ᠮᠠᠨ ᠤ ᠬᠤᠰᠢᠭᠤᠨ ᠤ 2025 ᠣᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠤ ᠡᠳᠦᠷ ᠤᠨ ᠪᠠᠶᠠᠷ ᠢ ᠪᠡᠯᠭᠡᠯᠡᠬᠦ ᠦᠳᠡᠰᠢᠯᠡᠭᠡ ᠬᠥᠭᠵᠢᠶᠡᠨᠲᠡᠢ ᠶᠠᠪᠤᠭᠳᠠᠯ᠎ᠠ
ᠨᠡᠶᠢᠲᠡᠯᠡᠭᠰᠡᠨ ᠴᠠᠭ᠄
2025/2/13
      2 ᠰᠠᠷ᠎ᠠ ᠶᠢᠨ 12 ᠤᠨ ᠤᠷᠤᠢ᠂ ᠮᠠᠨ ᠤ ᠬᠤᠰᠢᠭᠤᠨ ᠤ 2025 ᠣᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠤ ᠡᠳᠦᠷ ᠤᠨ ᠪᠠᠶᠠᠷ ᠢ ᠪᠡᠯᠭᠡᠯᠡᠬᠦ ᠦᠳᠡᠰᠢᠯᠡᠭᠡ ᠦᠪᠡᠳᠡᠭᠰᠢ ᠶᠡᠭᠡ ᠪᠠᠷ ᠶᠠᠪᠤᠭᠳᠠᠭᠰᠠᠨ ᠪᠠᠶᠢᠨ᠎ᠠ᠃      ᠴᠠᠭᠠᠨ ᠰᠠᠷ᠎ᠠ ᠶᠢᠨ ᠠᠷᠪᠠᠨ ᠲᠠᠪᠤᠨ ᠤ ᠤᠷᠤᠢ ᠶᠢᠨ 7᠄ 00 ᠴᠠᠭ ᠲᠤ᠂ ᠦᠳᠡᠰᠢᠯᠡᠭᠡ ᠨᠢ ︽ᠴᠠᠭ ᠦᠶ᠎ᠡ ᠶᠢᠨ ᠬᠥᠭ ᠠᠶᠠᠰ︾ ᠭᠡᠬᠦ ᠬᠠᠮᠲᠤ ᠶᠢᠨ ᠪᠥᠵᠢᠭ ᠤᠨ ᠳᠤᠮᠳᠠ ᠡᠬᠢᠯᠡᠪᠡ᠃ ︽ᠵᠢᠷᠦᠬᠡᠨ ᠳᠤ ᠬᠤᠨᠤᠭᠰᠢᠭᠰᠠᠨ ᠰᠢᠷᠬᠤᠰᠤ︾᠂ ︽ᠮᠠᠯᠴᠢᠨ ᠮᠢᠨᠦ ᠵᠢᠷᠭᠠᠯ︾᠂ ︽ᠦᠦᠰᠢᠨ ᠵᠢᠷᠤᠭ᠎ᠠ︾ ᠵᠡᠷᠭᠡ ᠦᠪᠡᠷ ᠤᠨ ᠪᠦᠲᠦᠭᠡᠯ ᠤᠳ ᠨᠢ ᠴᠢᠨᠠᠷ ᠰᠠᠶᠢᠲᠠᠶ ᠬᠥᠭᠵᠢᠯᠲᠡ ᠵᠢᠴᠢ ᠠᠷᠠᠳ ᠤᠨ ᠠᠮᠢᠳᠤᠷᠠᠯ ᠤᠨ ᠵᠣᠯ ᠵᠢᠷᠭᠠᠯᠲᠤ ᠬᠥᠭ ᠠᠶᠠᠰ ᠢ ᠬᠠᠩᠭᠢᠨᠠᠭᠤᠯᠤᠨ ︽ᠶᠦᠩᠷᠦᠩᠬᠤᠸᠠᠷ︾᠂ ︽ᠦᠨᠳᠦᠷ ᠬᠥᠬᠡ ᠮᠣᠷᠢ︾ ᠵᠡᠷᠭᠡ ᠣᠷᠳᠣᠰ ᠠᠷᠠᠳ ᠤᠨ ᠳᠠᠭᠤᠤ ᠨᠤᠭᠤᠳ ᠨᠢ ᠣᠳᠣᠬᠢᠴᠢᠯᠠᠭᠰᠠᠨ ᠲᠣᠭᠯᠠᠯᠲᠠ ᠶᠢᠨ ᠬᠡᠯᠪᠡᠷᠢ ᠪᠠᠷ ᠦᠵᠡᠭᠴᠢᠳ ᠲᠤ ᠪᠣᠳᠠᠰ ᠤᠨ ᠪᠤᠰᠤ ᠰᠣᠶᠣᠯ ᠤᠨ ᠥᠪ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠵᠤ ︽ᠪᠡᠭᠡᠵᠢᠩ ᠤᠨ ᠠᠭᠤᠯᠠᠨ ᠳᠠᠬᠢ ᠠᠯᠲᠠᠨ ᠨᠠᠷᠠ︾ ᠵᠡᠷᠭᠡ ᠰᠣᠩᠭᠤᠳᠠᠭ ᠳᠠᠭᠤᠤ ᠨᠢ ᠪᠥᠬᠦ ᠬᠤᠰᠢᠭᠤᠨ ᠤ ᠠᠷᠠᠳ ᠲᠦᠮᠡᠨ ᠤ ᠦᠷᠭᠦᠯᠵᠢᠯᠡᠨ ︽ᠨᠠᠮ ᠢᠶᠠᠨ ᠳᠠᠭᠠᠵᠤ᠂ ᠨᠠᠮ ᠳᠠᠭᠠᠨ ᠲᠠᠯᠠᠷᠬᠠᠵᠤ᠂ ᠨᠠᠮ ᠢᠶᠠᠨ ᠬᠦᠷᠢᠶᠡᠯᠡᠬᠦ︾ ᠢᠲᠡᠭᠡᠯ ᠵᠣᠷᠢᠭ ᠢ ᠪᠠᠲᠤᠳᠬᠠᠭᠰᠠᠨ ᠪᠠᠶᠢᠨ᠎ᠠ᠃      ᠲᠤᠰ ᠤᠳᠠᠭᠠᠨ ᠤ ᠦᠳᠡᠰᠢᠯᠡᠭᠡ ᠨᠢ ᠦᠦᠰᠢᠨ ᠬᠤᠰᠢᠭᠤᠨ ᠤ ᠭᠦᠨ ᠵᠤᠵᠠᠭᠠᠨ ᠣᠷᠣᠨ ᠨᠤᠲᠤᠭ ᠤᠨ ᠰᠣᠶᠣᠯ ᠤᠨ  ᠠᠭᠤᠯᠤᠭᠲᠠᠬᠤᠨ ᠤ ᠲᠣᠭᠤᠷᠢᠨ ᠳᠤ᠂ 2024 ᠣᠨ ᠤ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ ᠰᠢᠨ᠎ᠡ ᠨᠢᠭᠡ ᠵᠢᠯ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠤᠭ᠎ᠠ ᠬᠦᠴᠦᠨ ᠢ ᠬᠥᠭᠵᠢᠭᠡᠬᠦ  ᠶᠢ ᠵᠣᠷᠢᠭᠰᠠᠨ ᠪᠠᠶᠢᠨ᠎ᠠ᠃ ᠬᠤᠰᠢᠭᠤ ᠤᠯᠠᠭᠠᠨᠮᠥ᠋ᠴᠢᠷ ᠤᠨ ᠲᠣᠭᠯᠠᠭᠴᠢᠳ ᠠᠴᠠ ᠣᠷᠬᠢᠯᠦᠮ᠎ᠠ ᠬᠦᠭᠵᠢᠶᠡᠨᠲᠦ ᠳᠠᠭᠤᠤ ᠪᠥᠵᠢᠭ᠂ ᠣᠮᠤᠭ ᠲᠡᠭᠦᠯᠳᠡᠷ ᠬᠥᠭ ᠠᠶᠠᠰ ᠢᠶᠠᠷ ᠢᠶᠠᠨ ᠰᠢᠨ᠎ᠡ ᠴᠠᠭ ᠦᠶ᠎ᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ 16 ᠲᠦᠮᠡᠨ ᠦᠦᠰᠢᠨ ᠬᠥᠪᠡᠭᠦᠳ ᠥᠬᠢᠳ ᠤᠨ ︽ᠭᠤᠣᠯᠳᠠᠯᠭᠠᠲᠤ ᠣᠷᠣᠨ ᠢ ᠪᠥᠲᠥᠭᠡᠨ ᠪᠠᠶᠢᠭᠤᠯᠵᠤ ᠵᠠᠭᠤᠨ ᠬᠦᠴᠦᠷᠬᠡᠭ ᠰᠢᠶᠠᠨ ᠤ ᠡᠩᠨᠡᠭᠡᠨ ᠳᠤ ᠰᠢᠪᠲᠤᠯᠤᠯᠳᠠ ᠬᠢᠬᠦ︾ ᠬᠥᠭᠵᠢᠯᠲᠡ ᠶᠢᠨ ᠬᠠᠷᠠᠯᠲᠠ ᠶᠢᠨ ᠰᠢᠨ᠎ᠡ ᠲᠦᠷᠢ ᠲᠦᠷᠬᠦ᠂ ᠴᠤᠭ ᠵᠢᠪᠬᠤᠭ᠎ᠠ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃      ᠦᠳᠡᠰᠢᠯᠡᠭᠡ ᠨᠢ ︽ᠰᠢᠷᠬᠤᠰᠤᠨ ᠭᠤᠣᠯ ᠤᠨ ᠬᠥᠪᠡᠭᠡᠨ ᠳᠤ︾ ᠭᠡᠬᠦ ᠮᠣᠷᠢᠨ ᠬᠤᠭᠤᠷ ᠤᠨ ᠨᠠᠶᠢᠷᠠᠯ ᠬᠥᠭᠵᠢᠮ ᠤᠨ ᠳᠤᠮᠳᠠ ᠦᠨᠳᠦᠷᠯᠡᠭᠰᠡᠨ ᠪᠠᠶᠢᠨ᠎ᠠ       ᠲᠣᠭᠯᠠᠯᠲᠠ ᠳᠠᠭᠤᠰᠤᠭᠰᠠᠨ ᠤ ᠳᠠᠷᠠᠭ᠎ᠠ᠂ ᠲᠤᠬᠠᠶ ᠶᠢᠨ ᠲᠠᠯᠠᠪᠤᠷ ᠲᠤ ᠪᠠᠰᠠ ᠵᠢᠯᠣᠭᠤᠴᠢ ᠥᠬᠡᠶ ᠨᠢᠰᠬᠡᠯ ᠤᠨ ᠦᠵᠡᠭᠦᠯᠭᠡ ᠪᠠ ᠬᠤᠸᠠᠷ ᠫᠤᠤᠵᠢᠩ ᠤᠨ ᠲᠣᠭᠯᠠᠯᠲᠠ ᠭᠠᠷᠭᠠᠭᠰᠠᠨ ᠪᠠᠶᠢᠨ᠎ᠠ᠃ 
4.png
5.png
6.png
 
9.png
10.png
0011f64705d7a0ad9ad8fa97e3bce82.jpg
8.png
11.png
                            ᠰᠣᠷᠪᠤᠯᠵᠢᠯᠠᠭᠴᠢ᠄ ᠠᠯᠤᠰ᠂ ᠡᠾᠧ ᠵᠢᠢ ᠶᠦᠨ᠂ ᠢᠦᠢ ᠵᠢᠶᠧ ᠮᠧᠩ᠂ ᠵᠢᠢ ᠫᠧᠩ  
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ