ᠡᠨᠡ ᠵᠢᠯ ᠠᠴᠠ ᠨᠠᠰᠢ᠂ ᠦᠦᠰᠢᠨ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠰᠢᠨ᠎ᠡ ᠠᠶᠠᠨ ᠢ ᠨᠡᠭᠡᠭᠡᠵᠦ᠂ ᠡᠮᠦᠨ᠎ᠡ ᠡᠩᠨᠡᠭᠡᠨ ᠳᠤ ᠤᠷᠤᠵᠤ᠂ | ᠭᠤᠣᠯᠳᠠᠯᠭᠠᠲᠤ ᠣᠷᠣᠨ ᠢ ᠪᠠᠶᠢᠭᠤᠯᠵᠤ᠂ ᠵᠠᠭᠤᠨ ᠬᠦᠴᠦᠷᠬᠡᠭ ᠰᠢᠶᠠᠨ ᠳᠤ ᠰᠢᠪᠲᠤᠯᠤᠯᠲᠠ ᠬᠢᠬᠦ︾ ᠬᠥᠭᠵᠢᠯᠲᠡ ᠶᠢᠨ ᠬᠠᠷᠠᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠪᠦᠬᠦ ᠬᠦᠴᠦᠨ ᠢᠶᠠᠷ ᠢᠶᠠᠨ ᠨᠡᠮᠡᠭᠳᠡᠯ ᠢ ᠲᠣᠭᠲᠠᠪᠤᠷᠢᠵᠢᠭᠤᠯᠵᠤ ᠪᠡᠯᠡ ᠣᠷᠣᠭᠤᠯᠤᠯᠲᠠ ᠶᠢ ᠥᠷᠭᠡᠳᠬᠡᠪᠡ᠃ 1 — 11 ᠰᠠᠷ᠎ᠠ ᠳᠤ | ᠦᠦᠰᠢᠨ ᠬᠤᠰᠢᠭᠤᠨ ᠤ ᠠᠵᠤ ᠠᠬᠤᠢ ᠶᠢᠨ ᠡᠷᠭᠢᠯᠲᠡ ᠲᠣᠭᠲᠠᠭᠤᠨ ᠤ ᠳᠤᠮᠳᠠ ᠤᠷᠤᠭᠰᠢᠯᠠᠨ ᠰᠠᠶᠢᠵᠢᠷᠠᠬᠤ ᠬᠠᠨᠳᠤᠰᠢ ᠲᠠᠰᠤᠷᠠᠯᠲᠠ ᠦᠭᠡᠢ ᠦᠷᠭᠦᠯᠵᠢᠯᠡᠪᠡ᠃ | | ᠪᠦᠲᠦᠮᠵᠢᠲᠡᠢ ᠪᠡᠯᠡ ᠣᠷᠣᠭᠤᠯᠤᠯᠲᠠ ᠦᠷᠭᠦᠯᠵᠢᠯᠡᠨ ᠨᠡᠮᠡᠭᠳᠡᠵᠤ ᠭᠤᠣᠯᠳᠠᠯᠭ᠎ᠠ ᠲᠠᠢ ᠲᠦᠷᠦᠯ ᠵᠦᠢᠯ ᠬᠦᠴᠦᠳᠠᠢ ᠲᠤᠯᠭᠠᠭᠤᠷᠢᠯᠠᠪᠠ | 1 — 11 ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 37. | 1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ ᠠᠵᠤ ᠦᠢᠯᠡᠰ ᠤᠨ ᠪᠡᠯᠡ ᠣᠷᠣᠭᠤᠯᠤᠯᠲᠠ ᠠᠴᠠ | ᠦᠵᠡᠪᠡᠯ᠄ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 120.2% ᠢᠶᠠᠷ ᠨᠡᠮᠡᠭᠳᠡᠵᠦ᠂ ᠬᠤᠶᠠᠳᠤᠭᠠᠷ ᠠᠵᠤ | ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 44.5% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 9.9% ᠪᠠᠷ ᠪᠠᠭᠤᠷᠠᠪᠠ᠃ ᠪᠡᠯᠡ ᠣᠷᠣᠭᠤᠯᠤᠯᠲᠠ ᠶᠢᠨ ᠬᠦᠷᠢᠶᠡᠨ ᠠᠴᠠ ᠦᠵᠡᠪᠡᠯ᠄ ᠰᠠᠭᠤᠷᠢ | ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 23.1% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 76.5% ᠪᠠᠷ ᠨᠡᠮᠡᠭᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 59.3% ᠪᠠᠷ ᠪᠠᠭᠤᠷᠠᠪᠠ᠃ ᠭᠤᠣᠯᠳᠠᠯᠭ᠎ᠠ ᠲᠠᠢ ᠲᠥᠷᠥᠯ ᠵᠦᠢᠯ ᠠᠴᠠ ᠦᠵᠡᠪᠡᠯ᠄ 10 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 41.1% ᠪᠠᠷ ᠨᠡᠮᠡᠭᠳᠡᠵᠦ᠂ ᠪᠦᠬᠦ ᠪᠡᠯᠡ | ᠣᠷᠣᠭᠤᠯᠤᠯᠲᠠ ᠶᠢᠨ 85.8% ᠶᠢ ᠡᠵᠡᠯᠡᠪᠡ᠃ | 1 — 11 ᠰᠠᠷ᠎ᠠ ᠳᠤ᠂ ᠪᠦᠬᠦ ᠬᠤᠰᠢᠭᠤᠨ ᠤ ᠲᠠᠸᠠᠷ ᠤᠨ ᠭᠡᠷ ᠪᠠᠶᠢᠰᠢᠩ ᠤᠨ ᠪᠤᠷᠤᠯᠠᠭᠤᠯᠤᠭᠰᠠᠨ ᠲᠠᠯᠠᠪᠠᠢ 193038 ᠲᠡᠭᠰᠢ ᠳᠦᠷᠪᠡᠯᠵᠢᠨ | ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 50.3% ᠪᠠᠷ ᠨᠡᠮᠡᠭᠳᠡᠪᠡ︔ ᠲᠠᠸᠠᠷ ᠤᠨ ᠭᠡᠷ ᠪᠠᠶᠢᠰᠢᠩ ᠤᠨ ᠪᠤᠷᠤᠯᠠᠭᠤᠯᠤᠭᠰᠠᠨ ᠬᠡᠮᠵᠢᠶ᠎ᠡ 66025 | ᠲᠦᠮᠡᠨ ᠲᠦᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 42.9% ᠪᠠᠷ ᠨᠡᠮᠡᠭᠳᠡᠪᠡ᠃ | ᠠᠵᠤ ᠦᠢᠯᠡᠳᠪᠦᠷᠢ ᠶᠢᠨ ᠦᠢᠯᠡᠳᠪᠦᠷᠢᠯᠡᠯ ᠳᠣᠭᠳᠠᠭᠤᠨ ᠪᠦᠭᠡᠳ ᠰᠠᠶᠢᠨ ᠪᠠᠶᠢᠵᠤ ᠠᠰᠢᠭᠲᠠᠢ ᠬᠦᠴᠦᠨ ᠵᠦᠢᠯ ᠦᠷᠭᠦᠯᠵᠢᠯᠡᠨ ᠨᠡᠮᠡᠭᠳᠡᠪᠡ | 1 — 11 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ 32 ᠠᠵᠤ ᠦᠢᠯᠡᠳᠪᠦᠷᠢ ᠶᠢᠨ ᠠᠵᠤ ᠠᠬᠤᠶᠢᠯᠠᠯ ︵ᠪᠠᠶᠢᠭᠠᠯᠢ ᠶᠢᠨ | ᠰᠢᠲᠠᠮᠠᠬᠠᠶ ᠬᠡᠶ ᠪᠠᠭᠲᠠᠨ᠎ᠠ︶ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.0% ᠢᠶᠠᠷ ᠨᠡᠮᠡᠭᠳᠡᠵᠦ᠂ ᠪᠥᠬᠦ ᠬᠤᠲᠠ ᠶᠢᠨ ᠳᠥᠷᠪᠡᠳᠦᠭᠡᠷ ᠲᠤ | ᠵᠢᠭᠰᠠᠭᠠᠭᠳᠠᠪᠠ᠃ ᠭᠤᠷᠪᠠᠨ ᠲᠣᠮᠣ ᠲᠥᠷᠥᠯ ᠠᠴᠠ ᠦᠵᠡᠪᠡᠯ᠄ ᠠᠭᠤᠷᠬᠠᠶ ᠮᠠᠯᠲᠠᠬᠤ ᠦᠢᠯᠡᠰ ᠤᠨ ᠦᠢᠯᠡᠳᠬᠦᠨ ᠤ ᠥᠷᠲᠡᠭ ᠠᠳᠠᠯᠢ | ᠬᠤᠭᠤᠴᠠᠭᠠᠨ ᠤ ᠬᠢ ᠠᠴᠠ 6.42% ᠢᠶᠠᠷ ᠨᠡᠮᠡᠭᠳᠡᠵᠦ᠂ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 4. | 02% ᠢᠶᠠᠷ ᠪᠠᠭᠤᠷᠠᠵᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ | ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 7.35% ᠪᠠᠷ ᠨᠡᠮᠡᠭᠳᠡᠪᠡ᠃ ᠠᠵᠤ ᠦᠢᠯᠡᠳᠪᠦᠷᠢ ᠶᠢᠨ ᠦᠢᠯᠡᠳᠬᠦᠨ ᠠᠴᠠ | ᠦᠵᠡᠪᠡᠯ᠄ ᠲᠦᠬᠦᠬᠡᠢ ᠨᠡᠭᠦᠷᠡᠰᠦ 4386.67 ᠲᠦᠮᠡᠨ ᠲᠣᠨ᠂ ᠨᠠᠷᠢᠯᠢᠭ ᠮᠧᠲ᠋ᠢᠯ ᠠᠯᠺᠣᠤᠯ 535.96 ᠲᠦᠮᠡᠨ ᠲᠣᠨ᠂ ᠰᠢᠩᠭᠡᠨᠵᠢᠮᠡᠯ ᠪᠠᠶᠢᠭᠠᠯᠢ ᠶᠢᠨ | ᠰᠢᠲᠠᠮᠠᠬᠠᠶ ᠬᠡᠢ 87.71 ᠲᠦᠮᠡᠨ ᠲᠣᠨ᠂ ᠰᠢᠭᠡᠰᠦᠯᠢᠭ ᠡᠳ᠋ 262.84 ᠲᠦᠮᠡᠨ ᠲᠣᠨ᠂ ᠪᠥᠭᠡᠭᠡᠨᠡᠷᠡᠯ ᠡᠲ᠋ᠧᠨ 91.61 ᠲᠦᠮᠡᠨ ᠲᠣᠨ᠂ ᠪᠥᠭᠡᠭᠡᠨᠡᠷᠡᠯ | ᠫᠷᠣᠫᠧᠨ 93.30 ᠲᠦᠮᠡᠨ ᠲᠣᠨ᠂ ᠴᠠᠬᠢᠯᠭᠠᠨ ᠭᠠᠷᠭᠠᠭᠰᠠᠨ ᠬᠡᠮᠵᠢᠶ᠎ᠡ 25.41 ᠳ᠋ᠦᠩᠰᠢᠭᠤᠷ ᠺᠢᠯᠣᠸᠠᠲ ᠴᠠᠭ ᠲᠤ ᠬᠦᠷᠪᠡ᠃ | ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠤ ᠳᠤᠮᠳᠠ ᠰᠢᠯᠢᠳᠡᠭᠵᠢᠬᠦ ᠬᠠᠨᠳᠤᠰᠢ ᠲᠠᠢ ᠪᠣᠯᠵᠤ ᠢᠳᠡᠭᠡᠨ ᠤᠮᠳᠠᠭᠠᠨ ᠤ ᠠᠵᠢᠯ ᠲᠥᠷᠥᠯ ᠲᠠᠰᠤᠷᠠᠯᠲᠠ | ᠥᠬᠡᠶ ᠰᠠᠶᠢᠵᠢᠷᠠᠪᠠ | 1 — 11 ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 37.5 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠨ᠂ ᠪᠥᠬᠦ ᠬᠤᠲᠠ ᠶᠢᠨ ᠲᠠᠪᠤᠳᠤᠭᠠᠷ ᠲᠤ ᠵᠢᠭᠰᠠᠭᠠᠭᠳᠠᠵᠤ | ᠂ ᠡᠭᠦᠨ ᠳᠤ ᠬᠢᠵᠠᠭᠠᠷᠯᠠᠭᠰᠠᠨ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 5.0 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 18.6% ᠪᠠᠷ ᠨᠡᠮᠡᠭᠳᠡᠪᠡ᠃ ᠢᠳᠡᠭᠡᠨ ᠤᠮᠳᠠᠭᠠᠨ ᠤ ᠣᠷᠣᠯᠭ᠎ᠠ ᠶᠢᠨ ᠪᠠᠭᠤᠷᠠᠯᠲᠠ ᠶᠢᠨ ᠬᠡᠮᠵᠢᠶ᠎ᠡ ᠪᠠᠭᠠᠰᠴᠠᠢ᠃ ᠢᠳᠡᠭᠡᠨ | ᠤᠮᠳᠠᠭᠠᠨ ᠤ ᠣᠷᠣᠯᠭ᠎ᠠ 0.8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.5% ᠪᠠᠷ ᠪᠠᠭᠤᠷᠠᠵᠤ᠂ ᠪᠠᠭᠤᠷᠠᠯᠳᠠ ᠨᠢ | ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 1.5 ᠬᠤᠪᠢ ᠪᠠᠭᠤᠷᠠᠪᠠ᠃ ᠮᠠᠰᠢᠨ ᠲᠡᠷᠭᠡᠨ ᠤ ᠬᠡᠷᠡᠭᠯᠡᠭᠡ ᠥᠨᠳᠥᠷ ᠲᠦᠪᠰᠢᠨ ᠢᠶᠠᠷ ᠨᠡᠮᠡᠭᠳᠡᠪᠡ | ᠃ ᠮᠠᠰᠢᠨ ᠲᠡᠷᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 56.8% ᠢᠶᠠᠷ ᠨᠡᠮᠡᠭᠳᠡᠵᠦ᠂ ᠬᠢᠵᠠᠭᠠᠷᠯᠠᠭᠰᠠᠨ ᠠᠴᠠ ᠳᠡᠭᠡᠭᠰᠢᠬᠢ ᠲᠠᠸᠠᠷ ᠤᠨ ᠵᠢᠵᠢᠭᠯᠡᠨ | ᠬᠤᠳᠠᠯᠳᠤᠭᠰᠠᠨ ᠲᠤᠭ᠎ᠠ ᠶᠢᠨ ᠡᠵᠡᠯᠡᠬᠦ ᠬᠤᠪᠢ ᠶᠢᠨ ᠵᠢᠩ ᠠᠩᠬ᠎ᠠ ᠤᠳᠠᠭ᠎ᠠ 50% ᠳᠤ ᠬᠦᠷᠴᠦ᠂ ᠬᠢᠵᠠᠭᠠᠷᠯᠠᠭᠰᠠᠨ ᠠᠴᠠ ᠳᠡᠭᠡᠭᠰᠢᠬᠢ ᠲᠠᠸᠠᠷ ᠤᠨ ᠵᠢᠵᠢᠭᠯᠡᠨ | ᠬᠤᠳᠠᠯᠳᠤᠭᠰᠠᠨ ᠲᠤᠭ᠎ᠠ ᠶᠢ ᠵᠠᠭᠤᠨ ᠤ ᠬᠠᠷᠢᠴᠠᠯ ᠢᠶᠠᠷ 22.6 ᠬᠤᠪᠢ ᠨᠡᠮᠡᠭᠳᠡᠭᠦᠯᠬᠦ ᠶᠢ ᠳᠠᠶᠢᠴᠢᠯᠠᠵᠤ᠂ ᠡᠭᠦᠨ ᠳᠤ ᠰᠢᠨ᠎ᠡ ᠡᠨᠧᠷᠭᠢ ᠶᠢᠨ ᠮᠠᠰᠢᠨ ᠲᠡᠷᠭᠡ | ᠠᠳᠠᠯᠢ ᠬᠤᠭᠤᠴᠠᠭᠠᠨ ᠤ ᠬᠢ ᠠᠴᠠ 446.7% ᠪᠠᠷ ᠨᠡᠮᠡᠭᠳᠡᠪᠡ᠃ | ᠦᠢᠯᠡᠴᠢᠯᠡᠭᠡᠨ ᠤ ᠦᠢᠯᠡᠰ ᠶᠡᠷᠦᠩᠬᠡᠢ ᠳᠡᠭᠡᠨ ᠲᠣᠭᠲᠠᠭᠤᠨ ᠪᠠᠶᠢᠵᠤ ᠠᠵᠤ ᠠᠬᠤᠶᠢᠯᠠᠯ ᠤᠨ ᠦᠷ᠎ᠡ ᠠᠰᠢᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠰᠠᠶᠢᠵᠢᠷᠠᠭᠤᠯᠪᠠ | 1— 11 ᠰᠠᠷ᠎ᠠ ᠳᠤ᠂ ᠪᠥᠬᠦ ᠬᠤᠰᠢᠭᠤᠨ ᠤ 28 ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠪᠠᠶᠢᠭᠤᠯᠭ᠎ᠠ ᠨᠢᠭᠡᠴᠢ 7. | 47 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.8% ᠢᠶᠠᠷ ᠪᠠᠭᠤᠷᠠᠪᠠ︔ ᠠᠰᠢᠭ | ᠬᠤᠨᠵᠢᠪᠣᠷᠢ ᠶᠢᠨ ᠶᠡᠷᠦᠩᠬᠡᠶ ᠬᠡᠮᠵᠢᠶ᠎ᠡ 1.51 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 892.9% ᠪᠠᠷ ᠨᠡᠮᠡᠭᠳᠡᠪᠡ︔ | ᠲᠤᠭᠠᠴᠢᠬᠤ ᠶᠣᠰᠣᠲᠠᠶ ᠠᠵᠢᠯᠲᠠᠨ ᠤ ᠴᠠᠯᠢᠩ 0.66 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.9% ᠪᠠᠷ | ᠨᠡᠮᠡᠭᠳᠡᠪᠡ︔ ᠲᠤᠰᠢᠶᠠᠬᠤ ᠶᠣᠰᠣᠲᠠᠶ ᠥᠷᠲᠡᠭ ᠤᠨ ᠨᠡᠮᠡᠭᠳᠡᠯ ᠤᠨ ᠭᠠᠶᠢᠯᠢ 0.19 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.6% ᠪᠠᠷ ᠨᠡᠮᠡᠭᠳᠡᠪᠡ᠃ ᠵᠢᠷᠭᠤᠭᠠᠨ ᠲᠣᠮᠣ ᠠᠵᠢᠯ ᠲᠥᠷᠥᠯ ᠠᠴᠠ ᠠᠪᠴᠤ ᠦᠵᠡᠪᠡᠯ᠄ ᠵᠠᠮ ᠬᠠᠷᠢᠯᠴᠠᠭ᠎ᠠ ᠲᠡᠭᠡᠭᠡᠪᠦᠷᠢ᠂ | ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 4.06 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠦᠷᠢᠶᠡᠰᠦᠯᠡᠬᠦ | ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 2.02 ᠳ᠋ᠦᠩᠰᠢᠭᠤᠷ ᠲᠥᠭᠦᠷᠢᠭ᠂ ᠤᠰᠤᠨ ᠠᠰᠢᠭᠯᠠᠯᠲᠠ᠂ | ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠦᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 1.09 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠰᠠᠭᠤᠭᠠᠯᠢ ᠠᠷᠠᠳ ᠤᠨ ᠦᠢᠯᠡᠴᠢᠯᠡᠭᠡᠨ ᠤ ᠰᠡᠯᠪᠢᠨ ᠵᠠᠰᠠᠬᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ | ᠦᠢᠯᠡᠴᠢᠯᠡᠭᠡᠨ ᠤ ᠦᠢᠯᠡᠰ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠲᠣᠰ ᠲᠣᠰ ᠡᠵᠡᠩᠨᠡᠯᠲᠡ ᠶᠢᠨ ᠣᠷᠣᠯᠭ᠎ᠠ ᠶᠢ 0.06 ᠳ᠋ᠦᠩᠰᠢᠭᠤᠷ ᠲᠥᠭᠦᠷᠢᠭ | ᠂ 0.08 ᠳ᠋ᠦᠩᠰᠢᠭᠤᠷ ᠲᠥᠭᠦᠷᠢᠭ᠂ 0.16 ᠳ᠋ᠦᠩᠰᠢᠭᠤᠷ ᠲᠥᠭᠦᠷᠢᠭ ᠪᠡᠶᠡᠯᠡᠭᠦᠯᠪᠡ᠃ | ᠤᠷᠢᠳᠠᠪᠡᠷ ᠬᠡᠷᠡᠭᠵᠢᠭᠦᠯᠬᠦ ᠭᠦᠢᠴᠡᠳᠭᠡᠯ ᠲᠤᠭ᠎ᠠ ᠰᠠᠶᠢᠨ ᠬᠠᠨᠳᠤᠰᠢ ᠲᠠᠢ ᠪᠠᠶᠢᠵᠤ ᠡᠷᠭᠢᠯᠲᠡ ᠶᠢᠨ ᠣᠷᠴᠢᠨ ᠲᠣᠭᠤᠷᠢᠨ ᠶᠡᠷᠦᠩᠬᠡᠢ ᠳᠡᠭᠡᠨ ᠲᠣᠭᠲᠠᠭᠤᠨ | ᠪᠣᠯᠪᠠ | 1 — 11 ᠰᠠᠷ᠎ᠠ ᠳᠤ᠂ ᠪᠥᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 118.4 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 174.2% ᠢᠶᠠᠷ ᠨᠡᠮᠡᠭᠳᠡᠪᠡ︔ ᠪᠥᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ | ᠵᠠᠰᠠᠭ ᠤᠨ ᠲᠥᠰᠦᠪ ᠤᠨ ᠵᠠᠷᠤᠯᠭ᠎ᠠ ᠶᠢ 104.34 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 56.6% ᠪᠠᠷ ᠨᠡᠮᠡᠭᠳᠡᠪᠡ | ᠃ | 1 —11 ᠰᠠᠷ᠎ᠠ ᠳᠤ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠬᠠᠳᠠᠭᠠᠯᠠᠮᠵᠢ ᠶᠢᠨ | ᠦᠯᠡᠳᠡᠪᠦᠷᠢ 231.35 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.07% ᠪᠠᠷ ᠨᠡᠮᠡᠭᠳᠡᠪᠡ︔ ᠪᠥᠬᠦ ᠬᠤᠰᠢᠭᠤᠨ ᠤ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ 155.27 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 3.43% ᠪᠠᠷ ᠪᠠᠭᠤᠷᠠᠪᠠ᠃ | 11 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠳᠤ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ︵ᠰᠠᠯᠪᠤᠷᠢ | ᠪᠠᠶᠢᠭᠤᠯᠤᠮᠵᠢ ᠶᠢ ᠪᠠᠭᠲᠠᠭᠠᠨ᠎ᠠ︶ 25929 ᠡᠷᠦᠬᠡ ᠪᠠᠶᠢᠵᠤ᠂ ᠡᠭᠦᠨ ᠳᠤ᠂ ᠡᠯ᠎ᠡ ᠲᠥᠷᠥᠯ ᠤᠨ ᠠᠵᠤ ᠠᠬᠤᠶᠢᠯᠠᠯ 6798 ᠡᠷᠦᠬᠡ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ 18211 ᠡᠷᠦᠬᠡ᠂ ᠮᠠᠯᠴᠢᠨ ᠲᠠᠷᠢᠶᠠᠴᠢᠨ ᠤ ᠬᠤᠷᠰᠢᠶᠠᠵᠢᠯ 920 ᠡᠷᠦᠬᠡ ᠪᠠᠶᠢᠵᠤ᠂ ᠲᠣᠰ ᠲᠣᠰ | ᠡᠵᠡᠩᠨᠡᠯᠲᠡ ᠶᠢᠨ ᠭᠤᠤᠯ ᠴᠣᠭᠴᠠ ᠶᠢᠨ ᠶᠡᠷᠦᠩᠬᠡᠶ ᠬᠡᠮᠵᠢᠶᠡᠨ ᠤ 26.22%᠂ 70.23%᠂ 3.55% ᠶᠢ ᠡᠵᠡᠯᠡᠪᠡ᠃ | ᠶᠡᠷᠦᠩᠬᠡᠶ ᠳᠤᠨᠢ ᠠᠪᠴᠤ ᠦᠵᠡᠪᠡᠯ᠂ 1 — 11 ᠰᠠᠷ᠎ᠠ ᠳᠤ ᠮᠠᠨ ᠤ ᠬᠤᠰᠢᠭᠤᠨ ᠤ ᠠᠵᠤ ᠠᠬᠤᠶ ᠶᠢᠨ ᠡᠷᠬᠢᠯᠲᠡ ᠲᠣᠭᠲᠠᠭᠤᠨ ᠤ ᠳᠤᠮᠳᠠ | ᠤᠷᠤᠭᠰᠢᠯᠠᠵᠤ᠂ ᠰᠠᠶᠢᠵᠢᠷᠠᠬᠤ ᠬᠠᠨᠳᠤᠰᠢ ᠲᠠᠰᠤᠷᠠᠯᠲᠠ ᠥᠬᠡᠶ ᠦᠷᠭᠦᠯᠵᠢᠯᠡᠵᠦ᠂ ᠬᠥᠭᠵᠢᠯᠲᠡ ᠶᠢᠨ ᠶᠠᠰᠤ ᠴᠢᠨᠠᠷ ᠲᠠᠰᠤᠷᠠᠯᠲᠠ ᠥᠬᠡᠶ ᠳᠡᠭᠡᠭᠰᠢᠯᠡᠵᠦ᠂ ᠪᠥᠬᠦ | ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃ ᠳᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠤᠨ | ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ ᠲᠦᠷᠦ ᠶᠢᠨ ᠪᠤᠳᠤᠯᠭ᠎ᠠ ᠶᠢᠨ ᠬᠠᠮᠲᠤᠷᠠᠯ ᠤᠨ ᠬᠦᠴᠦᠨ ᠢ ᠴᠢᠩᠭᠠᠳᠬᠠᠨ ᠠᠵᠤ ᠠᠬᠤᠢ ᠶᠢᠨ ᠦᠷᠭᠦᠯᠵᠢᠯᠡᠨ | ᠲᠣᠭᠲᠠᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠬᠦᠯᠬᠦ ᠪᠠᠷ | ᠴᠢᠷᠮᠠᠶᠢᠵᠤ ᠪᠠᠶᠢᠨ᠎ᠠ᠃ |