ᠬᠤᠯᠪᠣᠭᠠᠯᠵᠢ ᠲᠣᠰᠬᠤᠨ ᠰᠤᠯᠠ ᠪᠠᠶᠢᠭ᠎ᠠ ᠰᠤᠷᠭᠠᠭᠤᠯᠢ ᠶᠢᠨ ᠭᠡᠷ ᠪᠠᠶᠢᠰᠢᠩ ᠢ ︽ᠨᠠᠰᠤᠲᠠᠨ ᠢ ᠠᠰᠠᠷᠠᠬᠤ ᠵᠢᠵᠢᠭ ᠬᠦᠷᠢᠶᠡᠯᠡᠩ︾ ᠪᠤᠯᠭᠠᠯ᠎ᠠ
ᠨᠡᠶᠢᠲᠡᠯᠡᠭᠰᠡᠨ ᠴᠠᠭ᠄
2025/2/21
      ᠦᠤᠰᠢᠨᠵᠤᠤ ᠪᠠᠯᠭᠠᠰᠤᠨ ᠤ ᠬᠤᠯᠪᠣᠭᠠᠯᠵᠢ ᠲᠣᠰᠬᠤᠨ ᠰᠤᠯᠠ ᠪᠠᠶᠢᠭ᠎ᠠ ᠰᠤᠷᠭᠠᠭᠤᠯᠢ ᠶᠢᠨ ᠭᠡᠷ ᠪᠠᠶᠢᠰᠢᠩ ᠢ ︽ᠨᠠᠰᠤᠲᠠᠨ ᠢ ᠠᠰᠠᠷᠠᠬᠤ ᠵᠢᠵᠢᠭ ᠬᠦᠷᠢᠶᠡᠯᠡᠩ︾ ᠪᠤᠯᠭᠠᠵᠤ ︽ᠨᠠᠰᠤᠲᠠᠨ ᠢ ᠠᠰᠠᠷᠠᠬᠤ ᠶᠢ ᠲᠣᠰᠬᠤᠨ ᠠᠴᠠ ᠨᠢ ᠰᠠᠯᠭᠠᠬᠤ ᠦᠭᠡᠢ︾ ᠪᠠᠶᠢᠬᠤ ᠶᠢ ᠪᠡᠶᠡᠯᠡᠭᠦᠯᠦᠭᠰᠡᠨ ᠪᠠᠶᠢᠨ᠎ᠠ᠃      ᠦᠳᠡ ᠪᠣᠯᠬᠤ ᠥᠶᠠᠰ ᠢᠶᠠᠷ ᠦᠥᠰᠢᠨᠵᠤᠤ ᠪᠠᠯᠭᠠᠰᠤᠨ ᠤ ᠬᠤᠯᠪᠤᠭᠠᠯᠵᠢ ᠲᠤᠰᠬᠤᠨ ᠤ ᠴᠢᠤᠸᠠᠨ ᠰᠢᠶᠠᠩ  ᠨᠠᠰᠤᠲᠠᠨ ᠢ ᠠᠰᠠᠷᠠᠬᠤ ᠦᠢᠯᠡᠴᠢᠯᠡᠭᠡᠨ ᠤ ᠦᠷᠲᠡᠭᠡ ᠶᠢᠨ ᠬᠤᠭᠤᠯᠠᠨ ᠭᠡᠷ ᠲᠤ ᠨᠠᠰᠤᠲᠠᠶᠢᠴᠤᠳ ᠬᠤᠭᠤᠯᠠ ᠢᠳᠡᠬᠦ ᠪᠠᠷ ᠢᠷᠡᠵᠡᠭᠡᠯ᠎ᠡ᠃ ᠲᠡᠳᠡ ᠦᠳᠡ ᠶᠢᠨ ᠬᠤᠭᠤᠯᠠ ᠪᠠᠨ ᠠᠳᠡ ᠢᠳᠡᠵᠦ᠂ ᠬᠠᠮᠲᠤᠪᠡᠷ ᠵᠤᠭᠤᠭᠳᠠᠳᠠᠭ ᠪᠤᠯᠬᠤᠷ ᠴᠢᠷᠠᠢ ᠳᠤᠨᠢ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ ᠪᠠᠶᠢᠯ᠎ᠠ᠃ ᠨᠠᠰᠤᠲᠠᠶᠢᠴᠤᠳ ᠤᠨ ᠡᠳᠦᠷ ᠲᠤᠲᠤᠮ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ ᠨᠠᠰᠤᠳᠠᠨ ᠢ ᠠᠰᠠᠷᠠᠬᠤ ᠦᠢᠯᠡᠴᠢᠯᠡᠭᠡᠨ ᠤ ᠥᠷᠲᠡᠭᠡ ᠨᠢ ᠪᠡᠶ᠎ᠡ ᠴᠢᠭᠢᠷᠠᠭᠵᠢᠭᠤᠯᠬᠤ ᠲᠦᠬᠦᠭᠡᠷᠦᠮᠵᠢ ᠶᠢ ᠲᠣᠬᠢᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠰᠢᠲᠠᠷ᠎ᠠ ᠶᠢᠨ ᠲᠠᠰᠤᠭ᠂ ᠰᠡᠯᠡᠭᠦᠴᠡᠯ ᠤᠨ ᠲᠠᠰᠤᠭ ᠵᠡᠷᠭᠡ ᠴᠢᠳᠠᠮᠵᠢ ᠶᠢᠨ ᠦᠷᠦᠭᠡ ᠶᠢ ᠭᠠᠷᠭᠠᠨ ᠰᠤᠯᠠ ᠰᠡᠯᠡᠭᠦᠦ ᠴᠠᠭ ᠢᠶᠠᠷ ᠲᠡᠳᠡᠨ ᠤ ᠪᠡᠶ᠎ᠡ ᠴᠢᠭᠢᠷᠠᠭᠵᠢᠭᠤᠯᠬᠤ᠂ ᠰᠡᠯᠡᠭᠦᠴᠡᠨ ᠶᠠᠷᠢᠯᠴᠠᠬᠤ ᠳᠤ ᠳᠦᠭᠦᠮ ᠲᠥᠳᠡ ᠳᠠᠪᠴᠠᠩ ᠢ ᠬᠠᠩᠭᠠᠭᠰᠠᠨ ᠪᠠᠶᠢᠨ᠎ᠠ᠃      ᠬᠤᠯᠪᠤᠭᠠᠯᠵᠢ ᠲᠣᠰᠬᠤᠨ ᠤ ᠴᠢᠤᠸᠠᠨ ᠰᠢᠶᠠᠩ ᠨᠠᠰᠤᠲᠠᠨ ᠢ ᠠᠰᠠᠷᠠᠬᠤ ᠦᠢᠯᠡᠴᠢᠯᠡᠭᠡᠨ ᠤ ᠦᠷᠲᠡᠭᠡ ᠨᠢ ᠰᠤᠯᠠ ᠪᠠᠶᠢᠭ᠎ᠠ ᠰᠤᠷᠭᠠᠭᠤᠯᠢ ᠶᠢᠨ ᠪᠠᠶᠢᠷᠢ ᠶᠢ ᠦᠭᠡᠷᠡᠴᠢᠯᠡᠨ ᠪᠠᠶᠢᠭᠤᠯᠵᠤ᠂ ᠨᠠᠶᠢᠳᠠ 100 ᠭᠠᠷᠤᠶ ᠲᠦᠮᠡᠨ ᠲᠥᠭᠦᠷᠢᠭ ᠤᠨ ᠪᠡᠯᠡ ᠮᠥᠩᠭᠦ ᠵᠠᠷᠤᠴᠠᠭᠤᠯᠤᠨ 12 ᠲᠠᠰᠤᠯᠭ᠎ᠠ ᠦᠷᠦᠭᠡ ᠭᠠᠷᠭᠠᠨ᠂ 22 ᠨᠠᠰᠤᠳᠠᠨ ᠢ ᠠᠰᠠᠷᠠᠬᠤ ᠬᠡᠷᠡᠭᠴᠡᠭᠡ ᠶᠢ   ᠪᠠᠳᠤᠯᠠᠭᠰᠠᠨ ᠪᠥᠭᠡᠳ ᠠᠳᠠ ᠪᠠᠶᠢᠭ᠎ᠠ ᠬᠤᠭᠤᠯᠠᠨ ᠬᠡᠷ ᠨᠢ ᠪᠠᠰᠠ ᠪᠥᠬᠦ ᠲᠣᠰᠬᠤᠨ ᠤ ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠬᠤᠭᠤᠯᠠ ᠬᠦᠷᠭᠡᠬᠦ ᠦᠢᠯᠡᠴᠢᠯᠡᠭᠡ ᠬᠠᠩᠭᠠᠳᠠᠭ ᠪᠠᠶᠢᠨ᠎ᠠ᠃         ᠡᠭᠦᠨ ᠠᠴᠠ ᠭᠠᠳᠠᠨ᠎ᠠ ᠬᠤᠯᠪᠤᠭᠠᠯᠵᠢ ᠲᠤᠰᠬᠤᠨ ᠤ ᠴᠢᠤᠸᠠᠨ ᠰᠢᠶᠠᠩ ᠨᠠᠰᠤᠲᠠᠨ ᠢ ᠠᠰᠠᠷᠠᠬᠤ ᠦᠢᠯᠡᠴᠢᠯᠡᠭᠡᠨ ᠤ ᠦᠷᠲᠡᠭᠡ ᠪᠠᠰᠠ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠮᠵᠢᠯᠴᠠᠬᠤ᠂ ᠬᠠᠪᠰᠤᠷᠤᠨ ᠲᠡᠳᠬᠦᠬᠦ ᠪᠠ ᠰᠠᠶᠢᠨ ᠳᠤᠷ᠎ᠠ  ᠠᠴᠠ ᠪᠠᠨ ᠥᠢᠯᠡᠴᠢᠯᠠᠭᠦ ᠶᠢ ᠢᠳᠡᠪᠬᠢᠲᠡᠶ ᠰᠠᠨᠠᠭᠠᠴᠢᠯᠠᠵᠤ ︽ᠨᠠᠰᠤᠲᠠᠨ ᠢ ᠠᠰᠠᠷᠠᠬᠤ ᠵᠢᠵᠢᠭ ᠬᠦᠷᠢᠶᠡᠯᠡᠩ︾ ᠢ ᠨᠠᠰᠤᠲᠠᠶᠢᠴᠤᠳ ᠤᠨ ︽ᠥᠲᠡᠯᠪᠡᠯ ᠠᠰᠠᠷᠠᠮᠵᠢ ᠲᠠᠢ᠂ ᠥᠲᠡᠯᠪᠡᠯ ᠲᠦᠰᠢᠭ ᠲᠤᠯᠭᠠᠭᠤᠷᠢ ᠲᠠᠢ᠂ ᠥᠲᠡᠯᠪᠡᠯ ᠪᠠᠶᠠᠷ ᠴᠡᠩᠭᠡᠯ ᠲᠠᠢ︾  ᠪᠠᠶᠢᠬᠤ ᠰᠠᠶᠢᠨ ᠲᠠᠯᠠᠪᠤᠷ ᠪᠣᠯᠭᠠᠭᠰᠠᠨ ᠪᠠᠶᠢᠨ᠎ᠠ᠃                            ᠰᠤᠷᠪᠤᠯᠵᠢᠯᠠᠭᠴᠢ᠄ ᠠᠯᠤᠰ  ᠸᠠᠩ ᠴᠢ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ