ᠮᠠᠨ ᠤ ᠬᠤᠰᠢᠭᠤ ᠤᠰᠤᠨ ᠵᠢᠷᠤᠭ᠎ᠠ ᠮᠤᠷᠢᠨ ᠤ ᠤᠷᠤᠯᠳᠤᠭᠠᠨ ᠢ ᠡᠷᠬᠢᠯᠡᠪᠡ
ᠨᠡᠶᠢᠲᠡᠯᠡᠭᠰᠡᠨ ᠴᠠᠭ᠄
2025/2/14
      ᠣᠶᠢᠷ᠎ᠠ ᠶᠢᠨ ᠡᠳᠦᠷ᠂ ᠬᠤᠰᠢᠭᠤ ᠪᠡᠶ᠎ᠡ ᠲᠠᠮᠢᠷ ᠤᠨ ᠤᠶᠢᠯᠡᠰ ᠤᠨ ᠬᠦᠭᠵᠢᠭᠦᠯᠤᠯᠲᠡ ᠶᠢᠨ ᠲᠥᠪ ᠪᠤᠯᠤᠨ ᠦᠤᠰᠢᠨ ᠬᠤᠰᠢᠭᠤᠨ ᠤ ᠠᠳᠤᠭᠤᠨ ᠤ ᠠᠵᠤ ᠤᠶᠢᠯᠡᠰ ᠤᠨ ᠨᠡᠶᠢᠭᠡᠮᠯᠢᠭ᠂ ᠦᠤᠰᠢᠨ ᠬᠤᠰᠢᠭᠤᠨ ᠤ ᠦᠨᠳᠡᠭᠡᠨ ᠴᠠᠭᠠᠨ ᠮᠤᠷᠢᠨ ᠨᠡᠶᠢᠬᠡᠮᠯᠢᠭ ᠠᠴᠠ ᠲᠠᠭᠠᠭᠠᠴᠢᠯᠠᠨ ᠡᠷᠬᠢᠯᠡᠭᠰᠡᠨ ᠪᠥᠭᠦ ᠬᠤᠳᠠ ᠶᠢᠨ ᠤᠶᠠᠭᠠᠴᠢᠳ ᠤᠨ ᠤᠷᠤᠯᠴᠠᠯᠭ᠎ᠠ ᠲᠠᠢ ᠵᠢᠷᠤᠭ᠎ᠠ ᠮᠤᠷᠢᠨ ᠤ ᠤᠷᠤᠯᠳᠤᠭᠠᠨ ᠭᠠᠯᠠᠭᠤᠳᠤ ᠪᠠᠯᠭᠠᠰᠤ ᠶᠢᠨ ᠬᠦᠭᠡᠨᠡᠭᠤᠷ ᠭᠠᠴᠠᠭᠠᠨ ᠤ ᠤᠶᠠᠭᠠᠴᠢ ᠬᠦᠰᠡᠯᠳᠤ ᠶᠢᠨ  ᠬᠢᠨ ᠳᠤ ᠶᠠᠪᠤᠭᠳᠠᠭᠰᠠᠨ ᠪᠠᠶᠢᠨ᠎ᠠ᠃       ᠬᠦᠳᠡᠭᠡ ᠨᠣᠳᠤᠭ ᠲᠤ ᠬᠦᠢᠳᠡᠨ ᠰᠡᠯᠬᠢᠨ ᠤ ᠡᠷᠴᠢ ᠨᠠᠮᠳᠠᠭ᠎ᠠ ᠦᠭᠡᠢ ᠪᠠᠶᠢᠭᠰᠠᠨ ᠴᠤ ᠤᠶᠠᠭᠠᠴᠢᠳ ᠮᠠᠨᠢ ᠨᠠᠶᠢᠷ ᠤᠨ ᠬᠠᠯᠠᠭᠤᠨ ᠰᠤᠷᠠᠭ ᠢᠶᠠᠷ ᠲᠦᠷᠪᠡᠨ ᠵᠦᠭ ᠠᠴᠠ ᠲᠦᠷᠥᠭᠡ ᠬᠠᠷᠰᠢᠭᠤᠯᠤᠨ ᠤᠷᠤᠯᠳᠤᠭᠠᠨ ᠤ ᠲᠠᠯᠠᠪᠤᠷ ᠲᠤ ᠬᠦᠷᠦᠯᠴᠡᠨ ᠢᠷᠡᠵᠦ ᠰᠣᠷᠢᠭ᠎ᠠ ᠰᠠᠶᠢᠲᠠᠢ ᠵᠢᠷᠤᠭ᠎ᠠ ᠮᠣᠷᠢᠳ ᠤᠨ ᠢᠶᠠᠨ ᠰᠢᠨᠳᠠᠰᠤ ᠶᠢ ᠰᠤᠷᠢᠬᠤ ᠬᠡᠮᠡᠨ ᠴᠢᠷᠠᠢ ᠲᠦᠭᠦᠷᠡᠩ ᠪᠠᠶᠠᠷ ᠪᠠᠶᠠᠰᠤᠯ ᠲᠤᠳᠤᠷᠠᠨ᠎ᠠ᠃      ᠦᠨᠦᠳᠤᠷ ᠤᠨ ᠤᠷᠤᠯᠳᠤᠭᠠᠨ ᠳᠤ 100 ᠭᠠᠷᠤᠢ ᠤᠶᠠᠭᠠᠴᠢᠳ ᠨᠡᠷ᠎ᠡ ᠪᠠᠨ ᠮᠡᠳᠡᠭᠦᠯᠦᠨ᠂ ᠰᠢᠪᠠᠭ᠎ᠠ ᠪᠠᠨ ᠰᠤᠭᠤᠯᠵᠤ᠂ ᠵᠤᠬᠢᠶᠠᠨ ᠪᠠᠶᠢᠭᠤᠯᠬᠤ ᠲᠠᠯ᠎ᠠ ᠠᠴᠠ ᠤᠷᠤᠯᠳᠤᠭᠠᠨ ᠢ 22 ᠲᠤᠭᠤᠶᠢᠯᠠᠩ ᠬᠤᠪᠢᠶᠠᠨ ᠬᠤᠪᠢ ᠬᠢᠨᠠᠬᠤ ᠬᠡᠯᠪᠡᠷᠢ ᠪᠠᠷ ᠶᠠᠪᠤᠭᠳᠠᠭᠤᠯᠪᠠ᠃      ᠡᠵᠡᠨ ᠬᠤᠷᠤᠭ᠎ᠠ ᠬᠤᠰᠢᠭᠤᠨ ᠤ ᠤᠶᠠᠭᠠᠴᠢ ᠪᠡᠳᠤᠭᠡᠰᠢᠭ᠄ ︽ᠤᠶᠠᠭᠠᠴᠢᠨ ᠬᠦᠮᠦᠠ ᠬᠠᠪᠤᠷ ᠤᠨ ᠰᠤᠷᠢᠭ᠎ᠠ ᠶᠢ ᠲᠦᠢᠯ ᠤᠨ ᠴᠢᠬᠤᠯᠠᠴᠢᠯᠠᠳᠠᠭ᠃ ᠮᠤᠷᠢᠨ ᠳᠤ ᠠᠪᠴᠤ ᠭᠡᠯᠡᠪᠡᠯ ᠬᠠᠪᠤᠷ ᠴᠠᠭ ᠪᠣᠯ ᠰᠤᠳᠠᠯ ᠰᠢᠷᠪᠤᠰᠤ ᠨᠢ ᠴᠢᠩᠭᠠᠷᠠᠵᠤ᠂ ᠬᠦᠶᠦᠳᠡᠯ ᠶᠠᠪᠤᠳᠠᠯ ᠨᠢ ᠲᠡᠭᠰᠢᠷᠡᠭᠦ ᠴᠢᠬᠤᠯᠠ ᠤᠯᠠᠷᠢᠯ ᠪᠣᠯᠬᠤ ᠶᠤᠮ᠃ ᠡᠨᠡ ᠤᠳᠠᠭᠠᠨ ᠤ ᠤᠷᠤᠯᠳᠤᠭᠠᠨ ᠨᠢ ᠬᠠᠪᠤᠷ ᠤᠨ ᠠᠭᠤᠷ ᠤᠷᠤᠭᠰᠠᠨ ᠤ ᠲᠠᠷᠠᠭᠠᠭᠢ ᠬᠠᠮᠤᠭ ᠤᠨ ᠶᠡᠭᠡ ᠬᠡᠪᠴᠢᠶᠡᠨ ᠤ ᠤᠷᠤᠯᠳᠤᠭᠠᠨ ᠪᠠᠶᠢᠵᠤ ᠤᠶᠠᠭᠠᠴᠢᠳ ᠲᠤ ᠮᠤᠷᠢᠨ ᠤ ᠰᠤᠷᠢᠭ᠎ᠠ ᠪᠠᠨ ᠰᠢᠯᠭᠠᠬᠤ ᠰᠠᠶᠢᠬᠠᠨ ᠵᠠᠪᠰᠢᠶᠠᠨ ᠪᠤᠯᠤᠭᠰᠠᠨ ᠪᠠᠶᠢᠨ᠎ᠠ︾ ᠭᠡᠵᠤ ᠪᠠᠶᠢᠯ᠎ᠠ᠃      ᠦᠤᠰᠢᠨ ᠬᠤᠰᠢᠭᠤᠨ ᠤ ᠠᠳᠤᠭᠤᠨ ᠤ ᠠᠵᠤ ᠤᠶᠢᠯᠡᠰ ᠤᠨ ᠨᠡᠶᠢᠭᠡᠮᠯᠢᠭ ᠤᠨ ᠲᠡᠷᠢᠭᠦᠯᠡᠭᠴᠢ ᠮᠢᠴᠢᠳᠳᠤᠷᠵᠢ᠄ ︽ᠲᠤᠰ ᠤᠳᠠᠭᠠᠨ ᠤ ᠤᠷᠤᠯᠳᠤᠭᠠᠨ ᠢᠶᠠᠷ ᠲᠠᠮᠵᠢᠨ ᠤᠶᠠᠭᠠᠴᠢᠳ ᠠᠳᠤᠭᠤ ᠠᠷᠠᠴᠢᠯᠠᠵᠤ ᠳᠤᠳᠤᠮᠳᠠᠬᠤ ᠳᠠᠯ᠎ᠠ ᠪᠠᠷ ᠲᠤᠷᠰᠢᠯᠭ᠎ᠠ ᠰᠤᠷᠭᠠᠮᠵᠢ ᠪᠠᠨ ᠳ᠋ᠦᠩᠨᠡᠵᠦ᠂ ᠲᠡᠳᠡᠨ ᠳᠤ ᠰᠢᠨ᠎ᠡ ᠴᠠᠭ ᠦᠶ᠎ᠡ ᠳᠤ ᠮᠤᠩᠭᠤᠯ ᠠᠳᠤᠭᠤᠨ ᠤ ᠦᠨᠢᠷ ᠦᠰᠤᠯᠳᠠ ᠪᠤᠯᠤᠨ ᠬᠤᠶᠢᠴᠢ ᠦᠶ᠎ᠡ ᠶᠢᠨ ᠬᠢᠨ ᠳᠤ ᠪᠠᠨ ᠠᠳᠤᠭᠤᠨ ᠰᠤᠶᠤᠯ ᠢᠶᠠᠨ ᠤᠶᠢᠯᠠᠭᠠᠭᠤᠯᠵᠤ ᠵᠠᠯᠭᠠᠮᠵᠢᠯᠠᠭᠤᠯᠬᠤ ᠲᠤᠬᠠᠢ ᠰᠠᠨᠠᠯ ᠵᠦᠪᠯᠡᠯᠭᠡ ᠪᠠᠨ ᠴᠢᠯᠥᠭᠡᠳᠡᠢ ᠰᠤᠯᠢᠯᠴᠠᠬᠤ ᠲᠠᠪᠴᠠᠩ ᠬᠠᠩᠭᠠᠭᠰᠠᠨ ᠤ ᠬᠠᠮᠳᠤ ᠦᠤᠰᠢᠨ ᠠᠳᠤᠭᠤᠨ ᠤ ᠬᠦᠭᠵᠢᠯᠳᠡ ᠳᠤ ᠲᠦᠯᠬᠢᠴᠡ ᠤᠶᠢᠯᠡᠳᠤᠯ ᠦᠵᠡᠭᠦᠯᠦᠭᠰᠡᠨ ᠪᠠᠶᠢᠨ᠎ᠠ︾ ᠬᠡᠮᠡᠨ ᠶᠠᠷᠢᠵᠤ ᠪᠠᠶᠢᠯ᠎ᠠ᠃
1.jpg
3.jpg
4.jpg
5.jpg
6.jpg
7.jpg
                                           ᠰᠤᠷᠪᠤᠯᠵᠢᠯᠠᠭᠴᠢ᠄ ᠪᠤᠶᠠᠨᠳᠤ᠂ ᠰᠤᠯᠤᠩᠭ᠎ᠠ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ