ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ | ᠶᠡᠷᠦᠩᠬᠡᠶ ᠰᠠᠶᠢᠳ ᠯᠢ ᠴᠢᠶᠠᠩ 2 ᠳ᠋ᠤᠭᠠᠷ ᠰᠠᠷ᠎ᠠ ᠶᠢᠨ 21 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠬᠢᠯᠡᠨ | ᠬᠤᠷᠠᠯᠳᠤᠭᠤᠯᠵᠤ᠂ ᠦᠢᠯᠡᠴᠢᠯᠡᠭᠡᠨ ᠤ ᠠᠷᠠᠯᠵᠢᠶ᠎ᠠ ᠪᠠ ᠦᠢᠯᠡᠴᠢᠯᠡᠭᠡᠨ ᠤ ᠬᠡᠷᠡᠭᠯᠡᠭᠡ ᠶᠢᠨ ᠬᠤᠯᠪᠣᠭᠳᠠᠯ ᠪᠦᠬᠦᠢ ᠠᠵᠢᠯ ᠢ ᠰᠤᠳᠤᠯᠵᠤ᠂ ︽ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠬᠥᠳᠡᠯᠭᠡᠭᠴᠢ ᠬᠦᠴᠦᠨ ᠤ ᠴᠡᠨᠡᠭ ᠢ ᠡᠭᠡᠭᠦᠯᠦᠨ ᠠᠪᠴᠤ ᠠᠰᠢᠭᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠠᠵᠢᠯᠯᠠᠭᠠᠨ ᠤ | ᠲᠥᠰᠦᠯ︾ ᠢ ᠬᠢᠨᠠᠨ ᠵᠥᠪᠯᠡᠵᠦ ᠪᠠᠲᠤᠯᠠᠭᠰᠠᠨ ᠮᠥᠷᠲᠡᠭᠡᠨ᠂ 2024 ᠣᠨ ᠳᠠᠬᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠳ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠦᠢᠯᠡᠴᠢᠯᠡᠭᠡᠨ ᠤ ᠠᠷᠠᠯᠵᠢᠶ᠎ᠠ ᠪᠠ ᠦᠢᠯᠡᠴᠢᠯᠡᠭᠡᠨ ᠤ ᠬᠡᠷᠡᠭᠯᠡᠭᠡ ᠶᠢ ᠬᠥᠭᠵᠢᠭᠦᠯᠬᠦ ᠪᠣᠯ ᠭᠠᠳᠠᠭᠠᠳᠤ | ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢᠨ ᠴᠢᠬᠤᠯᠠ ᠭᠠᠷᠳᠠᠴᠠ ᠮᠥᠨ᠃ ᠰᠢᠨ᠎ᠡ ᠶᠢ ᠡᠭᠦᠳᠦᠨ ᠬᠦᠴᠦᠯᠡᠵᠦ | ᠪᠠᠶᠢᠭᠠᠳ ᠦᠢᠯᠡᠴᠢᠯᠡᠭᠡᠨ ᠤ ᠠᠷᠠᠯᠵᠢᠶ᠎ᠠ ᠪᠠᠨ ᠳᠡᠭᠡᠭᠰᠢᠯᠡᠭᠦᠯᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶᠠᠨ ᠤ ᠲᠠᠯ᠎ᠠ ᠪᠠᠷ ᠬᠢ ᠬᠤᠷᠢᠭᠠᠲᠠᠢ | ᠵᠦᠢᠯ ᠤᠨ ᠨᠠᠷᠢᠨ ᠲᠠᠩᠰᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠲᠦᠷᠢᠮ ᠯᠦᠭᠡ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠠᠬᠢᠯᠭᠠᠨ ᠬᠤᠯᠪᠣᠭ᠎ᠠ᠂ ᠰᠤᠷᠭᠠᠨ ᠬᠥᠮᠦᠵᠢᠯ᠂ ᠰᠣᠶᠣᠯ᠂ ᠡᠮ ᠡᠮᠨᠡᠯᠭᠡ᠂ ᠮᠥᠩᠭᠦᠨ ᠭᠦᠢᠯᠭᠡᠭᠡ ᠵᠡᠷᠭᠡ | ᠬᠦᠷᠢᠶᠡᠨ ᠳᠤ ᠨᠢᠭᠡ ᠪᠦᠯᠦᠭ ᠰᠢᠨ᠎ᠡ ᠪᠠᠷ ᠨᠡᠭᠡᠭᠡᠯᠲᠡ ᠬᠢᠬᠦ ᠠᠷᠭ᠎ᠠ ᠬᠡᠮᠵᠢᠶ᠎ᠡ ᠶᠢ ᠰᠤᠳᠤᠯᠤᠨ ᠭᠠᠷᠭᠠᠨ᠎ᠠ᠃ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢ | ᠢᠳᠡᠪᠬᠢᠲᠡᠶ ᠠᠬᠢᠭᠤᠯᠵᠤ᠂ ᠮᠠᠨ ᠤ ᠤᠯᠤᠰ ᠤᠨ ᠦᠢᠯᠡᠴᠢᠯᠡᠭᠡᠨ ᠤ ᠠᠵᠤ ᠠᠬᠤᠶᠢᠯᠠᠯ ᠤᠳ ᠤᠨ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠪᠠ | ᠳᠡᠯᠡᠬᠡᠶᠢᠴᠢᠯᠡᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠢᠯᠡᠴᠢᠯᠡᠭᠡᠨ ᠤ ᠠᠷᠠᠯᠵᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠨᠡᠭᠡᠭᠡᠯᠳᠡ ᠶᠢᠨ | ᠲᠠᠪᠴᠠᠩ ᠨᠤᠭᠤᠳ ᠢ ᠪᠠᠶᠢᠭᠤᠯᠵᠤ᠂ ᠦᠢᠯᠡᠴᠢᠯᠡᠭᠡᠨ ᠤ ᠠᠷᠠᠯᠵᠢᠶ᠎ᠠ᠂ ᠳ᠋ᠢᠭᠢᠲ ᠠᠷᠠᠯᠵᠢᠶᠠᠨ ᠤ ᠤᠯᠠᠨ ᠲᠠᠯᠠᠲᠤ ᠬᠤᠶᠠᠷ ᠲᠠᠯᠠᠲᠤ ᠪᠠ ᠣᠷᠣᠨ ᠪᠦᠰᠡ ᠶᠢᠨ | ᠬᠠᠮᠲᠤᠷᠠᠯᠴᠠᠭ᠎ᠠ ᠶᠢ ᠥᠷᠭᠡᠳᠬᠡᠨ᠎ᠡ᠃ ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠢᠯᠡᠴᠢᠯᠡᠭᠡᠨ ᠤ ᠬᠡᠷᠡᠭᠯᠡᠭᠡ ᠶᠢᠨ | ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠠᠷᠠᠳ ᠲᠤ ᠠᠰᠢᠭ ᠬᠦᠷᠲᠡᠭᠡᠬᠦ ᠠᠵᠢᠯᠯᠠᠭᠠᠨ ᠢ ᠬᠡᠷᠡᠭᠵᠢᠭᠦᠯᠵᠦ᠂ ᠦᠢᠯᠡᠴᠢᠯᠡᠭᠡᠨ ᠤ ᠬᠡᠷᠡᠭᠯᠡᠭᠡ ᠶᠢᠨ ᠣᠷᠴᠢᠨ | ᠪᠠᠶᠢᠳᠠᠯ ᠤᠨ ᠰᠢᠨ᠎ᠡ ᠶᠢ ᠡᠭᠦᠳᠬᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠬᠤ᠂ ᠠᠵᠤ ᠦᠢᠯᠡᠰ ᠤᠨ ᠲᠥᠪᠯᠡᠷᠡᠬᠦ ᠶᠢ ᠳᠡᠮᠵᠢᠵᠦ᠂ ᠰᠣᠶᠣᠯ | ᠵᠢᠭᠤᠯᠴᠢᠯᠠᠯ᠂ ᠬᠤᠭᠤᠯᠠ ᠤᠮᠳᠠ ᠬᠤᠨᠣᠭᠯᠠᠵᠤ ᠪᠠᠭᠤᠳᠠᠯᠯᠠᠬᠤ᠂ ᠨᠠᠰᠤᠵᠢᠯ ᠤᠨ ᠠᠰᠠᠷᠠᠮᠵᠢ ᠨᠠᠶᠢᠳᠠᠨ ᠰᠠᠭᠠᠲᠠᠭᠤᠯᠬᠤ᠂ ᠳ᠋ᠢᠭᠢᠲ ᠬᠡᠷᠡᠭᠯᠡᠭᠡ ᠵᠡᠷᠭᠡ | ᠬᠦᠷᠢᠶᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ︽ᠭᠠᠳᠠᠭᠠᠳᠤ ᠳᠤ ᠨᠡᠭᠡᠭᠡᠯᠲᠡ ᠬᠢᠬᠦ︾᠂ ︽ᠳᠣᠲᠣᠭᠠᠳᠤ ᠳᠤ ᠪᠠᠨ ᠴᠢᠯᠦᠭᠡᠲᠡᠢ ᠪᠠᠶᠢᠯᠭᠠᠬᠤ︾ | ᠠᠷᠭ᠎ᠠ ᠪᠠᠷ ᠡᠳ᠋ ᠤᠨ ᠵᠠᠰᠠᠭ᠂ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ ᠵᠡᠷᠭᠡ ᠶᠢᠨ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠵᠠᠬ᠎ᠠ | ᠳᠡᠯᠭᠡᠭᠦᠷ ᠤᠨ ᠬᠦᠴᠦᠨ ᠢ ᠭᠦᠢᠴᠡᠳ ᠠᠰᠢᠭᠯᠠᠨ᠂ ᠴᠢᠨᠠᠷ ᠰᠠᠶᠢᠲᠠᠶ ᠦᠢᠯᠡᠴᠢᠯᠡᠭᠡᠨ ᠤ ᠬᠠᠩᠭᠠᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ ᠪᠠᠶᠢᠭᠠᠳ | ᠤᠯᠠᠨ ᠲᠦᠮᠡᠨ ᠤ ᠤᠯᠠᠨ ᠶᠠᠩᠵᠤᠴᠢᠯᠠᠭᠰᠠᠨ ᠦᠢᠯᠡᠴᠢᠯᠡᠭᠡᠨ ᠤ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠬᠠᠩᠭᠠᠨ᠎ᠠ᠃ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠳᠡᠯᠭᠡᠭᠴᠢ ᠬᠦᠴᠦᠨ ᠤ ᠴᠡᠨᠡᠭ | ᠣᠳᠣᠬᠠᠨ ᠳᠤ ᠬᠡᠷᠡᠭᠴᠡᠭᠡ ᠠᠴᠠ ᠭᠠᠷᠬᠤ ᠬᠡᠪᠴᠢᠶᠡᠵᠢᠭᠰᠡᠨ ᠱᠠᠲᠤᠨ ᠳᠤ ᠣᠷᠣᠵᠤ᠂ ᠬᠥᠳᠡᠯᠭᠡᠭᠴᠢ ᠬᠦᠴᠦᠨ ᠤ ᠴᠡᠨᠡᠭ ᠢ ᠡᠭᠡᠭᠦᠯᠦᠨ ᠠᠪᠴᠤ ᠠᠰᠢᠭᠯᠠᠬᠤ | ᠴᠢᠳᠠᠪᠤᠷᠢ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠠᠪᠤᠳᠠᠯ ᠮᠠᠰᠢ ᠴᠢᠬᠤᠯᠠ ᠪᠣᠯᠪᠠ᠃ ᠪᠦᠬᠦ ᠬᠡᠯᠬᠢᠶᠡᠨ ᠤ ᠬᠠᠮᠢᠶᠠᠷᠤᠯᠲᠠ ᠶᠢ | ᠴᠢᠩᠭᠠᠳᠬᠠᠵᠤ᠂ ᠲᠦᠭᠵᠢᠷᠡᠯ ᠬᠠᠰᠢᠭᠳᠠᠯ ᠢ ᠬᠦᠴᠦᠯᠡᠨ ᠨᠡᠪᠲᠡᠷᠡᠭᠦᠯᠵᠦ᠂ ᠵᠢᠷᠤᠮᠵᠢᠭᠤᠨ᠂ ᠠᠮᠤᠷ ᠲᠦᠪᠰᠢᠨ᠂ ᠥᠨᠳᠥᠷ ᠪᠦᠲᠦᠮᠵᠢᠲᠡᠢ ᠡᠭᠡᠭᠦᠯᠦᠨ ᠠᠪᠴᠤ | ᠠᠰᠢᠭᠯᠠᠬᠤ ᠲᠣᠭᠲᠠᠯᠴᠠᠭ᠎ᠠ ᠶᠢ ᠪᠠᠶᠢᠭᠤᠯᠵᠤ᠂ ᠳ᠋ᠢᠭᠢᠳ᠋ᠴᠢᠯᠡᠭᠰᠡᠨ ᠮᠡᠷᠭᠡᠵᠢᠯ ᠢ ᠬᠡᠷᠡᠭᠯᠡᠨ ᠬᠥᠳᠡᠯᠭᠡᠭᠴᠢ ᠬᠦᠴᠦᠨ ᠤ ᠴᠡᠨᠡᠭ ᠤᠨ ᠪᠦᠬᠦ ᠬᠡᠷᠡᠭᠯᠡᠭᠡᠨ ᠤ | ᠦᠶᠡᠯᠡᠯ ᠤᠨ ᠬᠤᠭᠤᠴᠠᠭᠠᠨ ᠳᠠᠬᠢ ᠭᠦᠢᠯᠭᠡᠭᠡᠨ ᠢ ᠬᠢᠨᠠᠨ ᠰᠢᠨᠵᠢᠬᠦ ᠶᠢ ᠨᠢ ᠴᠢᠩᠭᠠᠳᠬᠠᠵᠤ᠂ ᠦᠢᠯᠡᠳᠪᠦᠷᠢᠯᠡᠬᠦ᠂ ᠪᠣᠷᠣᠯᠠᠭᠤᠯᠬᠤ᠂ ᠵᠠᠳᠠᠯᠬᠤ᠂ ᠠᠰᠢᠭᠯᠠᠬᠤ ᠶᠢ | ᠪᠦᠬᠦ ᠶᠠᠪᠤᠴᠠ ᠳᠤ ᠨᠢ ᠮᠥᠷᠳᠡᠨ ᠤᠬᠤᠴᠢᠯᠠᠬᠤ ᠶᠢ ᠪᠡᠶᠡᠯᠡᠭᠦᠯᠦᠨ᠎ᠡ᠃ ᠬᠠᠤᠯᠢᠵᠢᠯ ᠤᠨ ᠠᠷᠭ᠎ᠠ ᠪᠠᠷᠢᠯ ᠢ ᠬᠡᠷᠡᠭᠯᠡᠨ ᠡᠭᠡᠭᠦᠯᠦᠨ ᠠᠪᠴᠤ ᠠᠰᠢᠭᠯᠠᠬᠤ ᠶᠢ | ᠵᠢᠷᠤᠮᠵᠢᠭᠤᠯᠵᠤ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠨ᠎ᠠ᠃ ᠬᠥᠳᠡᠯᠭᠡᠭᠴᠢ ᠬᠦᠴᠦᠨ ᠤ ᠴᠡᠨᠡᠭ ᠤᠨ ᠪᠣᠬᠢᠷᠲᠤᠯ ᠦᠭᠡᠢ ᠵᠢᠷᠤᠭᠯᠠᠬᠤ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ | ᠲᠣᠭᠠᠴᠠᠭᠠᠯᠠᠬᠤ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠶᠢ ᠲᠦᠷᠭᠡᠬᠡᠨ ᠲᠣᠭᠲᠠᠭᠠᠵᠤ ᠵᠠᠰᠠᠪᠤᠷᠢ ᠣᠷᠣᠭᠤᠯᠤᠨ᠂ ᠪᠠᠷᠢᠮᠵᠢᠶ᠎ᠠ ᠪᠠᠷ ᠬᠦᠳᠦᠯᠦᠨ ᠳᠠᠭᠠᠭᠤᠯᠵᠤ | ᠪᠠᠶᠢᠭᠠᠳ ᠡᠭᠡᠭᠦᠯᠦᠨ ᠠᠪᠴᠤ ᠠᠰᠢᠭᠯᠠᠬᠤ ᠶᠢ ᠳᠠᠶᠢᠴᠢᠯᠠᠨ᠎ᠠ᠃ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ | ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠠᠶᠢᠲᠤᠷ ᠭᠦᠢᠴᠡᠳᠬᠡᠬᠦ ᠪᠣᠯ ᠵᠠᠰᠠᠭ ᠤᠨ ᠣᠷᠳᠣᠨ ᠤ ᠤᠬᠠᠮᠰᠠᠷ ᠠᠴᠠ ᠪᠠᠨ ᠬᠢᠨᠠᠯᠲᠠ ᠬᠦᠯᠢᠶᠡᠬᠦ᠂ | ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢᠨ ᠳᠣᠲᠣᠭᠠᠳᠤ ᠱᠠᠭᠠᠷᠳᠠᠯᠭ᠎ᠠ ᠪᠣᠯᠤᠨ᠎ᠠ᠂ ᠮᠥᠨ ᠴᠦ ᠪᠦᠬᠦ ᠶᠠᠪᠤᠴᠠ ᠳᠠᠬᠢ ᠠᠷᠠᠳ ᠤᠨ | ᠠᠷᠠᠳᠴᠢᠯᠠᠯ ᠢ ᠭᠦᠨᠵᠡᠭᠡᠢ ᠦᠢᠯᠡᠳᠦᠯᠭᠡᠵᠢᠭᠦᠯᠬᠦ ᠶᠢᠨ ᠴᠢᠬᠤᠯᠠ ᠢᠯᠡᠷᠡᠯ ᠪᠣᠯᠤᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠳ ᠤᠨ | ᠨᠢᠳᠤᠨᠤᠨ ᠤ ᠳᠠᠭᠠᠭᠠᠨ ᠠᠪᠴᠤ ᠭᠦᠢᠴᠡᠳᠬᠡᠭᠰᠡᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠴᠥᠮ ᠴᠠᠭ ᠲᠤᠬᠠᠶ ᠳᠤ ᠨᠢ ᠭᠦᠢᠴᠡᠳᠬᠡᠨ ᠳᠠᠭᠤᠰᠬᠠᠵᠤ᠂ | ᠥᠭᠡᠷᠡᠴᠢᠯᠡᠯᠲᠡ ᠬᠥᠭᠵᠢᠯᠲᠡ ᠪᠠ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠭᠤᠣᠯᠳᠠᠯᠭ᠎ᠠ ᠪᠣᠯᠬᠤ ᠬᠦᠴᠢᠷᠳᠡᠯᠲᠡᠢ | ᠠᠰᠠᠭᠤᠳᠠᠯ ᠤᠳ ᠢ ᠰᠢᠢᠳᠪᠦᠷᠢᠯᠡᠬᠦ ᠶᠢ ᠠᠬᠢᠭᠤᠯᠪᠠ᠃ ᠡᠨᠡ ᠵᠢᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠠᠵᠢᠯ ᠢᠶᠠᠨ ᠦᠷᠭᠦᠯᠵᠢᠯᠡᠨ ᠴᠢᠨᠠᠷ | ᠰᠠᠶᠢᠲᠠᠢ ᠪᠠᠷ ᠰᠠᠶᠢᠲᠤᠷ ᠬᠢᠵᠦ᠂ ᠲᠥᠯᠥᠭᠡᠯᠡᠭᠴᠢ ᠭᠡᠰᠢᠭᠦᠳ ᠯᠦᠭᠡ ᠣᠶᠢᠯᠠᠭᠠᠯᠴᠠᠵᠤ ᠨᠡᠪᠲᠡᠷᠡᠯᠴᠡᠬᠦ ᠪᠠᠨ ᠴᠢᠩᠭᠠᠳᠬᠠᠵᠤ᠂ ᠠᠳᠠᠯᠢ ᠰᠡᠳᠦᠪ ᠢ ᠬᠠᠮᠲᠤ | ᠬᠠᠷᠢᠭᠤᠯᠬᠤ᠂ ᠠᠳᠠᠯᠢ ᠴᠢᠭᠯᠡᠯ ᠢᠶᠠᠷ ᠬᠠᠮᠲᠤ ᠬᠦᠴᠦᠯᠡᠬᠦ ᠶᠢ ᠪᠠᠷᠢᠮᠲᠠᠯᠠᠵᠤ᠂ ᠬᠦᠴᠢᠷ ᠠᠰᠠᠭᠤᠳᠠᠯ ᠢ ᠴᠢᠨᠠᠭᠰᠢᠳᠠ ᠰᠢᠢᠳᠪᠦᠷᠢᠯᠡᠵᠦ᠂ ᠬᠠᠮᠲᠤ ᠶᠢᠨ | ᠲᠠᠨᠢᠯᠲᠠ ᠪᠠᠨ ᠨᠢᠭᠲᠠᠷᠠᠭᠤᠯᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠭᠦᠢᠴᠡᠳᠬᠡᠬᠦ ᠪᠠᠷ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠨᠡᠮᠡᠷᠢᠯᠡᠨ᠎ᠡ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ |