︽ᠠᠶᠠᠯᠭᠤᠲᠤ ᠵᠢᠭᠤᠯᠴᠢᠯᠠᠯ ᠥᠪᠥᠷ ᠮᠣᠩᠭᠤᠯ  ᠪᠦᠬᠦ ᠠᠷᠠᠳ ᠤᠨ ᠠᠶ᠎ᠠ ᠳᠠᠭᠤᠨ ᠤ ᠤᠷᠤᠯᠳᠤᠭᠠᠨ︾ ᠠᠮᠵᠢᠯᠲᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2025/2/14
      2 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤ ᠰᠤᠶᠤᠯ ᠪᠠ ᠵᠢᠭᠤᠯᠴᠢᠯᠠᠯ ᠤᠨ ᠳᠤᠪᠴᠢᠶ᠎ᠠ  ᠠᠴᠠ ᠭᠤᠤᠯᠯᠠᠨ ᠡᠷᠬᠢᠯᠡᠵᠦ᠂ ᠬᠤᠰᠢᠭᠤ ᠰᠤᠶᠤᠯ ᠤᠨ ᠤᠷᠳᠤᠨ ᠠᠴᠠ ᠳᠠᠭᠠᠭᠠᠴᠢᠯᠠᠨ ᠬᠢᠭᠰᠡᠨ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ   ᠪᠦᠬᠦ ᠠᠷᠠᠳ ᠤᠨ ᠠᠶ᠎ᠠ ᠳᠠᠭᠤᠨ ᠤ ᠤᠷᠤᠯᠳᠤᠭᠠᠨ︾ ᠤ ᠰᠢᠢᠳᠪᠦᠷᠢᠲᠦ ᠤᠷᠤᠯᠳᠤᠭᠠᠨ ᠦᠦᠰᠢᠨ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠠᠮᠵᠢᠯᠲᠠ ᠲᠠᠢ ᠶᠠᠪᠤᠭᠳᠠᠭᠰᠠᠨ ᠪᠠᠶᠢᠨ᠎ᠠ᠃      ᠤᠷᠤᠯᠳᠤᠭᠠᠨ ᠤ 16 ᠤᠷᠤᠯᠴᠠᠭᠴᠢ ᠡᠬᠡ ᠤᠯᠤᠰ᠂ ᠨᠠᠮ ᠵᠠᠰᠠᠭ᠂  ᠨᠤᠲᠤᠭ ᠢᠶᠠᠨ ᠬᠠᠶᠢᠷᠠᠯᠠᠬᠤ ᠰᠡᠳᠬᠢᠯᠭᠡ ᠵᠢᠴᠢ  ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠮᠥᠷᠥᠭᠡᠳᠦᠯ ᠢᠶᠠᠨ ᠠᠶᠠᠯᠭᠤ ᠳᠠᠭᠤᠨ ᠳᠤ ᠪᠠᠨ ᠰᠢᠩᠭᠡᠭᠡᠵᠦ᠂ ᠠᠬᠤᠶ ᠲᠠᠯᠠᠪᠠᠶ ᠶᠢ ᠬᠥᠷ ᠬᠥᠭᠵᠢᠶᠡᠨ ᠢᠶᠠᠷ ᠪᠢᠯᠬᠠᠭᠤᠯᠵᠤ᠂ ᠦᠦᠰᠢᠨ ᠬᠤᠰᠢᠭᠤᠨ ᠤ ᠥᠯᠵᠡᠶᠢᠲᠦ ᠡᠳᠦᠷ ᠤᠨ ᠪᠠᠶᠠᠷ ᠲᠤ ᠢᠷᠠᠭᠤ ᠰᠠᠶᠢᠬᠠᠨ ᠥᠩᠭᠡ ᠪᠤᠳᠤᠭ ᠨᠡᠮᠡᠷᠢᠯᠡᠭᠰᠡᠨ ᠪᠠᠶᠢᠨ᠎ᠠ᠃
1.jpg
3.jpg
4.jpg
5.jpg
 
7.jpg
                                       ᠰᠣᠷᠪᠤᠯᠵᠢᠯᠠᠭᠴᠢ᠄ ᠲᠠᠸᠠᠩᠨᠤᠷᠪᠤ᠂ ᠡᠷᠬᠡᠰ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ