ᠴᠠᠭᠠᠨ ᠰᠠᠷ᠎ᠠ ᠶᠢᠨ ᠬᠤᠭᠤᠴᠠᠭᠠᠨ ᠳᠤ ᠵᠦᠩ ᠲᠢᠶᠠᠨ ᠾᠧ ᠴᠤᠸᠠᠩ ᠺᠤᠮᠫᠠᠨᠢ ᠶᠢᠨ ᠮᠥᠩᠭᠡᠴᠢᠨ ᠨᠡᠭᠦᠷᠡᠰᠦᠨ ᠠᠭᠤᠷᠬᠠᠢ ᠶᠢᠨ ᠠᠵᠢᠯᠴᠢᠳ ᠡᠮᠦᠨ᠎ᠡ | ᠹᠷᠣᠨᠲ ᠲᠤ ᠠᠵᠢᠯ ᠤᠨ ᠪᠠᠶᠢᠷᠢ ᠪᠠᠨ ᠪᠠᠲᠤ ᠰᠠᠭᠢᠨ ᠠᠶᠤᠯᠭᠦᠢ ᠦᠢᠯᠡᠳᠪᠦᠷᠢᠯᠡᠯ ᠢ ᠪᠠᠲᠤᠯᠠᠵᠤ ᠨᠡᠭᠦᠷᠡᠰᠦᠨ ᠠᠭᠤᠷᠬᠠᠢ ᠶᠢᠨ ᠠᠵᠢᠯᠴᠢᠨ ᠤ ᠬᠠᠷᠢᠭᠤᠴᠠᠯᠭ᠎ᠠ | ᠪᠣᠯᠤᠨ ᠡᠭᠦᠷᠭᠡᠯᠡᠯ ᠢᠶᠠᠨ ᠭᠥᠢᠴᠡᠳᠭᠡᠵᠤ ᠪᠠᠶᠢᠨ᠎ᠠ᠃ | ᠵᠦᠩ ᠲᠢᠶᠠᠨ ᠾᠧ ᠴᠤᠸᠠᠩ ᠺᠤᠮᠫᠠᠨᠢ ᠶᠢᠨ ᠮᠥᠩᠬᠡᠴᠢᠨ ᠨᠡᠭᠦᠷᠡᠰᠦᠨ ᠠᠭᠤᠷᠬᠠᠢ ᠪᠣᠯ ᠵᠢᠯ ᠤᠨ 800 ᠲᠦᠮᠡᠨ ᠲᠣᠨ ᠨᠡᠭᠦᠷᠡᠰᠦ ᠦᠢᠯᠡᠳᠪᠦᠷᠢᠯᠡᠬᠦ | ᠲᠣᠮᠣ ᠬᠡᠯᠪᠡᠷᠢ ᠶᠢᠨ ᠣᠳᠣᠬᠢᠴᠢᠯᠠᠭᠰᠠᠨ ᠨᠡᠭᠦᠷᠡᠰᠦᠨ ᠠᠭᠤᠷᠬᠠᠢ ᠪᠣᠯᠤᠨ᠎ᠠ᠃ ᠴᠠᠭᠠᠨ ᠰᠠᠷ᠎ᠠ ᠶᠢᠨ ᠬᠤᠭᠤᠴᠠᠭᠠᠨ ᠳᠤ 1000 ᠭᠠᠷᠤᠶ ᠠᠵᠢᠯᠴᠢᠨ | ᠤᠤᠯ ᠤᠨ ᠬᠢ ᠲᠠᠢ ᠠᠳᠠᠯᠢ ᠪᠠᠷ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠶᠠᠭᠠᠷᠠᠯᠳᠤᠵᠤ ᠡᠳᠦᠷ ᠪᠦᠷᠢ 2 ᠲᠦᠮᠡ ᠭᠠᠷᠤᠶ ᠲᠣᠨ ᠨᠡᠭᠦᠷᠡᠰᠦ | ᠦᠢᠯᠡᠳᠪᠦᠷᠢᠯᠡᠵᠦ ᠲᠦᠭ ᠲᠦᠮᠡᠨ ᠠᠶᠢᠯ ᠡᠷᠦᠬᠡ ᠶᠢᠨ ᠪᠠᠶᠠᠷ ᠬᠥᠷ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠳᠤᠯᠠᠯ᠎ᠠ᠃ | ᠵᠥᠩ ᠲᠢᠶᠠᠨ ᠾᠧ ᠴᠤᠸᠠᠩ ᠺᠤᠮᠫᠠᠨᠢ ᠶᠢᠨ ᠮᠥᠩᠬᠡᠴᠢᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠵᠢᠯᠣᠭᠤᠳᠬᠤ ᠲᠥᠪ ᠤᠨ | ᠵᠣᠬᠢᠴᠠᠭᠤᠯᠤᠭᠴᠢ ᠶᠠᠩ ᠹᠠᠨ ᠰᠣᠷᠪᠤᠯᠵᠢᠯᠠᠭᠴᠢ ᠳᠤ ᠬᠡᠯᠡᠬᠦ ᠳᠡᠭᠡᠨ᠄ ︽ᠤᠤᠯ ᠨᠢ ᠬᠠᠷᠢᠵᠤ ᠰᠢᠨᠡᠯᠡᠬᠦ ᠪᠠᠷ ᠪᠡᠯᠡᠳᠬᠡᠵᠦ ᠪᠠᠶᠢᠭᠰᠠᠨ᠂ ᠭᠡᠪᠡᠴᠦ ᠮᠠᠨ ᠤ | ᠠᠵᠢᠯ ᠤᠨ ᠪᠠᠶᠢᠷᠢ ᠣᠨᠴᠠᠭᠠᠶ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ ᠨᠠᠩ ᠨᠠᠷᠢᠨ ᠨᠢᠮᠪᠠᠶ ᠳᠤᠬᠢᠷᠠᠭᠤᠯᠬᠤ ᠴᠢᠬᠤᠯᠠᠲᠠᠢ ᠤᠴᠢᠷ | ᠠᠴᠠ ᠠᠵᠢᠯ ᠤᠨ ᠪᠠᠶᠢᠷᠢᠨ ᠲᠡᠭᠡᠷ᠎ᠡ ᠪᠠᠨ ᠰᠢᠨᠡᠯᠡᠭᠰᠠᠨ᠂ ᠡᠨᠡ ᠵᠢᠯ ᠡᠨᠧᠷᠭᠢ ᠶᠢᠨ ᠬᠠᠩᠭᠠᠯᠭ᠎ᠠ ᠳᠤ ᠨᠢᠭᠡ ᠬᠤᠪᠢ ᠬᠦᠴᠦᠨ ᠴᠢᠳᠠᠯ ᠢᠶᠠᠨ ᠡᠷᠭᠦᠭᠰᠡᠨ ᠳᠤ | ᠲᠤᠩ ᠪᠠᠶᠠᠷᠲᠠᠢ ᠪᠠᠶᠢᠨ᠎ᠠ︾ ᠭᠡᠯ᠎ᠠ᠃ | ᠵᠥᠩ ᠲᠢᠶᠠᠨ ᠾᠧ ᠴᠤᠸᠠᠩ ᠺᠤᠮᠫᠠᠨᠢ ᠶᠢᠨ ᠮᠥᠩᠬᠡᠴᠢᠨ ᠨᠡᠭᠦᠷᠡᠰᠦᠨ ᠠᠭᠤᠷᠬᠠᠢ ᠶᠢᠨ ᠶᠡᠷᠦᠩᠬᠡᠶᠢᠯᠡᠨ ᠮᠠᠯᠲᠠᠬᠤ ᠠᠩᠭᠢ ᠶᠢᠨ ᠳᠡᠳ᠋ ᠳᠠᠷᠤᠭ᠎ᠠ | ᠰᠠᠶᠢᠳᠠᠩ ᠬᠡᠳᠦᠨ ᠵᠠᠭᠤᠨ ᠮᠧᠲᠷ ᠤᠨ ᠭᠦᠨ ᠨᠡᠭᠦᠷᠡᠰᠦᠨ ᠠᠭᠤᠷᠬᠠᠶ ᠶᠢᠨ ᠬᠤᠳᠳᠤᠭ ᠳᠣᠲᠣᠷ᠎ᠠ ᠶᠠᠭᠠᠷᠠᠯᠲᠠᠶᠢᠬᠠᠨ ᠠᠵᠢᠯᠯᠠᠵᠤ ᠪᠠᠶᠢᠯ᠎ᠠ᠃ ᠲᠡᠷᠡ ᠭᠡᠷ ᠲᠡᠭᠡᠨ | ᠬᠠᠷᠢᠵᠤ ᠰᠢᠨᠡᠯᠡᠭᠰᠡᠨ ᠦᠭᠡᠢ 6 ᠵᠢᠯ ᠪᠣᠯᠵᠤ ᠪᠠᠶᠢᠨ᠎ᠠ᠃ ᠡᠨᠡ ᠵᠢᠯ ᠬᠦᠮᠦᠨ ᠲᠣᠳᠠᠮᠠᠭ ᠪᠠᠶᠢᠬᠤ ᠶᠢ ᠪᠤᠳᠤᠯᠭᠢᠯᠠᠨ ᠣᠭᠲᠤ ᠲᠠᠲᠠᠭᠠᠯᠵᠠᠯ ᠦᠭᠡᠶ ᠪᠠᠷ ᠳᠠᠬᠢᠨ | ᠨᠢᠭᠡ ᠤᠳᠠᠭ᠎ᠠ ᠠᠵᠢᠯ ᠤᠨ ᠪᠠᠶᠢᠷᠢ ᠪᠠᠨ ᠪᠠᠲᠤ ᠰᠠᠬᠢᠬᠤ ᠪᠠᠷ ᠭᠤᠶᠤᠴᠢᠯᠠᠪᠠ᠃ ᠲᠠᠷᠠ ᠰᠣᠷᠪᠤᠯᠵᠢᠯᠠᠭᠴᠢ ᠳᠤ ᠬᠡᠯᠡᠬᠦ ᠳᠡᠭᠡᠨ᠄ ︽ᠮᠢᠨᠦ ᠡᠭᠦᠷᠭᠡ | ᠬᠠᠷᠢᠭᠤᠴᠠᠯᠭ᠎ᠠ ᠪᠣᠯ ᠠᠵᠢᠯ ᠤᠨ ᠪᠠᠶᠢᠷᠢ ᠪᠠᠨ ᠪᠠᠲᠤ ᠰᠠᠬᠢᠵᠤ ᠲᠥᠬᠦᠭᠡᠷᠦᠮᠵᠢ ᠶᠢᠨ ᠬᠡᠪ ᠤᠨ ᠡᠷᠭᠢᠯᠳᠠ ᠶᠢ ᠪᠠᠳᠤᠯᠠᠬᠤ ᠶᠠᠪᠤᠳᠠᠯ ᠪᠤᠯᠤᠨ᠎ᠠ᠂ ᠬᠡᠳᠦ᠋ᠢᠪᠡᠷ | ᠭᠡᠷ ᠤᠨ ᠬᠥᠮᠦᠰ ᠲᠠᠢ ᠪᠠᠨ ᠬᠠᠮᠳᠤ ᠰᠢᠨᠡᠯᠡᠵᠦ ᠴᠢᠳᠠᠬᠤ ᠦᠭᠡᠢ ᠪᠣᠯᠪᠠᠴᠤ ᠤᠯᠤᠰ ᠤᠨ ᠡᠨᠧᠷᠭᠢ ᠶᠢᠨ ᠦᠢᠯᠡᠰ ᠲᠤ ᠬᠤᠪᠢ ᠨᠡᠮᠡᠷᠢ ᠪᠠᠨ ᠦᠵᠡᠭᠦᠯᠵᠦ ᠪᠠᠶᠢᠬᠤ | ᠳᠤ ᠪᠠᠨ ᠶᠡᠭᠡ ᠤᠮᠤᠭᠰᠢᠵᠤ ᠪᠠᠶᠢᠨ᠎ᠠ︾ ᠭᠡᠯ᠎ᠠ᠃ | ᠮᠥᠩᠬᠡᠴᠢᠨ ᠨᠡᠭᠦᠷᠡᠰᠦ ᠰᠣᠩᠭᠤᠬᠤ ᠦᠢᠯᠡᠳᠪᠦᠷᠢ ᠶᠢᠨ ᠭᠠᠯᠲᠤ ᠲᠡᠷᠭᠡᠨ ᠤ ᠲᠡᠭᠡᠭᠡᠪᠤᠷᠢ ᠶᠢᠨ ᠥᠷᠲᠡᠭᠡᠨ ᠳᠤ ᠲᠥᠪᠯᠡᠷᠡᠭᠦᠯᠦᠨ ᠡᠵᠡᠮᠳᠡᠬᠦ ᠠᠵᠢᠯᠲᠠᠨ | ᠯᠢᠦ ᠬᠤᠣ ᠣᠶᠤᠨᠴᠢ ᠮᠠᠰᠢᠨ ᠲᠡᠷᠭᠡᠨ ᠤ ᠰᠢᠰᠲ᠋ᠧᠮ ᠢ ᠪᠣᠯᠪᠠᠰᠤᠷᠠᠩᠭᠤᠢ ᠠᠵᠢᠯᠯᠠᠭᠤᠯᠵᠤ ᠲᠦᠮᠡᠨ ᠲᠤᠨ ᠤ ᠭᠠᠯᠳᠤ ᠲᠡᠷᠭᠡᠨ ᠳᠤ ᠨᠡᠭᠦᠷᠡᠰᠦ ᠰᠠᠪᠠᠯᠠᠵᠤ ᠪᠡᠶᠢᠯ᠎ᠠ | ᠃ ᠴᠠᠭᠠᠨ ᠰᠠᠷ᠎ᠠ ᠶᠢᠨ ᠬᠤᠭᠤᠴᠠᠭᠠᠨ ᠳᠤ ᠨᠡᠭᠦᠷᠡᠰᠦ ᠲᠡᠭᠡᠭᠡᠪᠦᠷᠢᠯᠡᠨ ᠬᠦᠷᠭᠡᠬᠦ ᠡᠭᠦᠷᠭᠡ ᠨᠢ ᠳᠤᠮᠳᠠᠴᠢ ᠪᠠᠷ ᠡᠳᠦᠷ ᠪᠦᠷᠢ 1.5 ᠴᠤᠪᠤᠭ᠎ᠠ ᠣᠷᠴᠢᠮ ᠪᠠᠶᠢᠵᠤ᠂ | ᠨᠠᠭᠦᠷᠠᠰᠤ ᠲᠡᠭᠡᠬᠡᠪᠤᠷᠢᠯᠠᠨ ᠭᠥᠷᠭᠡᠭᠦ ᠡᠭᠦᠷᠭᠡ ᠨᠡᠯᠢᠶᠡᠳ ᠬᠦᠨᠳᠦ ᠮᠦᠷᠳᠡᠭᠡᠨ ᠠᠵᠢᠯᠲᠠᠨ ᠪᠠᠴᠢᠮ ᠪᠣᠯᠬᠤᠷ ᠲᠡᠷᠡ ᠠᠵᠢᠯ ᠳᠠᠭᠠᠨ ᠮᠠᠰᠢ ᠬᠠᠷᠢᠭᠤᠴᠠᠯᠭ᠎ᠠ ᠲᠠᠢ | ᠬᠠᠨᠳᠣᠳᠠᠭ ᠪᠠᠶᠢᠨ᠎ᠠ᠃ ᠲᠠᠷᠠ ᠰᠣᠷᠪᠤᠯᠵᠢᠯᠠᠭᠴᠢ ᠳᠤ ᠬᠡᠯᠡᠬᠦ ᠳᠡᠭᠡᠨ᠄ ︽ᠮᠥᠩᠬᠡᠴᠢᠨ ᠨᠡᠭᠦᠷᠡᠰᠦ ᠰᠣᠩᠭᠤᠬᠤ ᠦᠢᠯᠡᠳᠪᠦᠷᠢ ᠶᠢᠨ ᠭᠠᠯᠲᠤ ᠲᠡᠷᠭᠡᠨ ᠤ | ᠲᠡᠭᠡᠭᠡᠪᠦᠷᠢ ᠶᠢᠨ ᠥᠷᠲᠡᠭᠡ ᠶᠢᠨ ᠠᠵᠢᠯᠲᠠᠨ ᠪᠣᠯᠤᠭᠰᠠᠨ ᠤ ᠬᠤᠪᠢ ᠳᠤ᠂ ᠴᠠᠭᠠᠨ ᠰᠠᠷ᠎ᠠ ᠶᠢᠨ ᠬᠤᠭᠤᠴᠠᠭᠠᠨ ᠳᠤ ᠨᠡᠭᠦᠷᠡᠰᠦᠨ ᠤ ᠬᠠᠩᠭᠠᠯᠭ᠎ᠠ ᠶᠢ | ᠪᠠᠲᠤᠯᠠᠬᠤ ᠶᠢᠨ ᠲᠥᠯᠥᠭᠡ ᠪᠢ ᠠᠵᠢᠯ ᠤᠨ ᠪᠠᠶᠢᠷᠢ ᠪᠠᠨ ᠪᠠᠲᠤ ᠰᠠᠭᠢᠭᠰᠠᠨ᠂ ᠬᠡᠳᠦ᠋ᠢᠪᠡᠷ ᠬᠡᠷ ᠤᠨ ᠬᠥᠮᠦᠰ ᠲᠠᠢ ᠪᠠᠨ ᠬᠠᠮᠲᠤ ᠪᠠᠶᠢᠵᠦ ᠴᠢᠳᠠᠭ᠎ᠠ ᠦᠭᠡᠢ ᠴᠤ | ᠭᠡᠰᠡᠨ ᠲᠦᠮᠡᠨ ᠲᠣᠨ ᠤ ᠨᠠᠭᠦᠷᠠᠰᠤ ᠲᠡᠭᠡᠭᠡᠪᠤᠷᠢᠯᠠᠭᠦ ᠭᠠᠯᠳᠤ ᠲᠡᠷᠭᠡ ᠬᠡᠪ ᠤᠨ ᠶᠣᠰᠣᠭᠠᠷ ᠲᠡᠭᠡᠭᠡᠪᠦᠷᠢᠯᠡᠵᠦ ᠪᠠᠶᠢᠬᠤ ᠶᠢ ᠣᠯᠵᠤ ᠦᠵᠡᠭᠡᠳ ᠮᠠᠰᠢ ᠪᠠᠶᠠᠷᠲᠠᠢ | ᠪᠠᠶᠢᠨ᠎ᠠ᠃ ᠪᠠᠶᠠᠷ ᠤᠨ ᠡᠳᠦᠷ ᠤᠨ ᠬᠤᠭᠤᠴᠠᠭᠠᠨ ᠳᠤ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠪᠠᠰᠠ ᠣᠮᠲᠣᠭᠠᠶᠢᠯᠠᠵᠤ ᠪᠣᠯᠬᠤ ᠥᠬᠡᠶ᠂ | ᠭᠤᠭᠴᠤᠭ᠎ᠠ ᠨᠢᠭᠡᠪᠦᠷᠢ ᠨᠢ ᠴᠥᠮ ᠨᠡᠭᠦᠷᠡᠰᠦ ᠤᠷᠤᠭᠰᠢᠲᠠᠶ ᠲᠡᠭᠡᠭᠡᠪᠦᠷᠢᠯᠡᠵᠦ ᠳᠡᠶᠢᠯᠬᠦ ᠡᠰᠡᠬᠦ ᠲᠠᠢ ᠬᠤᠯᠪᠤᠭᠳᠠᠳᠠᠭ ᠠᠴᠠ ᠪᠢᠳᠡ ᠡᠷᠬᠡᠪᠰᠢ ᠴᠠᠭ ᠢᠮᠠᠭᠲᠠ | ᠠᠩᠬᠠᠷᠤᠯ ᠲᠠᠢ ᠪᠠᠶᠢᠵᠤ᠂ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ︾ ᠭᠡᠯ᠎ᠠ᠃ | ᠤᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠮᠠᠨ ᠤ ᠬᠤᠰᠢᠭᠤᠨ ᠤ ᠨᠢᠭᠡᠨᠲᠡ ᠠᠰᠢᠭᠯᠠᠯᠲᠠ ᠳᠤ ᠣᠷᠣᠭᠰᠠᠨ 6 | ᠣᠳᠣᠬᠢᠴᠢᠯᠠᠭᠰᠠᠨ ᠤᠶᠤᠨᠲᠤ ᠨᠡᠭᠦᠷᠡᠰᠦᠨ ᠠᠭᠤᠷᠬᠠᠢ ᠶᠢᠨ ᠲᠦᠮᠡ ᠰᠢᠬᠠᠮ ᠨᠡᠭᠦᠷᠡᠰᠦᠨ ᠠᠭᠤᠷᠬᠠᠢ ᠶᠢᠨ ᠠᠵᠢᠯᠴᠢᠨ ᠨᠢᠭᠡᠳᠦᠭᠡᠷ ᠹᠷᠣᠨᠲ ᠲᠤ ᠠᠵᠢᠯ ᠤᠨ | ᠪᠠᠶᠢᠷᠢ ᠪᠠᠨ ᠪᠠᠲᠤ ᠰᠠᠬᠢᠪᠠ᠃ ᠶᠠᠭ ᠡᠶᠢᠮᠤ ᠠᠴᠠ ᠪᠦᠬᠦ ᠤᠯᠤᠰ ᠤᠨ ᠡᠯ᠎ᠡ ᠭᠠᠵᠠᠷ ᠤᠨ ᠴᠠᠬᠢᠯᠭᠠᠨ ᠦᠢᠯᠡᠳᠪᠦᠷᠢ ᠵᠡᠷᠭᠡ ᠶᠢᠨ ᠡᠨᠧᠷᠭᠢ ᠶᠢᠨ ᠬᠠᠩᠭᠠᠯᠭ᠎ᠠ | ᠭᠦᠢᠴᠡᠳ ᠪᠠᠶᠢᠵᠤ᠂ ᠲᠤᠭ᠎ᠠ ᠲᠣᠮᠰᠢ ᠦᠭᠡᠢ ᠭᠡᠷ ᠪᠦᠯᠢ ᠬᠠᠯᠠᠭᠤᠨ ᠳᠤᠯᠠᠭᠠᠨ ᠢᠶᠠᠷ ᠵᠢᠯ ᠴᠠᠭᠠᠨ ᠰᠠᠷ᠎ᠠ ᠪᠠᠨ ᠥᠩᠭᠡᠷᠡᠭᠦᠯᠵᠤ᠂ ᠲᠠᠳᠠ ᠰᠢᠷᠭᠠᠭᠤ | ᠬᠥᠳᠡᠯᠮᠦᠷᠢ ᠪᠠᠷ ᠢᠶᠠᠨ ᠲᠦᠭ ᠲᠦᠮᠡᠨ ᠡᠷᠦᠬᠡ ᠳᠤ ᠡᠨᠧᠷᠭᠢ ᠶᠢᠨ ᠪᠠᠲᠤᠯᠠᠭ᠎ᠠ ᠬᠠᠩᠭᠠᠵᠦ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠ ᠡᠭᠦᠷᠭᠡᠯᠡᠯ | ᠢᠶᠠᠨ ᠭᠥᠢᠴᠡᠳᠭᠡᠵᠤ ᠴᠢᠳᠠᠭᠰᠠᠨ ᠪᠠᠶᠢᠨ᠎ᠠ᠃ |