ᠪᠥᠬᠦ ᠬᠤᠰᠢᠭᠤᠨ ᠤ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ | ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠪᠦᠲᠦᠮᠵᠢᠲᠡᠶ ᠬᠤᠷᠢᠭᠯᠠᠵᠤ ᠭᠠᠵᠠᠷ ᠳᠣᠤᠷᠠᠬᠢ ᠤᠰᠤ ᠶᠢ ᠠᠪᠬᠤ ᠪᠠ ᠨᠥᠬᠦᠪᠥᠷᠢᠯᠡᠬᠦ ᠶᠢ | ᠲᠡᠩᠴᠡᠭᠦᠷᠢᠲᠡᠶ ᠪᠠᠶᠢᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠶᠢ | ᠪᠠᠲᠤᠯᠠᠬᠤ ᠶᠢᠨ ᠲᠥᠯᠥᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠭᠠᠵᠠᠷ ᠳᠣᠤᠷᠠᠬᠢ ᠤᠰᠤᠨ ᠤ | ᠬᠠᠮᠢᠶᠠᠷᠤᠯᠲᠠ ᠶᠢᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠠᠮᠠᠭᠠᠯᠠᠯᠲᠠ ᠪᠠ | ᠬᠠᠮᠢᠶᠠᠷᠤᠯᠲᠠ ᠶᠢᠨ ᠲᠦᠷᠢᠮ︾ ᠵᠢᠴᠢ ︽ᠣᠷᠳᠣᠰ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠢ ᠦᠨᠳᠦᠰᠦᠯᠡᠨ᠂ ᠬᠠᠤᠯᠢ ᠪᠤᠰᠤ ᠪᠠᠷ ᠬᠤᠳᠳᠤᠭ ᠦᠷᠦᠮᠳᠡᠵᠤ ᠤᠰᠤ ᠬᠡᠷᠡᠭᠯᠡᠭᠰᠡᠨ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠬᠦᠨ᠎ᠡ᠂ ᠳᠤᠤᠷ᠎ᠠ ᠵᠠᠷᠯᠠᠯ ᠢ ᠮᠡᠳᠡᠭᠳᠡᠶ᠎ᠡ᠄ | ᠨᠢᠭᠡ᠂ ᠦᠦᠰᠢᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠣᠲᠣᠷ᠎ᠠ᠂ ᠶᠠᠮᠠᠷᠪᠠ ᠪᠠᠶᠢᠭᠤᠯᠭ᠎ᠠ ᠨᠢᠭᠡᠴᠢ ᠪᠤᠶᠤ ᠬᠤᠪᠢ ᠬᠥᠮᠦᠨ | ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠬᠤᠳᠳᠤᠭ ᠥᠷᠥᠮᠳᠡᠵᠦ᠂ | ᠭᠠᠵᠠᠷ ᠳᠣᠤᠷᠠᠬᠢ ᠤᠰᠤ ᠶᠢ ᠠᠪᠴᠤ ᠬᠡᠷᠡᠭᠯᠡᠵᠦ ᠪᠣᠯᠬᠤ ᠦᠭᠡᠢ᠂ ᠦᠨᠡᠨᠬᠦ ᠭᠠᠵᠠᠷ ᠳᠣᠤᠷᠠᠬᠢ ᠤᠰᠤ ᠶᠢ ᠠᠪᠴᠤ ᠬᠡᠷᠡᠭᠯᠡᠬᠦ ᠴᠢᠬᠤᠯᠠᠲᠠᠢ ᠪᠠᠶᠢᠭᠤᠯᠭ᠎ᠠ | ᠨᠢᠭᠡᠴᠢ ᠪᠤᠶᠤ ᠬᠤᠪᠢ ᠬᠥᠮᠦᠨ ᠬᠠᠤᠯᠢ ᠶᠣᠰᠣᠭᠠᠷ ᠤᠰᠤ ᠬᠡᠷᠡᠭᠯᠡᠬᠦ ᠵᠥᠪᠰᠢᠶᠡᠷᠡᠯ ᠤᠨ ᠭᠠᠷ ᠭᠦᠢᠴᠡᠳᠬᠡᠯ ᠬᠢᠯᠭᠡᠬᠦ ᠪᠠᠷ ᠭᠤᠶᠤᠴᠢᠯᠠᠬᠤ ᠶᠢᠨ ᠬᠠᠮᠲᠤ ᠤᠰᠤ | ᠬᠡᠷᠡᠭᠯᠡᠬᠦ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠶᠣᠰᠣᠭᠠᠷ ᠤᠰᠤ ᠬᠡᠷᠡᠭᠯᠡᠨ᠎ᠡ ︵ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠤᠰᠤ | ᠬᠡᠷᠡᠭᠯᠡᠬᠦ ᠵᠥᠪᠰᠢᠶᠡᠷᠡᠯ ᠤᠨ ᠦᠨᠡᠮᠯᠡᠯ ᠭᠤᠶᠤᠴᠢᠯᠠᠬᠤ ᠴᠢᠬᠤᠯᠠ ᠦᠭᠡᠢ ᠪᠠᠶᠢᠳᠠᠯ ᠡᠭᠦᠨ ᠠᠴᠠ ᠭᠠᠳᠠᠨ᠎ᠠ᠃ | ᠬᠤᠶᠠᠷ᠂ ᠵᠥᠪᠰᠢᠶᠡᠷᠡᠯ ᠣᠯᠤᠭᠰᠠᠨ ᠥᠬᠡᠶ ᠪᠠᠷ ᠳᠤᠷ᠎ᠠ ᠪᠠᠷ ᠢᠶᠠᠨ ᠬᠤᠳᠳᠤᠭ ᠥᠷᠥᠮᠳᠡᠵᠦ᠂ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠭᠰᠡᠨ ᠢ | ᠣᠯᠵᠤ ᠮᠡᠳᠡᠮᠡᠭᠴᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾᠂ ︽ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠲᠦᠷᠢᠮ︾ ︽ᠤᠰᠤ ᠲᠠᠲᠠᠬᠤ | ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠢ ᠲᠠᠲᠠᠪᠤᠷᠢᠯᠠᠬᠤ ᠬᠠᠮᠢᠶᠠᠷᠤᠯᠲᠠ ᠶᠢᠨ ᠲᠦᠷᠢᠮ︾ ︽ᠣᠷᠳᠣᠰ ᠬᠤᠲᠠ ᠶᠢᠨ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠶᠢᠨ ᠲᠦᠷᠢᠮ︾ ︽ᠣᠷᠳᠣᠰ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠳᠬᠡᠨ ᠲᠣᠷᠭᠠᠨ᠎ᠠ᠃ ᠬᠠᠤᠯᠢ ᠪᠤᠰᠤ ᠪᠠᠷ ᠬᠤᠳᠳᠤᠭ ᠥᠷᠥᠮᠳᠡᠬᠦ᠂ ᠭᠠᠵᠠᠷ ᠳᠣᠣᠷᠠᠬᠢ ᠤᠰᠤ ᠶᠢ ᠠᠪᠴᠤ | ᠬᠡᠷᠡᠭᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠦᠭᠡᠢ᠃ ᠬᠠᠤᠯᠢ ᠠᠴᠠ ᠵᠥᠷᠢᠴᠡᠨ | ᠬᠤᠳᠳᠤᠭ ᠥᠷᠥᠮᠳᠡᠬᠦ᠂ ᠭᠠᠵᠠᠷ ᠳᠣᠣᠷᠠᠬᠢ ᠤᠰᠤ ᠶᠢ ᠠᠪᠴᠤ ᠬᠡᠷᠡᠭᠯᠡᠬᠦ ᠳᠤ ᠴᠣᠬᠢᠯᠲᠠ ᠥᠭᠬᠦ ᠶᠠᠪᠤᠴᠠ ᠳᠤ ᠠᠵᠢᠯᠲᠠᠨ ᠤ ᠠᠯᠪᠠᠨ ᠶᠠᠪᠤᠳᠠᠯ | ᠭᠦᠢᠴᠡᠳᠬᠡᠬᠦ ᠶᠢ ᠬᠠᠷᠰᠢᠯᠠᠭᠰᠠᠨ ᠪᠤᠶᠤ ᠡᠰᠡᠷᠭᠦᠴᠡᠭᠰᠡᠨ ᠪᠠᠶᠢᠪᠠᠯ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠨᠳᠦᠰᠦᠯᠡᠨ ᠬᠠᠤᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠠᠮᠤᠷ ᠢ ᠬᠠᠮᠠᠭᠠᠯᠠᠬᠤ ᠰᠢᠳᠬᠡᠯ ᠥᠭᠬᠦ ᠪᠤᠶᠤ ᠡᠷᠡᠭᠦᠦ ᠶᠢᠨ ᠬᠡᠷᠡᠭ ᠢᠶᠠᠷ ᠰᠢᠳᠬᠡᠨ᠎ᠡ᠃ | ᠭᠤᠷᠪᠠ᠂ ︽ᠦᠦᠰᠢᠨ ᠬᠤᠰᠢᠭᠤᠨ ᠤ ᠬᠤᠳᠳᠤᠭ ᠥᠷᠥᠮᠳᠡᠬᠦ ᠬᠠᠮᠢᠶᠠᠷᠤᠯᠲᠠ ᠶᠢᠨ ᠠᠷᠭ᠎ᠠ︾ ᠶᠢᠨ ᠶᠣᠰᠣᠭᠠᠷ᠂ ᠦᠦᠰᠢᠨ ᠬᠤᠰᠢᠭᠤᠨ ᠤ ᠵᠠᠰᠠᠭ | ᠵᠠᠬᠢᠷᠭᠠᠨ ᠤ ᠣᠷᠣᠨ ᠪᠦᠰᠡ ᠶᠢᠨ ᠳᠣᠲᠣᠷ᠎ᠠ ᠬᠤᠳᠳᠤᠭ ᠥᠷᠥᠮᠳᠡᠬᠦ ᠪᠠᠶᠢᠭᠤᠯᠭ᠎ᠠ ᠨᠢᠭᠡᠴᠢ ᠪᠦᠬᠦᠨ ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ ᠳᠤ | ᠬᠦᠷᠴᠦ ᠬᠤᠳᠳᠤᠭ ᠥᠷᠥᠮᠳᠡᠬᠦ ᠬᠢᠷᠢ ᠬᠡᠮ ᠤᠨ ᠭᠡᠷᠡᠴᠢ ᠪᠤᠶᠤ ᠳᠠᠩᠰᠠᠯᠠᠭᠤᠯᠬᠤ ᠭᠠᠷ ᠭᠦᠢᠴᠡᠳᠬᠡᠯ ᠲᠤᠰᠢᠶᠠᠬᠤ ᠬᠡᠷᠡᠭᠲᠡᠶ᠂ ᠥᠮᠴᠢᠲᠡᠨ ᠬᠤᠳᠳᠤᠭ | ᠥᠷᠥᠮᠳᠡᠬᠦ ᠬᠢᠨᠠᠨ ᠵᠥᠪᠰᠢᠶᠡᠷᠡᠯ ᠤᠨ ᠭᠠᠷᠳᠠᠮ ᠢ ᠣᠯᠤᠭᠰᠠᠨ ᠤ ᠳᠠᠷᠠᠭ᠎ᠠ ᠬᠤᠳᠳᠤᠭ ᠥᠷᠥᠮᠳᠡᠬᠦ ᠪᠠᠷᠢᠯᠭ᠎ᠠ ᠬᠢᠬᠦ ᠪᠠᠶᠢᠭᠤᠯᠭ᠎ᠠ ᠨᠢᠭᠡᠴᠢ ︵ᠬᠤᠪᠢ ᠬᠥᠮᠦᠨ︶ | ᠰᠠᠶ᠋ᠢ ᠦᠷᠦᠮᠳᠡᠵᠤ ᠪᠣᠯᠤᠨ᠎ᠠ᠃ ᠤᠰᠤ ᠬᠡᠷᠡᠭᠯᠡᠬᠦ ᠵᠥᠪᠰᠢᠶᠡᠷᠡᠯ ᠢ ᠭᠦᠢᠴᠡᠳᠬᠡᠭᠡᠳᠦᠶ ᠪᠠᠶᠢᠭᠤᠯᠭ᠎ᠠ ᠨᠢᠭᠡᠴᠢ ᠪᠤᠶᠤ ᠬᠤᠪᠢ ᠬᠥᠮᠦᠨ ᠳᠤ ᠳᠤᠷ᠎ᠠ ᠪᠠᠷ ᠢᠶᠠᠨ | ᠬᠤᠳᠳᠤᠭ ᠥᠷᠥᠮᠳᠡᠵᠦ ᠥᠭᠭᠦᠭᠰᠡᠨ ᠪᠣᠯ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠪᠠᠶᠢᠴᠠᠭᠠᠨ ᠰᠢᠢᠳᠪᠦᠷᠢᠯᠡᠨ᠎ᠡ᠃ | ᠳᠥᠷᠪᠡ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠡᠯ᠎ᠡ ᠰᠤᠮᠤ ᠪᠠᠯᠭᠠᠰᠤ ᠨᠢ ᠬᠠᠤᠯᠢ ᠪᠤᠰᠤ ᠪᠠᠷ ᠬᠤᠳᠳᠤᠭ ᠮᠠᠯᠲᠠᠬᠤ᠂ | ᠬᠠᠤᠯᠢ ᠪᠤᠰᠤ ᠪᠠᠷ ᠤᠰᠤ ᠠᠪᠴᠤ ᠬᠡᠷᠡᠭᠯᠡᠬᠦ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠭᠰᠠᠨ ᠤ ᠬᠤᠪᠢ ᠳᠤ | ᠲᠣᠰ ᠣᠷᠣᠨ ᠪᠦᠰᠡ ᠶᠢᠨ ᠳᠣᠲᠣᠷᠠᠬᠢ ᠬᠠᠤᠯᠢ ᠪᠤᠰᠤ ᠪᠠᠷ ᠬᠤᠳᠳᠤᠭ ᠦᠷᠦᠮᠳᠡᠬᠦ᠂ ᠬᠠᠤᠯᠢ ᠪᠤᠰᠤ ᠪᠠᠷ ᠤᠰᠤ ᠠᠪᠴᠤ ᠬᠡᠷᠡᠭᠯᠡᠬᠦ ᠦᠢᠯᠡ ᠠᠵᠢᠯᠯᠠᠭ᠎ᠠ ᠳᠤ | ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠂ ᠡᠯ᠎ᠡ ᠰᠤᠮᠤ ᠪᠠᠯᠭᠠᠰᠤ ᠨᠢ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ | ᠬᠠᠮᠵᠢᠨ ᠬᠠᠤᠯᠢ ᠪᠤᠰᠤ ᠪᠠᠷ ᠤᠰᠤ ᠲᠠᠲᠠᠵᠤ ᠬᠡᠷᠡᠭᠯᠡᠭᠰᠡᠨ ᠦᠢᠯᠡ ᠠᠵᠢᠯᠯᠠᠭ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ ᠠᠵᠢᠯ ᠤᠨ | ᠬᠠᠷᠢᠭᠤᠴᠠᠯᠭ᠎ᠠ ᠪᠠᠨ ᠪᠠᠷᠢᠮᠲᠠᠯᠠᠨ ᠠᠵᠢᠯ ᠤᠨ ᠬᠠᠷᠢᠭᠤᠴᠠᠯᠭ᠎ᠠ ᠪᠠᠨ ᠰᠠᠬᠢᠵᠤ ᠠᠵᠢᠯ ᠤᠨ ᠬᠠᠷᠢᠭᠤᠴᠠᠯᠭ᠎ᠠ ᠪᠠᠨ ᠬᠦᠢᠴᠡᠳᠬᠡᠨ ᠨᠢᠭᠡ ᠢᠯᠡᠷᠡᠭᠦᠯᠪᠡᠯ | ᠨᠢᠭᠡ ᠪᠠᠶᠢᠴᠠᠭᠠᠨ ᠰᠢᠢᠳᠪᠦᠷᠢᠯᠡᠨ᠎ᠡ᠃ ᠬᠠᠤᠯᠢ ᠪᠤᠰᠤ ᠪᠠᠷ ᠬᠤᠳᠳᠤᠭ ᠥᠷᠥᠮᠳᠡᠬᠦ᠂ ᠬᠠᠤᠯᠢ ᠪᠤᠰᠤ ᠪᠠᠷ ᠤᠰᠤ ᠬᠡᠷᠡᠭᠯᠡᠬᠦ ᠦᠢᠯᠡ ᠠᠵᠢᠯᠯᠠᠭ᠎ᠠ ᠶᠢ ᠬᠤᠷᠢᠭᠯᠠᠨ | ᠵᠣᠭᠰᠣᠭᠠᠬᠤ ᠥᠬᠡᠶ ᠮᠥᠷᠲᠡᠭᠡᠨ ᠳᠡᠭᠡᠭᠰᠢ ᠮᠡᠳᠡᠭᠦᠯᠬᠦ ᠥᠬᠡᠶ ᠪᠣᠯ ᠭᠤᠤᠯ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠲᠠᠪᠤ᠂ ᠶᠠᠮᠠᠷᠪᠠ ᠪᠠᠶᠢᠭᠤᠯᠭ᠎ᠠ ᠨᠢᠭᠡᠴᠢ ᠪᠣᠯᠤᠨ ᠬᠤᠪᠢ ᠬᠥᠮᠦᠨ ᠴᠥᠮ ᠤᠰᠤᠨ ᠤ ᠶᠠᠪᠤᠳᠠᠯ ᠤᠨ ᠡᠮᠬᠢ ᠳᠢᠭᠯᠢᠮ ᠢ ᠬᠠᠮᠠᠭᠠᠯᠠᠬᠤ᠂ ᠭᠠᠵᠠᠷ ᠳᠣᠤᠷᠠᠬᠢ | ᠤᠰᠤᠨ ᠤ ᠡᠬᠢ ᠪᠠᠶᠠᠯᠢᠭ ᠢ ᠬᠠᠮᠠᠭᠠᠯᠠᠬᠤ ᠡᠭᠦᠷᠭᠡ ᠲᠠᠢ᠂ ᠬᠠᠤᠯᠢ ᠠᠴᠠ ᠵᠥᠷᠢᠴᠡᠨ ᠬᠤᠳᠳᠤᠭ ᠥᠷᠥᠮᠳᠡᠬᠦ᠂ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ | ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ᠂ ᠢᠯᠡᠴᠢᠯᠡᠬᠦ ᠡᠷᠬᠡ ᠲᠠᠢ᠃ ᠬᠤᠰᠢᠭᠤ ᠤᠰᠤᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠪᠥᠬᠦ ᠬᠤᠰᠢᠭᠤᠨ ᠤ ᠬᠢᠵᠠᠭᠠᠷ ᠳᠣᠲᠣᠷᠠᠬᠢ ᠤᠰᠤ ᠬᠡᠷᠡᠭᠯᠡᠵᠦ ᠪᠠᠶᠢᠭ᠎ᠠ ᠪᠠᠶᠢᠳᠠᠯ ᠢ ᠨᠢᠭᠡᠳᠦᠯᠲᠡᠶ ᠬᠢᠨᠠᠨ ᠬᠠᠮᠢᠶᠠᠷᠴᠤ ᠡᠯ᠎ᠡ ᠬᠠᠮᠢᠶ᠎ᠠ ᠪᠥᠬᠦᠶ ᠰᠤᠮᠤ ᠪᠠᠯᠭᠠᠰᠤ | ᠲᠣᠰ ᠬᠠᠷᠢᠶ᠎ᠠ ᠣᠷᠣᠨ ᠤ ᠪᠠᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠵᠢᠷᠭᠤᠭ᠎ᠠ᠂ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠤ ᠦᠦᠰᠢᠨ ᠬᠤᠰᠢᠭᠤᠨ ᠤ ᠬᠢᠵᠠᠭᠠᠷ ᠳᠣᠲᠣᠷᠠᠬᠢ ᠲᠣᠭᠲᠠᠭᠠᠯ ᠠᠴᠠ ᠵᠥᠷᠢᠴᠡᠨ ᠤᠰᠤ | ᠬᠡᠷᠡᠭᠯᠡᠭᠰᠡᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠄ | ᠦᠦᠰᠢᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠤᠰᠤᠨ ᠤ ᠶᠠᠪᠤᠳᠠᠯ ᠤᠨ ᠬᠠᠤᠯᠢ ᠬᠡᠷᠡᠭᠵᠢᠭᠦᠯᠬᠦ ᠲᠠᠰᠤᠭ ᠤᠨ ᠢᠯᠡᠴᠢᠯᠡᠨ | ᠮᠡᠳᠡᠭᠦᠯᠬᠦ ᠤᠲᠠᠰᠤ᠄ 0477 — 7216938 | ᠰᠢᠷᠬᠤᠰᠤᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠢᠯᠡᠴᠢᠯᠡᠨ ᠮᠡᠳᠡᠭᠦᠯᠬᠦ ᠤᠲᠠᠰᠤ᠄ 0477 | — 7560221 | ᠭᠠᠯᠠᠭᠤᠳᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠢᠯᠡᠴᠢᠯᠡᠨ ᠮᠡᠳᠡᠭᠦᠯᠬᠦ ᠤᠲᠠᠰᠤ᠄ 0477 | — 7583380 | ᠰᠦᠯᠳᠡ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠢᠯᠡᠴᠢᠯᠡᠨ ᠮᠡᠳᠡᠭᠦᠯᠬᠦ ᠤᠲᠠᠰᠤ᠄ 0477 — | 7520007 | ᠲᠤᠭ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠢᠯᠡᠴᠢᠯᠡᠨ ᠮᠡᠳᠡᠭᠦᠯᠬᠦ ᠤᠲᠠᠰᠤ᠄ 0477 — | 7510072 | ᠤᠯᠠᠭᠠᠨᠲᠤᠯᠤᠭᠠᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠢᠯᠡᠴᠢᠯᠡᠨ ᠮᠡᠳᠡᠭᠦᠯᠬᠦ ᠤᠲᠠᠰᠤ᠄ | 0477 — 7552004 | ᠦᠤᠰᠢᠨᠵᠤᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠢᠯᠡᠴᠢᠯᠡᠨ ᠮᠡᠳᠡᠭᠦᠯᠬᠦ ᠤᠲᠠᠰᠤ᠄ 0477 | — 2781131 | | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2025 ᠣᠨ ᠤ 3 ᠰᠠᠷ᠎ᠠ ᠶᠢᠨ 6 ᠤ ᠡᠳᠦᠷ | |