ᠵᠢᠯ ᠤᠨ ᠠᠵᠢᠯ ᠬᠠᠪᠣᠷ ᠲᠤ ᠪᠠᠨ ᠭᠡᠳᠡᠭ ᠢᠶᠠᠷ ᠮᠠᠨ ᠤ ᠬᠤᠰᠢᠭᠤ ᠲᠠᠷᠢᠶᠠᠯᠠᠭ᠎ᠠ ᠶᠢᠨ ᠠᠵᠢᠯ ᠢᠶᠠᠨ ᠡᠷᠲᠡ ᠠᠴᠠ ᠲᠥᠯᠥᠪᠵᠢᠭᠦᠯᠵᠦ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠥᠨ ᠲᠠᠷᠢᠶᠠᠯᠠᠩ ᠤᠨ ᠬᠦᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠥ ᠪᠠᠶᠢᠨ᠎ᠠ᠃ | | ᠰᠦᠯᠳᠡ ᠰᠤᠮᠤᠨ ᠤ ᠴᠤᠤᠲᠠᠢ ᠭᠠᠴᠠᠭᠠᠨ ᠤ ᠲᠦᠮᠡ ᠭᠠᠷᠤᠢ ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠣᠭᠡᠨ ᠪᠠᠶᠢᠭᠤᠯᠣᠯᠲᠠ ᠶᠢᠨ | ᠠᠬᠤᠢ ᠲᠠᠯᠠᠪᠠᠢ ᠳᠤ ᠬᠤᠳᠳᠤᠭ ᠮᠠᠯᠲᠠᠬᠤ᠂ ᠬᠤᠭᠤᠯᠠᠢ ᠣᠭᠰᠠᠷᠠᠨ ᠳᠠᠪᠢᠰᠴᠤ ᠭᠠᠨᠭ᠍ᠨᠠᠨ ᠵᠠᠯᠭᠠᠬᠤ ᠵᠡᠷᠭᠡ ᠠᠵᠢᠯ ᠵᠡᠷᠭᠡᠪᠡᠷ ᠡᠷᠴᠢᠮᠲᠠᠢ ᠶᠠᠪᠤᠭᠳᠠᠵᠤ ᠪᠠᠶᠢᠯ᠎ᠠ᠃ | 120 ᠮᠦ ᠲᠠᠷᠢᠶᠠᠨ ᠭᠠᠵᠠᠷ ᠲᠠᠢ ᠮᠠᠯᠴᠢᠨ ᠪᠣᠶ᠋ᠬᠠᠠᠷᠪᠢᠨ ᠤ ᠬᠢᠨ ᠬᠡᠯᠡᠬᠦ ᠳᠡᠭᠡᠨ᠄ ︽ᠵᠢᠯ ᠪᠦᠷᠢ ᠣᠰᠣᠯᠠᠯᠲᠠ ᠶᠢᠨ ᠬᠤᠭᠤᠯᠠᠢ ᠶᠢ ᠰᠣᠯᠢᠬᠤ ᠨᠢ ᠮᠠᠯᠴᠢᠨ | ᠲᠠᠷᠢᠶᠠᠴᠢᠨ ᠤ ᠰᠡᠳᠬᠢᠯ ᠢ ᠵᠣᠪᠠᠭᠠᠬᠤ ᠶᠠᠪᠤᠳᠠᠯ ᠪᠠᠶᠢᠭᠰᠠᠨ ᠶᠤᠮ᠃ ᠡᠨ᠋ᠨ ᠤᠳᠠᠭᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠳᠤ ᠨᠢᠭᠡᠳᠦᠯᠲᠡᠢ ᠣᠰᠣᠯᠠᠬᠤ ᠬᠤᠭᠤᠯᠠᠢ ᠣᠭᠰᠠᠷᠠᠵᠣ ᠦᠭᠬᠦ ᠪᠠᠷ ᠪᠠᠷᠠᠬᠤ ᠦᠭᠡᠢ ᠪᠠᠰᠠ ᠣᠶᠤᠨᠴᠢ ᠲᠠᠷᠢᠶᠠᠯᠠᠩ ᠤᠨ ᠬᠠᠮᠢᠶ᠎ᠠ ᠪᠦᠬᠦᠢ | ᠲᠥᠬᠦᠭᠡᠷᠦᠮᠵᠢ ᠶᠢ ᠬᠡᠷᠡᠭᠵᠢᠭᠦᠯᠵᠦ ᠭᠠᠷ ᠤᠲᠠᠰᠤᠨ ᠳᠡᠭᠡᠷ᠎ᠡ ᠤᠰᠤᠯᠠᠬᠤ ᠠᠵᠢᠯᠢ ᠪᠡᠶᠡᠯᠡᠭᠦᠯᠵᠤ ᠳᠡᠶᠢᠯᠬᠦ ᠪᠤᠯᠵᠠᠢ︾ ᠬᠡᠵᠤ ᠪᠠᠶᠢᠯ᠎ᠠ᠃ | ᠮᠠᠯᠴᠢᠨ ᠪᠣᠶ᠋ᠬᠠᠠᠷᠪᠢᠨ᠄ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠣᠭᠡᠨ ᠪᠠᠶᠢᠭᠤᠯᠣᠯᠲᠠ ᠶᠢᠨ ᠲᠦᠷᠣᠯ ᠵᠣᠶᠢᠯ ᠢ ᠬᠡᠷᠡᠭᠵᠢᠭᠦᠯᠬᠦ ᠠᠴᠠ | ᠡᠮᠦᠨ᠎ᠡ ᠪᠢᠳᠡ ᠴᠥᠮ ᠢᠯᠡ ᠣᠰᠣᠨ ᠬᠤᠭᠤᠯᠠᠢ ᠪᠠᠷ ᠤᠰᠤᠯᠠᠵᠤ ᠪᠠᠶᠢᠭᠰᠠᠨ᠂ ᠬᠠᠮᠤᠭ ᠤᠨ ᠣᠳᠠᠭᠠᠨ ᠳᠠᠭᠠᠨ ᠭᠤᠷᠪᠠᠨ ᠵᠢᠯ ᠬᠡᠷᠡᠭᠯᠡᠵᠦ ᠪᠠᠷᠤᠭ ᠲᠤ ᠪᠠᠨ | ᠬᠤᠶᠠᠷ ᠵᠢᠯ ᠳᠤ ᠨᠢᠭᠡ ᠤᠳᠠᠭ᠎ᠠ ᠰᠣᠯᠢᠵᠤ ᠪᠠᠶᠢᠭᠰᠠᠨ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠬᠡᠷᠡᠭᠵᠢᠭᠦᠯᠦᠭᠰᠡᠨ ᠠᠴᠠ ᠮᠠᠰᠢ ᠲᠥᠬᠦᠮ ᠪᠣᠯᠵᠣ ᠤᠰᠤ ᠪᠠ ᠴᠠᠬᠢᠯᠭᠠᠨ ᠰᠦᠢᠳᠬᠡᠯ ᠳᠤ ᠴᠤ ᠠᠷᠪᠢᠲᠠᠢ ᠪᠣᠯᠣᠯ᠎ᠠ᠃ ᠣᠳᠣᠬᠠᠨ ᠳᠤ ᠤᠰᠤᠨ ᠨᠡᠭᠡᠯᠭᠡᠢ ᠶᠢ | ᠨᠡᠭᠡᠭᠡᠬᠦ ᠳᠤ ᠪᠦᠷ ᠺᠣᠮᠫᠢᠦ᠋ᠲ᠋ᠧᠷ᠂ ᠭᠠᠷ ᠤᠲᠠᠰᠤ ᠪᠠᠷ ᠡᠵᠡᠮᠰᠢᠨ ᠣᠣᠯ ᠢ ᠪᠣᠳᠣᠪᠠᠯ ᠨᠠᠭᠠᠰᠢ ᠴᠠᠭᠠᠰᠢ ᠭᠦᠶᠦᠯᠳᠦᠬᠦ ᠬᠡᠷᠡᠭ ᠦᠭᠡᠢ ᠮᠠᠰᠢ ᠳᠦᠬᠦᠮ ᠪᠣᠯᠣᠯ᠎ᠠ︾ | ᠭᠡᠪᠡ᠃ | ᠶᠡᠷᠦᠩᠬᠡᠢ ᠪᠡᠯᠡ ᠣᠷᠣᠭᠤᠯᠤᠯᠲᠠ ᠨᠢ 4464.7 ᠲᠦᠮᠡᠨ ᠲᠥᠭᠦᠷᠢᠭ ᠢ ᠵᠠᠷᠣᠴᠠᠭᠤᠯᠵᠥ ᠪᠦᠳᠣᠭᠡᠨ ᠪᠠᠶᠢᠭᠤᠯᠵᠥ ᠪᠠᠶᠢᠭ᠎ᠠ ᠡᠨ᠋ᠨ ᠭᠡᠰᠡᠭ 1.7 ᠲᠦᠮᠡᠨ | ᠮᠦ ᠦᠨᠳᠣᠷ ᠪᠠᠷᠢᠮᠵᠢᠶᠠᠲᠤ ᠲᠠᠷᠢᠶᠠᠨ ᠭᠠᠵᠠᠷ ᠨᠢ ᠰᠢᠷᠬᠤᠰᠣᠨ ᠪᠠᠯᠭᠠᠰᠤ᠂ ᠰᠦᠯᠳᠡ ᠰᠣᠮᠣᠨ ᠤ 4 ᠭᠠᠴᠠᠭ᠎ᠠ ᠲᠣᠰᠬᠤᠨ ᠢ ᠪᠠᠭᠲᠠᠭᠠᠵᠤ ᠲᠥᠪ ᠤᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠪᠡᠯᠡ ᠮᠥᠩᠭᠦ ᠠᠴᠠ ᠪᠡᠯᠡ ᠣᠷᠣᠭᠤᠯᠵᠥ᠂ ᠡᠭᠦᠨ ᠳᠤ ᠤᠰᠤᠯᠠᠯᠲᠠ᠂ | ᠣᠰᠣᠨ ᠤ ᠬᠦᠴᠦᠨ ᠢ ᠳᠡᠭᠡᠭᠰᠢᠯᠡᠭᠦᠯᠬᠦ᠂ ᠢᠵᠢ ᠪᠦᠷᠢᠳᠣᠭ᠍ᠰᠡᠨ ᠴᠠᠬᠢᠯᠭᠠᠨ ᠬᠦᠴᠦᠨ ᠤ ᠳᠦᠭᠦᠭᠡᠷᠣᠮᠵᠢ ᠵᠡᠷᠭᠡ ᠣᠯᠠᠨ ᠪᠠᠷᠢᠯᠭ᠎ᠠ ᠶᠢᠨ ᠪᠦᠳᠣᠭᠡᠨ | ᠪᠠᠶᠢᠭᠤᠯᠣᠯᠲᠠ ᠪᠠᠭᠳᠠᠨ᠎ᠠ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ ᠤᠰᠤᠯᠠᠯᠲᠠ ᠶᠢᠨ ᠨᠣᠷᠮ᠎ᠠ᠂ ᠣᠰᠣᠯᠠᠬᠤ ᠠᠰᠢᠭᠯᠠᠯᠲᠠ᠂ ᠤᠰᠤ ᠠᠷᠪᠢᠯᠠᠬᠤ | ᠵᠡᠷᠭᠡ ᠣᠯᠠᠨ ᠭᠦᠢᠴᠡᠳᠬᠡᠯ ᠲᠤᠭ᠎ᠠ ᠶᠢ ᠳᠡᠭᠡᠭᠰᠢᠯᠡᠭᠦᠯᠬᠦ ᠬᠠᠷᠠᠯᠲᠠ ᠶᠢ ᠪᠡᠶᠡᠯᠡᠭᠦᠯᠭᠦ ᠪᠠᠷ ᠪᠠᠶᠢᠨ᠎ᠠ᠃ | ᠥᠪᠥᠷ ᠮᠣᠩᠭᠤᠯ ᠤᠨ ᠺᠠᠢ ᠰᠢᠨ ᠢᠨᠵᠧᠨᠧᠷᠢᠩ ᠤᠨ ᠵᠥᠪᠯᠡᠯᠭᠡ ᠥᠭᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠥᠷᠥᠯ ᠵᠦᠢᠯ ᠤᠨ ᠶᠡᠷᠦᠩᠬᠡᠢ | ᠬᠢᠨᠠᠭᠴᠢ ᠼᠦᠢ ᠢᠦᠢ ᠮᠢᠩ᠄ ︽ᠪᠢᠳᠡ ᠤᠷᠢᠳᠴᠢᠯᠠᠨ ᠬᠥᠳᠡᠯᠦᠯᠴᠡᠵᠦ ᠴᠠᠭ ᠢ ᠵᠠᠪᠳᠤᠨ ᠮᠠᠲ᠋ᠧᠷᠢᠶᠠᠯ ᠢᠶᠠᠨ ᠲᠠᠯᠠᠪᠠᠢ ᠳᠤ ᠣᠷᠣᠭᠤᠯᠵᠣ ᠴᠠᠬᠢᠯᠭᠠᠨ | ᠮᠠᠰᠢᠨ ᠢᠶᠠᠷ ᠬᠤᠳᠳᠤᠭ ᠮᠠᠯᠳᠠᠬᠤ ᠵᠡᠷᠭᠡ ᠠᠵᠢᠯ ᠢᠶᠠᠨ ᠡᠬᠢᠯᠡᠭᠦᠯᠵᠡᠢ᠃ ᠲᠦᠷᠦᠭᠦᠦ ᠬᠡᠳᠦᠨ ᠵᠢᠯ ᠤᠨ ᠲᠤᠷᠰᠢᠯᠭ᠎ᠠ ᠪᠠᠨ ᠳ᠋ᠦᠩᠨᠡᠪᠡᠯ ᠪᠠᠷᠢᠯᠭ᠎ᠠ ᠶᠢᠨ | ᠠᠵᠢᠯ ᠢᠶᠠᠨ ᠨᠠᠷᠢᠯᠢᠭᠵᠢᠭᠤᠯᠤᠨ ᠬᠠᠮᠢᠶᠠᠷᠣᠯᠲᠠ ᠪᠠᠨ ᠳᠡᠭᠡᠭᠰᠢᠯᠠᠭᠦᠯᠵᠦ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠶᠢᠨ ᠬᠠᠮᠲᠣ ᠪᠥᠬᠦ ᠬᠤᠲᠠ ᠶᠢᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠬᠤ ᠪᠠᠷ | ᠴᠢᠷᠮᠠᠶᠢᠵᠣ ᠪᠠᠶᠢᠨ᠎ᠠ︾ ᠬᠡᠯᠡ᠃ | ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠢ ᠪᠦᠭᠦ ᠲᠠᠯ᠎ᠠ ᠪᠠᠷ ᠪᠠᠶᠢᠷᠢᠯᠠᠭᠤᠯᠵᠥ ᠪᠠᠶᠢᠭ᠎ᠠ ᠵᠬᠠᠭ᠍ᠭᠢᠯᠠᠭᠠ ᠶᠢᠨ ᠴᠠᠭ ᠲᠤ ᠦᠦᠰᠢᠨ ᠬᠤᠰᠢᠭᠤᠨ ᠤ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠣᠨ ᠪᠠᠶᠢᠭᠤᠯᠭ᠎ᠠ | ᠨᠢᠭᠡᠴᠢ ᠨᠢ ᠠᠵᠢᠯ ᠢᠶᠠᠨ ᠡᠷᠲᠡ ᠠᠴᠠ ᠲᠣᠬᠢᠷᠠᠭᠤᠯᠤᠨ ᠪᠠᠶᠢᠷᠢᠯᠠᠭᠤᠯᠵᠤ ᠡᠪᠦᠯ ᠤᠨ ᠤᠯᠠᠷᠢᠯ ᠤᠨ ᠲᠠᠷᠢᠶᠠᠯᠠᠩ ᠤᠨ ᠰᠡᠯᠡᠭᠦᠦ ᠴᠠᠭ ᠢ ᠠᠰᠢᠭᠯᠠᠨ ᠠᠵᠢᠯ ᠢᠶᠠᠨ | ᠡᠬᠢᠯᠡᠭᠦᠯᠵᠥ᠂ ᠴᠠᠭᠠᠨ ᠰᠠᠷ᠎ᠠ ᠠᠴᠠ ᠡᠮᠦᠨ᠎ᠡ 12 ᠴᠠᠬᠢᠯᠭᠠᠨ ᠤ ᠬᠤᠳᠳᠤᠭ ᠢ ᠮᠠᠯᠲᠠᠨ ᠳᠠᠭᠤᠰᠬᠠᠵᠤ᠂ 30% ᠶᠢᠨ ᠮᠠᠲ᠋ᠧᠷᠢᠶᠠᠯ ᠢ ᠴᠠᠭᠠᠨ ᠰᠠᠷ᠎ᠠ ᠶᠢᠨ | ᠳᠠᠷᠠᠭ᠎ᠠ ᠠᠬᠤᠢ ᠲᠠᠯᠠᠪᠠᠶ ᠳᠤ ᠣᠷᠣᠭᠤᠯᠣᠭᠰᠠᠨ ᠤ ᠬᠠᠮᠲᠤ ᠪᠠᠷᠢᠯᠭ᠎ᠠ ᠶᠢᠨ ᠠᠵᠢᠯ ᠤᠨ ᠳᠤᠮᠳᠠ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠵᠤ᠂ ᠬᠠᠪᠤᠷ ᠤᠨ | ᠤᠯᠠᠷᠢᠯ ᠤᠨ ᠬᠡᠰᠡᠭ ᠠᠵᠢᠯ ᠤᠨ ᠲᠡᠰ ᠳᠠᠷᠠᠭᠠᠯᠠᠯ ᠢ ᠤᠷᠢᠳᠴᠢᠯᠠᠭᠤᠯᠵᠤ᠂ ᠪᠠᠷᠢᠯᠭ᠎ᠠ ᠶᠢᠨ ᠠᠵᠢᠯ ᠤᠨ ᠴᠠᠭ ᠢ ᠪᠦᠲᠦᠮᠵᠢᠲᠡᠢ ᠠᠷᠪᠢᠯᠠᠵᠤ᠂ ᠲᠦᠷᠦᠯ | ᠵᠦᠢᠯ ᠤᠨ ᠥᠨᠳᠥᠷ ᠪᠦᠲᠦᠮᠵᠢᠲᠡᠢ ᠠᠬᠢᠬᠤ ᠶᠢ ᠪᠦᠬᠦ ᠬᠦᠴᠦᠨ ᠢᠶᠠᠷ ᠢᠶᠠᠨ ᠪᠠᠲᠣᠯᠠᠵᠠᠢ ᠃ | ᠣᠶᠢᠷ᠎ᠠ ᠶᠢᠨ ᠵᠢᠯ ᠠᠴᠠ ᠨᠠᠰᠢ ᠥᠦᠰᠢᠨ ᠬᠤᠰᠢᠭᠤ ᠨᠢ ᠥᠨᠳᠥᠷ ᠦᠷ᠎ᠡ ᠪᠦᠲᠦᠮᠵᠢ ᠲᠠᠢ ᠦᠷᠬᠦᠯᠵᠢᠯᠡᠬᠦᠶᠢᠴᠡ ᠴᠢᠨᠠᠷ ᠪᠦᠬᠦᠢ ᠠᠮᠤ ᠪᠤᠳᠠᠭᠠᠨ ᠤ | ᠠᠮᠤᠷ ᠲᠦᠪᠰᠢᠨ ᠤ ᠪᠠᠲᠤᠯᠠᠭ᠎ᠠ ᠶᠢᠨ ᠰᠠᠭᠤᠷᠢ ᠶᠢ ᠪᠦᠷᠢᠯᠳᠦᠭᠦᠯᠬᠦ ᠶᠢᠨ ᠲᠥᠯᠥᠭᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠥ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠬᠢᠷᠢ ᠲᠦᠪᠰᠢᠨ ᠢ | ᠬᠦᠴᠦᠯᠡᠨ ᠳᠡᠭᠡᠭᠰᠢᠯᠡᠭᠦᠯᠥᠭᠰᠡᠨ ᠪᠠᠶᠢᠨ᠎ᠠ᠃ ᠣᠲᠣ ᠪᠣᠯᠲᠠᠯ᠎ᠠ᠂ ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠨᠡᠶᠢᠲᠡ 30 ᠲᠦᠮᠡᠨ ᠮᠦ | ᠪᠠᠶᠢᠵᠥ᠂ ᠡᠨᠡ ᠵᠢᠯ ᠨᠡᠶᠢᠲᠡ 7.9 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠳᠣᠭᠡᠨ ᠪᠠᠶᠢᠭᠤᠯᠬᠤ ᠲᠦᠷᠣᠯ ᠵᠣᠶᠢᠯ ᠢ ᠬᠡᠷᠡᠭᠵᠢᠭᠦᠯᠬᠦ ᠪᠠᠷ | ᠲᠥᠯᠥᠪᠯᠡᠵᠦ᠂ 2026 ᠣᠨ ᠤ ᠵᠢᠯ ᠤᠨ ᠡᠴᠦᠰ ᠲᠤ ᠪᠦᠳᠣᠭᠡᠨ ᠪᠠᠶᠢᠭᠤᠯᠵᠥ ᠳᠠᠭᠤᠰᠬᠠᠬᠤ ᠪᠠᠷ ᠪᠠᠶᠢᠨ᠎ᠠ ᠃ | | | ᠰᠣᠷᠪᠣᠯᠵᠢᠯᠠᠭᠴᠢ᠄ ᠲᠠᠨ᠎ᠠ᠂ ᠸᠠᠩ ᠴᠢ | | | |