| | ᠲᠤᠰᠢᠶᠠᠯ᠄ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ | | ᠠᠵᠢᠯ ᠤᠨ ᠬᠤᠪᠢᠶᠠᠷᠢᠯᠠᠯ᠄ | ᠬᠤᠰᠢᠭᠤ ᠠᠷᠠᠳ ᠤᠨ ᠵᠠᠰᠠᠭ ᠤᠨ ᠣᠷᠳᠣᠨ ᠤ ᠡᠳᠦᠷ ᠲᠤᠲᠤᠮ ᠤᠨ ᠬᠡᠷᠡᠭ ᠶᠠᠪᠤᠳᠠᠯ ᠢ ᠬᠠᠷᠢᠭᠤᠴᠠᠵᠤ᠂ ᠬᠤᠰᠢᠭᠤ ᠳᠠᠷᠤᠭ᠎ᠠ ᠶᠢ ᠬᠠᠪᠰᠤᠷᠤᠨ ᠦᠵᠡᠯ | ᠤᠬᠠᠮᠰᠠᠷ ᠤᠨ ᠬᠡᠯᠪᠡᠷᠢ᠂ ᠬᠥᠭᠵᠢᠭᠦᠯᠦᠯᠲᠡ ᠥᠭᠡᠷᠡᠴᠢᠯᠡᠯᠲᠡ᠂ ᠶᠡᠷᠦᠩᠬᠡᠶᠢᠯᠡᠭᠰᠡᠨ ᠠᠵᠤ ᠠᠬᠤᠢ ᠶᠢᠨ ᠬᠠᠮᠢᠶᠠᠷᠤᠯᠲᠠ᠂ ᠡᠳ᠋ ᠤᠨ ᠵᠠᠰᠠᠭ ᠭᠠᠶᠢᠯᠢ ᠲᠠᠳᠠᠪᠤᠷᠢ | ᠮᠥᠩᠭᠦᠨ ᠭᠦᠢᠯᠭᠡᠭᠡ᠂ ᠲᠤᠭ᠎ᠠ ᠪᠦᠷᠢᠳᠬᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠰᠤᠷᠭᠠᠨ ᠬᠦᠮᠦᠵᠢᠯ ᠪᠡᠶ᠎ᠡ ᠲᠠᠮᠢᠷ᠂ ᠬᠤᠳᠠᠯᠳᠤᠭ᠎ᠠ ᠡᠵᠡᠩᠨᠡᠬᠦ | ᠤᠷᠴᠢᠨ ᠨᠦᠬᠦᠴᠡᠯ᠂ ᠵᠠᠰᠠᠭ ᠤᠨ ᠶᠠᠪᠤᠳᠠᠯ ᠢ ᠢᠯᠡ ᠪᠤᠯᠭᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ᠂ ᠠᠮᠤ ᠪᠤᠳᠠᠭ᠎ᠠ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︵ᠬᠥᠭᠵᠢᠭᠦᠯᠦᠯᠲᠡ ᠶᠢᠨ ᠰᠤᠳᠤᠯᠭᠠᠨ ᠤ ᠲᠥᠪ︶᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠥᠪ︶᠂ ᠡᠳ᠋ ᠤᠨ ᠵᠠᠰᠠᠭ ᠤᠨ ᠲᠣᠪᠴᠢᠶ᠎ᠠ ︵ᠡᠳ᠋ ᠤᠨ ᠵᠠᠰᠠᠭ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠥᠭᠵᠢᠭᠦᠯᠦᠯᠲᠡ ᠶᠢᠨ ᠦᠢᠯᠡᠴᠢᠯᠡᠭᠡᠨ ᠤ ᠲᠥᠪ︶᠂ ᠲᠤᠭ᠎ᠠ | ᠪᠦᠷᠢᠳᠬᠡᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︵ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠬᠦᠯᠦᠯᠲᠡ ᠶᠢᠨ ᠲᠥᠪ︶᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠲᠤᠮᠤ ᠳ᠋ᠠᠶᠢᠲ᠋ᠠ ᠶᠢᠨ | ᠲᠥᠪ︶᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠢ ᠬᠤᠪᠢᠶᠠᠷᠢᠯᠠᠨ ᠬᠠᠮᠢᠶᠠᠷᠤᠨ᠎ᠠ᠃ | ᠬᠤᠰᠢᠭᠤ ᠳᠠᠷᠤᠭ᠎ᠠ ᠶᠢ ᠬᠠᠪᠰᠤᠷᠤᠨ ᠬᠢᠨᠠᠨ ᠪᠤᠳᠤᠬᠤ ᠲᠣᠪᠴᠢᠶ᠎ᠠ ᠶᠢ ᠬᠤᠪᠢᠶᠠᠷᠢᠯᠠᠨ ᠬᠠᠮᠢᠶᠠᠷᠤᠨ᠎ᠠ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠦᠦᠰᠢᠨ | ᠬᠤᠰᠢᠭᠤᠨ ᠤ ᠬᠤᠷᠢᠶ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠢᠨᠠᠨ ᠪᠠᠶᠢᠴᠠᠭᠠᠬᠤ ᠵᠥᠪᠯᠡᠯ᠂ ᠬᠤᠰᠢᠭᠤ ᠨᠠᠮ ᠤᠨ ᠬᠤᠷᠢᠶ᠎ᠠ ᠶᠢᠨ ᠨᠠᠮ ᠤᠨ | ᠰᠤᠷᠭᠠᠭᠤᠯᠢ᠂ ᠠᠵᠢᠯᠴᠢᠨ ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠦᠰᠢᠨ ᠬᠤᠰᠢᠭᠤᠨ ᠤ ᠬᠤᠷᠢᠶ᠎ᠠ᠂ ᠬᠤᠶᠢᠴᠢ ᠦᠶ᠎ᠡ ᠶᠢᠨ ᠬᠢᠨ | ᠢ ᠬᠠᠯᠠᠮᠵᠢᠯᠠᠬᠤ ᠠᠵᠢᠯ ᠤᠨ ᠵᠥᠪᠯᠡᠯ᠂ ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ | ᠣᠷᠳᠣᠨ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠦᠦᠰᠢᠨ | ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠦᠰᠢᠨ ᠬᠤᠰᠢᠭᠤᠨ ᠤ ᠲᠠᠮᠠᠬᠢᠨ ᠤ | ᠲᠤᠰᠬᠠᠢ ᠬᠤᠳᠠᠯᠳᠤᠭᠠᠨ ᠤ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠦᠦᠰᠢᠨ | ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ᠪᠠ ᠬᠤᠰᠢᠭᠤᠨ ᠳᠤ ᠰᠠᠭᠤᠭ᠎ᠠ ᠮᠥᠩᠭᠦᠨ ᠭᠦᠢᠯᠭᠡᠭᠡ᠂ ᠳᠠᠭᠠᠳᠬᠠᠯ ᠤᠨ ᠠᠵᠤ ᠠᠬᠤᠶᠢᠯᠠᠯ ᠵᠡᠷᠭᠡ ᠲᠠᠢ | ᠬᠠᠷᠢᠯᠴᠠᠨ᠎ᠠ ᠃ | | ᠲᠣᠪᠴᠢ ᠨᠠᠮᠲᠠᠷ᠄ | ᠮᠠ ᠶᠠ ᠳ᠋ᠦᠩ᠄ ᠡᠷᠡᠭᠲᠡᠢ᠂ ᠬᠢᠲᠠᠳ ᠦᠨᠳᠦᠰᠦᠲᠡᠨ᠂ 1975 ᠣᠨ ᠤ 6 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠦᠦᠰᠢᠨ | ᠬᠤᠰᠢᠭᠤᠨ ᠤ ᠬᠥᠮᠥᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 1998 ᠣᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ | ᠣᠷᠣᠵᠤ᠂ 1995 ᠣᠨ ᠤ 7 ᠰᠠᠷ᠎ᠠ ᠳᠤ ᠡᠬᠢᠯᠡᠨ ᠠᠵᠢᠯᠯᠠᠵᠠᠢ᠃ ᠤᠳᠤ ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠤᠢ᠃ | 1991.09 — 1995.07 ᠶᠡᠭᠡ ᠠᠶᠢᠮᠠᠭ ᠤᠨ ᠠᠵᠤ ᠦᠢᠯᠡᠳᠪᠦᠷᠢ ᠶᠢᠨ ᠰᠤᠷᠭᠠᠭᠤᠯᠢ ᠶᠢᠨ ᠭᠠᠵᠠᠷ ᠳᠣᠣᠷᠠᠬᠢ ᠨᠡᠭᠦᠷᠡᠰᠦ ᠮᠠᠯᠲᠠᠬᠤ | ᠲᠤᠰᠬᠠᠢ ᠮᠡᠷᠭᠡᠵᠢᠯ ᠳᠤ ᠰᠤᠷᠤᠯᠴᠠᠪᠠ︔ | 1995.07 —1996.03 ᠦᠦᠰᠢᠨ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠪᠠᠭᠰᠢᠯᠠᠵᠤ ᠪᠠᠶᠢᠪᠠ | 1996.03 — 1997.03 ᠦᠦᠰᠢᠨ ᠬᠤᠰᠢᠭᠤᠨ ᠤ ᠤᠤᠯ ᠤᠨ ᠤᠷᠳᠤᠪᠡᠶ᠎ᠡ ᠰᠢᠶᠠᠩ ᠤᠨ ᠪᠠᠲᠤ ᠶᠢᠨ ᠲᠣᠬᠤᠢ ᠪᠠᠭ᠎ᠠ ᠰᠤᠷᠭᠠᠭᠤᠯᠢ ᠳᠤ | ᠪᠠᠭᠰᠢᠯᠠᠵᠤ ᠪᠠᠶᠢᠪᠠ︔ | 1997.03 — 1999.08 ᠦᠦᠰᠢᠨ ᠬᠤᠰᠢᠭᠤᠨ ᠤ ᠤᠤᠯ ᠤᠨ ᠤᠷᠳᠤᠪᠡᠶ᠎ᠡ ᠰᠢᠶᠠᠩ ᠤᠨ ᠵᠠᠰᠠᠭ ᠤᠨ ᠣᠷᠳᠣᠨ ᠤ ᠲᠥᠯᠥᠪᠯᠡᠭᠡᠲᠦ | ᠬᠥᠩᠭᠡᠵᠢᠯ ᠤᠨ ᠠᠯᠪᠠᠨ ᠭᠡᠷ ᠲᠤ ᠠᠵᠢᠯᠯᠠᠪᠠ︔ | 1999.08 — 2002.11 ᠦᠦᠰᠢᠨ ᠬᠤᠰᠢᠭᠤᠨ ᠤ ᠤᠤᠯ ᠤᠨ ᠤᠷᠳᠤᠪᠡᠶ᠎ᠡ ᠰᠢᠶᠠᠩ ᠤᠨ ᠨᠠᠮ ᠤᠨ ᠬᠤᠷᠢᠶᠠᠨ ᠤ ᠨᠠᠷᠢᠨ ᠪᠢᠴᠢᠭᠡᠴᠢ ᠶᠢᠨ | ᠲᠤᠰᠢᠶᠠᠯ ᠢ ᠡᠭᠦᠷᠭᠡᠯᠡᠪᠡ ︵ᠡᠨᠡ ᠬᠤᠭᠤᠴᠠᠭᠠᠨ ᠳᠤ᠄ 1999.08 — 2002.06 ᠲᠥᠪ ᠤᠨ ᠨᠠᠮ ᠤᠨ ᠰᠤᠷᠭᠠᠭᠤᠯᠢ ᠶᠢᠨ ᠵᠠᠬᠢᠳᠠᠯ ᠢᠶᠠᠷ | ᠰᠤᠷᠤᠯᠴᠠᠬᠤ ᠳᠡᠭᠡᠳᠦ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ | ᠠᠩᠭᠢ ᠳᠤ ᠰᠤᠷᠤᠯᠴᠠᠪᠠ︶︔ | 2002.11 — 2004.08 ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠷᠢᠨ ᠪᠢᠴᠢᠭᠡᠴᠢ ᠶᠢᠨ | ᠲᠤᠰᠢᠶᠠᠯ ᠢ ᠡᠭᠦᠷᠭᠡᠯᠡᠪᠡ︔ | 2004.08 —2008.08 ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠰᠠᠯᠠᠭᠠᠨ ᠲᠡᠰ ᠤᠨ | ᠶᠡᠷᠦᠩᠬᠡᠶᠢᠯᠡᠭᠰᠡᠨ ᠨᠠᠷᠢᠨ ᠪᠢᠴᠢᠭᠡᠴᠢ ᠶᠢᠨ ᠲᠤᠰᠢᠶᠠᠯ ᠢ ᠡᠭᠦᠷᠭᠡᠯᠡᠪᠡ ︵2002.09 —2004.12 ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠰᠤᠷᠭᠠᠭᠤᠯᠢ ᠶᠢᠨ ᠵᠠᠬᠢᠳᠠᠯ ᠢᠶᠠᠷ ᠰᠤᠷᠤᠯᠴᠠᠬᠤ ᠳᠡᠭᠡᠳᠦ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ | ᠮᠡᠷᠭᠡᠵᠢᠯ ᠤᠨ ᠵᠢᠩᠬᠢᠨᠢ ᠠᠩᠭᠢ ᠳᠤ ᠰᠤᠷᠤᠯᠴᠠᠪᠠ︶︔ | 2008.08 — 2012.05 ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠶᠢᠨ | ᠲᠤᠰᠢᠶᠠᠯ ᠢ ᠡᠭᠦᠷᠭᠡᠯᠡᠪᠡ᠂ ︵ᠡᠨᠡ ᠬᠤᠭᠤᠴᠠᠭᠠᠨ ᠳᠤ᠄ 2010.12 ᠠᠴᠠ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ | ᠶᠠᠪᠤᠳᠠᠯ ᠤᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠪᠠ︶ | 2012.05 — 2012.09 ᠦᠦᠰᠢᠨ ᠬᠤᠰᠢᠭᠤᠨ ᠤ ᠨᠡᠭᠦᠷᠡᠰᠦᠨ ᠤ ᠲᠣᠪᠴᠢᠶ᠎ᠠ ᠶᠢᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ︔ | | 2012.09 — 2021.01 ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠤᠨ ᠣᠷᠳᠣᠨ ᠤ ᠠᠯᠪᠠᠨ | ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠪᠡ ︵ᠡᠨᠡ ᠬᠤᠭᠤᠴᠠᠭᠠᠨ ᠳᠤ᠄ 2016.09 — | 2019.07 ᠲᠥᠪ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠬᠦᠷᠢᠶᠡᠯᠡᠩ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠳᠤ | ᠰᠤᠷᠤᠯᠴᠠᠪᠠ︶︔ | 2021.01—2024.01 ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠶᠢᠨ | ᠲᠤᠰᠢᠶᠠᠯ ᠢ ᠡᠭᠦᠷᠭᠡᠯᠡᠪᠡ︔ | 2024.01 — ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ | ᠡᠭᠦᠷᠭᠡᠯᠡᠵᠦ ᠪᠠᠶᠢᠨ᠎ᠠ᠃ | | | |