ᠲᠣᠣᠷᠴᠢᠯᠠᠭᠰᠠᠨ ᠦᠢᠯᠡᠴᠢᠯᠡᠭᠡ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2025/2/11
      ᠠᠵᠤ ᠠᠬᠤᠶᠢᠯᠠᠯ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠬᠦᠷᠢᠶᠡᠯᠡᠩ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠶᠢᠨ ᠲᠥᠯᠥᠭᠡ ᠰᠣᠪᠣᠷᠭ᠎ᠠ ᠠᠵᠤ ᠠᠬᠤᠶ ᠶᠢᠨ ᠨᠡᠭᠡᠭᠡᠯᠲᠡ ᠶᠢᠨ ᠣᠷᠣᠨ ᠲᠤᠤᠷᠵᠢᠭᠤᠯᠤᠭᠰᠠᠨ ᠦᠢᠯᠡᠴᠢᠯᠡᠭᠡ᠂ ᠨᠠᠷᠢᠯᠢᠭ ᠬᠠᠮᠢᠶᠠᠷᠤᠯᠲᠠ ᠶᠢᠨ ᠠᠵᠢᠯ ᠤᠨ ᠲᠣᠭᠳᠠᠯᠴᠠᠭ᠎ᠠ ᠶᠢ ᠰᠦᠪᠡᠭᠴᠢᠯᠡᠵᠦ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠭᠰᠠᠨ ᠪᠠᠶᠢᠨ᠎ᠠ       ᠥᠪᠥᠷ ᠮᠣᠩᠭᠤᠯ ᠤᠨ ᠴᠧᠨ ᠺᠠᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠪᠣᠯ ᠵᠢᠯ ᠳᠤ 10 ᠲᠦᠮᠡᠨ ᠲᠣᠨ ᠬᠤᠯᠢᠮᠠᠭ ᠨᠡᠭᠦᠷᠡᠰᠦ ᠤᠰᠤᠳᠦ᠋ᠷᠦᠭᠴᠢ ᠶᠢ ᠰᠠᠯᠭᠠᠬᠤ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠪᠣᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠠᠴᠠ ᠨᠠᠰᠢ᠂ ᠠᠯᠺᠧᠨ ᠤ ᠲᠦᠭᠦᠬᠡᠶ ᠮᠠᠲ᠋ᠧᠷᠢᠶᠠᠯ ᠳᠤᠲᠠᠭᠳᠠᠵᠤ ᠪᠠᠶᠢᠭ᠎ᠠ ᠠᠰᠠᠭᠤᠳᠠᠯ ᠨᠢ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠵᠠᠢ᠃ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠢ ᠮᠡᠳᠡᠭᠰᠡᠨ ᠤ ᠳᠠᠷᠠᠭ᠎ᠠ ᠲᠤᠤᠷᠴᠢᠯᠠᠭᠰᠠᠨ ᠬᠠᠮᠢᠶᠠᠷᠤᠯᠲᠠ ᠶᠢᠨ ᠠᠩᠭᠢ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠨ ᠲᠣᠰ ᠠᠵᠤ ᠠᠬᠤᠶᠢᠯᠠᠯ ᠢ ᠬᠠᠪᠰᠤᠷᠤᠨ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ ᠶᠢᠨ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃      ᠰᠣᠪᠣᠷᠭ᠎ᠠ ᠠᠵᠤ ᠠᠬᠤᠶ ᠶᠢᠨ ᠨᠡᠭᠡᠭᠡᠯᠲᠡ ᠶᠢᠨ ᠣᠷᠣᠨ ᠡᠯ᠎ᠡ ᠲᠥᠷᠥᠯ ᠵᠦᠢᠯ ᠤᠨ ᠲᠣᠭᠤᠷᠢᠭ ᠲᠤ᠂ 58 ᠠᠵᠤ ᠠᠬᠤᠶᠢᠯᠠᠯ ᠢ 4 ᠲᠤᠤᠷᠵᠢᠯ ᠤᠨ ᠲᠥᠷᠥᠯ ᠵᠦᠢᠯ ᠤᠨ ᠲᠣᠭᠤᠷᠢᠭ ᠲᠤ ᠬᠤᠪᠢᠶᠠᠵᠤ᠂ 66 ᠲᠤᠤᠷᠵᠢᠯ ᠤᠨ ᠳᠠᠷᠤᠭ᠎ᠠ᠂ ᠲᠤᠤᠷᠵᠢᠯ ᠤᠨ ᠠᠵᠢᠯᠴᠢᠳ ᠢ ᠡᠯ᠎ᠡ ᠲᠥᠷᠥᠯ ᠵᠦᠢᠯ ᠤᠨ ᠲᠣᠭᠤᠷᠢᠭ ᠲᠤ ᠦᠢᠯᠡᠴᠢᠯᠡᠭᠦᠯᠵᠦ ᠦᠢᠯᠡᠴᠢᠯᠡᠭᠡ ᠪᠠᠨ ᠠᠵᠤ ᠠᠬᠤᠶᠢᠯᠠᠯ ᠨᠢᠭᠡᠪᠦᠷᠢ ᠳᠤ ᠬᠦᠷᠲᠡᠯ᠎ᠡ ᠥᠷᠭᠡᠳᠬᠡᠵᠦ ᠰᠠᠨᠠᠭᠠᠴᠢᠯᠠᠭ᠎ᠠ ᠠᠴᠠ ᠪᠠᠨ ᠳᠠᠭᠠᠭᠠᠴᠢᠯᠠᠨ ᠬᠠᠷᠢᠯᠴᠠᠬᠤ ᠠᠵᠤ ᠠᠬᠤᠶᠢᠯᠠᠯ ᠲᠠᠢ ᠬᠠᠮᠲᠤᠷᠠᠯᠴᠠᠭᠤᠯᠤᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠪᠠᠷ ᠪᠠᠶᠢᠨ᠎ᠠ᠃ ᠡᠯ᠎ᠡ ᠲᠣᠭᠤᠷᠢᠭ ᠳᠠᠬᠢ ᠲᠣᠣᠷᠵᠢᠯ ᠤᠨ ᠠᠵᠢᠯᠲᠠᠨ ᠠᠵᠤ ᠠᠬᠤᠶᠢᠯᠠᠯ ᠢᠶᠠᠷ ᠨᠡᠶᠢᠲᠡ 300 ᠭᠠᠷᠤᠶ ᠤᠳᠠᠭ᠎ᠠ  ᠬᠦᠨᠵᠡᠭᠡᠶᠢᠷᠡᠨ ᠠᠵᠤ ᠠᠬᠤᠶᠢᠯᠠᠯ ᠤᠨ ᠬᠠᠷᠢᠭᠤ ᠲᠤᠰᠬᠠᠭᠰᠠᠨ 65 ᠠᠰᠠᠭᠤᠳᠠᠯ ᠢ ᠴᠤᠭᠯᠠᠭᠤᠯᠵᠤ ᠬᠤᠯᠪᠣᠭᠳᠠᠭᠰᠠᠨ ᠵᠦᠢᠯᠡᠰ ᠢ ᠪᠦᠬᠦᠨ ᠢ ᠰᠢᠢᠳᠪᠤᠷᠢᠯᠡᠪᠡ᠃      ᠰᠣᠪᠣᠷᠭ᠎ᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠯᠠᠭᠠᠨᠲᠣᠯᠣᠭᠠᠢ ᠲᠥᠷᠥᠯ ᠵᠦᠢᠯ ᠤᠨ ᠲᠣᠭᠤᠷᠢᠭ ᠤᠨ ᠲᠣᠣᠷᠵᠢᠯ ᠤᠨ ᠠᠵᠢᠯᠲᠠᠨ ᠭᠦᠸᠧ ᠸᠧᠢ ᠰᠣᠷᠪᠤᠯᠵᠢᠯᠠᠭᠴᠢ ᠳᠤ ᠬᠡᠯᠡᠬᠦ ᠳᠡᠭᠡᠨ᠄ ︽ᠪᠢ ᠪᠣᠯ ᠲᠠᠪᠤᠳᠤᠭᠠᠷ ᠳᠡᠰ ᠤᠨ ᠲᠣᠣᠷᠵᠢᠭᠤᠯᠤᠭᠴᠢ ᠪᠤᠯᠤᠨ᠎ᠠ᠂ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠦ ᠰᠠᠯᠠᠭ᠎ᠠ ᠮᠥᠴᠢᠷ ᠲᠠᠢ ᠬᠠᠷᠢᠯᠴᠠᠬᠤ ᠪᠠᠷ ᠳᠠᠮᠵᠢᠨ ᠠᠵᠤ ᠠᠬᠤᠶᠢᠯᠠᠯ ᠢ ᠳᠠᠭᠠᠭᠤᠯᠤᠨ ᠭᠠᠷ ᠭᠦᠢᠴᠡᠳᠭᠡᠯ ᠬᠢᠵᠦ ᠥᠭᠳᠡᠭ᠃ ᠪᠢ ᠰᠢᠢᠳᠪᠦᠷᠢᠯᠡᠵᠦ ᠳᠡᠶᠢᠯᠬᠦ ᠦᠭᠡᠢ ᠶᠢ ᠨᠢ ᠳᠥᠷᠪᠡᠳᠦᠭᠡᠷ ᠳᠡᠰ ᠤᠨ ᠲᠣᠣᠷᠵᠢᠭᠤᠯᠤᠭᠴᠢ ᠳᠤ ᠮᠡᠳᠡᠭᠦᠯᠵᠦ᠂ ᠳᠥᠷᠪᠡᠳᠦᠭᠡᠷ ᠳᠡᠰ ᠤᠨ ᠲᠣᠣᠷᠵᠢᠭᠤᠯᠤᠭᠴᠢ ᠠᠴᠠ ᠤᠯᠠᠮ ᠨᠢᠭᠡ ᠠᠯᠬᠤᠮ ᠠᠬᠢᠭᠤᠯᠲᠠᠭ︾ ᠭᠡᠵᠤ ᠪᠠᠶᠢᠯ᠎ᠠ᠃      ᠰᠣᠪᠣᠷᠭ᠎ᠠ ᠠᠵᠤ ᠠᠬᠤᠶ ᠶᠢᠨ ᠨᠡᠭᠡᠭᠡᠯᠲᠡ ᠶᠢᠨ ᠣᠷᠣᠨ ᠠᠵᠤ ᠠᠬᠤᠶᠢᠯᠠᠯ ᠳᠤ ᠨᠠᠷᠢᠯᠢᠭ ᠣᠨᠣᠪᠴᠢᠲᠠᠶ ᠦᠢᠯᠡᠴᠢᠯᠡᠬᠦ ᠠᠵᠢᠯ ᠤᠨ ᠲᠣᠭᠳᠠᠯᠴᠠᠭ᠎ᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ ᠬᠢᠨᠠᠨ ᠵᠥᠪᠰᠢᠶᠡᠷᠡᠬᠦ ᠵᠦᠢᠯᠡᠰ ᠢ ᠴᠣᠮᠬᠠᠳᠬᠠᠨ  ᠬᠠᠪᠰᠤᠷᠤᠨ ᠬᠦᠢᠴᠡᠳᠬᠡᠬᠦ ᠪᠠ ᠣᠷᠣᠯᠠᠨ ᠭᠦᠢᠴᠡᠳᠬᠡᠬᠦ ᠠᠵᠢᠯ ᠤᠨ ᠲᠣᠭᠳᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ ᠪᠥᠬᠦ ᠶᠠᠪᠤᠴᠠ ᠳᠤ ᠠᠰᠠᠭᠤᠨ ᠯᠠᠪᠯᠠᠬᠤ᠂ ᠵᠢᠭᠠᠨ ᠵᠢᠯᠣᠭᠤᠳᠬᠤ᠂ ᠣᠷᠣᠯᠠᠨ ᠬᠦᠢᠴᠡᠳᠬᠡᠬᠦ ᠦᠢᠯᠡᠴᠢᠯᠡᠭᠡ ᠬᠠᠩᠭᠠᠵᠤ ᠠᠵᠤ ᠠᠬᠤᠶᠢᠯᠠᠯ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠦᠨᠡᠨᠬᠦ ᠨᠡᠪᠲᠡᠷᠡᠭᠦᠯᠵᠦ ᠠᠵᠤ ᠠᠬᠤᠶᠢᠯᠠᠯ ᠤᠨ ᠬᠥᠭᠵᠢᠯᠲᠡ ᠶᠢ ᠪᠠᠲᠤᠯᠠᠵᠦ ᠪᠠᠶᠢᠨ᠎ᠠ᠃      2024 ᠣᠨ ᠠᠴᠠ ᠨᠠᠰᠢ᠂ 8 ᠠᠵᠤ ᠠᠬᠤᠶᠢᠯᠠᠯ ᠢ ᠬᠠᠪᠰᠤᠷᠤᠨ ᠲᠥᠷᠥᠯ ᠵᠦᠢᠯ ᠢ ᠳᠡᠩᠰᠡᠯᠡᠨ ᠲᠡᠮᠳᠡᠭᠯᠡᠬᠦ᠂ ᠭᠠᠵᠠᠷ ᠰᠢᠷᠣᠶ ᠬᠡᠷᠡᠭᠯᠡᠬᠦ ᠶᠢ ᠤᠷᠢᠳᠴᠢᠯᠠᠨ ᠬᠢᠨᠠᠬᠤ᠂ ᠣᠷᠴᠢᠨ ᠲᠣᠭᠤᠷᠢᠨ ᠤ ᠨᠥᠯᠥᠭᠡᠯᠡᠯ ᠤᠨ ᠲᠤᠬᠠᠢ ᠦᠨᠡᠯᠡᠯᠲᠡ ᠬᠢᠬᠦ ᠵᠡᠷᠭᠡ 13 ᠭᠠᠷ ᠬᠦᠢᠴᠡᠳᠭᠡᠯ ᠢ ᠬᠦᠢᠴᠡᠳᠭᠡᠵᠦ᠂ ᠬᠦᠢᠴᠡᠳᠭᠡᠬᠦ ᠴᠠᠭ ᠢ ᠤᠤᠯ ᠤᠨ ᠣᠯᠠᠨ ᠡᠳᠦᠷ ᠬᠡᠷᠡᠭᠯᠡᠵᠦ ᠪᠠᠶᠢᠭᠰᠠᠨ ᠠᠴᠠ ᠨᠢ ᠲᠣᠰ ᠡᠳᠦᠷ ᠨᠢ ᠭᠥᠯᠢᠶᠡᠨ ᠠᠪᠴᠤ᠂ ᠲᠣᠰ ᠡᠳᠦᠷ ᠨᠢ ᠬᠦᠢᠴᠡᠳᠭᠡᠵᠦ ᠠᠵᠤ ᠠᠬᠤᠢᠯᠠᠯ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠦᠨᠡᠨᠬᠦ ᠪᠡᠶᠡᠯᠡᠬᠦᠯᠪᠡ᠃                                    ᠰᠤᠷᠪᠤᠯᠵᠢᠯᠠᠭᠴᠢ᠄ ᠰᠣᠯᠣᠩᠭ᠎ᠠ   ᠸᠠᠩ ᠴᠢ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ