ᠭᠠᠯᠠᠭᠤᠲᠣ ᠪᠠᠯᠭᠠᠰᠤᠨ ᠤ ᠵᠣᠣ ᠶᠠᠩ ᠨᠡᠶᠢᠭᠡᠮ ᠲᠣᠭᠤᠷᠢᠭ ︽ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠬᠠᠮᠲᠦ ᠪᠠᠷ | ᠪᠠᠶᠠᠵᠢᠵᠤ᠂ ᠬᠠᠮᠲᠦ ᠪᠠᠷ ᠡᠳ᠋ᠯᠡᠬᠦ︾ ᠪᠠᠷ ᠵᠢᠯᠣᠭᠤᠳᠤᠯᠭ᠎ᠠ ᠪᠣᠯᠭᠠᠨ ᠰᠠᠭᠤᠭᠠᠯᠢ ᠠᠷᠠᠳ ᠲᠤ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠤ ᠠᠷᠠᠳ ᠲᠥᠮᠡᠨ ᠤ | ᠠᠰᠢᠭ ᠬᠦᠷᠲᠡᠭᠰᠡᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠣᠯᠣᠨ ᠠᠮᠤᠷ ᠲᠦᠪᠰᠢᠨ ᠤ ᠲᠥᠷᠥᠭᠳᠡᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠪᠠᠶᠢᠨ᠎ᠠ᠃ | ᠡᠨᠡ ᠡᠳᠦᠷ᠂ ᠵᠣᠣ ᠶᠠᠩ ᠨᠡᠶᠢᠭᠡᠮ ᠲᠣᠭᠤᠷᠢᠭ ᠤᠨ ᠬᠥᠷᠰᠢ ᠰᠠᠭᠠᠬᠠᠯᠲᠠ ᠶᠢᠨ ᠲᠦᠪ ᠲᠤ ᠬᠥᠷ ᠨᠠᠷᠬᠢᠶᠠᠨ ᠢᠶᠠᠷ ᠪᠢᠯᠬᠠᠵᠤ᠂ ᠯᠧ | ᠯᠢᠩ ᠨᠠᠰᠤᠲᠠᠶᠢᠴᠤᠳ ᠤᠨ ᠨᠡᠶᠢᠭᠡᠮᠯᠢᠭ ᠤᠨ ᠭᠡᠰᠢᠭᠦᠳ ᠰᠢᠨ᠎ᠡ ᠨᠢᠭᠡᠨ ᠵᠢᠯ ᠤᠨ ᠨᠡᠶᠢᠭᠡᠮᠯᠢᠭ ᠤᠨ ᠢᠶᠠᠨ ᠠᠵᠢᠯᠯᠠᠭᠠᠨ ᠤ ᠲᠥᠰᠥᠪ ᠢᠶᠠᠨ ᠲᠥᠯᠥᠪᠯᠡᠵᠦ ᠪᠠᠶᠢᠯ᠎ᠠ᠃ | ᠡᠷᠬᠢᠨ ᠲᠣᠭᠤᠷᠢᠨ ᠤ ᠰᠠᠭᠤᠭᠠᠯᠢ ᠠᠷᠠᠳ ᠴᠦ ᠴᠢᠮᠡᠭᠡ ᠪᠠᠷ ᠬᠦᠷᠦᠯᠴᠡᠨ ᠢᠷᠡᠵᠡᠭᠡᠵᠤ ᠨᠡᠶᠢᠭᠡᠮᠯᠢᠭ ᠤᠨ ᠥᠪᠡᠷᠳᠡᠭᠡᠨ ᠨᠠᠶᠢᠷᠠᠭᠤᠯᠤᠨ ᠵᠤᠬᠢᠶᠠᠭᠰᠠᠨ ᠶᠠᠩᠭᠠᠷ | ᠪᠥᠵᠢᠭ᠂ ᠬᠠᠮᠲᠦ ᠶᠢᠨ ᠪᠥᠵᠢᠭ᠂ ᠴᠠᠷᠭᠢᠯ ᠬᠤᠯᠪᠣᠭ᠎ᠠ ᠵᠡᠷᠭᠡ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠭᠰᠠᠨ ᠪᠠᠶᠢᠨ᠎ᠠ᠃ | ᠣᠣᠯ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠥᠷᠲᠡᠭᠡ ᠠᠴᠠ ᠬᠥᠷᠰᠢ ᠰᠠᠭᠠᠬᠠᠯᠲᠠ ᠶᠢᠨ ᠲᠦᠪ ᠪᠣᠯᠣᠭᠰᠠᠨ ᠠᠳᠡ ᠬᠡᠷᠡᠭ ᠵᠥᠪᠯᠡᠬᠦ | ᠲᠠᠰᠤᠭ᠂ ᠬᠡᠦᠬᠡᠳ ᠤᠨ ᠵᠤᠭ᠎ᠠ ᠴᠡᠩᠭᠡᠯ ᠤᠨ ᠲᠣᠭᠤᠷᠢᠭ᠂ ᠰᠢᠲᠠᠷ᠎ᠠ ᠬᠦᠵᠦᠷ ᠤᠨ ᠲᠥᠬᠦᠭᠡᠷᠦᠮᠵᠢ ᠪᠦᠷᠢᠨ ᠪᠠᠶᠢᠵᠤ ᠡᠳᠦᠷ ᠪᠦᠷᠢ ᠪᠠᠶᠠᠷ ᠪᠠᠶᠠᠰᠤᠯ ᠢᠶᠠᠷ | ᠪᠢᠯᠬᠠᠨ ᠰᠠᠭᠤᠭᠠᠯᠢ ᠠᠷᠠᠳ ᠰᠠᠨᠠᠭ᠎ᠠ ᠨᠢᠭᠡᠲᠠᠢ ᠰᠠᠭᠠᠬᠠᠯᠲᠠ ᠪᠣᠯᠣᠯᠴᠠᠨ ᠰᠠᠶᠢᠨ ᠤ ᠢᠷᠦᠭᠡᠯ ᠲᠠᠢ ᠠᠮᠢᠳᠣᠷᠠᠯ ᠢᠶᠠᠨ ᠴᠣᠭᠴᠠᠯᠠᠵᠣ ᠶᠠᠪᠤᠵᠠᠭᠠᠨ᠎ᠠ᠃ | ᠵᠣᠣ ᠶᠠᠩ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠬᠠᠩ ᠰᠢᠶᠣᠣ ᠰᠢᠨ ᠬᠡᠯᠡᠬᠦ ᠳᠤ ᠪᠠᠨ᠄ ︽ᠮᠠᠨ ᠤ ᠵᠣᠣ ᠶᠠᠩ ᠨᠡᠶᠢᠭᠡᠮ | ᠲᠣᠭᠤᠷᠢᠭ ᠭᠠᠯᠠᠭᠤᠲᠣ ᠪᠠᠯᠭᠠᠰᠤᠨ ᠤ ︿ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠤᠨ᠂ ᠬᠠᠮᠲᠦ ᠪᠠᠷ ᠪᠠᠶᠠᠵᠢᠵᠤ᠂ ᠬᠠᠮᠲᠦ ᠪᠠᠷ ᠡᠳ᠋ᠯᠡᠬᠦ﹀ | ᠪᠠᠷ ᠵᠢᠯᠣᠭᠤᠳᠤᠯᠭ᠎ᠠ ᠪᠣᠯᠭᠠᠨ ᠡᠶ᠎ᠡ ᠵᠣᠬᠢᠴᠠᠯ ᠲᠠᠢ ᠵᠤᠯ ᠵᠢᠷᠭᠠᠯᠲᠦ ᠵᠣᠣ ᠶᠠᠩ ᠨᠡᠶᠢᠭᠡᠮ ᠲᠣᠭᠤᠷᠢᠭ ᠢ ᠪᠠᠶᠢᠭᠤᠯᠬᠤ ᠨᠠᠮᠤᠨ ᠪᠠᠶᠢᠭᠤᠯᠤᠯᠲᠠ ᠶᠢᠨ ᠨᠡᠷᠡᠲᠤ | ᠲᠡᠮᠳᠡᠭ ᠢ ᠡᠭᠦᠳᠴᠦ᠂ ᠬᠠᠮᠲᠤᠪᠠᠷ ᠡᠳ᠋ᠯᠡᠬᠦ ᠦᠢᠯᠡᠴᠢᠯᠡᠭᠡᠨ ᠤ ᠲᠠᠯᠠᠪᠤᠷ ᠲᠤ ᠲᠦᠰᠢᠭᠯᠡᠨ ᠬᠥᠷᠰᠢ ᠰᠠᠭᠠᠬᠠᠯᠲᠠ ᠶᠢᠨ ᠲᠦᠪ ᠢ ᠪᠠᠶᠢᠭᠤᠯᠵᠤ᠂ ᠰᠠᠭᠤᠭᠠᠯᠢ | ᠠᠷᠠᠳ ᠲᠤ ᠦᠢᠯᠡᠴᠢᠯᠡᠭᠡ ᠬᠠᠩᠭᠠᠵᠤ ᠪᠠᠶᠢᠨ᠎ᠠ᠃ ᠨᠡᠶᠢᠭᠡᠮ ᠲᠣᠭᠤᠷᠢᠭ ᠤᠨ ᠬᠢᠨ ᠬᠠᠷᠢᠶ᠎ᠠ ᠲᠣᠭᠤᠷᠢᠭ ᠤᠨ ᠢᠶᠠᠨ 10 ᠲᠣᠣᠷᠵᠢᠯ ᠢ 5 ᠮᠢᠨᠦ᠋ᠲ ᠤᠨ | ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠪᠠᠷ ᠪᠠᠷᠢᠮᠵᠢᠶᠡᠯᠠᠨ 4 ᠨᠢᠭᠡᠴᠢ ᠪᠣᠯᠭᠠᠨ ᠬᠤᠪᠢᠶᠠᠵᠤ᠂ ᠨᠢᠭᠡᠴᠢ ᠪᠦᠷᠢ ᠶᠢᠨ ᠳᠣᠲᠣᠷᠠᠬᠢ ᠨᠠᠮ ᠪᠠ ᠣᠯᠠᠨ | ᠲᠥᠮᠡᠨ ᠤ ᠦᠢᠯᠡᠴᠢᠯᠡᠭᠡᠨ ᠤ ᠲᠥᠪ ᠪᠤᠶᠤ ᠨᠢᠭᠡᠨᠲᠡ ᠲᠠᠲᠠᠪᠤᠷᠢᠯᠠᠭᠰᠠᠨ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠵᠤ ᠬᠥᠷᠰᠢ ᠰᠠᠭᠠᠬᠠᠯᠲᠠ ᠶᠢᠨ ᠲᠦᠪ | ᠪᠣᠯᠭᠠᠨ ᠥᠷᠭᠡᠳᠬᠡᠨ ᠰᠠᠭᠤᠭᠠᠯᠢ ᠠᠷᠠᠳ ᠲᠤ ᠳᠥᠭᠦᠮ ᠳᠥᠲᠡ ᠦᠢᠯᠡᠴᠢᠯᠡᠭᠡ ᠬᠠᠩᠭᠠᠵᠣ ᠪᠠᠶᠢᠨ᠎ᠠ︾ ᠭᠡᠪᠡ᠃ | ᠵᠣᠣ ᠶᠠᠩ ᠨᠡᠶᠢᠭᠡᠮ ᠲᠣᠭᠤᠷᠢᠭ ᠨᠢ ᠰᠠᠭᠤᠭᠠᠯᠢ ᠠᠷᠠᠳ ᠲᠤ ᠡᠭᠦᠳᠡᠨ ᠡᠮᠦᠨᠡᠬᠢ ᠰᠣᠶᠣᠯ ᠤᠨ ᠲᠠᠪᠴᠠᠩ ᠪᠠᠶᠢᠭᠤᠯᠵᠤ᠂ ᠭᠠᠷᠠᠭ ᠪᠦᠷᠢ ᠶᠢᠨ ᠭᠤᠷᠪᠠᠨ᠂ | ᠰᠠᠷ᠎ᠠ ᠪᠦᠷᠢ ᠶᠢᠨ 25 ᠤ ᠡᠳᠦᠷ ᠪᠠ ᠤᠯᠠᠮᠵᠢᠯᠠᠯᠲᠤ ᠪᠠᠶᠠᠷ ᠳᠣᠷᠠᠰᠬᠠᠯ ᠤᠨ ᠡᠳᠦᠷ ᠢᠶᠠᠷ ᠬᠥᠷᠰᠢ ᠰᠠᠭᠠᠬᠠᠯᠲᠠ ᠶᠢᠨ ᠲᠦᠪ ᠲᠤ ᠬᠥᠷᠰᠢ ᠰᠠᠭᠠᠬᠠᠯᠲᠠ ᠶᠢᠨ | ᠡᠳᠦᠷ ᠪᠠ ᠪᠠᠶᠠᠷ ᠤᠨ ᠡᠳᠦᠷ ᠤᠨ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠳᠠᠭ᠃ ᠣᠶᠢᠷ᠎ᠠ ᠶᠢᠨ ᠬᠤᠭᠤᠴᠠᠭᠠᠨ ᠳᠤ᠂ ᠵᠣᠣ ᠶᠠᠩ ᠨᠡᠶᠢᠬᠡᠮ ᠲᠣᠭᠤᠷᠢᠭ | ᠪᠠᠰᠠ ᠬᠥᠷᠰᠢ ᠰᠠᠭᠠᠬᠠᠯᠲᠠ ᠶᠢᠨ ᠲᠦᠪ ᠲᠤ ᠨᠡᠶᠢᠬᠡᠮ ᠤᠨ ᠬᠠᠯᠠᠮᠰᠢᠯ ᠠᠰᠠᠭᠤᠳᠠᠯ ᠪᠣᠯᠵᠤ ᠪᠠᠶᠢᠭ᠎ᠠ ᠠᠪᠤ ᠡᠵᠢ ᠪᠣᠯᠣᠨ ᠦᠷ᠎ᠡ ᠬᠡᠦᠬᠡᠳ ᠤᠨ ᠬᠠᠷᠢᠴᠠᠭ᠎ᠠ ᠶᠢ | ᠬᠡᠷᠬᠢᠨ ᠳᠡᠭᠡᠭᠰᠢᠯᠡᠭᠦᠯᠬᠦ ᠲᠣᠬᠠᠢ ᠶᠠᠷᠢᠯᠴᠠᠭ᠎ᠠ ᠶᠢ ᠶᠠᠪᠣᠭᠳᠠᠭᠤᠯᠵᠣ᠂ ᠦᠢ ᠣᠯᠠᠨ ᠭᠡᠷ ᠤᠨ ᠠᠬᠠᠮᠠᠳ ᠪᠣᠯᠣᠨ ᠬᠡᠦᠬᠡᠳ ᠢ ᠢᠳᠡᠪᠬᠢᠲᠡᠢ ᠪᠠᠷ ᠣᠷᠣᠯᠴᠠᠭᠤᠯᠤᠨ | ᠶᠠᠷᠢᠯᠴᠠᠭᠠᠨ ᠤ ᠳᠤᠮᠳᠠ ᠠᠮᠢᠳᠤᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠰᠠᠶᠢᠨ ᠰᠠᠶᠢᠬᠠᠨ ᠨᠡᠪᠲᠡᠷᠡᠯᠴᠡᠭᠡ ᠬᠠᠷᠢᠯᠴᠠᠭ᠎ᠠ ᠶᠢᠨ ᠬᠡᠦᠬᠡᠳ ᠤᠨ ᠦᠰᠦᠨ | ᠪᠤᠶᠢᠵᠢᠯᠲᠠ ᠳᠤ ᠦᠵᠡᠭᠦᠯᠬᠦ ᠵᠠᠩᠭᠢᠯᠠᠭ᠎ᠠ ᠶᠢᠨ ᠦᠢᠯᠡᠳᠦᠯ ᠢ ᠭᠡᠷ ᠤᠨ ᠠᠬᠠᠮᠠᠳ ᠲᠤ ᠭᠦᠨᠵᠡᠭᠡᠢ ᠲᠠᠨᠢᠭᠤᠯᠤᠭᠰᠠᠨ ᠪᠠᠶᠢᠨ᠎ᠠ᠃ | ᠰᠠᠭᠤᠭᠠᠯᠢ ᠠᠷᠠᠳ ᠯᠢ ᠰᠢᠶᠣᠣ ᠰᠢᠶᠣᠣ ᠪᠢᠳᠠᠨ ᠳᠤ ︽ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠭᠰᠠᠨ ᠠᠴᠠ ᠪᠢ ᠬᠡᠦᠬᠡᠳ ᠲᠠᠢ ᠪᠠᠨ | ᠬᠠᠷᠢᠯᠴᠠᠬᠤ ᠮᠠᠰᠢ ᠣᠯᠠᠨ ᠠᠷᠭ᠎ᠠ ᠳᠡᠮ ᠢ ᠰᠤᠷᠴᠠᠢ᠂ ᠬᠡᠦᠬᠡᠳ ᠢ ᠰᠤᠷᠭᠠᠨ ᠬᠥᠮᠥᠵᠢᠭᠦᠯᠬᠦ ᠳᠤ ᠪᠢᠳᠡ ᠲᠡᠳᠡᠨ ᠤ ᠲᠠᠯ᠎ᠠ ᠠᠴᠠ ᠢᠯᠡᠭᠦᠬᠡᠨ ᠪᠣᠳᠣᠯᠬᠢᠯᠠᠬᠤ | ᠬᠡᠷᠡᠭᠲᠡᠢ ᠭᠡᠳᠡᠭ ᠢ ᠮᠡᠳᠡᠯ᠎ᠡ᠃ ᠬᠡᠦᠬᠡᠳ ᠤᠨ ᠨᠢᠳᠦᠨ ᠳᠠᠬᠢ ᠶᠢᠷᠲᠢᠨᠴᠦ ᠪᠢᠳᠡᠨ ᠤ ᠬᠢ ᠲᠠᠢ ᠠᠳᠠᠯᠢ ᠦᠭᠡᠢ᠂ ᠭᠠᠭᠴᠠ ᠬᠦ ᠲᠡᠳᠡᠨ ᠲᠠᠢ ᠰᠡᠳᠬᠢᠯ ᠢᠶᠠᠨ | ᠰᠣᠯᠢᠯᠴᠠᠪᠠᠯ ᠰᠠᠶ᠋ᠢ ᠲᠡᠳᠡᠨ ᠤ ᠱᠠᠭᠠᠷᠳᠠᠯᠭ᠎ᠠ ᠪᠠ ᠲᠦᠷᠦᠭᠳᠡᠯ ᠢ ᠵᠢᠩᠬᠢᠨᠢ ᠣᠶᠢᠯᠠᠭᠠᠵᠤ ᠴᠢᠳᠠᠬᠤ ᠶᠤᠮ ᠪᠠᠶᠢᠨ᠎ᠠ᠃ ᠬᠤᠶᠢᠰᠢᠳᠠ ᠪᠢ ᠡᠳᠡᠭᠡᠷ ᠣᠯᠣᠯᠲᠠ ᠪᠠᠨ | ᠠᠮᠢᠳᠤᠷᠠᠯ ᠤᠨ ᠳᠤᠮᠳᠠ ᠢᠯᠡᠭᠦᠬᠡᠨ ᠬᠡᠷᠡᠭᠯᠡᠵᠦ ᠬᠡᠦᠬᠡᠳ ᠤᠨ ᠦᠰᠦᠨ ᠪᠣᠶᠢᠵᠢᠬᠤ ᠵᠠᠮ ᠳᠠᠬᠢ ᠨᠡᠩ ᠰᠠᠶᠢᠨ ᠵᠠᠮᠴᠢᠯᠠᠭᠴᠢ ᠪᠣᠯᠬᠤ ᠪᠠᠷ ᠴᠢᠷᠮᠠᠶᠢᠵᠤ | ᠬᠡᠦᠬᠡᠳ ᠲᠠᠢ ᠪᠠᠨ ᠬᠠᠮᠲᠤ ᠦᠰᠦᠨ ᠪᠣᠶᠢᠵᠢᠵᠤ ᠬᠠᠮᠲᠤ ᠪᠠᠷ ᠲᠠᠪᠰᠢᠨ᠎ᠠ︾ ᠭᠡᠵᠤ ᠶᠠᠷᠢᠯ᠎ᠠ᠃ | ᠰᠣᠶᠣᠯ ᠣᠷᠠᠯᠢᠭ ᠤᠨ ᠠᠵᠢᠯᠯᠠᠭ᠎ᠠ ᠠᠴᠠ ᠭᠠᠳᠠᠨ᠎ᠠ ᠵᠣᠣ ᠶᠠᠩ ᠨᠡᠶᠢᠭᠡᠮ ᠲᠣᠭᠤᠷᠢᠭ ᠤᠨ ᠬᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠴᠤ ᠴᠢᠬᠤᠯᠠᠴᠢᠯᠠᠵᠤ᠂ ᠬᠠᠷᠢᠶ᠎ᠠ ᠣᠷᠣᠨ ᠤ ᠪᠠᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠱᠠᠭᠠᠷᠳᠠᠯᠭ᠎ᠠ ᠶᠢ ᠴᠠᠭ ᠢᠮᠠᠭᠲᠠ ᠠᠩᠬᠠᠷᠴᠤ ᠰᠢᠨ ᠺᠠᠩ ᠬᠢᠲᠠᠳ | ᠡᠮᠨᠡᠯᠭᠡ ᠶᠢᠨ ᠬᠤᠷᠢᠶᠠᠨ ᠤ ᠡᠮᠴᠢ ᠶᠢ ᠤᠷᠢᠵᠤ ᠠᠯᠪᠠᠨ ᠵᠢᠷᠤᠮ ᠤᠨ ᠪᠠᠶᠢᠴᠠᠭᠠᠯᠲᠠ ᠬᠢᠯᠭᠡᠨ ᠰᠠᠭᠤᠭᠠᠯᠢ ᠠᠷᠠᠳ ᠲᠤ ᠰᠦᠢᠳᠬᠡᠯ ᠬᠤᠷᠢᠶᠠᠬᠤ ᠦᠭᠡᠢ ᠪᠠᠷ | ᠡᠷᠡᠭᠦᠯ ᠮᠡᠨᠳᠦ ᠶᠢᠨ ᠯᠠᠪᠯᠠᠯᠭ᠎ᠠ ᠥᠭᠬᠦ᠂ ᠴᠢᠰᠤᠨ ᠳᠠᠷᠤᠯᠲᠠ ᠴᠢᠰᠤᠨ ᠰᠢᠬᠢᠷ ᠢ ᠬᠡᠮᠵᠢᠬᠦ᠂ ᠬᠢᠲᠠᠳ ᠡᠮᠨᠡᠯᠭᠡ ᠶᠢᠨ ᠰᠤᠳᠠᠯ ᠪᠠᠷᠢᠬᠤ ᠵᠡᠷᠭᠡ ᠦᠢᠯᠡᠴᠢᠯᠡᠭᠡ | ᠬᠠᠩᠭᠠᠬᠤ ᠶᠢᠨ ᠬᠠᠮᠲᠤ ᠨᠠᠰᠤᠲᠠᠶᠢᠴᠤᠳ ᠤᠨ ᠪᠠᠶᠢᠩᠭᠤ ᠲᠣᠬᠢᠶᠠᠯᠳᠤᠬᠤ ᠡᠪᠡᠳᠴᠢᠨ ᠳᠤ ᠴᠢᠭᠯᠡᠭᠦᠯᠦᠨ ᠤᠷᠢᠳᠴᠢᠯᠠᠨ ᠰᠡᠷᠭᠡᠶᠢᠯᠡᠬᠦ ᠮᠡᠳᠡᠯᠭᠡ ᠶᠢ | ᠲᠦᠭᠡᠮᠡᠯᠵᠢᠭᠦᠯᠬᠦ ᠪᠠ ᠡᠷᠡᠭᠦᠯ ᠮᠡᠨᠳᠦ ᠶᠢᠨ ᠵᠢᠯᠣᠭᠤᠳᠤᠯᠭ᠎ᠠ ᠬᠢᠭᠰᠡᠨ ᠪᠠᠶᠢᠨ᠎ᠠ᠃ | ᠬᠥᠷᠰᠢ ᠰᠠᠭᠠᠬᠠᠯᠲᠠ ᠶᠢᠨ ᠲᠥᠪ ᠤᠨ ᠲᠥᠬᠦᠭᠡᠷᠦᠮᠵᠢ ᠶᠢᠨ ᠲᠠᠰᠤᠷᠠᠯᠳᠡ ᠦᠭᠡᠢ ᠲᠡᠭᠦᠯᠳᠡᠷᠵᠢᠬᠦ ᠶᠢ ᠳᠠᠭᠠᠯᠳᠤᠨ ᠵᠣᠣ ᠶᠠᠩ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠨᠡᠩ ᠳᠥᠭᠦᠮ ᠳᠥᠲᠡ᠂ ᠥᠨᠳᠥᠷ ᠦᠷ᠎ᠡ ᠠᠰᠢᠭ ᠲᠠᠢ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠬᠦᠷᠳᠡᠬᠦ ᠪᠣᠯᠣᠨ᠎ᠠ᠃ | ᠵᠣᠣ ᠶᠠᠩ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠬᠠᠩ ᠰᠢᠶᠣᠣ ᠰᠢᠨ ᠶᠠᠷᠢᠬᠤ ᠳᠤ ᠪᠠᠨ ︽ᠡᠨᠡᠬᠦ ︿ᠬᠥᠷᠰᠢ ᠰᠠᠭᠠᠬᠠᠯᠲᠠ ᠶᠢᠨ ᠲᠦᠪ﹀ | ᠨᠢ ᠡᠷᠬᠢᠨ ᠲᠣᠭᠤᠷᠢᠨ ᠤ ᠳᠥᠷᠪᠡᠨ ᠲᠣᠣᠷᠵᠢᠭᠰᠠᠨ ᠣᠷᠣᠨ ᠤ 1400 ᠭᠠᠷᠤᠢ ᠡᠷᠦᠬᠡ ᠶᠢᠨ ᠰᠠᠭᠤᠭᠠᠯᠢ ᠠᠷᠠᠳ ᠢ ᠪᠠᠭᠲᠠᠭᠠᠵᠤ ᠪᠠᠶᠢᠳᠠᠭ᠃ ᠡᠶᠢᠮᠦᠷᠬᠦᠦ | ᠲᠥᠪ ᠨᠢ ᠮᠠᠨ ᠤ ᠨᠡᠶᠢᠬᠡᠮ ᠲᠣᠭᠤᠷᠢᠭ ᠲᠤ ᠨᠡᠢᠲᠡ ᠳᠥᠷᠪᠡ ᠪᠣᠢ᠃ ᠳᠠᠷᠠᠭᠠᠴᠢ ᠶᠢᠨ ᠠᠯᠬᠤᠮ ᠳᠤ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ | ᠬᠡᠷᠡᠭᠴᠡᠭᠡ ᠱᠠᠭᠠᠷᠳᠠᠯᠭ᠎ᠠ ᠪᠠᠷ ᠬᠥᠷᠰᠢ ᠰᠠᠭᠠᠬᠠᠯᠲᠠ ᠶᠢᠨ ᠲᠦᠪ ᠲᠤ ᠨᠠᠰᠤᠲᠠᠶᠢᠴᠤᠳ ᠲᠤ ᠦᠢᠯᠡᠴᠢᠯᠡᠬᠦ ᠤᠯᠠᠨ ᠲᠠᠯ᠎ᠠ ᠶᠢᠨ ᠠᠵᠢᠯᠯᠠᠭ᠎ᠠ ᠦᠷᠨᠢᠭᠦᠯᠵᠣ | ᠰᠠᠭᠤᠭᠠᠯᠢ ᠠᠷᠠᠳ ᠲᠤ ᠵᠣᠯ ᠵᠢᠷᠭᠠᠯᠲᠤ ᠬᠥᠷᠰᠢ ᠰᠠᠭᠠᠬᠠᠯᠲᠠ ᠶᠢᠨ ᠠᠮᠢᠳᠤᠷᠠᠯ ᠢ ᠡᠳ᠋ᠯᠡᠬᠦᠯᠬᠦ ᠪᠠᠷ ᠴᠢᠷᠮᠠᠶᠢᠵᠤ ᠪᠠᠶᠢᠨ᠎ᠠ︾ ᠭᠡᠪᠡ᠃ | | | ᠰᠤᠷᠪᠤᠯᠵᠢᠯᠠᠭᠴᠢ᠄ ᠲᠠᠨ᠎ᠠ᠂ ᠸᠠᠩ ᠨᠠ᠂ ᠭᠤᠸ ᠶᠢᠩ |