︽ᠬᠠᠮᠳᠤ ᠶᠢᠨ ᠴᠤᠭᠴᠠ ᠶᠢᠨ ᠤᠳᠬ᠎ᠠ ᠵᠤᠬᠢᠶᠠᠯ ᠤᠨ ᠨᠤᠮ ᠤᠳ · ᠰᠢᠨ᠎ᠠ ᠵᠢᠯ ᠰᠢᠨ᠎ᠠ ᠨᠣᠮ ᠤᠨ ᠪᠤᠯᠵᠤᠭ᠎ᠠ︾ ᠰᠢᠨ᠎ᠡ ᠨᠣᠮ ᠤᠨ ᠬᠡᠪᠯᠡᠯ ᠳᠤ ᠵᠣᠯᠭᠠᠬᠤ ᠬᠤᠷᠠᠯ ᠪᠤᠯᠤᠯ᠎ᠠ
ᠨᠡᠶᠢᠲᠡᠯᠡᠭᠰᠡᠨ ᠴᠠᠭ᠄
2025/1/17
      ᠰᠢᠨ᠎ᠠ ᠤᠨ ᠤ ᠰᠢᠨ᠎ᠡ ᠭᠠᠷᠤᠭ᠎ᠠ ᠪᠠᠷ᠂ ᠦᠤᠰᠢᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠵᠤᠬᠢᠶᠠᠯᠴᠢᠳ ᠤᠨ ᠡᠪᠯᠡᠯ ᠠᠴᠠ ᠭᠤᠤᠯᠯᠠᠨ ᠡᠷᠬᠢᠯᠡᠭᠰᠡᠨ ︽ᠬᠠᠮᠳᠤ ᠶᠢᠨ ᠴᠤᠭᠴᠠ ᠶᠢᠨ ᠤᠳᠬ᠎ᠠ ᠵᠤᠬᠢᠶᠠᠯ ᠤᠨ ᠨᠤᠮ ᠤᠳ · ᠰᠢᠨ᠎ᠠ ᠵᠢᠯ ᠰᠢᠨ᠎ᠠ ᠨᠣᠮ ᠤᠨ ᠪᠤᠯᠵᠤᠭ᠎ᠠ︾ ᠰᠢᠨ᠎ᠡ ᠨᠣᠮ ᠤᠨ ᠬᠡᠪᠯᠡᠯ ᠳᠤ ᠵᠣᠯᠭᠠᠬᠤ ᠬᠤᠷᠠᠯ 1 ᠰᠠᠷ᠎ᠠ ᠶᠢᠨ11 ᠤ ᠡᠳᠦᠷ ᠭᠠᠯᠠᠭᠤᠲᠤ ᠪᠠᠯᠭᠠᠰᠤᠨ ᠳᠤ ᠶᠠᠪᠤᠭᠳᠠᠯ᠎ᠠ᠃ ᠠᠵᠢᠯᠯᠠᠭ᠎ᠠ ᠳᠤ ᠬᠤᠯᠪᠤᠭᠳᠠᠯ ᠪᠦᠬᠦᠢ ᠪᠠᠶᠢᠭᠤᠯᠭ᠎ᠠ ᠨᠢᠬᠡᠴᠢ ᠶᠢᠨ ᠤᠳᠤᠷᠢᠳᠤᠯᠭ᠎ᠠ ᠪᠤᠯᠤᠨ ᠵᠤᠬᠢᠶᠠᠯ ᠤᠷᠠᠯᠠᠭᠴᠢᠨ ᠲᠠᠪᠢ ᠭᠠᠷᠤᠢ ᠬᠦᠮᠤᠨ ᠣᠷᠣᠯᠴᠠᠯ᠎ᠠ᠃      ᠡᠨᠡ ᠨᠢ ᠤᠷᠤᠨ ᠨᠤᠲᠤᠭ ᠤᠨ ᠵᠤᠬᠢᠶᠠᠯᠴᠢᠳ ᠤᠨ ᠰᠢᠨ᠎ᠡ ᠬᠡᠪᠯᠡᠭᠳᠡᠭᠰᠡᠨ ᠨᠤᠮ ᠢ ᠲᠠᠨᠢᠯᠴᠠᠭᠤᠯᠤᠨ ᠪᠤᠷᠤᠯᠠᠭᠤᠯᠬᠤ ᠪᠠᠷ ᠭᠤᠤᠯ ᠠᠭᠤᠯᠭ᠎ᠠ ᠪᠠᠨ ᠪᠤᠯᠭᠠᠵᠤ᠂ ᠨᠤᠮ ᠤᠨ ᠵᠠᠬ᠎ᠠ ᠵᠡᠭᠡᠯᠢ ᠳᠤ ᠬᠠᠨᠳᠤᠨ ᠬᠢᠭᠰᠡᠨ ᠰᠤᠷᠲᠠᠯᠴᠢᠯᠠᠭᠠᠨ ᠤ ᠪᠠᠭ᠎ᠠ ᠬᠤᠷᠠᠯ ᠶᠤᠮ᠃ ᠬᠤᠷᠠᠯ ᠳᠤ ᠦᠨᠳᠤᠰᠤᠳᠠᠨ ᠤ ᠬᠡᠪᠯᠡᠯ ᠤᠨ ᠬᠤᠷᠢᠶ᠎ᠠ  ᠠᠴᠠ ᠬᠡᠪᠯᠡᠭᠳᠡᠭᠰᠡᠨ ᠲᠠᠪᠤᠨ ᠨᠤᠮ ᠢ ᠲᠠᠨᠢᠯᠴᠠᠭᠤᠯᠤᠨ ᠳᠡᠪᠰᠢᠬᠦᠯᠵᠠᠢ᠃ ᠡᠬᠦᠨ ᠳᠤ ᠴ᠊ · ᠠᠯᠤᠰ ᠤᠨ ᠰᠢᠯᠦᠭ ᠤᠨ ᠲᠡᠬᠦᠪᠤᠷᠢ ︽ᠶᠢᠷᠳᠢᠨᠴᠤ ᠶᠢᠨ ᠦᠬᠡᠷ᠎ᠠ ᠨᠠᠷ᠎ᠠ ᠨᠢ ᠪᠤᠯᠵᠤᠮᠤᠷ︾᠂ ᠴᠢ᠊ · ᠮᠠᠨᠳᠤᠯ᠎ᠠ ᠶᠢᠨ ᠰᠢᠯᠦᠭ ᠤᠨ ᠲᠡᠬᠦᠪᠤᠷᠢ ︽ᠰᠡᠳᠬᠢᠯ ᠤᠨ ᠬᠦᠨ ᠳᠤ︾᠂ ᠨ᠊ · ᠪᠢᠷ ᠤᠨ ᠲᠤᠭᠤᠵᠢ ︽ᠪᠠᠷᠠᠭᠤᠨ ᠭᠠᠷ︾᠂ ᠤ · ᠤᠷᠠᠨ᠎ᠠ ᠶᠢᠨ ᠰᠢᠯᠦᠭ ᠤᠨ ᠲᠡᠬᠦᠪᠤᠷᠢ ︽ᠰᠠᠷᠠᠨ ᠤ ᠢᠰᠢᠬᠡ︾ ᠵᠡᠷᠭᠡ ᠦᠥᠰᠢᠨ ᠬᠤᠰᠢᠭᠤᠨ ᠤ ᠲᠦᠷᠪᠠᠨ ᠵᠤᠬᠢᠶᠠᠭᠴᠢ ᠶᠢᠨ ᠪᠦᠲᠦᠬᠡᠯ ᠠᠴᠠ ᠭᠠᠳᠠᠨ᠎ᠠ ᠤᠳᠤᠭ ᠤᠨ ᠡᠮᠤᠨᠡᠳᠤ ᠬᠤᠰᠢᠭᠤᠨ ᠤ ᠵᠤᠬᠢᠶᠠᠯᠴᠢᠳ ᠤᠨ ᠡᠪᠯᠡᠯ ᠲᠠᠢ ᠬᠠᠷᠢᠯᠴᠠᠵᠤ ᠬᠤᠶᠠᠷ ᠬᠤᠰᠢᠭᠤᠨ ᠤ ᠵᠤᠬᠢᠶᠠᠯᠴᠢᠳ ᠤᠨ ᠨᠦᠬᠦᠷᠰᠡᠭ ᠬᠠᠷᠢᠯᠴᠠᠭ᠎ᠠ ᠶᠢ ᠴᠢᠩᠭᠠᠳᠬᠠᠬᠤ ᠵᠤᠷᠢᠯᠭ᠎ᠠ ᠠᠴᠠ ᠢᠷᠠᠭᠤ ᠨᠠᠶᠢᠷᠠᠭᠴᠢ ᠶ᠊ · ᠵᠢᠷᠭᠠᠯᠳᠠᠯᠠᠢ ᠶᠢᠨ ᠰᠢᠨ᠎ᠠ ᠪᠦᠲᠦᠭᠡᠯ ︽ᠠᠭᠤᠯᠠ ᠶᠢᠨ ᠴᠠᠭᠠᠨᠠᠬᠢ ᠴᠠᠰᠤ︾ ᠬᠡᠬᠦ ᠰᠢᠯᠦᠭ ᠤᠨ ᠲᠡᠬᠦᠪᠤᠷᠢ ᠶᠢ ᠤᠨᠴᠠᠭᠠᠶᠢᠯᠠᠨ ᠲᠠᠨᠢᠯᠴᠠᠭᠤᠯᠤᠨ ᠳᠡᠪᠰᠢᠬᠦᠯᠦᠭᠰᠡᠨ ᠪᠠᠶᠢᠨ᠎ᠠ᠃
2.jpg
2.jpg
 
3.jpg
 
5.jpg
                                    ᠰᠤᠷᠪᠤᠯᠵᠢᠯᠠᠭᠴᠢ᠄ ᠬᠠᠰᠪᠤᠶᠠᠨᠲᠤ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ