ᠴᠠᠭᠠᠨ ᠰᠠᠷ᠎ᠠ ᠶᠢᠨ ᠪᠠᠶᠠᠷᠲᠤ ᠮᠦᠴᠡ ᠪᠠᠷ ᠵᠦᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠢᠮᠢ ᠶᠢᠨ ᠠᠵᠤ | ᠦᠢᠯᠡᠳᠪᠦᠷᠢ ᠶᠢᠨ ᠬᠤᠪᠢᠶᠠᠷᠢ ᠺᠣᠮᠫᠠᠨᠢ ᠶᠢᠨ ᠠᠵᠢᠯᠴᠢᠨ ᠭᠡᠷ ᠤᠨ ᠬᠥᠮᠦᠰ ᠲᠠᠢ ᠪᠠᠨ ᠬᠠᠮᠳᠤ ᠪᠠᠷ ᠰᠢᠨᠠᠯᠠᠭᠦ ᠠᠵᠠ ᠲᠣᠬᠢᠶᠠᠯ ᠢᠶᠠᠨ ᠬᠠᠶᠠᠵᠤ ᠠᠵᠢᠯ ᠤᠨ | ᠪᠠᠶᠢᠷᠢ ᠪᠠᠨ ᠪᠠᠲᠤ ᠰᠠᠬᠢᠨ ᠦᠢᠯᠡᠳᠪᠦᠷᠢᠯᠡᠯ ᠤᠨ ᠲᠣᠭᠲᠠᠭᠤᠨ ᠠᠵᠢᠯᠯᠠᠭ᠎ᠠ ᠶᠢ ᠪᠠᠲᠤᠯᠠᠭᠰᠠᠨ ᠪᠠᠶᠢᠨ᠎ᠠ ᠃ | ᠵᠦᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠢᠮᠢ ᠶᠢᠨ ᠠᠵᠤ ᠦᠢᠯᠡᠳᠪᠦᠷᠢ ᠶᠢᠨ ᠬᠤᠪᠢᠶᠠᠷᠢ | ᠺᠣᠮᠫᠠᠨᠢ ᠶᠢᠨ ᠠᠯᠺᠧᠨ ᠢ ᠰᠠᠯᠭᠠᠨ ᠲᠤᠭᠢᠷᠠᠭᠤᠯᠬᠤ ᠲᠣᠭᠤᠷᠢᠭ ᠲᠤ᠂ ᠠᠵᠢᠯᠳᠠᠨ ᠲᠠᠩ ᠪᠥᠸᠧ ᠭᠡᠷ ᠤᠨ ᠬᠥᠮᠦᠰ ᠲᠠᠢ ᠪᠠᠨ ᠸᠢᠳᠢᠣ᠋ ᠪᠠᠷ ᠣᠬᠤᠷᠬᠠᠨ ᠴᠠᠭ | ᠶᠠᠷᠢᠯᠴᠠᠭᠰᠠᠨ ᠤ ᠳᠠᠷᠠᠭ᠎ᠠ ᠲᠣᠭᠤᠷᠢᠨ ᠪᠠᠶᠢᠴᠠᠭᠠᠬᠤ ᠪᠠᠭᠠᠵᠢ ᠪᠠᠨ ᠠᠪᠴᠤ ᠡᠯ᠎ᠡ ᠲᠤᠨᠤᠭ ᠲᠥᠬᠦᠭᠡᠷᠦᠮᠵᠢ ᠶᠢᠨ ᠡᠷᠭᠢᠯᠳᠠ ᠶᠢᠨ ᠪᠠᠶᠢᠳᠠᠯ ᠢ ᠪᠠᠶᠢᠴᠠᠭᠠᠬᠤ ᠪᠠᠷ | ᠶᠠᠪᠤᠯ᠎ᠠ᠃ ᠣᠶᠢᠯᠠᠭᠠᠭᠰᠠᠨ ᠢᠶᠠᠷ᠂ ᠡᠨᠡ ᠪᠣᠯ ᠲᠡᠭᠦᠨ ᠤ ᠠᠵᠢᠯ ᠤᠨ ᠪᠠᠶᠢᠷᠢ ᠳᠡᠭᠡᠷ᠎ᠡ ᠪᠠᠨ ᠦᠩᠭᠡᠷᠡᠭᠦᠯᠦᠭᠰᠡᠨ 11 ᠳ᠋ᠦ᠋ᠭᠡᠷ ᠤᠳᠠᠭᠠᠨ ᠤ ᠴᠠᠭᠠᠨ ᠰᠠᠷ᠎ᠠ | ᠪᠣᠯᠣᠨ᠎ᠠ᠃ ᠲᠠᠩ ᠪᠥᠸᠧ ᠰᠣᠷᠪᠤᠯᠵᠢᠯᠠᠭᠴᠢ ᠳᠤ ᠶᠠᠷᠢᠬᠤ ᠳᠠᠭᠠᠨ᠄ ︽ᠰᠢᠨ᠎ᠡ ᠨᠢᠭᠡ ᠵᠢᠯ ᠳᠤ ᠬᠡᠷ ᠤᠨ ᠬᠥᠮᠦᠰ ᠤᠨ ᠡᠷᠡᠭᠦᠯ ᠮᠡᠨᠳᠦ ᠠᠮᠤᠷ ᠠᠮᠤᠭᠤᠯᠠᠩ᠂ | ᠠᠵᠢᠯ ᠥᠢᠯᠡᠰ ᠢᠯᠭᠤᠮ ᠤᠷᠤᠭᠰᠢᠲᠠᠶ ᠪᠠᠶᠢᠵᠤ ᠲᠣᠨᠤᠭ ᠲᠥᠬᠦᠭᠡᠷᠦᠮᠵᠢ ᠤᠯᠠᠮ ᠰᠠᠶᠢᠵᠢᠷᠠᠨ ᠺᠣᠮᠫᠠᠨᠢ ᠶᠢᠨ ᠠᠯᠤᠰ ᠢᠷᠠᠭᠡᠳᠤᠢ ᠤᠯᠠᠮ ᠰᠠᠶᠢᠨ ᠪᠣᠯᠬᠤ ᠶᠢ | ᠬᠦᠰᠡᠵᠦ ᠪᠠᠶᠢᠨ᠎ᠠ︾ ᠭᠡᠯᠡ᠃ | ᠳᠦᠪ ᠡᠵᠡᠮᠰᠢᠯ ᠤᠨ ᠲᠠᠰᠤᠭ ᠲᠤ᠂ MTO ᠲᠤᠨᠤᠭᠯᠠᠯ ᠤᠨ ᠲᠠᠰᠤᠭ ᠤᠨ ᠳᠠᠷᠤᠭ᠎ᠠ ᠶᠤᠤ ᠶᠠᠨ ᠸᠧᠢ ᠠᠵᠢᠯ ᠳᠠᠭᠠᠨ ᠶᠠᠭᠠᠷᠠᠵᠤ᠂ ᠡᠯ᠎ᠡ | ᠡᠵᠡᠮᠳᠡᠯ ᠤᠨ ᠰᠢᠰᠲ᠋ᠧᠮ ᠤᠨ ᠵᠢᠷᠤᠭ ᠢ ᠰᠢᠷᠲᠡᠨ᠂ ᠳᠡᠯᠭᠡᠴᠡ ᠳᠡᠭᠡᠷᠡᠬᠢ ᠲᠤᠭ᠎ᠠ ᠪᠠᠷᠢᠮᠲᠠ ᠶᠢᠨ ᠬᠤᠪᠢᠷᠠᠯᠲᠠ ᠶᠢ ᠠᠯᠳᠠᠯ ᠦᠭᠡᠢ ᠰᠢᠷᠲᠡᠵᠦ ᠪᠠᠶᠢᠯ᠎ᠠ᠃ ᠲᠡᠷᠡ | ᠰᠣᠷᠪᠤᠯᠵᠢᠯᠠᠭᠴᠢ ᠳᠤ ᠭᠡᠯᠡᠭᠦ ᠳᠤ ᠪᠠᠨ᠄ ︽2025 ᠣᠨ ᠳᠤ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠲᠣᠭᠲᠠᠭᠤᠨ ᠡᠷᠭᠢᠯᠳᠠ ᠲᠠᠢ ᠪᠠᠶᠢᠵᠤ᠂ ᠪᠥᠬᠦ | ᠵᠢᠯ ᠤᠨ ᠦᠢᠯᠡᠳᠪᠦᠷᠢᠯᠡᠯ ᠤᠨ ᠬᠠᠷᠠᠯᠲᠠ ᠪᠠᠨ ᠤᠷᠤᠭᠰᠢᠲᠠᠶ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠡᠭᠦᠨ ᠤ ᠬᠠᠮᠲᠤ ᠪᠠᠰᠠ ᠠᠶᠢᠯ ᠭᠡᠷ ᠠᠵᠠ ᠵᠢᠷᠭᠠᠯ ᠲᠠᠢ᠂ | ᠠᠪᠤ ᠡᠵᠢ ᠶᠢᠨ ᠪᠡᠶ᠎ᠡ ᠮᠠᠬᠠᠪᠣᠳ ᠡᠷᠡᠭᠦᠯ ᠴᠢᠭᠢᠷᠠᠭ ᠪᠠᠶᠢᠵᠤ ᠲᠡᠳᠡᠨ ᠲᠠᠢ ᠪᠠᠨ ᠢᠯᠡᠭᠦᠭᠡᠨ ᠬᠠᠮᠲᠤ ᠪᠠᠶᠢᠬᠤ ᠶᠢ ᠬᠦᠰᠡᠵᠦ ᠪᠠᠶᠢᠨ᠎ᠠ︾ ᠭᠡᠯᠡ᠃ | ᠣᠶᠢᠯᠠᠭᠠᠭᠰᠠᠨ ᠢᠶᠠᠷ᠂ ᠵᠥᠩ ᠲᠢᠶᠠᠨ ᠾᠧ ᠴᠤᠸᠠᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠢᠮᠢ ᠶᠢᠨ ᠠᠵᠤ ᠦᠢᠯᠡᠳᠪᠦᠷᠢ ᠶᠢᠨ | ᠬᠤᠪᠢᠶᠠᠷᠢ ᠺᠣᠮᠫᠠᠨᠢ ᠶᠢᠨ ᠠᠵᠢᠯᠲᠠᠨ ᠨᠡᠶᠢᠲᠡ 476 ᠪᠠᠶᠢᠵᠤ᠂ ᠡᠨᠡ ᠵᠢᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ 391 ᠠᠵᠢᠯᠴᠢᠨ ᠠᠵᠢᠯ ᠤᠨ | ᠪᠠᠶᠢᠷᠢ ᠪᠠᠨ ᠰᠠᠬᠢᠵᠤ᠂ ᠡᠵᠡᠯᠡᠬᠦ ᠬᠠᠷᠢᠴᠠᠯ ᠨᠢ 82% ᠢ ᠳᠠᠪᠠᠵᠠᠶ᠃ ᠲᠡᠳᠡ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠ ᠡᠭᠦᠷᠭᠡᠯᠡᠯ ᠢᠶᠠᠨ | ᠭᠦᠢᠴᠡᠳᠭᠡᠵᠦ ᠤᠳᠤ ᠦᠶ᠎ᠡ ᠶᠢᠨ ᠠᠵᠤ ᠠᠬᠤᠶᠢᠯᠠᠯ ᠤᠨ ᠠᠵᠢᠯᠴᠢᠨ ᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠢᠶᠠᠷ ᠪᠠᠷᠠᠬᠤ ᠦᠭᠡᠢ | ᠪᠠᠰᠠ ᠠᠮᠠᠷᠠᠯᠲᠠ ᠶᠢᠨ ᠬᠤᠭᠤᠴᠠᠭᠠᠨ ᠤ ᠬᠤᠪᠢᠶᠠᠷᠢ ᠺᠣᠮᠫᠠᠨᠢ ᠶᠢᠨ ᠲᠣᠭᠲᠠᠭᠤᠨ ᠦᠢᠯᠡᠳᠪᠦᠷᠢᠯᠡᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ ᠃ | | | ᠰᠣᠷᠪᠤᠯᠵᠢᠯᠠᠭᠴᠢ᠄ ᠠᠯᠤᠰ᠂ ᠸᠠᠩ ᠴᠢ᠂ ᠸᠠᠩ ᠽᠧ ᠢᠦᠢ |