ᠰᠣᠪᠤᠷᠭ᠎ᠠ ᠰᠢᠲᠠᠮᠠᠬᠠᠢ ᠬᠡᠢ ᠶᠢᠨ ᠠᠢ ᠰᠠᠪᠠ ᠶᠢᠨ 2025 ᠣᠨ ᠤ ᠰᠢᠲᠠᠮᠠᠬᠠᠢ ᠬᠡᠢ ᠥᠷᠥᠮᠳᠡᠬᠦ ᠠᠵᠢᠯ ᠪᠦᠬᠦ ᠲᠠᠯ᠎ᠠ ᠪᠠᠷ ᠡᠬᠢᠯᠡᠯ᠎ᠡ
ᠨᠡᠶᠢᠲᠡᠯᠡᠭᠰᠡᠨ ᠴᠠᠭ᠄
2025/2/11
      ᠣᠶᠢᠷ᠎ᠠ ᠶᠢᠨ ᠡᠳᠦᠷ᠂ ᠰᠣᠪᠤᠷᠭ᠎ᠠ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠬᠠᠶᠢᠨ ᠰᠢᠨᠵᠢᠯᠡᠵᠦ ᠬᠤᠳᠳᠤᠭ ᠥᠷᠥᠮᠳᠡᠬᠦ ᠠᠵᠢᠯ ᠡᠬᠢᠯᠡᠬᠦ ᠶᠢ ᠳᠠᠭᠠᠯᠳᠤᠨ᠂ ᠤᠯᠤᠰ ᠤᠨ ᠲᠤᠳᠤᠭᠠᠳᠦᠬᠢ ᠬᠠᠮᠤᠭ ᠤᠨ ᠶᠡᠭᠡ ᠰᠢᠲᠠᠮᠠᠬᠠᠢ ᠬᠡᠢ ᠶᠢᠨ ᠠᠢ ᠰᠠᠪᠠ ᠪᠣᠯᠬᠤ ᠰᠣᠪᠤᠷᠭ᠎ᠠ ᠰᠢᠲᠠᠮᠠᠬᠠᠢ ᠬᠡᠢ ᠶᠢᠨ ᠠᠢ ᠰᠠᠪᠠ ᠶᠢᠨ 2025 ᠣᠨ ᠤ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯ ᠵᠢᠩᠬᠢᠨᠢ ᠪᠠᠷ ᠡᠬᠢᠯᠡᠭᠰᠡᠨ ᠪᠠᠶᠢᠨ᠎ᠠ᠃ ᠲᠤᠬᠠᠶ ᠶᠢᠨ ᠡᠳᠦᠷ᠂ 10 ᠥᠷᠥᠮᠳᠡᠭᠦᠷ ᠮᠠᠰᠢᠨ ᠵᠡᠷᠭᠡ ᠪᠠᠷ ᠠᠵᠢᠯᠯᠠᠨ ᠰᠢᠨ᠎ᠡ ᠨᠢᠭᠡ ᠵᠢᠯ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠰᠡᠭᠦᠭᠰᠡᠨ ᠪᠠᠶᠢᠨ᠎ᠠ᠃      ᠠᠵᠢᠯ ᠤᠨ ᠪᠠᠶᠢᠷᠢᠨ ᠳᠠᠭᠠᠨ ᠪᠠᠶᠢᠭ᠎ᠠ ᠴᠢᠯᠠᠭᠤᠨ ᠲᠣᠰᠣᠨ ᠤ ᠠᠵᠢᠯᠴᠢᠳ ᠲᠤᠰ ᠲᠤᠰ ᠤᠨ ᠠᠵᠢᠯ ᠤᠨ ᠪᠠᠶᠢᠷᠢᠨ ᠳᠠᠭᠠᠨ ᠲᠣᠨᠤᠭ ᠲᠥᠬᠦᠭᠡᠷᠦᠮᠵᠢ ᠪᠠᠨ ᠪᠣᠯᠪᠠᠰᠤᠷᠠᠩᠭᠤᠶ ᠠᠵᠢᠯᠯᠠᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠣᠪᠣᠷ ᠢᠶᠠᠷ ᠨᠠᠷᠢᠯᠢᠭ ᠣᠨᠣᠪᠴᠢᠲᠠᠢ ᠮᠦᠷᠲᠡᠭᠡᠨ ᠮᠠᠰᠢ ᠲᠦᠷᠭᠡᠨ ᠠᠵᠢᠯᠯᠠᠵᠤ ᠡᠬᠢᠯᠡᠭᠰᠡᠨ ᠪᠠᠶᠢᠨ᠎ᠠ᠃ ᠰᠣᠪᠤᠷᠭ᠎ᠠ ᠰᠢᠲᠠᠮᠠᠬᠠᠢ ᠬᠡᠢ ᠶᠢᠨ ᠨᠡᠭᠡᠭᠡᠨ ᠬᠥᠭᠵᠢᠭᠦᠯᠦᠯᠲᠡ ᠶᠢᠨ ᠬᠤᠪᠢᠶᠠᠷᠢ ᠺᠣᠮᠫᠠᠨᠢ ᠶᠢᠨ ᠳᠠᠭᠠᠭᠠᠮᠠᠯ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠳᠤᠭᠤᠶᠢᠯᠠᠩ ᠤᠨ ᠳᠠᠭᠠᠭᠠᠮᠠᠯ ᠯᠦᠩ ᠶᠦᠨ ᠬᠤᠢ ᠰᠣᠷᠪᠤᠯᠵᠢᠯᠠᠭᠴᠢ ᠳᠤ᠄ ︽ᠥᠨᠥᠳᠦᠷ ᠠᠷᠪᠠᠨ ᠬᠤᠳᠳᠤᠭ ᠢ ᠵᠡᠷᠭᠡ ᠪᠠᠷ ᠥᠷᠥᠮᠳᠡᠬᠦ ᠶᠢ ᠳᠠᠭᠠᠯᠳᠤᠨ᠂ ᠮᠠᠨ ᠤ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ  ᠶᠢᠨ ᠲᠥᠷᠥᠯ ᠵᠦᠢᠯ ᠤᠨ ᠳᠤᠭᠤᠶᠢᠯᠠᠩ ᠪᠦᠬᠦ ᠲᠠᠯ᠎ᠠ ᠪᠠᠷ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠪᠠᠨ ᠡᠬᠢᠯᠡᠭᠦᠯᠪᠡ᠃ 2025 ᠣᠨ ᠳᠤ᠂ ᠮᠠᠨ ᠤ ᠰᠣᠪᠤᠷᠭ᠎ᠠ ᠰᠢᠲᠠᠮᠠᠬᠠᠢ ᠬᠡᠢ ᠶᠢᠨ ᠠᠢ ᠰᠠᠪᠠ ᠶᠢᠨ ᠨᠡᠭᠡᠭᠡᠨ ᠠᠰᠢᠭᠯᠠᠯᠳᠠ ᠶᠢᠨ ᠬᠤᠪᠢᠶᠠᠷᠢ ᠺᠣᠮᠫᠠᠨᠢ ᠶᠢᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠤᠭᠤᠶᠢᠯᠠᠩ 25.1 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠦᠢᠯᠡᠳᠪᠦᠷᠢᠯᠡᠯ ᠤᠨ ᠬᠦᠴᠦᠨ ᠢ ᠪᠠᠶᠢᠷᠢᠯᠠᠭᠤᠯᠵᠤ᠂ 665 ᠬᠤᠳᠳᠤᠭ ᠥᠷᠥᠮᠳᠡᠬᠦ ᠪᠠᠷ ᠲᠥᠯᠥᠪᠯᠡᠵᠦ ᠪᠠᠶᠢᠨ᠎ᠠ᠃ ᠡᠨᠡ ᠪᠣᠯ ᠮᠠᠨ ᠤ ᠡᠨᠡ ᠵᠢᠯ ᠤᠨ ᠬᠠᠷᠠᠯᠲᠠ ᠮᠥᠨ︾ ᠭᠡᠵᠦ ᠶᠠᠷᠢᠯ᠎ᠠ᠃       ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ 2025 ᠣᠨ ᠳᠤ ᠲᠣᠰ ᠺᠣᠮᠫᠠᠨᠢ ᠨᠢ ᠬᠤᠳᠳᠤᠭ ᠥᠷᠥᠮᠳᠡᠬᠦ ᠢᠨᠵᠧᠨᠧᠷᠢᠩ ᠤᠨ ᠠᠵᠢᠯ ᠢᠶᠠᠨ ᠰᠡᠷᠭᠦᠭᠡᠬᠦ ᠶᠢ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ  ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠪᠠ᠃ ᠵᠢᠯ ᠤᠨ ᠡᠬᠢᠨ ᠳᠤ᠂ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠪᠠᠷ ᠤᠷᠢᠳᠴᠢᠯᠠᠨ ᠲᠥᠰᠦᠪᠯᠡᠨ ᠡᠯ᠎ᠡ ᠵᠦᠢᠯ ᠤᠨ ᠤᠷᠢᠳᠠᠴᠢ ᠴᠢᠨᠠᠷᠲᠠᠶ ᠭᠠᠷᠳᠠᠮ ᠢ ᠤᠷᠢᠳᠴᠢᠯᠠᠨ ᠭᠦᠢᠴᠡᠳᠬᠡᠵᠦ ᠡᠷᠲᠡᠬᠡᠨ ᠠᠵᠢᠯ ᠢᠶᠠᠨ ᠰᠡᠷᠭᠦᠭᠡᠵᠦ ᠡᠬᠢᠯᠡᠭᠦᠯᠬᠦ ᠪᠠᠷ ᠴᠢᠷᠮᠠᠶᠢᠭᠰᠠᠨ ᠪᠠᠶᠢᠨ᠎ᠠ᠃ ᠭᠠᠵᠠᠷ ᠰᠢᠨᠵᠢᠯᠡᠭᠡ᠂ ᠬᠤᠳᠳᠤᠭ ᠥᠷᠥᠮᠳᠡᠬᠦ᠂ ᠬᠡᠶ ᠲᠤᠷᠰᠢᠬᠤ ᠵᠡᠷᠭᠡ ᠲᠤᠰᠬᠠᠶ ᠮᠡᠷᠭᠡᠵᠢᠯ ᠤᠨ ᠳᠤᠭᠤᠶᠢᠯᠠᠩ ᠵᠢᠴᠢ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠨᠢᠭᠡᠴᠢ  ᠨᠢ ᠲᠥᠷᠥᠯ ᠵᠦᠢᠯ ᠢ ᠡᠬᠢᠯᠡᠭᠦᠯᠬᠦ ᠠᠴᠠ ᠡᠮᠦᠨ᠎ᠡ  ᠪᠠᠴᠢᠮ ᠶᠠᠭᠠᠷᠠᠯᠲᠠᠶ ᠪᠠᠷ ᠪᠡᠯᠡᠳᠬᠡᠯ ᠠᠵᠢᠯ ᠬᠢᠵᠦ ᠦᠢᠯᠡᠳᠪᠦᠷᠢᠯᠡᠯ ᠢᠶᠠᠨ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠡᠭᠦᠨ ᠤ ᠬᠠᠮᠲᠤ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠤᠭᠤᠶᠢᠯᠠᠩ ᠲᠥᠷᠥᠯ ᠵᠦᠢᠯ ᠢ ᠡᠬᠢᠯᠡᠭᠦᠯᠬᠦ ᠬᠤᠭᠤᠴᠠᠭᠠᠨ ᠳᠠᠬᠢ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠳᠬᠠᠨ ᠡᠯ᠎ᠡ ᠵᠦᠢᠯ ᠤᠨ ᠠᠵᠢᠯ ᠤᠨ ᠠᠮᠤᠷ ᠲᠦᠪᠰᠢᠨ ᠢ ᠪᠠᠲᠤᠯᠠᠪᠠ᠃ ᠣᠳᠣᠬᠠᠨ ᠳᠤ 95 ᠥᠷᠥᠮᠳᠡᠬᠦ ᠮᠠᠰᠢᠨ ᠠᠵᠢᠯᠯᠠᠬᠤ ᠳᠤ ᠪᠡᠯᠡᠨ ᠪᠤᠯᠵᠦ᠂ ᠵᠢᠱᠢᠯᠲᠡ ᠪᠠᠷ 2 ᠰᠠᠷ᠎ᠠ ᠶᠢᠨ ᠰᠡᠭᠦᠯᠴᠢ ᠪᠠᠷ ᠪᠤᠢ ᠪᠦᠬᠦᠢ ᠥᠷᠥᠮᠳᠡᠬᠦ ᠮᠠᠰᠢᠨ ᠢ ᠪᠦᠬᠦᠨ ᠢᠶᠠᠷ ᠠᠵᠢᠯᠯᠠᠭᠤᠯᠬᠤ ᠪᠣᠯᠤᠨ᠎ᠠ᠃      ᠰᠣᠪᠤᠷᠭ᠎ᠠ ᠰᠢᠲᠠᠮᠠᠬᠠᠢ ᠬᠡᠢ ᠶᠢᠨ ᠣᠷᠣᠨ ᠪᠦᠰᠡ ᠶᠢᠨ ︽ᠲᠣᠮᠣ ᠲᠥᠷᠥᠯ ᠵᠦᠢᠯ︾ ᠪᠠᠶᠢᠭᠤᠯᠤᠭᠳᠠᠭᠰᠠᠨ ᠠᠴᠠ ᠨᠠᠰᠢ᠂ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠪᠠᠶᠢᠭᠤᠯᠭ᠎ᠠ ᠨᠢᠭᠡᠴᠢ ᠨᠢᠭᠡ ᠴᠣᠭᠴᠠᠵᠢᠭᠰᠠᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ 14 ᠵᠦᠢᠯ ᠤᠨ ᠨᠠᠷᠢᠯᠢᠭ ᠪᠦᠷᠢᠨ ᠲᠥᠬᠦᠷ ᠰᠢᠲᠠᠮᠠᠬᠠᠢ ᠬᠡᠢ ᠶᠢᠨ ᠠᠢ ᠰᠠᠪᠠ ᠶᠢᠨ ᠰᠢᠨ᠎ᠡ ᠮᠡᠷᠭᠡᠵᠢᠯ ᠢ ᠡᠭᠦᠳᠴᠦ ᠥᠨᠳᠥᠷ ᠪᠦᠲᠦᠮᠵᠢᠲᠡᠶ ᠠᠵᠢᠯᠯᠠᠭᠠᠨ ᠤ ᠰᠢᠰᠲ᠋ᠧᠮ ᠢ  ᠪᠦᠷᠢᠯᠳᠦᠭᠦᠯᠦᠨ ᠰᠢᠲᠠᠮᠠᠬᠠᠶ ᠬᠡᠢ ᠶᠢᠨ 3 ᠵᠢᠯ ᠳᠤ 300 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠭᠠᠷᠤᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠪᠠᠷ ᠪᠤᠢ᠃ ᠰᠣᠪᠤᠷᠭ᠎ᠠ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠣᠷᠣᠨ ᠪᠦᠰᠡ ᠥᠷᠭᠡᠨ ᠪᠠᠶᠢᠵᠤ᠂ 5 ᠬᠤᠰᠢᠭᠤ ᠰᠢᠶᠠᠨ ᠢ ᠰᠤᠨᠳᠠᠯᠠᠵᠤ᠂ ᠶᠡᠷᠦᠩᠬᠡᠢ ᠲᠠᠯᠠᠪᠠᠶ ᠨᠢ 4 ᠲᠦᠮᠡᠨ ᠲᠡᠭᠰᠢ ᠳᠥᠷᠪᠡᠯᠵᠢᠨ ᠺᠢᠯᠥᠮᠧᠲᠷ ᠲᠤ ᠬᠦᠷᠴᠦ᠂ 500 ᠰᠢᠬᠠᠮ ᠳᠠᠭᠠᠭᠠᠴᠢᠯᠠᠯᠲᠠ ᠶᠢᠨ ᠬᠤᠳᠠᠯᠳᠤᠭᠠᠴᠢᠨ ᠤ ᠡᠩᠨᠡᠭᠡ ᠶᠢ ᠬᠠᠮᠢᠶᠠᠷᠴᠤ ᠪᠤᠢ᠃ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠪᠣᠯᠤᠨ ᠪᠤᠳᠤᠯᠢᠶᠠᠨᠲᠠᠶ ᠬᠠᠮᠢᠶᠠᠷᠤᠯᠲᠠ ᠶᠢᠨ ᠡᠭᠦᠷᠭᠡ ᠶᠢᠨ ᠡᠮᠦᠨ᠎ᠡ᠂ ᠪᠦᠲᠦᠭᠡᠨ ᠪᠠᠶᠢᠭᠤᠯᠤᠯᠲᠠ ᠶᠢᠨ ᠪᠠᠶᠢᠭᠤᠯᠭ᠎ᠠ ᠨᠢᠭᠡᠴᠢ ᠶᠢᠨ ᠬᠢᠨ ᠬᠠᠷᠠᠯᠲᠠ ᠪᠠᠨ ᠲᠣᠭᠲᠠᠭᠠᠵᠤ  ᠲᠣᠤᠷᠵᠢᠭᠤᠯᠤᠭᠰᠠᠨ ᠬᠠᠮᠢᠶᠠᠷᠤᠯᠲᠠ ᠪᠠᠷ ᠬᠠᠷᠢᠭᠤᠴᠠᠯᠭ᠎ᠠ ᠪᠠᠨ ᠨᠠᠷᠢᠯᠢᠭᠵᠢᠭᠤᠯᠤᠨ ᠰᠣᠳᠣᠨ ᠢᠨᠵᠧᠨᠧᠷᠢᠩ ᠢ ᠪᠦᠳᠦᠭᠡᠨ ᠪᠠᠶᠢᠭᠤᠯᠵᠤ ᠨᠡᠭᠡᠭᠡᠨ ᠬᠥᠭᠵᠢᠭᠦᠯᠬᠦ ᠵᠠᠭᠪᠤᠷ ᠢᠶᠠᠨ ᠲᠠᠰᠤᠷᠠᠯᠲᠠ ᠤᠢᠭᠡᠢ ᠲᠡᠭᠦᠯᠳᠡᠷᠵᠢᠭᠦᠯᠤᠨ ᠴᠢᠯᠠᠭᠤᠨ ᠲᠣᠰᠣᠨ ᠤ ᠠᠭᠤᠷᠬᠠᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ ᠡᠨᠧᠷᠭᠢ ᠶᠢᠨ ᠪᠠᠲᠤᠯᠠᠭ᠎ᠠ ᠬᠢᠭᠡᠳ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠬᠦᠴᠦᠲᠡᠢ ᠠᠬᠢᠭᠤᠯᠤᠭᠰᠠᠭᠠᠷ ᠢᠷᠡᠵᠡᠢ᠃ ᠲᠣᠰ ᠤᠳᠠᠭᠠᠨ ᠤ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠦᠭᠰᠡᠨ ᠨᠢ ᠤᠯᠤᠰ ᠤᠨ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠮᠥᠷᠲᠡᠭᠡᠨ ᠣᠷᠣᠨ ᠪᠦᠰᠡ ᠶᠢᠨ ᠠᠵᠤ ᠠᠬᠤᠶ ᠶᠢᠨ ᠴᠡᠴᠡᠭᠯᠡᠯᠲᠡ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠤᠨ᠎ᠠ᠃
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ