ᠬᠠᠪᠤᠷ ᠤᠨ ᠲᠠᠷᠢᠶᠠᠯᠠᠭ᠎ᠠ ᠤᠶᠢᠷᠠᠳᠬᠤ ᠶᠢ ᠳᠠᠭᠠᠯᠳᠤᠨ ᠲᠠᠷᠢᠶᠠᠯᠠᠩ ᠦᠢᠯᠡᠳᠪᠦᠷᠢᠯᠡᠯ ᠤᠨ ᠬᠡᠷᠡᠭᠯᠡᠭᠡᠨ ᠤ ᠵᠦᠢᠯᠡᠰ ᠤᠨ ᠪᠠᠲᠤᠯᠠᠭ᠎ᠠ ᠨᠢ ᠵᠠᠩᠭᠢᠯᠠᠭ᠎ᠠ | ᠪᠤᠯᠵᠤ ᠪᠤᠢ᠃ ᠡᠶᠢᠨᠬᠦ ᠪᠦᠬᠦ ᠵᠢᠯ ᠤᠨ ᠲᠠᠷᠢᠶᠠᠯᠠᠩ ᠦᠢᠯᠡᠳᠪᠦᠷᠢᠯᠡᠯ ᠤᠨ ᠰᠠᠶᠢᠨ ᠡᠬᠢᠯᠡᠯᠲᠡ ᠶᠢ ᠪᠠᠲᠤᠯᠠᠬᠤ ᠶᠢᠨ ᠲᠥᠯᠥᠭᠡ᠂ ᠮᠠᠨ ᠤ ᠬᠤᠰᠢᠭᠤᠨ ᠤ ᠬᠢᠨ | ᠤᠷᠢᠳᠴᠢᠯᠠᠨ ᠲᠥᠯᠥᠪᠵᠢᠭᠦᠯᠵᠦ ᠳᠤᠬᠢᠷᠠᠭᠤᠯᠤᠨ ᠬᠠᠪᠤᠷ ᠤᠨ ᠲᠠᠷᠢᠶᠠᠯᠠᠭ᠎ᠠ ᠳᠤ ᠬᠡᠷᠡᠭᠰᠡᠬᠦ ᠲᠠᠷᠢᠶᠠᠯᠠᠩ ᠦᠢᠯᠡᠳᠪᠦᠷᠢᠯᠡᠯ ᠤᠨ ᠬᠡᠷᠡᠭᠯᠡᠭᠡᠨ ᠤ ᠵᠦᠢᠯᠡᠰ ᠢ ᠪᠦᠬᠦ | ᠬᠦᠴᠦᠨ ᠢᠶᠠᠷ ᠢᠶᠠᠨ ᠪᠠᠲᠤᠯᠠᠵᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ ᠪᠤᠢ᠃ | ᠦᠦᠰᠢᠨᠵᠤᠤ ᠪᠠᠯᠭᠠᠰᠤᠨ ᠤ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠲᠠᠷᠢᠶᠠᠯᠠᠩ ᠦᠢᠯᠡᠳᠪᠦᠷᠢᠯᠡᠯ ᠤᠨ ᠬᠡᠷᠡᠭᠯᠡᠭᠡᠨ ᠤ | ᠵᠦᠢᠯᠡᠰ ᠤᠨ ᠬᠥᠮᠥᠷᠭᠡ ᠳᠤ ᠪᠤᠷᠳᠤᠭᠤᠷ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠵᠡᠷᠭᠡ ᠡᠯ᠎ᠡ ᠵᠤᠶᠢᠯ ᠤᠨ ᠲᠠᠷᠢᠶᠠᠯᠠᠩ ᠦᠢᠯᠡᠳᠪᠦᠷᠢᠯᠡᠯ ᠤᠨ ᠬᠡᠷᠡᠭᠯᠡᠭᠡᠨ ᠤ | ᠵᠦᠢᠯᠡᠰ ᠪᠦᠷᠢᠨ ᠭᠦᠢᠴᠡᠳ ᠪᠤᠢ᠃ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠲᠡᠩᠴᠡᠭᠦᠷᠢ ᠦᠭᠡᠢ᠂ ᠦᠢᠯᠡᠳᠪᠦᠷᠢᠯᠡᠯ ᠤᠨ ᠬᠡᠮᠵᠢᠶ᠎ᠡ᠂ ᠲᠡᠭᠡᠭᠡᠪᠦᠷᠢᠯᠡᠯᠲᠡ | ᠶᠢᠨ ᠠᠰᠠᠭᠤᠳᠠᠯ ᠵᠡᠷᠭᠡ ᠰᠢᠯᠲᠠᠭᠠᠨ ᠠᠴᠠ ᠪᠣᠯᠵᠣ ᠪᠣᠷᠳᠣᠭᠤᠷ ᠢ ᠴᠠᠭ ᠲᠤᠬᠠᠶ ᠳᠤᠨᠢ ᠬᠠᠩᠭᠠᠵᠤ ᠳᠡᠶᠢᠯᠬᠦ ᠥᠬᠡᠶ᠂ ᠲᠠᠷᠢᠶᠠᠯᠠᠭ᠎ᠠ ᠬᠢᠵᠤ ᠳᠡᠶᠢᠯᠬᠦ ᠦᠭᠡᠢ | ᠪᠤᠯᠬᠤ ᠪᠠᠶᠢᠳᠠᠯ ᠡᠭᠦᠰᠬᠦ ᠠᠴᠠ ᠰᠡᠷᠭᠡᠶᠢᠯᠡᠨ ᠮᠠᠯᠴᠢᠨ ᠲᠠᠷᠢᠶᠠᠴᠢᠳ ᠢ ᠬᠠᠮᠤᠭ ᠤᠨ ᠶᠡᠭᠡ ᠬᠡᠮᠵᠢᠶ᠎ᠡ ᠪᠠᠷ ᠬᠠᠪᠰᠤᠷᠤᠨ ᠦᠢᠯᠡᠳᠪᠦᠷᠢᠯᠡᠯ ᠤᠨ ᠥᠪᠡᠷ ᠤᠨ | ᠥᠷᠲᠡᠭ ᠢ ᠠᠷᠪᠢᠯᠠᠬᠤ ᠶᠢᠨ ᠲᠦᠯᠦᠭᠡ᠂ ᠦᠦᠰᠢᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠨ 2025 ᠣᠨ ᠤ ᠪᠤᠷᠳᠤᠭᠤᠷ ᠤᠨ | ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠤᠨ ᠰᠤᠳᠤᠯᠵᠤ ᠪᠦᠬᠦ ᠬᠤᠰᠢᠭᠤᠨ ᠤ ᠲᠠᠷᠢᠮᠠᠯ ᠤᠨ ᠪᠦᠲᠦᠴᠡ ᠪᠣᠯᠤᠨ ᠲᠠᠯᠠᠪᠠᠢ ᠶᠢ | ᠦᠨᠳᠦᠰᠦᠯᠡᠨ ᠤᠷᠢᠳᠴᠢᠯᠠᠨ ᠮᠡᠳᠡᠭᠳᠡᠯ ᠪᠠᠭᠤᠯᠭᠠᠨ᠂ ᠬᠡᠷᠡᠭᠯᠡᠬᠦ ᠬᠡᠮᠵᠢᠶ᠎ᠡ ᠶᠢ ᠪᠦᠷᠢᠳᠬᠡᠵᠦ ᠲᠦᠯᠦᠪᠯᠡᠬᠦ ᠵᠡᠷᠭᠡ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ | ᠦᠦᠰᠢᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠳᠡᠳ᠋ ᠡᠷᠬᠢᠯᠡᠭᠴᠢ ᠴᠣᠭᠲᠤ ᠬᠡᠯᠡᠬᠦ ᠳᠡᠭᠡᠨ᠄ ︽ | ᠦᠦᠰᠢᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠨᠢ ᠮᠠᠯᠴᠢᠨ ᠲᠠᠷᠢᠶᠠᠴᠢᠳ ᠢ ᠬᠠᠪᠰᠤᠷᠤᠨ ᠲᠠᠷᠢᠶᠠᠯᠠᠩ ᠳᠤ | ᠦᠢᠯᠡᠴᠢᠯᠡᠬᠦ ᠵᠣᠷᠢᠯᠲᠠ ᠪᠠᠷ ᠪᠥᠬᠦ ᠬᠤᠰᠢᠭᠤᠨ ᠤ ᠲᠠᠷᠢᠶᠠᠯᠠᠩ ᠤᠨ ᠨᠥᠭᠡᠴᠡᠯᠡᠯᠲᠡ ᠶᠢᠨ ᠠᠵᠢᠯ ᠢ ᠰᠠᠶᠢᠲᠤᠷ ᠬᠢᠵᠦ᠂ ᠲᠥᠯᠦᠪᠯᠡᠭᠰᠡᠨ ᠢᠶᠠᠷ ᠡᠨᠡ ᠵᠢᠯ 1 | ᠲᠦᠮᠡᠨ ᠲᠣᠨ ᠬᠢᠮᠢ ᠶᠢᠨ ᠪᠣᠷᠲᠣᠭᠤᠷ ᠢ ᠨᠥᠭᠡᠴᠡᠯᠡᠬᠦ ᠪᠠᠷ ᠪᠤᠢ᠃ ᠡᠭᠦᠨ ᠳᠤ᠂ ᠦᠦᠰᠢᠨᠵᠤᠤ ᠶᠢᠨ ᠦᠨᠳᠦᠰᠦᠨ ᠱᠠᠲᠤᠨ ᠤ ᠬᠤᠷᠰᠢᠶ᠎ᠠ ᠳᠤ ᠨᠡᠶᠢᠯᠡᠮᠡᠯ | ᠪᠣᠷᠲᠣᠭᠤᠷ ᠢ 700 ᠲᠣᠨ᠂ ᠰᠠᠭᠤᠷᠢ ᠪᠣᠷᠲᠣᠭᠤᠷ ᠢ 300 ᠲᠣᠨ᠂ ᠰᠢᠭᠡᠰᠦᠯᠢᠭ ᠡᠳ᠋ ᠢ 2000 ᠲᠣᠨ᠂ ᠨᠡᠶᠢᠲᠡ 3000 ᠲᠣᠨ ᠪᠡᠯᠡᠳᠬᠡᠵᠦ ᠪᠤᠢ︾ | ᠭᠡᠯᠡ᠃ | ᠲᠠᠷᠢᠶᠠᠯᠠᠩ ᠤᠨ ᠬᠡᠷᠡᠭᠯᠡᠭᠡᠨ ᠤ ᠵᠦᠢᠯᠡᠰ ᠤᠨ ᠪᠣᠷᠣᠯᠠᠭᠤᠯᠭ᠎ᠠ ᠶᠢᠨ ᠳᠡᠯᠭᠡᠭᠦᠷ ᠲᠤ᠂ ᠬᠠᠪᠤᠷ ᠤᠨ ᠲᠠᠷᠢᠶᠠᠯᠠᠭ᠎ᠠ ᠶᠢᠨ ᠠᠵᠢᠯ ᠳᠤ ᠬᠡᠷᠡᠭᠰᠡᠬᠦ ᠡᠯ᠎ᠡ | ᠵᠤᠶᠢᠯ ᠤᠨ ᠦᠷ᠎ᠡ᠂ ᠠᠳᠠᠯᠢ ᠪᠤᠰᠤ ᠨᠠᠶᠢᠷᠠᠯᠭ᠎ᠠ ᠲᠠᠢ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠦᠨ᠎ᠡ ᠬᠠᠩᠰᠢ ᠢᠯᠡ ᠲᠤᠳᠤ᠂ ᠲᠦᠷᠦᠯ ᠵᠤᠶᠢᠯ ᠪᠦᠷᠢᠨ | ᠭᠦᠢᠴᠡᠳ ᠪᠠᠶᠢᠵᠤ ᠮᠠᠯᠴᠢᠨ ᠲᠠᠷᠢᠶᠠᠴᠢᠳ ᠲᠤ ᠳᠥᠭᠦᠮ ᠦᠵᠡᠭᠦᠯᠦᠭᠰᠡᠨ ᠪᠠᠶᠢᠨ᠎ᠠ᠃ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠪᠦᠲᠦᠮᠵᠢᠲᠠᠢ ᠠᠬᠢᠭᠤᠯᠤᠨ | ᠲᠠᠷᠢᠶᠠᠯᠠᠩ ᠦᠢᠯᠡᠳᠪᠦᠷᠢᠯᠡᠯ ᠤᠨ ᠬᠡᠷᠡᠭᠯᠡᠭᠡᠨ ᠤ ᠵᠦᠢᠯᠡᠰ ᠤᠨ ᠬᠠᠩᠭᠠᠯᠭ᠎ᠠ ᠶᠢ ᠰᠠᠶᠢᠲᠤᠷ ᠬᠢᠵᠤ ᠪᠣᠷᠣᠯᠠᠭᠤᠯᠭ᠎ᠠ ᠲᠠᠰᠤᠷᠠᠬᠤ ᠦᠭᠡᠢ᠂ ᠲᠠᠷᠢᠬᠤ ᠴᠠᠭ ᠢ | ᠰᠠᠭᠠᠲᠠᠭᠠᠬᠤ ᠦᠭᠡᠢ ᠪᠠᠶᠢᠬᠤ ᠶᠢ ᠴᠢᠷᠮᠠᠶᠢᠨ ᠪᠠᠲᠤᠯᠠᠵᠤ ᠪᠠᠶᠢᠨ᠎ᠠ᠃ ᠡᠭᠦᠨ ᠤ ᠬᠠᠮᠲᠦ ᠲᠠᠷᠢᠶᠠᠯᠠᠩ ᠦᠢᠯᠡᠳᠪᠦᠷᠢᠯᠡᠯ ᠤᠨ ᠬᠡᠷᠡᠭᠯᠡᠭᠡᠨ ᠤ ᠵᠦᠢᠯᠡᠰ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠬᠠᠭᠤᠷᠮᠠᠭ᠂ ᠴᠢᠨᠠᠷ ᠮᠠᠭᠤᠲᠠᠢ ᠬᠡᠷᠡᠭᠯᠡᠭᠡᠨ ᠤ ᠵᠦᠢᠯᠡᠰ ᠢ ᠦᠢᠯᠡᠳᠴᠦ ᠪᠣᠷᠣᠯᠠᠭᠤᠯᠬᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠤᠯᠠᠨ ᠲᠦᠮᠡᠨ ᠤ ᠰᠠᠨᠠᠭ᠎ᠠ ᠠᠮᠤᠷ ᠲᠠᠷᠢᠶᠠᠯᠠᠩ ᠦᠢᠯᠡᠳᠪᠦᠷᠢᠯᠡᠯ ᠤᠨ ᠬᠡᠷᠡᠭᠯᠡᠭᠡᠨ ᠤ ᠵᠦᠢᠯᠡᠰ ᠢ ᠬᠡᠷᠡᠭᠰᠡᠬᠦ ᠶᠢ | ᠦᠨᠡᠨᠬᠦ ᠪᠠᠲᠤᠯᠠᠵᠤ ᠪᠠᠶᠢᠭ᠎ᠠ ᠪᠦᠭᠡᠳ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠲᠤ ᠣᠴᠢᠭᠤᠯᠵᠤ ᠮᠡᠷᠭᠡᠵᠢᠯ ᠤᠨ ᠵᠢᠯᠤᠭᠤᠳᠤᠯᠭ᠎ᠠ | ᠬᠠᠩᠭᠠᠨ ᠲᠠᠷᠢᠶᠠᠯᠠᠭ᠎ᠠ ᠶᠢᠨ ᠠᠵᠢᠯ ᠤᠨ ᠳᠤᠮᠳᠠ ᠲᠣᠬᠢᠶᠠᠯᠳᠤᠭᠰᠠᠨ ᠪᠣᠳᠠᠲᠠᠶ ᠠᠰᠠᠭᠤᠳᠠᠯ ᠢ ᠨᠢ ᠰᠢᠢᠤᠪᠦᠷᠢᠯᠡᠵᠤ ᠮᠠᠯᠴᠢᠨ ᠲᠠᠷᠢᠶᠠᠴᠢᠳ ᠤᠨ ᠬᠡᠷᠡᠭᠴᠡᠭᠡ ᠶᠢ | ᠬᠠᠩᠭᠠᠵᠤ ᠪᠠᠶᠢᠨ᠎ᠠ᠃ | ᠦᠦᠰᠢᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠳᠡᠳ᠋ ᠡᠷᠬᠢᠯᠡᠭᠴᠢ ᠴᠣᠭᠲᠤ᠄ ︽ᠬᠢᠮᠢ ᠶᠢᠨ | ᠪᠤᠷᠳᠤᠭᠤᠷ ᠤᠨ ᠦᠨ᠎ᠡ ᠬᠠᠩᠰᠢ ᠶᠢᠨ ᠲᠠᠯ᠎ᠠ ᠪᠠᠷ᠂ ᠪᠢᠳᠡ ᠦᠢᠯᠡᠳᠪᠦᠷᠢ ᠶᠢᠨ ᠬᠢᠨ ᠠᠴᠠ ᠰᠢᠭᠤᠳ ᠪᠠᠷᠠᠭ᠎ᠠ ᠤᠷᠤᠭᠤᠯᠳᠠᠭ ᠪᠤᠯᠬᠤᠷ ᠵᠠᠪᠰᠠᠷ ᠤᠨ | ᠬᠤᠳᠠᠯᠳᠤᠭᠠᠴᠢᠨ ᠤ ᠠᠰᠠᠭᠤᠳᠠᠯ ᠦᠭᠡᠢ ᠤᠴᠢᠷ ᠠᠴᠠ ᠬᠠᠮᠤᠭ ᠡᠴᠦᠰ ᠤᠨ ᠪᠤᠷᠤᠯᠠᠭᠤᠯᠬᠤ ᠦᠨ᠎ᠡ ᠨᠢ ᠳᠠᠷᠤᠢ ᠦᠢᠯᠡᠳᠪᠦᠷᠢ ᠶᠢᠨ ᠬᠢᠨ ᠠᠴᠠ ᠭᠠᠷᠭᠠᠬᠤ | ᠦᠨ᠎ᠡ ᠶᠢᠨ ᠳᠡᠭᠡᠷ᠎ᠡ ᠵᠠᠮ ᠤᠨ ᠵᠠᠷᠤᠳᠠᠯ ᠢᠶᠠᠨ ᠨᠡᠮᠡᠳᠡᠭ᠃ ᠡᠭᠦᠨ ᠤ ᠬᠠᠮᠲᠦ ᠪᠢᠳᠡ ᠵᠠᠬ᠎ᠠ ᠳᠡᠯᠭᠡᠭᠦᠷ ᠤᠨ ᠪᠠᠶᠢᠳᠠᠯ ᠢ ᠢᠮᠠᠭᠲᠠ ᠠᠩᠬᠠᠷᠴᠤ ᠦᠨ᠎ᠡ ᠬᠠᠩᠰᠢ ᠶᠢ | ᠵᠣᠬᠢᠰᠲᠠᠶ ᠳᠤᠬᠢᠷᠠᠭᠤᠯᠤᠨ ᠪᠠᠷᠠᠭ᠎ᠠ ᠣᠷᠣᠭᠤᠯᠬᠤ ᠬᠤᠳᠠᠯᠳᠤᠭᠠᠴᠢᠨ ᠤ ᠬᠠᠮᠢᠶ᠎ᠠ ᠪᠦᠬᠦᠢ ᠬᠢᠷᠢ ᠬᠡᠮ ᠤᠨ ᠭᠡᠷᠡᠴᠢ᠂ ᠡᠵᠡᠩᠨᠡᠯᠲᠡ ᠶᠢᠨ ᠦᠨᠡᠮᠯᠡᠯ ᠵᠢᠴᠢ | ᠪᠦᠲᠦᠭᠡᠭᠳᠡᠬᠦᠨ ᠤ ᠪᠠᠶᠢᠴᠠᠭᠠᠯᠲᠠ ᠶᠢᠨ ᠮᠡᠳᠡᠭᠦᠯᠦᠯᠲᠡ ᠶᠢ ᠰᠠᠶᠢᠲᠤᠷ ᠬᠢᠨᠠᠵᠤ ᠪᠠᠶᠢᠨ᠎ᠠ᠃ ᠬᠠᠳᠠᠭᠠᠯᠠᠯᠲᠠ ᠶᠢᠨ ᠲᠠᠯ᠎ᠠ ᠪᠠᠷ᠂ ᠪᠢᠳᠠ ᠬᠥᠮᠥᠷᠭᠡ ᠪᠠᠨ ᠦᠷᠭᠦᠯᠵᠢ | ᠰᠠᠯᠬᠢ ᠨᠡᠪᠲᠡᠷᠡᠭᠦᠯᠦᠨ ᠴᠢᠭᠢᠭᠲᠦᠬᠦ᠂ ᠨᠠᠷᠠᠰᠢᠬᠤ ᠠᠴᠠ ᠰᠡᠷᠭᠡᠶᠢᠯᠡᠵᠦ ᠮᠠᠯᠴᠢᠨ ᠲᠠᠷᠢᠶᠠᠴᠢᠳ ᠲᠤ ᠦᠨ᠎ᠡ ᠬᠠᠩᠰᠢ ᠨᠢ ᠲᠣᠬᠢᠷᠠᠮᠵᠢᠲᠠᠢ ᠮᠥᠷᠲᠡᠭᠡᠨ ᠴᠢᠨᠠᠷ | ᠴᠢᠨᠰᠠᠭ᠎ᠠ ᠨᠢ ᠰᠠᠶᠢᠨ ᠬᠢᠮᠢ ᠶᠢᠨ ᠪᠤᠷᠳᠤᠭᠤᠷ ᠢ ᠬᠠᠩᠭᠠᠵᠤ ᠪᠤᠢ᠃ ᠲᠠᠷᠠᠭᠠᠴᠢ ᠶᠢᠨ ᠠᠯᠬᠤᠮ ᠳᠤ ᠪᠢᠳᠡ ᠬᠠᠷᠢᠶ᠎ᠠ ᠣᠷᠣᠨ ᠤ ᠪᠠᠨ ᠵᠠᠰᠠᠭ ᠤᠨ ᠣᠷᠳᠣᠨ ᠲᠠᠢ | ᠬᠠᠮᠲᠤᠷᠠᠨ ᠬᠢᠮᠢ ᠶᠢᠨ ᠪᠤᠷᠳᠤᠭᠤᠷ ᠲᠤ ᠨᠥᠬᠦᠪᠥᠷᠢ ᠥᠭᠬᠦ ᠪᠠᠷ ᠳᠠᠮᠵᠢᠭᠤᠯᠤᠨ ᠬᠢᠮᠢ ᠶᠢᠨ ᠪᠤᠷᠳᠤᠭᠤᠷ ᠤᠨ ᠦᠨ᠎ᠡ ᠶᠢ ᠪᠠᠭᠤᠷᠠᠭᠤᠯᠬᠤ ᠪᠠᠷ ᠴᠢᠷᠮᠠᠶᠢᠶ᠎ᠠ︾ ᠭᠡᠵᠤ | ᠪᠠᠶᠢᠯ᠎ᠠ᠃ | | | ᠰᠤᠷᠪᠤᠯᠵᠢᠯᠠᠭᠴᠢ᠄ ᠷᠢᠸᠠᠳᠢ᠂ ᠯᠢᠦᠶ ᠵᠤᠤ ᠲᠧᠩ |