ᠬᠤᠷᠠᠭ᠎ᠠ ᠶᠢ ᠲᠤᠰ ᠵᠢᠯ ᠳᠤᠨᠢ ᠲᠠᠷᠭᠤᠯᠠᠭᠤᠯᠬᠤ ᠶᠢᠨ ᠠᠰᠢᠭ ᠲᠠᠢ ᠲᠠᠯ᠎ᠠ
ᠨᠡᠶᠢᠲᠡᠯᠡᠭᠰᠡᠨ ᠴᠠᠭ᠄
2025/1/2
      ⒈ᠥᠰᠴᠦ ᠪᠣᠶᠢᠵᠢᠬᠤ ᠨᠢ ᠲᠦᠷᠭᠡᠨ᠃ ᠲᠤᠰ ᠵᠢᠯ ᠤᠨ ᠬᠤᠷᠠᠭ᠎ᠠ ᠶᠠᠭ ᠰᠠᠶᠢᠬᠠᠨ ᠥᠰᠥᠯᠲᠡ ᠶᠢᠨ ᠴᠠᠭ ᠲᠤ ᠪᠠᠨ ᠪᠠᠶᠢᠳᠠᠭ ᠪᠣᠯᠬᠤᠷ ᠵᠣᠨ᠂ ᠨᠠᠮᠦᠷ  ᠤᠨ ᠰᠠᠶᠢᠨ ᠪᠡᠯᠴᠢᠭᠡᠷ ᠲᠤ ᠭᠠᠷᠭᠠᠭᠰᠠᠨ ᠰᠠᠭᠤᠷᠢᠨ ᠲᠡᠭᠡᠷ᠎ᠡ ᠨᠠᠷᠢᠯᠢᠭ ᠪᠣᠷᠳᠤᠭ᠎ᠠ ᠨᠥᠬᠦᠪᠦᠷᠢᠯᠡᠪᠡᠯ ᠪᠣᠷᠳᠣᠭᠰᠠᠨ ᠦᠬᠡᠷ ᠬᠤᠨᠢᠨ ᠠᠴᠠ 3 — 5 ᠺᠢᠯᠥᠭᠷᠡᠮ ᠮᠢᠬ᠎ᠠ ᠢᠯᠡᠭᠦᠦ ᠭᠠᠷᠳᠠᠭ᠃      ⒉ᠭᠠᠷᠭᠠᠯᠲᠠ ᠶᠢᠨ ᠨᠣᠷᠮ᠎ᠠ ᠨᠢ ᠶᠡᠭᠡ᠃ ᠲᠤᠰ ᠵᠢᠯ ᠳᠤᠨᠢ ᠪᠣᠷᠳᠣᠨ ᠲᠠᠷᠭᠤᠯᠠᠭᠤᠯᠵᠤ ᠨᠢᠳᠣᠯᠪᠡᠯ ᠬᠤᠨᠢᠨ ᠰᠦᠷᠦᠭ ᠤᠨ ᠭᠠᠷᠭᠠᠯᠲᠠ ᠶᠢᠨ ᠨᠣᠷᠮ᠎ᠠ ᠪᠠ ᠲᠠᠸᠠᠷ ᠤᠨ ᠦᠷ᠎ᠡ ᠠᠰᠢᠭ ᠢ ᠶᠡᠭᠡ ᠪᠠᠷ ᠲᠡᠭᠡᠭᠰᠢᠯᠡᠭᠦᠯᠵᠦ ᠴᠢᠳᠠᠨ᠎ᠠ᠃      ⒊ᠬᠤᠨᠢᠨ ᠰᠦᠷᠦᠭ ᠤᠨ ᠪᠥᠳᠥᠴᠡ ᠶᠢ ᠰᠠᠶᠢᠵᠢᠷᠠᠭᠤᠯᠤᠨ᠎ᠠ᠃ ᠡᠷ᠎ᠡ ᠬᠤᠷᠠᠭ᠎ᠠ ᠶᠢ ᠲᠤᠰ ᠵᠢᠯ ᠳᠡᠭᠡᠨ ᠲᠠᠷᠭᠤᠯᠠᠭᠤᠯᠵᠤ ᠨᠢᠳᠤᠯᠪᠡᠯ ᠡᠮ᠎ᠡ ᠬᠤᠨᠢᠨ ᠤ ᠰᠠᠭᠤᠷᠢ ᠲᠤᠭ᠎ᠠ ᠠᠶᠠᠨᠳᠠᠭᠠᠨ ᠨᠡᠮᠡᠭᠳᠡᠨ᠎ᠡ᠃      ⒋ᠡᠪᠦᠯᠵᠢᠬᠦ ᠬᠤᠨᠢᠨ ᠤ ᠲᠤᠭ᠎ᠠ ᠶᠢ ᠪᠠᠭᠠᠰᠬᠠᠵᠤ ᠡᠪᠡᠰᠦ᠂ ᠲᠡᠵᠢᠭᠡᠪᠦᠷᠢ ᠶᠢᠨ ᠵᠥᠷᠢᠴᠡᠯ ᠢ ᠨᠠᠮᠳᠠᠭᠤᠯᠵᠤ ᠪᠡᠯᠴᠢᠭᠡᠷ ᠤᠨ ᠳᠠᠷᠤᠭᠠᠰᠤ ᠶᠢ ᠬᠥᠡᠭᠭᠡᠷᠡᠭᠦᠯᠦᠨ᠎ᠡ᠃               ︽ᠮᠠᠯ ᠲᠠᠷᠢᠶᠠᠯᠠᠩ ᠤᠨ ᠬᠡᠷᠡᠭᠯᠡᠭᠡᠨ ᠤ ᠰᠢᠨ᠎ᠡ ᠮᠡᠷᠭᠡᠵᠢᠯ︾ ᠭᠡᠬᠦ ᠨᠣᠮ ᠠᠴᠠ ᠪᠠᠭᠤᠯᠭᠠᠪᠠ
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ