ᠣᠶᠢᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠤᠨ ᠵᠠᠯᠠᠭᠤ ᠤᠷᠠᠯᠢᠭ ᠤᠨ | ᠠᠵᠢᠯᠲᠠᠳ ᠲᠤ ᠬᠠᠷᠢᠭᠤ ᠵᠠᠬᠢᠳᠠᠯ ᠢᠯᠡᠭᠡᠵᠦ᠂ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠪᠠᠶᠢᠭᠤᠯᠤᠭᠳᠠᠭᠰᠠᠨ 70 ᠵᠢᠯ ᠤᠨ ᠣᠶ ᠬᠦᠷᠴᠦ ᠢᠷᠡᠬᠦ | ᠲᠠᠰᠢᠷᠠᠮ ᠢᠶᠠᠷ ᠪᠦᠭᠦ ᠲᠣᠭᠯᠠᠭᠴᠢᠳ ᠠᠵᠢᠯᠲᠠᠳ ᠲᠤ ᠪᠠᠶᠠᠷ ᠬᠦᠷᠭᠡᠵᠦ ᠮᠡᠨᠳᠦᠴᠢᠯᠡᠯ ᠳᠡᠪᠰᠢᠭᠦᠯᠪᠡ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠪᠠᠶᠢᠭᠤᠯᠤᠭᠳᠠᠭᠰᠠᠨ ᠠᠴᠠ ᠨᠠᠭᠠᠰᠢ ᠨᠠᠮ ᠤᠨ ᠤᠳᠬ᠎ᠠ | ᠤᠷᠠᠯᠢᠭ ᠤᠨ ᠴᠢᠭᠯᠡᠯᠲᠡ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠮᠠᠰᠢ ᠤᠯᠠᠨ ᠰᠣᠩᠭᠤᠳᠠᠭ ᠵᠦᠴᠦᠭᠡ ᠶᠢ ᠵᠣᠬᠢᠶᠠᠨ ᠪᠦᠲᠦᠭᠡᠵᠦ ᠲᠣᠭᠯᠠᠨ᠂ ᠴᠥᠭᠡᠨ | ᠪᠤᠰᠤ ᠰᠢᠯᠢᠳᠡᠭ ᠤᠷᠠᠯᠢᠭ ᠤᠨ ᠴᠢᠳᠠᠪᠤᠷᠢᠲᠠᠨ ᠴᠣᠯᠭᠤᠷᠠᠨ ᠭᠠᠷᠴᠤ᠂ ᠳᠤᠮᠳᠠᠳᠤ ᠶᠢᠨ ᠰᠢ ᠵᠦᠴᠦᠭᠡ ᠶᠢᠨ ᠥᠨᠢᠷ ᠴᠡᠴᠡᠭ ᠤᠨ ᠬᠦᠷᠢᠶᠡᠯᠡᠩ ᠳᠤ ᠭᠤᠶᠢᠳᠠ | ᠰᠠᠶᠢᠬᠠᠨ ᠥᠩᠭᠡ ᠪᠤᠳᠤᠭ ᠨᠡᠮᠡᠷᠢᠯᠡᠪᠡ᠃ ᠰᠢᠨ᠎ᠡ ᠭᠠᠷᠤᠭ᠎ᠠ ᠳᠡᠭᠡᠷ᠎ᠡ ᠠᠴᠠ ᠲᠠ ᠨᠠᠷ ᠠᠬᠠᠮᠠᠳ ᠦᠶ᠎ᠡ ᠶᠢᠨ ᠠᠯᠳᠠᠷᠲᠤ ᠬᠥᠮᠥᠰ ᠤᠨ ᠰᠢᠯᠢᠳᠡᠭ ᠤᠯᠠᠮᠵᠢᠯᠠᠯ ᠢ | ᠵᠠᠯᠭᠠᠮᠵᠢᠯᠠᠵᠤ᠂ ᠤᠳᠬ᠎ᠠ ᠤᠷᠠᠯᠢᠭ ᠠᠷᠠᠳ ᠲᠦᠮᠡᠨ ᠳᠤ ᠦᠢᠯᠡᠴᠢᠯᠡᠬᠦ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠶᠣᠰᠣ ᠰᠤᠷᠲᠠᠬᠤᠨ ᠢ ᠳᠡᠭᠡᠳᠦᠯᠡᠨ | ᠤᠷᠠᠯᠢᠭ ᠢ ᠡᠷᠬᠢᠮᠯᠡᠵᠦ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠡᠭᠡᠵᠢᠩ ᠵᠦᠴᠦᠭᠡ ᠶᠢᠨ ᠤᠷᠠᠯᠢᠭ ᠤᠨ ᠴᠠᠭ ᠦᠶ᠎ᠡ ᠶᠢᠨ ᠭᠡᠷᠡᠯ | ᠭᠢᠯᠪᠠᠭ᠎ᠠ ᠶᠢ ᠦᠷᠭᠦᠯᠵᠢᠯᠡᠨ ᠰᠠᠴᠤᠷᠠᠭᠤᠯᠵᠤ᠂ ᠤᠳᠬ᠎ᠠ ᠤᠷᠠᠯᠢᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ᠂ ᠰᠣᠶᠣᠯ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃ | ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠪᠣᠯ ᠰᠣᠶᠣᠯ ᠪᠠ ᠵᠢᠭᠤᠯᠴᠢᠯᠠᠯ ᠤᠨ ᠶᠠᠮᠤᠨ ᠤ ᠰᠢᠭᠤᠳ ᠬᠠᠷᠢᠶ᠎ᠠ ᠤᠯᠤᠰ ᠤᠨ ᠤᠷᠠᠯᠢᠭ ᠤᠨ | ᠬᠦᠷᠢᠶᠡᠯᠡᠩ ᠪᠦᠯᠭᠦᠮ ᠪᠠᠶᠢᠵᠤ᠂ ᠤᠤᠯ ᠤᠨ 1955 ᠣᠨ ᠤ 1 ᠰᠠᠷ᠎ᠠ ᠳᠤ ᠪᠠᠶᠢᠭᠤᠯᠤᠭᠳᠠᠭᠰᠠᠨ ᠳᠤᠮᠳᠠᠳᠤ ᠤᠯᠤᠰ ᠤᠨ ᠪᠡᠭᠡᠵᠢᠩ ᠵᠦᠴᠦᠭᠡ ᠶᠢᠨ | ᠬᠦᠷᠢᠶᠡᠯᠡᠩ ᠪᠣᠯᠣᠨ᠎ᠠ᠃ ᠮᠧᠶ ᠯᠠᠨ ᠹᠠᠩ ᠠᠩᠬᠠᠳᠠᠭᠴᠢ ᠬᠦᠷᠢᠶᠡᠯᠡᠩ ᠤᠨ ᠳᠠᠷᠤᠭ᠎ᠠ ᠪᠠᠶᠢᠭᠰᠠᠨ ᠪᠥᠭᠡᠳ 2007 ᠣᠨ ᠳᠤ ᠤᠯᠤᠰ ᠤᠨ ᠪᠡᠭᠡᠵᠢᠩ | ᠵᠦᠴᠦᠭᠡ ᠶᠢᠨ ᠬᠦᠷᠢᠶᠡᠯᠡᠩ ᠭᠡᠵᠦ ᠨᠡᠷ᠎ᠡ ᠪᠠᠨ ᠬᠠᠯᠠᠪᠠ᠃ ᠣᠶᠢᠷ᠎ᠠ ᠳᠤ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠤᠨ ᠪᠦᠭᠦ ᠵᠠᠯᠠᠭᠤ ᠤᠷᠠᠯᠢᠭ ᠤᠨ | ᠠᠵᠢᠯᠲᠠᠳ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠪᠡᠭᠡᠵᠢᠩ ᠵᠦᠴᠦᠭᠡ ᠶᠢᠨ ᠤᠷᠠᠯᠢᠭ ᠢ ᠤᠯᠠᠮᠵᠢᠯᠠᠨ ᠵᠠᠯᠭᠠᠮᠵᠢᠯᠠᠵᠤ ᠪᠠᠶᠢᠭ᠎ᠠ | ᠬᠤᠯᠪᠣᠭᠳᠠᠯ ᠪᠦᠬᠦᠢ ᠪᠠᠶᠢᠳᠠᠯ ᠢᠶᠠᠨ ᠬᠠᠷᠢᠭᠤ ᠮᠡᠳᠡᠭᠦᠯᠵᠦ᠂ ᠪᠡᠭᠡᠵᠢᠩ ᠵᠦᠴᠦᠭᠡ ᠶᠢᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠪᠠᠳᠠᠷᠠᠭᠤᠯᠬᠤ ᠶᠢᠨ ᠲᠥᠯᠥᠭᠡ ᠲᠡᠮᠡᠴᠡᠬᠦ ᠡᠷᠡᠰ ᠵᠣᠷᠢᠭ ᠢᠶᠠᠨ ᠢᠯᠡᠳᠬᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 10 ᠤ ᠴᠠᠭᠢᠯᠭᠠᠨ ᠮᠡᠳᠡᠭᠡ︶ |