2024 ᠣᠨ ᠳᠤ ᠪᠥᠬᠦ ᠬᠤᠰᠢᠭᠤᠨ ᠤ ᠠᠵᠤ ᠠᠬᠤᠶ ᠶᠢᠨ ᠡᠷᠭᠢᠯᠲᠡ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠵᠤ  ︽ᠰᠢᠨ᠎ᠡ ᠠᠶᠠᠨ ᠢ ᠨᠡᠭᠡᠭᠡᠵᠤ᠂ ᠡᠮᠦᠨ᠎ᠡ ᠡᠩᠨᠡᠭᠡᠨ ᠳᠤ ᠤᠷᠤᠵᠤ᠂ ᠭᠤᠤᠯᠳᠠᠯᠭᠠᠲᠤ ᠤᠷᠤᠨ ᠢ ᠪᠦᠲᠦᠭᠡᠨ ᠪᠠᠶᠢᠭᠤᠯᠵᠤ᠂ ᠵᠠᠭᠤᠨ ᠬᠦᠴᠦᠷᠬᠡᠭ ᠰᠢᠶᠠᠨ ᠳᠤ ᠰᠢᠪᠲᠤᠯᠤᠯᠲᠠ ᠬᠢᠬᠦ︾ ᠠᠵᠢᠯ ᠪᠣᠳᠠᠲᠠᠶ ᠠᠬᠢᠴᠠ‌‍ᠲ᠋ᠠᠢ ᠪᠣᠯᠪᠠ
ᠨᠡᠶᠢᠲᠡᠯᠡᠭᠰᠡᠨ ᠴᠠᠭ᠄
2025/2/27
      ᠡᠨᠡ ᠵᠢᠯ ᠠᠴᠠ ᠨᠠᠰᠢ᠂ ᠦᠦᠰᠢᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠦᠴᠦᠨ ᠢᠶᠠᠷ ᠢᠶᠠᠨ ᠲᠣᠬᠢᠷᠠᠭᠤᠯᠤᠯᠲᠠ ᠶᠢ ᠴᠢᠩᠭᠠᠳᠬᠠᠨ ᠠᠬᠢᠴᠠ ᠶᠢ ᠠᠳᠬᠤᠵᠤ  ᠨᠡᠮᠡᠭᠳᠡᠯ ᠢ ᠲᠣᠭᠲᠠᠪᠤᠷᠢᠵᠢᠭᠤᠯᠪᠠ᠃ 2024 ᠣᠨ ᠳᠤ᠂ ᠪᠦᠬᠦ ᠬᠤᠰᠢᠭᠤᠨ ᠤ ᠠᠵᠤ ᠠᠬᠤᠢ ᠶᠢᠨ ᠡᠷᠬᠢᠯᠲᠡ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠵᠤ ︽ᠰᠢᠨ᠎ᠡ ᠠᠶᠠᠨ ᠢ ᠨᠡᠭᠡᠭᠡᠵᠤ᠂ ᠡᠮᠦᠨ᠎ᠡ ᠡᠩᠨᠡᠭᠡᠨ ᠳᠤ ᠤᠷᠤᠵᠤ᠂ ᠭᠤᠤᠯᠳᠠᠯᠭᠠᠲᠤ ᠤᠷᠤᠨ ᠢ ᠪᠦᠲᠦᠭᠡᠨ ᠪᠠᠶᠢᠭᠤᠯᠵᠤ᠂ ᠵᠠᠭᠤᠨ ᠬᠦᠴᠦᠷᠬᠡᠭ ᠰᠢᠶᠠᠨ ᠳᠤ ᠰᠢᠪᠲᠤᠯᠤᠯᠲᠠ ᠬᠢᠬᠦ︾ ᠠᠵᠢᠯ ᠪᠣᠳᠠᠲᠠᠶ ᠠᠬᠢᠴᠠ ᠲᠠᠢ ᠪᠣᠯᠪᠠ᠃      ᠠᠩᠬ᠎ᠠ ᠠᠯᠬᠤᠮ ᠤᠨ ᠬᠠᠷᠭᠤᠭᠤᠯᠤᠨ ᠪᠤᠳᠤᠭᠰᠠᠨ ᠢᠶᠠᠷ᠂ 2024 ᠣᠨ ᠳᠤ ᠦᠦᠰᠢᠨ ᠬᠤᠰᠢᠭᠤᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠪᠡ᠃      ᠲᠠᠷᠢᠶᠠᠯᠠᠩ ᠤᠨ ᠦᠢᠯᠡᠳᠪᠦᠷᠢᠯᠡᠯ ᠳᠣᠭᠲᠠᠭᠤᠨ ᠢᠶᠠᠷ ᠬᠦᠭᠵᠢᠪᠡ      2024 ᠣᠨ ᠳᠤ᠂ ᠪᠥᠬᠦ ᠬᠤᠰᠢᠭᠤᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠶᠡᠷᠦᠩᠬᠡᠶ ᠦᠢᠯᠡᠳᠬᠦᠨ ᠤ ᠥᠷᠲᠡᠭ 46.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠄ ᠲᠠᠷᠢᠶᠠᠯᠠᠩ ᠤᠨ ᠦᠢᠯᠡᠳᠬᠦᠨ ᠤ ᠥᠷᠲᠡᠭ 22.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ︔ ᠣᠶ ᠰᠢᠭᠤᠶ ᠶᠢᠨ ᠦᠢᠯᠡᠳᠬᠦᠨ ᠤ ᠥᠷᠲᠡᠭ 2.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.9% ᠪᠠᠷ ᠨᠡᠮᠡᠭᠳᠡᠪᠡ︔ ᠮᠠᠯ ᠠᠵᠤ ᠠᠬᠤᠶ ᠶᠢᠨ ᠦᠢᠯᠡᠳᠬᠦᠨ ᠤ ᠥᠷᠲᠡᠭ 19.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0% ᠢᠶᠠᠷ ᠨᠡᠮᠡᠭᠳᠡᠪᠡ︔ ᠵᠢᠭᠠᠰᠤᠨ ᠠᠵᠤ ᠠᠬᠤᠶ ᠶᠢᠨ ᠦᠢᠯᠡᠳᠬᠦᠨ ᠤ ᠥᠷᠲᠡᠭ 0.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠪᠡ︔ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠢᠯᠡᠴᠢᠯᠡᠭᠡᠨ ᠤ ᠦᠢᠯᠡᠰ ᠤᠨ ᠦᠢᠯᠡᠳᠬᠦᠨ ᠤ ᠥᠷᠲᠡᠭ 1.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ᠃      2024 ᠣᠨ ᠳᠤ᠂ ᠪᠦᠬᠦ ᠬᠤᠰᠢᠭᠤᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠢ 66.3 ᠲᠦᠮᠡᠨ ᠮᠦ ᠬᠦᠷᠴᠤ᠂ ᠶᠡᠷᠦᠩᠬᠡᠢ ᠭᠠᠷᠤᠯᠲᠠ 28.7 ᠲᠦᠮᠡᠨ ᠲᠣᠨ ᠳᠤ ᠬᠦᠷᠪᠡ᠃      ᠠᠵᠤ ᠦᠢᠯᠡᠳᠪᠦᠷᠢ ᠶᠢᠨ ᠦᠢᠯᠡᠳᠪᠦᠷᠢᠯᠡᠯ ᠬᠦᠴᠦᠲᠡᠢ ᠨᠡᠮᠡᠭᠳᠡᠪᠡ       2024 ᠣᠨ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠦ᠂ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠨᠢ ᠠᠳᠠᠯᠢ ᠬᠤᠭᠤᠴᠠᠭᠠᠨ ᠤ ᠬᠢ ᠠᠴᠠ 2 ᠪᠠᠶᠢᠷᠢ ᠳᠡᠭᠡᠭᠰᠢᠯᠡᠪᠡ᠃ ᠭᠤᠷᠪᠠᠨ ᠲᠣᠮᠣ ᠲᠥᠷᠥᠯ ᠠᠴᠠ ᠦᠵᠡᠪᠡᠯ᠄ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.6% ᠪᠠᠷ ᠨᠡᠮᠡᠭᠳᠡᠪᠡ︔ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 0.2% ᠢᠶᠠᠷ ᠨᠡᠮᠡᠭᠳᠡᠪᠡ︔ ᠴᠠᠬᠢᠯᠭᠠᠨ ᠬᠦᠴᠦᠨ᠂  ᠳᠤᠯᠠᠭᠠᠯᠠᠭ᠎ᠠ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.3% ᠪᠠᠷ ᠨᠡᠮᠡᠭᠳᠡᠪᠡ᠃ ᠦᠢᠯᠡᠳᠬᠦᠨ ᠤ ᠭᠠᠷᠤᠯᠲᠠ ᠠᠴᠠ ᠦᠵᠡᠪᠡᠯ᠄ ᠲᠦᠭᠦᠬᠡᠶ ᠨᠡᠭᠦᠷᠡᠰᠦ 4790.7 ᠲᠦᠮᠡᠨ ᠲᠣᠨ᠂ ᠨᠠᠷᠢᠯᠢᠭ ᠮᠧᠲ᠋ᠢᠯ ᠠᠯᠺᠣᠤᠯ 595.9 ᠲᠦᠮᠡᠨ ᠲᠣᠨ᠂ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ 98.3 ᠲᠦᠮᠡᠨ ᠲᠣᠨ᠂ ᠰᠢᠭᠡᠰᠦᠯᠢᠭ ᠡᠳ᠋ 290.9 ᠲᠦᠮᠡᠨ ᠲᠣᠨ᠂ ᠪᠥᠭᠡᠭᠡᠨᠡᠷᠡᠯ ᠡᠲ᠋ᠧᠨ 102.8 ᠲᠦᠮᠡᠨ ᠲᠣᠨ᠂ ᠪᠥᠭᠡᠭᠡᠨᠡᠷᠡᠯ ᠫᠷᠣᠫᠧᠨ 104.9 ᠲᠦᠮᠡᠨ ᠲᠣᠨ᠂ ᠴᠠᠬᠢᠯᠭᠠᠨ ᠭᠠᠷᠭᠠᠭᠰᠠᠨ ᠬᠡᠮᠵᠢᠶ᠎ᠡ 28.1 ᠳ᠋ᠦᠩᠰᠢᠭᠤᠷ ᠺᠢᠯᠣᠸᠠᠲ ᠴᠠᠭ ᠲᠤ ᠬᠦᠷᠪᠡ᠃      ᠦᠢᠯᠡᠴᠢᠯᠡᠭᠡᠨ ᠤ ᠠᠵᠢᠯ ᠲᠥᠷᠥᠯ ᠲᠣᠭᠲᠠᠭᠤᠨ ᠤ ᠳᠤᠮᠳᠠ ᠰᠢᠯᠢᠳᠡᠭᠵᠢᠪᠡ      1 — 11 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠡᠵᠡᠩᠨᠡᠯᠲᠡ ᠶᠢᠨ ᠣᠷᠣᠯᠭ᠎ᠠ ᠪᠠᠨ 8.23 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠤᠭᠠᠴᠢᠬᠤ ᠶᠤᠰᠤᠲᠠᠢ ᠠᠵᠢᠯᠲᠠᠨ ᠤ ᠴᠠᠯᠢᠩ 0.79 ᠳ᠋ᠦᠩᠰᠢᠭᠤᠷ ᠲᠥᠭᠦᠷᠢᠭ ᠬᠦᠷᠴᠦ᠂ ᠳᠤᠰᠢᠶᠠᠬᠤ ᠶᠤᠰᠤᠲᠠᠢ ᠨᠡᠮᠡᠭᠳᠡᠯ ᠥᠷᠲᠡᠭ ᠤᠨ ᠭᠠᠶᠢᠯᠢ 0.2 ᠳ᠋ᠦᠩᠰᠢᠭᠤᠷ ᠲᠥᠭᠦᠷᠢᠭ ᠲᠤ ᠬᠦᠷᠪᠡ᠃ ᠠᠵᠢᠯ ᠲᠦᠷᠦᠯ ᠤᠨ ᠲᠦᠷᠦᠯ ᠢᠯᠭᠠᠯ ᠠᠴᠠ ᠦᠵᠡᠪᠡᠯ᠄  ᠵᠠᠮ ᠲᠡᠭᠡᠭᠡᠪᠦᠷᠢ᠂ ᠬᠦᠮᠦᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠡᠵᠡᠩᠨᠡᠯᠲᠡ ᠶᠢᠨ ᠤᠷᠤᠯᠭ᠎ᠠ ᠨᠢ 4.52 ᠳ᠋ᠦᠩᠰᠢᠭᠤᠷ ᠲᠦᠬᠦᠷᠢᠭ ᠲᠤ ᠬᠦᠷᠴᠤ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠤᠷᠤᠯᠭ᠎ᠠ  ᠨᠢ 2.23 ᠳ᠋ᠦᠩᠰᠢᠭᠤᠷ ᠲᠦᠬᠦᠷᠢᠭ ᠲᠤ ᠬᠦᠷᠴᠤ᠂ ᠤᠰᠤᠨ ᠠᠰᠢᠭᠯᠠᠯᠲᠠ᠂ ᠤᠷᠴᠢᠨ ᠲᠤᠭᠤᠷᠢᠨ ᠪᠠ ᠤᠯᠠᠨ ᠨᠡᠶᠢᠳᠡ ᠶᠢᠨ ᠲᠦᠬᠦᠭᠡᠷᠦᠮᠵᠢ ᠶᠢᠨ ᠬᠠᠮᠢᠶᠠᠷᠤᠯᠳᠠ ᠶᠢᠨ ᠦᠢᠯᠡᠰ ᠤᠨ ᠠᠵᠤ ᠦᠢᠯᠡᠰ ᠤᠨ ᠡᠵᠡᠩᠨᠡᠯᠳᠡ ᠶᠢᠨ ᠤᠷᠤᠯᠭ᠎ᠠ ᠨᠢ 1.15 ᠳ᠋ᠦᠩᠰᠢᠭᠤᠷ ᠲᠦᠬᠦᠷᠢᠭ ᠲᠤ ᠬᠦᠷᠴᠤ᠂ ᠰᠠᠭᠤᠭᠠᠯᠢ ᠠᠷᠠᠳ ᠤᠨ ᠦᠢᠯᠡᠴᠢᠯᠡᠭᠡᠨ ᠤ ᠰᠡᠯᠪᠢᠨ ᠵᠠᠰᠠᠬᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ  ᠨᠢ ᠲᠤᠰᠪᠤᠷᠢ 0.06 ᠳ᠋ᠦᠩᠰᠢᠭᠤᠷ ᠲᠦᠬᠦᠷᠢᠭ᠂ 0.1 ᠳ᠋ᠦᠩᠰᠢᠭᠤᠷ ᠲᠦᠬᠦᠷᠢᠭ᠂ 0.17 ᠳ᠋ᠦᠩᠰᠢᠭᠤᠷ ᠲᠦᠬᠦᠷᠢᠭ ᠤᠨ ᠤᠷᠤᠯᠭ᠎ᠠ ᠶᠢ ᠪᠡᠶᠡᠯᠡᠬᠦᠯᠪᠡ᠃      ᠪᠦᠲᠦᠮᠵᠢᠲᠡᠢ ᠪᠡᠯᠡ ᠣᠷᠤᠭᠤᠯᠤᠯᠲᠠ ᠳᠤᠪᠤᠶᠢᠮ᠎ᠠ ᠬᠤᠪᠢ ᠨᠡᠮᠡᠷᠢ ᠦᠵᠡᠬᠦᠯᠪᠡ      2024 ᠣᠨ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 37.5% ᠪᠠᠷ ᠨᠡᠮᠡᠭᠳᠡᠵᠦ᠂ ᠪᠥᠬᠦ ᠬᠤᠲᠠ ᠳᠤ ᠲᠡᠷᠢᠬᠦᠯᠡᠪᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 167.8% ᠢᠶᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 37.1% ᠪᠠᠷ ᠨᠡᠮᠡᠭᠳᠡᠵᠤ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 28.9% ᠪᠠᠷ ᠨᠡᠮᠡᠭᠳᠡᠪᠡ᠃ ᠪᠡᠯᠡ ᠣᠷᠣᠭᠤᠯᠤᠯᠲᠠ ᠶᠢᠨ ᠠᠵᠢᠯ ᠲᠥᠷᠥᠯ ᠠᠴᠠ ᠦᠵᠡᠪᠡᠯ᠂ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠠᠴᠠ 55.6% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠠᠴᠠ 37.1% ᠪᠠᠷ ᠨᠡᠮᠡᠭᠳᠡᠪᠡ᠃ ᠪᠡᠯᠡ ᠣᠷᠣᠭᠤᠯᠤᠯᠲᠠ ᠶᠢᠨ ᠬᠦᠷᠢᠶᠡᠨ ᠠᠴᠠ ᠦᠵᠡᠪᠡᠯ᠄ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 87.1% ᠪᠠᠷ ᠨᠡᠮᠡᠭᠳᠡᠪᠡ︔ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 49.7% ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 58.8% ᠪᠠᠷ ᠪᠠᠭᠤᠷᠠᠪᠠ᠃      2024 ᠣᠨ ᠳᠤ᠂ ᠪᠥᠬᠦ ᠬᠤᠰᠢᠭᠤᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ 38 ᠪᠠᠶᠢᠵᠤ᠂ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 169113 ᠲᠡᠭᠰᠢ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 22.8% ᠢᠶᠠᠷ ᠨᠡᠮᠡᠭᠳᠡᠪᠡ︔ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 61331 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.2% ᠢᠶᠠᠷ ᠨᠡᠮᠡᠭᠳᠡᠪᠡ᠃      ᠬᠡᠷᠡᠭᠯᠡᠭᠡᠨ ᠤ ᠵᠠᠬ᠎ᠠ ᠳᠡᠯᠭᠡᠭᠦᠷ ᠬᠥᠭᠵᠢᠶᠡᠨᠲᠡᠶ ᠪᠣᠯᠪᠠ      2024 ᠣᠨ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 41.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.7% ᠪᠠᠷ ᠨᠡᠮᠡᠭᠳᠡᠨ᠂ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠠᠳᠠᠯᠢ ᠬᠤᠭᠤᠴᠠᠭᠠᠨ ᠤ ᠬᠢ ᠠᠴᠠ 4 ᠪᠠᠶᠢᠷᠢ ᠳᠡᠭᠡᠭᠰᠢᠯᠡᠪᠡ᠃ ᠪᠣᠷᠣᠯᠠᠭᠤᠯᠬᠤ ᠨᠢᠭᠡᠴᠢ ᠶᠢᠨ ᠪᠠᠶᠢᠭ᠎ᠠ ᠭᠠᠵᠠᠷ ᠠᠴᠠ ᠦᠵᠡᠪᠡᠯ᠄ ᠬᠤᠲᠠ ᠪᠠᠯᠭᠠᠰᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 31.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠪᠡ︔ ᠬᠥᠳᠡᠭᠡ ᠲᠣᠰᠬᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 10.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.0% ᠢᠶᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠬᠡᠯᠪᠡᠷᠢ ᠠᠴᠠ ᠦᠵᠡᠪᠡᠯ᠄ ᠢᠳᠡᠭᠡᠨ ᠤᠮᠳᠠᠭᠠᠨ ᠤ ᠣᠷᠣᠯᠭ᠎ᠠ 6.0 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠪᠡ︔ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ 35.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠪᠡ᠃ ᠰᠢᠨ᠎ᠡ ᠶᠢ ᠰᠣᠯᠢᠬᠤ᠂ ᠣᠶᠤᠨᠴᠢ ᠲᠥᠷᠥᠯ ᠤᠨ ᠬᠡᠷᠡᠭᠯᠡᠭᠡᠨ ᠤ ᠨᠡᠮᠡᠭᠳᠡᠯ ᠤᠨ ᠪᠠᠶᠢᠳᠠᠯ ᠰᠠᠶᠢᠨ ᠪᠠᠢᠨ᠎ᠠ᠃ ᠮᠠᠰᠢᠨ ᠲᠡᠷᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 75.9% ᠪᠠᠷ ᠨᠡᠮᠡᠭᠳᠡᠵᠦ᠂ ᠡᠭᠦᠨ ᠳᠤ ᠰᠢᠨ᠎ᠡ ᠡᠨᠧᠷᠭᠢ ᠶᠢᠨ ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 543.5% ᠪᠠᠷ ᠨᠡᠮᠡᠭᠳᠡᠪᠡ︔ ᠬᠡᠷ ᠤᠨ ᠴᠠᠬᠢᠯᠭᠠᠨ ᠬᠡᠷᠡᠭᠰᠡᠯ ᠪᠠ ᠳᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 14.7% ᠪᠠᠷ ᠨᠡᠮᠡᠭᠳᠡᠪᠡ︔ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 38.5% ᠪᠠᠷ ᠨᠡᠮᠡᠭᠳᠡᠪᠡ᠃      ᠰᠠᠭᠤᠭᠠᠯᠢ ᠠᠷᠠᠳ ᠤᠨ ᠣᠷᠤᠯᠭ᠎ᠠ ᠦᠷᠭᠦᠯᠵᠢᠯᠡᠨ ᠨᠡᠮᠡᠭᠳᠡᠪᠡ      2024 ᠣᠨ ᠳᠤ᠂ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 46202 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 58713 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0% ᠨᠡᠮᠡᠭᠳᠡᠵᠦ᠂ ᠪᠥᠬᠦ ᠬᠤᠲᠠ ᠶᠢᠨ ᠲᠠᠪᠤᠳᠤᠭᠠᠷ ᠲᠤ ᠵᠢᠭᠰᠠᠭᠠᠭᠳᠠᠪᠠ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 29207 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠨ᠂ ᠪᠥᠬᠦ ᠬᠤᠲᠠ ᠶᠢᠨ ᠨᠢᠭᠡᠳᠦᠭᠡᠷ ᠲᠤ ᠵᠢᠭᠰᠠᠭᠠᠭᠳᠠᠪᠠ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠡᠷᠡᠭᠯᠡᠭᠡᠨ ᠤ ᠴᠢᠨᠠᠷᠲᠠᠶ ᠵᠠᠷᠤᠯᠭ᠎ᠠ 33179 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠡᠷᠡᠭᠯᠡᠭᠡᠨ ᠤ ᠴᠢᠨᠠᠷᠲᠠᠶ ᠵᠠᠷᠤᠯᠭ᠎ᠠ 25870 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ᠃      ᠡᠷᠬᠢᠯᠲᠡ ᠶᠢᠨ ᠣᠷᠴᠢᠨ ᠨᠥᠬᠦᠴᠡᠯ ᠶᠡᠷᠦᠩᠬᠡᠢ ᠳᠡᠭᠡᠨ ᠲᠣᠭᠲᠠᠭᠤᠨ ᠪᠠᠶᠢᠪᠠ      2024 ᠣᠨ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 127.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 151.0% ᠢᠶᠠᠷ ᠨᠡᠮᠡᠭᠳᠡᠪᠡ᠃ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 136.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 75.3% ᠪᠠᠷ ᠨᠡᠮᠡᠭᠳᠡᠪᠡ᠃      2024 ᠣᠨ ᠤ ᠡᠴᠦᠰ ᠪᠣᠯᠲᠠᠯ᠎ᠠ᠂ ᠪᠥᠬᠦ ᠬᠤᠰᠢᠭᠤᠨ ᠳᠤ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ︵   ᠰᠠᠯᠪᠤᠷᠢ ᠪᠠᠶᠢᠭᠤᠯᠤᠮᠵᠢ ᠶᠢ ᠪᠠᠭᠲᠠᠭᠠᠨ᠎ᠠ︶ 26198 ᠡᠷᠦᠬᠡ ᠪᠠᠶᠢᠵᠤ᠂ ᠡᠭᠦᠨ ᠳᠤ ᠡᠯ᠎ᠡ ᠲᠥᠷᠥᠯ ᠤᠨ ᠠᠵᠤ ᠠᠬᠤᠶᠢᠯᠠᠯ 6837᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 18447᠂ ᠲᠠᠷᠢᠶᠠᠴᠢᠨ ᠤ ᠲᠤᠰᠬᠠᠶ ᠬᠤᠷᠰᠢᠶ᠎ᠠ 914 ᠪᠠᠶᠢᠨ᠎ᠠ᠃ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢ ᠰᠢᠨ᠎ᠡ ᠪᠠᠷ 4210 ᠡᠷᠦᠬᠡ ᠳᠠᠩᠰᠠᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 17.4%  ᠪᠠᠷ ᠨᠡᠮᠡᠭᠳᠡᠪᠡ᠃      2024 ᠣᠨ ᠤ ᠡᠴᠦᠰ ᠪᠣᠯᠲᠠᠯ᠎ᠠ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠬᠠᠳᠠᠭᠠᠯᠠᠮᠵᠢ ᠶᠢᠨ ᠦᠯᠡᠳᠡᠪᠦᠷᠢ 223.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35.3% ᠪᠠᠷ ᠨᠡᠮᠡᠭᠳᠡᠵᠡᠶ᠂ ᠡᠭᠦᠨ ᠳᠤ᠄ ᠰᠠᠭᠤᠭᠠᠯᠢ ᠠᠷᠠᠳ ᠤᠨ ᠬᠠᠳᠠᠭᠠᠯᠠᠮᠵᠢ ᠶᠢᠨ ᠦᠯᠡᠳᠡᠪᠦᠷᠢ 125.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠪᠡ︔ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠬᠠᠳᠠᠭᠠᠯᠠᠮᠵᠢ ᠶᠢᠨ ᠦᠯᠡᠳᠡᠪᠦᠷᠢ 52.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.9% ᠪᠠᠷ ᠨᠡᠮᠡᠭᠳᠡᠪᠡ᠃ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ 154.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.0% ᠢᠶᠠᠷ ᠪᠠᠭᠤᠷᠠᠪᠠ᠂ ᠡᠭᠦᠨ ᠳᠤ᠄ ᠰᠠᠭᠤᠭᠠᠯᠢ ᠠᠷᠠᠳ ᠤᠨ ᠵᠢᠭᠡᠯᠡᠯᠭᠡ ᠶᠢᠨ ᠦᠯᠡᠳᠡᠪᠦᠷᠢ ᠠᠳᠠᠯᠢ ᠬᠤᠭᠤᠴᠠᠭᠠᠨ ᠤ ᠬᠢ ᠠᠴᠠ 22.5% ᠪᠠᠷ ᠨᠡᠮᠡᠭᠳᠡᠵᠦ᠂ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠠᠳᠠᠯᠢ ᠬᠤᠭᠤᠴᠠᠭᠠᠨ ᠤ ᠬᠢ ᠠᠴᠠ 11.5% ᠪᠠᠷ ᠪᠠᠭᠤᠷᠠᠪᠠ᠃      ᠶᠡᠷᠦᠩᠬᠡᠶ ᠳᠤᠨᠢ ᠠᠪᠴᠤ ᠦᠵᠡᠪᠡᠯ᠂ 2024 ᠣᠨ ᠳᠤ ᠮᠠᠨ ᠤ ᠬᠤᠰᠢᠭᠤᠨ ᠤ ᠠᠵᠤ ᠠᠬᠤᠶ ᠶᠢᠨ ᠡᠷᠬᠢᠯᠲᠡ ᠲᠣᠭᠲᠠᠭᠤᠨ ᠤ ᠳᠤᠮᠳᠠ ᠲᠦᠷᠭᠡᠨ ᠬᠥᠭᠵᠢᠵᠦ᠂ ᠪᠥᠬᠦ ᠵᠢᠯ ᠤᠨ ᠬᠠᠷᠠᠯᠲᠠ ᠤᠷᠤᠭᠰᠢᠲᠠᠶ ᠪᠡᠶᠡᠯᠡᠭᠳᠡᠪᠡ᠃ ᠰᠢᠨ᠎ᠡ ᠨᠢᠭᠡᠨ ᠵᠢᠯ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ ᠪᠦᠲᠦᠮᠵᠢᠲᠡᠢ ᠬᠡᠷᠡᠭᠴᠡᠭᠡ ᠱᠠᠭᠠᠷᠳᠠᠯᠭ᠎ᠠ ᠶᠢ ᠶᠡᠬᠡᠪᠡᠷ ᠪᠠᠳᠠᠷᠠᠭᠤᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠵᠦ ᠥᠭᠡᠷᠡᠴᠢᠯᠡᠯᠲᠡ ᠨᠡᠭᠡᠭᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠤᠨ ᠪᠦᠬᠦ ᠬᠤᠰᠢᠭᠤᠨ ᠤ ᠠᠵᠤ ᠠᠬᠤᠢ ᠶᠢᠨ ᠰᠠᠶᠢᠵᠢᠷᠠᠯᠲᠠ ᠶᠢᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠴᠢᠩᠭᠠᠳᠬᠠᠵᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠨ᠎ᠠ᠃
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ