ᠤᠮᠠᠷᠠᠲᠤ ᠬᠢᠯᠢ ᠶᠢᠨ ᠰᠤᠶᠤᠯ —  ᠦᠦᠰᠢᠨ ᠬᠤᠰᠢᠭᠤᠨ ᠤ ᠬᠤᠪᠢᠰᠬᠠᠯ ᠤᠨ ᠦᠯᠢᠭᠡᠷ ᠤᠨ ᠵᠢᠭᠠᠨ ᠰᠤᠷᠭᠠᠯᠲᠠ ᠶᠢᠨ ᠣᠷᠳᠣᠨ
ᠨᠡᠶᠢᠲᠡᠯᠡᠭᠰᠡᠨ ᠴᠠᠭ᠄
2024/9/3
      ᠦᠦᠰᠢᠨ ᠬᠤᠰᠢᠭᠤᠨ ᠤ ᠬᠤᠪᠢᠰᠬᠠᠯ ᠤᠨ ᠥᠯᠢᠭᠡᠷ ᠤᠨ ᠵᠢᠭᠠᠨ ᠰᠤᠷᠭᠠᠯᠲᠠ ᠶᠢᠨ ᠣᠷᠳᠣᠨ ᠪᠣᠯ ᠶᠡᠷᠦᠩᠬᠡᠢ ᠱᠦᠵᠢ ᠰᠢ ᠶᠢᠨ ᠫᠢᠩ ᠤᠨ ︽ᠨᠠᠮ ᠤᠨ ᠥᠯᠢᠭᠡᠷ᠂ ᠬᠤᠪᠢᠰᠬᠠᠯ ᠤᠨ ᠥᠯᠢᠭᠡᠷ᠂ ᠰᠠᠭᠤᠷᠢᠨ ᠭᠠᠵᠠᠷ ᠤᠨ ᠥᠯᠢᠭᠡᠷ᠂ ᠪᠠᠭᠠᠲᠤᠷᠴᠤᠳ ᠪᠠ ᠦᠷᠡᠭᠳᠡᠭᠰᠡᠨ ᠪᠠᠭᠠᠲᠤᠷᠴᠤᠳ ᠤᠨ ᠥᠯᠢᠭᠡᠷ ᠢ ᠰᠠᠶᠢᠲᠤᠷ ᠶᠠᠷᠢᠵᠤ᠂ ᠬᠤᠪᠢᠰᠬᠠᠯᠲᠤ ᠤᠯᠠᠮᠵᠢᠯᠠᠯ ᠤᠨ ᠬᠥᠮᠦᠵᠢᠯ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠴᠢᠩᠭᠠᠳᠬᠠᠵᠤ᠂ ᠬᠤᠪᠢᠰᠬᠠᠯ ᠤᠨ ᠭᠧᠨ ᠢ ᠰᠠᠶᠢᠲᠤᠷ ᠤᠯᠠᠮᠵᠢᠯᠠᠨ ᠵᠠᠯᠭᠠᠮᠵᠢᠯᠠᠵᠤ᠂ ᠬᠤᠪᠢᠰᠬᠠᠯ ᠤᠨ ᠲᠥᠷᠥ ᠭᠦᠷᠦᠨ ᠤ ᠥᠨᠢᠳᠡ ᠥᠩᠭᠡ ᠬᠤᠪᠢᠷᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ︾ ᠭᠡᠰᠡᠨ ᠵᠢᠭᠠᠪᠤᠷᠢ ᠶᠢᠨ ᠵᠣᠷᠢᠭ ᠰᠠᠨᠠᠭ᠎ᠠ ᠪᠠᠷ ᠵᠢᠯᠤᠭᠤᠳᠬᠤ ᠦᠵᠡᠯ ᠰᠠᠨᠠᠭ᠎ᠠ ᠪᠣᠯᠭᠠᠵᠤ᠂ ᠣᠷᠳᠣᠰ ᠤᠨ ᠭᠠᠵᠠᠷ ᠣᠷᠣᠨ ᠤ ᠰᠢᠨ᠎ᠡ ᠠᠷᠠᠳᠴᠢᠯᠠᠭᠰᠠᠨ ᠶᠣᠰᠣᠨ ᠤ ᠴᠠᠭ ᠦᠶ᠎ᠡ ᠶᠢᠨ ᠰᠦᠷ ᠳᠠᠯᠠᠶᠢᠴᠠᠲᠠᠢ ᠬᠤᠪᠢᠰᠬᠠᠯ ᠤᠨ ᠲᠡᠦᠬᠡ ᠪᠠᠷ ᠴᠠᠭ ᠦᠶ᠎ᠡ ᠶᠢᠨ ᠠᠬᠤᠢ ᠪᠠᠶᠢᠳᠠᠯ ᠪᠣᠯᠭᠠᠵᠤ᠂ ᠦᠦᠰᠢᠨ ᠬᠤᠰᠢᠭᠤᠨ ᠤ ᠬᠤᠪᠢᠰᠬᠠᠯᠲᠤ ᠲᠡᠮᠡᠴᠡᠯ ᠤᠨ ᠲᠡᠦᠬᠡ ᠶᠢ ᠳᠡᠯᠭᠡᠨ ᠦᠵᠡᠭᠦᠯᠬᠦ ᠪᠠᠷ ᠭᠤᠣᠯ ᠱᠤᠭᠤᠮ ᠪᠣᠯᠭᠠᠵᠤ᠂ ᠨᠡᠶᠢᠲᠡᠯᠢᠭ ᠳᠦᠷᠢ ᠪᠣᠯᠣᠨ ᠨᠡᠶᠢᠲᠡᠯᠢᠭ ᠬᠡᠷᠡᠭ ᠶᠠᠪᠤᠳᠠᠯ ᠢᠶᠠᠷ ᠴᠢᠬᠤᠯᠠ ᠵᠠᠩᠭᠢᠯᠠᠭ᠎ᠠ ᠪᠣᠯᠭᠠᠵᠤ ︽ᠦᠦᠰᠢᠨ ᠬᠤᠰᠢᠭᠤᠨ ᠤ ᠣᠷᠳᠣᠰ ᠤᠨ ᠨᠠᠮ ᠤᠨ ᠲᠡᠦᠬᠡᠨ ᠳᠠᠬᠢ ᠠᠷᠪᠠᠨ ᠠᠩᠬᠠᠳᠠᠭᠴᠢ︾᠂ ︽ᠪᠠᠲᠤ ᠶᠢᠨ ᠳᠤᠬᠤᠢ ᠠᠩᠬᠠᠳᠠᠭᠴᠢ ᠰᠣᠪᠢᠶᠠᠳ ᠰᠢᠶᠠᠩ ᠤᠨ ᠵᠠᠰᠠᠭ ᠤᠨ ᠣᠷᠳᠣᠨ ᠢ ᠪᠠᠶᠢᠭᠤᠯᠣᠭᠰᠠᠨ ︾᠂ ︽ᠮᠠᠤ ᠲᠡᠷᠢᠭᠦᠯᠡᠭᠴᠢ ᠦᠦᠰᠢᠨ ᠤ ᠮᠠᠯᠴᠢᠳ ᠤᠨ ᠲᠣᠭᠤᠷᠢᠨ ᠦᠵᠡᠬᠦ ᠪᠦᠯᠬᠦᠮ ᠢ ᠬᠦᠯᠢᠶᠡᠨ ᠠᠪᠴᠤ ᠠᠭᠤᠯᠵᠠᠭᠰᠠᠨ︾᠂ ︽ᠪᠠᠷᠠᠭᠤᠨ ᠦᠦᠰᠢᠨ ᠤ ᠴᠡᠷᠢᠭ ᠠᠩᠭᠢ ᠵᠢᠷᠤᠮ ᠤᠨ ᠲᠤᠭ ᠡᠷᠭᠦᠭᠰᠡᠨ︾᠂ ︽ᠮᠠᠤ ᠲᠡᠷᠢᠭᠦᠯᠡᠭᠴᠢ ᠪᠣᠯᠣᠨ ᠦᠦᠰᠢᠨ ᠤ ᠪᠢᠴᠢᠬᠠᠨ ᠰᠢᠷᠭ᠎ᠠ ᠮᠣᠷᠢ︾᠂ ︽ᠯᠦ ᠾᠧ ᠭᠤᠤᠯ ᠢ ᠬᠠᠮᠠᠭᠠᠯᠠᠭᠰᠠᠨ ᠳᠠᠶᠢᠯᠠᠯᠳᠤᠭᠠᠨ︾ ᠵᠡᠷᠭᠡ 22 ᠨᠡᠶᠢᠲᠡᠯᠢᠭ ᠦᠯᠢᠭᠡᠷ ᠢ ᠰᠤᠩᠭᠤᠨ ᠠᠪᠴᠤ ᠱᠠᠨᠪᠧᠢ ᠶᠢᠨ ᠦᠯᠢᠭᠡᠷ ᠶᠠᠷᠢᠬᠤ᠂ ᠠᠬᠤᠢ ᠦᠵᠡᠭᠳᠡᠯ ᠢ ᠰᠡᠷᠭᠦᠭᠡᠬᠦ ᠂ ᠤᠯᠠᠨ ᠵᠠᠭᠤᠴᠢᠯᠠᠭᠤᠷ᠂ ᠪᠠᠶᠡᠴᠢᠯᠡᠨ ᠤᠶᠢᠯᠠᠭᠠᠬᠤ ᠤᠷᠤᠨ ᠵᠠᠢ᠂ ᠵᠢᠷᠤᠭ᠂ ᠤᠷᠠᠯᠢᠭ ᠤᠨ ᠳᠦᠷᠰᠦ ᠪᠦᠲᠦᠭᠡᠯᠲᠡ ᠵᠡᠷᠭᠡ ᠳᠡᠯᠭᠡᠨ ᠦᠵᠡᠭᠦᠯᠬᠦ ᠠᠷᠭ᠎ᠠ ᠶᠢ ᠬᠡᠷᠡᠭᠯᠡᠵᠦ ᠭᠤᠣᠯᠳᠠᠯᠭ᠎ᠠ ᠲᠠᠢ ᠦᠯᠢᠭᠡᠷ ᠤᠨ ᠡᠭᠦᠰᠦᠭᠰᠡᠨ ᠭᠠᠵᠠᠷ ᠤᠷᠤᠨ ᠤ ᠣᠷᠣᠨ ᠵᠠᠢ ᠶᠢ ᠦᠵᠡᠬᠦᠯᠬᠦ ᠶᠢᠨ ᠬᠠᠮᠲᠤ ᠺᠢᠨᠣ᠋ ᠵᠦᠴᠦᠭᠡ ᠶᠢᠨ ᠬᠦᠦᠷᠨᠢᠬᠦ ᠬᠡᠯᠪᠡᠷᠢ ᠪᠠᠷ ᠦᠦᠰᠢᠨ ᠬᠤᠰᠢᠭᠤᠨ ᠤ ᠬᠤᠪᠢᠰᠬᠠᠯ ᠤᠨ ᠲᠡᠦᠬᠡ ᠰᠣᠶᠣᠯ ᠪᠣᠯᠣᠨ ᠬᠤᠪᠢᠰᠬᠠᠯ ᠤᠨ ᠵᠣᠷᠢᠭ ᠰᠠᠨᠠᠭ᠎ᠠ ᠶᠢ ᠳᠡᠯᠭᠡᠨ ᠦᠵᠡᠭᠦᠯᠬᠦ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠭᠤᠣᠯ ᠰᠡᠳᠦᠪᠲᠦ ᠣᠷᠳᠣᠨ ᠪᠣᠯᠣᠨ᠎ᠠ᠃
微信图片_20240827094229.jpg
微信图片_20240827094256.jpg
微信图片_20240827094252.jpg
微信图片_20240827094300.jpg
 
ᠢᠷᠡᠯᠲᠡ᠄ ᠦᠦᠰᠢᠨ ᠬᠤᠰᠢᠭᠤᠨ ᠤ ᠨᠡᠶᠢᠲᠡᠯᠡᠯ