ᠵᠢᠷᠤᠭ᠎ᠠ ᠮᠤᠷᠢᠨ ᠤ ᠵᠢᠭᠰᠠᠭᠠᠯ ᠤᠨ ᠡᠩᠨᠡᠭᠡ ᠦᠯᠵᠡᠶᠢᠳᠤ ᠡᠳᠤᠷ ᠤᠨ ᠪᠠᠶᠠᠷ ᠲᠤ ᠥᠩᠭᠡ ᠨᠡᠮᠡᠷᠢᠯᠡᠯ᠎ᠡ
ᠨᠡᠶᠢᠲᠡᠯᠡᠭᠰᠡᠨ ᠴᠠᠭ᠄
2025/2/13
      ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠳᠤ ᠡᠳᠤᠷ ᠤᠨ ᠪᠠᠶᠠᠷ ᠬᠦᠷᠴᠦ ᠢᠷᠡᠭᠦ ᠪᠠᠷ ᠡᠯ᠎ᠡ ᠭᠠᠵᠠᠷ ᠤᠨ ᠬᠢᠨ ᠠᠳᠠᠯᠢ ᠪᠤᠰᠤ ᠤᠳᠬ᠎ᠠ ᠠᠭᠤᠯᠭ᠎ᠠ ᠲᠠᠢ ᠠᠵᠢᠯᠯᠠᠭ᠎ᠠ ᠪᠠᠷ ᠪᠠᠶᠠᠷ ᠤᠨ ᠡᠳᠤᠷ ᠢᠶᠠᠨ ᠲᠡᠮᠳᠡᠭᠯᠡᠭᠰᠡᠨ ᠪᠠᠶᠢᠨ᠎ᠠ᠃ ᠮᠠᠨ ᠤ ᠬᠤᠰᠢᠭᠤ ᠪᠤᠳᠠᠰ ᠤᠨ ᠪᠤᠰᠤ ᠰᠤᠶᠤᠯ ᠤᠨ ᠥᠪ ᠤᠨ ᠭᠤᠣᠯ ᠰᠡᠳᠤᠪ ᠢᠶᠠᠷ ᠪᠠᠶᠠᠷ ᠤᠨ ᠡᠳᠤᠷ ᠢᠶᠠᠨ ᠲᠡᠮᠳᠡᠭᠡᠯᠡᠵᠤ ᠦᠤᠰᠢᠨ ᠵᠢᠷᠤᠭ᠎ᠠ ᠮᠤᠷᠢᠨ ᠤ ᠵᠢᠭᠰᠠᠭᠠᠯ ᠤᠨ ᠡᠩᠨᠡᠭᠡ ᠦᠵᠡᠭᠴᠢ ᠤᠯᠠᠨ ᠤ ᠠᠩᠬᠠᠷᠤᠯ ᠢ ᠲᠠᠳᠠᠭᠰᠠᠨ ᠪᠠᠶᠢᠨ᠎ᠠ᠃      ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠮᠤᠷᠢᠳᠡᠢ ᠠᠶᠠᠯᠠᠯ ᠤᠨ ︽ᠰᠢᠷᠭ᠎ᠠ ᠮᠣᠷᠢ︾ ᠪᠥᠯᠭᠦᠮ ᠪᠤᠯᠤᠨ ᠦᠤᠰᠢᠨ ᠵᠢᠷᠤᠭ᠎ᠠ ᠮᠣᠷᠢᠨ ᠤ ᠡᠩᠨᠡᠭᠡ ᠪᠠᠷ ᠪᠦᠷᠢᠯᠳᠤᠭ᠍ᠰᠡᠨ ᠵᠢᠭᠰᠠᠭᠠᠯ ᠤᠨ ᠡᠩᠨᠡᠭᠡ ᠭᠤᠣᠯ ᠪᠤᠯᠬᠤ ᠵᠡᠭᠡᠯᠢ ᠪᠠᠷ ᠠᠶᠠᠯᠠᠨ ᠶᠠᠪᠤᠵᠤ ᠤᠯᠠᠨ ᠲᠦᠮᠡᠨ ᠤ ᠠᠩᠬᠠᠷᠤᠯ ᠢ ᠲᠠᠲᠠᠪᠠ᠃      ᠮᠤᠩᠭᠤᠯ ᠮᠣᠷᠢᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠦᠤᠰᠢᠨ ᠠᠳᠤᠭᠤᠨ ᠰᠤᠶᠤᠯ ᠢ ᠤᠯᠠᠮᠵᠢᠯᠠᠬᠤ ᠶᠢᠨ ᠡᠭᠦᠳᠡᠨ ᠠᠴᠠ 68 ᠮᠣᠷᠢ ᠪᠠᠷ ᠪᠦᠷᠢᠯᠳᠤᠭ᠍ᠰᠡᠨ ᠦᠤᠰᠢᠨ ᠵᠢᠷᠤᠭ᠎ᠠ ᠮᠤᠷᠢᠨ ᠤ ᠵᠢᠭᠰᠠᠭᠠᠯ ᠤᠨ ᠡᠩᠨᠡᠭᠡ ᠶᠢ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠦᠤᠰᠢᠨ ᠠᠳᠤᠭᠤᠨ ᠤ ᠬᠦᠴᠦ ᠰᠢᠨᠳᠠᠰᠤ ᠪᠤᠯᠤᠨ ᠤᠶᠠᠭᠠᠴᠢᠳ ᠤᠨ ᠴᠤᠭ ᠵᠤᠯᠪᠤᠭ᠎ᠠ ᠶᠢ ᠬᠠᠷᠠᠭᠤᠯᠵᠤ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠤ ᠡᠳᠤᠷ ᠤᠨ ᠪᠠᠶᠠᠷ ᠲᠤ ᠥᠩᠭᠡ ᠨᠡᠮᠡᠷᠢᠯᠡᠭᠰᠡᠨ ᠪᠠᠶᠢᠨ᠎ᠠ᠃
6e6f486cece4865ae8d7232fbf448e5.jpg
baff7f9a5285ed09028e33d790b7ecb.jpg
                                 ᠰᠤᠷᠪᠤᠯᠵᠢᠯᠠᠭᠴᠢ᠄ ᠪᠤᠶᠠᠨᠳᠤ᠂ ᠪᠠᠶᠠᠷᠳᠤ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ