠ ᠶᠢᠨ ᠠᠷᠪᠠᠨ ᠣᠳᠣᠨ ᠲᠠᠰ ᠤᠨ ᠨᠠᠮ ᠤᠨ ᠵᠣᠬᠢᠶᠠᠨ ᠪᠠᠶᠢᠭᠤᠯᠤᠯᠲᠠ᠂ ᠪᠥᠬᠦ ᠬᠤᠲᠠ ᠶᠢᠨ ᠡᠷᠡᠭᠦᠯ ᠮᠡᠨᠳᠦ ᠶᠢᠨ ᠨᠢᠭᠡᠴᠢ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠭᠠᠴᠠᠭ᠎ᠠ ᠵᠡᠷᠭᠡ ᠠᠯᠢ ᠣᠯᠠᠨ ᠢᠷᠠᠭᠤ ᠠᠯᠳᠠᠷ ᠢ ᠭᠥᠷᠳᠡᠭᠰᠡᠨ ᠪᠠᠶᠢᠨ᠎ᠠ᠃      2019 ᠣᠨ ᠳᠤ᠂ ᠪᠠᠶᠠᠨᠰᠢᠯᠢ ᠭᠠᠴᠠᠭ᠎ᠠ ᠪᠦᠬᠦ ᠤᠯᠤᠰ ᠤᠨ ᠭᠤᠷᠪᠠᠳᠤᠭᠠᠷ ᠪᠦᠯᠦᠭ ᠤᠨ ᠴᠥᠭᠡᠨ ᠲᠣᠭᠠᠲᠤ ᠦᠨᠳᠦᠰᠦᠲᠡᠨ ᠤ ᠤᠨᠴᠠᠯᠢᠬᠳᠤ ᠭᠠᠴᠠᠭ᠎ᠠ ᠲᠣᠰᠬᠤᠨ ᠢᠶᠠᠷ ᠵᠥᠪᠰᠢᠶᠡᠷᠡᠭᠳᠡᠨ ᠦᠨᠡᠯᠡᠭᠳᠡᠵᠥ ᠭᠠᠴᠠᠭᠠᠨ ᠤ ᠥᠪᠡᠷᠮᠢᠴᠡ ᠪᠦᠬᠦᠢ ᠲᠠᠷᠢᠶᠠᠯᠠᠬᠤ ᠰᠣᠶᠣᠯ᠂ ᠨᠡᠭᠦᠳᠡᠯ ᠮᠠᠯᠵᠢᠯ ᠤᠨ ᠰᠣᠶᠣᠯ ᠵᠢᠴᠢ ᠥᠨᠢ ᠤᠳᠠᠭᠠᠨ ᠲᠡᠤᠬᠡ ᠶᠢᠨ ᠡᠯᠧᠮᠧᠨ᠋ᠲ ᠢᠶᠠᠷ ᠠᠴᠢᠶᠠᠯᠠᠪᠤᠷᠢ ᠪᠣᠯᠭᠠᠬᠤ ᠶᠢᠨ ᠬᠠᠮᠲᠤ ᠤᠯᠠᠭᠠᠨᠲᠣᠯᠣᠭᠠᠶ ᠪᠠᠯᠭᠠᠰᠤᠨ ᠤ ︽ᠮᠠᠯ ᠠᠵᠤ ᠠᠬᠤᠶ ᠶᠢᠨ ᠰᠤᠷᠭᠠᠭᠤᠯᠢ ︾ ᠶᠢᠨ ᠰᠢᠵᠢᠷ ᠠᠯᠲᠠᠨ ᠬᠦᠮᠦᠵᠢᠯ ᠰᠤᠷᠭᠠᠯᠲᠠ ᠶᠢᠨ ᠱᠤᠭᠤᠮ ᠳᠤ ᠲᠦᠰᠢᠭᠯᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ᠂ ᠣᠷᠳᠣᠰ ᠨᠠᠷᠢᠨ ᠨᠤᠤᠰᠤᠳᠤ ᠬᠤᠨᠢ ᠶᠢ ᠤᠯᠠᠮᠵᠢᠯᠠᠨ ᠬᠠᠮᠠᠭᠠᠯᠠᠬᠤ ᠰᠠᠭᠤᠷᠢᠨ ᠭᠠᠵᠠᠷ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠰᠠᠭᠤᠷᠢᠨ ᠭᠠᠵᠠᠷ᠂ ᠬᠥᠳᠡᠯᠮᠦᠷᠢ ᠶᠢᠨ ᠬᠥᠮᠦᠵᠢᠯ ᠤᠨ ᠰᠠᠭᠤᠷᠢᠨ ᠭᠠᠵᠠᠷ᠂ ᠬᠡᠷᠡᠯ ᠵᠢᠷᠤᠭ ᠺᠢᠨᠣ᠋ ᠲᠧᠯᠸᠢᠰ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠣᠭᠰᠠᠨ ᠪᠠᠶᠢᠨ᠎ᠠ᠃ ᠡᠨᠡ ᠨᠢ ᠳᠣᠮᠳᠠᠳᠣ ᠶᠢᠨ ᠦᠨᠳᠦᠰᠦᠲᠡᠨ ᠤ ᠰᠢᠯᠢᠳᠡᠭ ᠰᠣᠶᠣᠯ ᠢ ᠭᠦᠭᠵᠢᠭᠦᠯᠥᠨ ᠮᠠᠨᠳᠤᠭᠤᠯᠬᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠳᠤ ᠰᠠᠭᠤᠷᠢ ᠲᠠᠯᠪᠢᠵᠤ ᠥᠭᠭᠦᠭᠰᠡᠨ ᠪᠥᠭᠡᠳ ᠪᠠᠰᠠ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠬᠠᠮᠲᠤ ᠪᠠᠷ ᠪᠦᠯᠬᠦᠮᠳᠡᠨ ᠳᠠᠪᠰᠢᠵᠥ ᠴᠡᠴᠡᠭᠯᠡᠨ ᠬᠥᠭᠵᠢᠬᠦ ᠶᠢ ᠠᠬᠢᠭᠤᠯᠬᠤ ᠳᠤ ᠣᠬᠢ ᠰᠢᠯᠢᠳᠡᠭ ᠨᠥᠬᠦᠴᠡᠯ ᠢ ᠬᠠᠩᠭᠠᠭᠰᠠᠨ ᠪᠠᠶᠢᠨ᠎ᠠ᠃      ᠣᠶᠢᠷ᠎ᠠ ᠶᠢᠨ ᠵᠢᠯ ᠠᠴᠠ ᠨᠠᠰᠢ᠂ ᠪᠠᠶᠠᠨᠰᠢᠯᠢ ᠭᠠᠴᠠᠭ᠎ᠠ ᠨᠢ ᠤᠯᠠᠭᠠᠨᠲᠣᠯᠣᠭᠠᠢ ᠪᠠᠯᠭᠠᠰᠤᠨ ᠤ ᠡᠮᠣᠨᠡᠲᠣ ᠭᠡᠰᠡᠭ ᠤᠨ ᠲᠠᠷᠢᠶᠠᠯᠠᠬᠤ ᠲᠣᠰᠬᠤᠨ ᠳᠤ ᠲᠠᠷᠢᠶᠠᠯᠠᠩ ᠢ ᠭᠦᠭᠵᠢᠭᠦᠯᠥᠨ ᠬᠤᠶᠢᠲᠤ ᠭᠡᠰᠡᠭ ᠤᠨ ᠮᠠᠯᠵᠢᠬᠤ ᠭᠠᠴᠠᠭᠠᠨ ᠳᠤ ᠮᠠᠯᠵᠢᠬᠤ ᠠᠵᠤ ᠦᠢᠯᠡᠰ ᠢ ᠬᠦᠭᠵᠢᠭᠦᠯᠬᠦ ᠲᠥᠯᠥᠪᠵᠢᠭᠦᠯᠭᠡ ᠶᠢ ᠦᠨᠳᠦᠰᠦᠯᠡᠵᠦ ᠤᠷᠳᠤᠰ ᠨᠠᠷᠢᠨ ᠨᠤᠤᠰᠤᠳᠤ ᠬᠤᠨᠢᠨ ᠤ ᠠᠵᠣ ᠣᠶᠢᠯᠠᠰ ᠢ ᠦᠷᠭᠦᠯᠵᠢᠯᠡᠨ ᠪᠤᠵᠠᠭᠠᠶᠢᠷᠠᠭᠤᠯᠵᠤ ᠪᠠᠶᠢᠨ᠎ᠠ᠃ ︽ᠭᠠᠴᠠᠭ᠎ᠠ ᠨᠠᠮ ᠤᠨ ᠡᠭᠦᠷ ᠨᠢ ᠠᠵᠤ ᠠᠬᠤᠶᠢᠯᠠᠯ  ᠲᠠᠢ ᠬᠠᠮᠲᠣᠷᠠᠯᠴᠠᠨ ᠬᠤᠷᠰᠢᠶᠠᠵᠢᠯ ᠪᠠᠶᠢᠭᠤᠯᠣᠨ ᠮᠠᠯᠴᠢᠳ ᠲᠠᠢ ᠬᠤᠯᠪᠣᠭᠠᠯᠠᠨ ᠪᠦᠳᠣᠭᠡᠭᠳᠡᠬᠦᠨ ᠢᠶᠠᠨ ᠵᠠᠬ᠎ᠠ ᠳᠡᠯᠭᠡᠭᠦᠷ ᠲᠤ ᠭᠠᠷᠭᠠᠬᠤ︾ ᠬᠥᠭᠵᠢᠯᠲᠡ ᠶᠢᠨ ᠵᠠᠭᠪᠤᠷ ᠢᠶᠠᠷ ᠣᠷᠳᠣᠰ ᠨᠠᠷᠢᠨ ᠨᠤᠤᠰᠤᠳᠤ ᠬᠤᠨᠢ ᠲᠡᠵᠢᠭᠡᠨ ᠮᠠᠯᠵᠢᠬᠤ ᠭᠤᠤᠯ ᠣᠷᠣᠨ ᠪᠦᠰᠡ ᠶᠢ ᠪᠠᠶᠢᠭᠤᠯᠣᠨ ᠮᠠᠯ ᠲᠠᠷᠢᠶᠠᠯᠠᠩ ᠤᠨ ᠠᠵᠤ ᠦᠢᠯᠡᠰ ᠢ ᠰᠣᠶᠣᠯ ᠵᠢᠭᠤᠯᠴᠢᠯᠠᠯ ᠤᠨ ᠦᠢᠯᠡᠰ ᠲᠠᠢ ᠭᠦᠨᠵᠡᠭᠡᠶ ᠠᠭᠤᠰᠣᠯᠴᠠᠭᠤᠯᠣᠭᠰᠠᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢᠯᠡᠷᠡᠭᠰᠡᠨ ᠪᠠᠶᠢᠨ᠎ᠠ᠃        ᠣᠳᠣᠬᠠᠨ ᠪᠣᠯᠬᠤ ᠳᠤ᠂ ᠪᠠᠶᠠᠨᠰᠢᠯᠢ ᠭᠠᠴᠠᠭᠠᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠠᠨᠠᠷ ᠤᠨ ᠦᠷ᠎ᠡ ᠮᠡᠲᠦ ᠨᠢᠭᠲᠠᠷᠠᠨ ᠪᠦᠯᠬᠦᠮᠳᠡᠵᠦ ᠬᠠᠮᠲᠤ ᠶᠢᠨ ᠠᠵᠤ ᠠᠬᠤᠢ ᠥᠷᠨᠢᠭᠦᠨ ᠢᠶᠠᠷ ᠬᠥᠭᠵᠢᠵᠦ ᠮᠠᠯᠴᠢᠨ ᠲᠠᠷᠢᠶᠠᠴᠢᠨ ᠤ ᠠᠮᠢᠳᠣᠷᠠᠯ ᠣᠯᠡᠮ ᠴᠢᠨᠡᠭᠡᠯᠢᠭᠵᠢᠨ ︽ᠪᠠᠶᠠᠨᠰᠢᠯᠢ ᠶᠢᠨ ᠦᠯᠢᠭᠡᠷ ᠳᠠᠭᠤᠷᠢᠶᠠᠯ︾ ᠢ ᠪᠣᠢ ᠪᠣᠯᠭᠠᠭᠰᠠᠨ ᠪᠠᠶᠢᠨ᠎ᠠ᠃                                       ᠰᠣᠷᠪᠤᠯᠵᠢᠯᠠᠭᠴᠢ᠄ ᠲᠠᠸᠠᠩᠨᠤᠷᠪᠤ᠂ ᠨᠠᠷᠠᠰᠤ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ