3 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠰᠢᠤᠸᠠᠢ ᠹᠧᠩ ᠦᠦᠰᠢᠨ ᠬᠤᠰᠢᠭᠤᠨ ᠤ ᠠᠵᠤ ᠠᠬᠤᠶᠢᠯᠠᠯ ᠢ | ᠳᠡᠮᠵᠢᠬᠦ ᠠᠵᠢᠯᠯᠠᠭ᠎ᠠ ᠶᠢ ᠠᠬᠢᠭᠤᠯᠬᠤ ᠵᠢᠴᠢ ᠬᠤᠢ ᠨᠧᠩ ᠬᠤᠪᠢ ᠡᠵᠡᠮᠳᠡᠬᠦ ᠪᠦᠯᠦᠭᠯᠡᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠢ ᠨᠧᠩ ᠬᠤᠪᠢ ᠡᠵᠡᠮᠳᠡᠬᠦ ᠪᠦᠯᠦᠭᠯᠡᠯ ᠤᠨ ᠦᠦᠰᠢᠨ ᠬᠤᠰᠢᠭᠤᠨ ᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ | | | | | | ᠬᠤᠷᠠᠯ ᠳᠡᠭᠡᠷ᠎ᠡ᠂ ᠬᠤᠢ ᠨᠧᠩ ᠬᠤᠪᠢ ᠡᠵᠡᠮᠳᠡᠬᠦ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠪᠠ | ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠬᠤᠯᠪᠣᠭᠳᠠᠯ ᠪᠦᠬᠦᠢ ᠰᠤᠮᠤ ᠪᠠᠯᠭᠠᠰᠤ ᠪᠠ ᠬᠤᠰᠢᠭᠤ ᠰᠢᠭᠤᠳ ᠬᠠᠷᠢᠶ᠎ᠠ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤ ᠮᠡᠳᠡᠭᠦᠯᠤᠯᠲᠡ ᠬᠢᠪᠡ᠃ | ᠸᠠᠩ ᠰᠢᠤᠸᠠᠢ ᠹᠧᠩ ᠬᠡᠯᠡᠬᠦ ᠳᠡᠭᠡᠨ᠂ ᠴᠢᠬᠤᠯᠠ ᠶᠡᠭᠡ ᠲᠥᠷᠥᠯ ᠵᠦᠢᠯ ᠢ ᠪᠦᠲᠦᠮᠵᠢᠲᠠᠢ ᠠᠬᠢᠭᠤᠯᠵᠤ ᠠᠵᠤ ᠠᠬᠤᠶᠢᠯᠠᠯ ᠤᠨ ᠡᠷᠡᠭᠦᠯ ᠢᠶᠠᠷ | ᠬᠥᠭᠵᠢᠬᠦ ᠶᠢ ᠪᠠᠲᠤᠯᠠᠬᠤ ᠪᠣᠯ ᠦᠦᠰᠢᠨ ᠬᠤᠰᠢᠭᠤᠨ ᠤ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ | ᠮᠥᠨ᠃ ᠡᠯ᠎ᠡ ᠬᠤᠯᠪᠣᠭᠳᠠᠯ ᠪᠦᠬᠦᠢ ᠰᠤᠮᠤ ᠪᠠᠯᠭᠠᠰᠤ ᠪᠣᠯᠣᠨ ᠰᠠᠯᠠᠭ᠎ᠠ ᠮᠥᠴᠢᠷ ᠤᠨ ᠬᠢᠨ ᠦᠵᠡᠯᠲᠡ ᠲᠠᠨᠢᠯᠲᠠ ᠪᠠᠨ ᠳᠡᠭᠡᠭᠰᠢᠯᠡᠭᠦᠯᠵᠦ ᠨᠢᠭᠲᠠ ᠬᠠᠮᠵᠢᠯᠴᠠᠨ | ᠬᠠᠷᠢᠯᠴᠠᠨ ᠵᠣᠬᠢᠴᠠᠭᠤᠯᠵᠤ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠬᠡᠨ ᠠᠵᠤ ᠠᠬᠤᠶᠢᠯᠠᠯ ᠤᠨ ᠢᠲᠡᠭᠡᠯ ᠵᠣᠷᠢᠭ ᠢ ᠨᠢ | ᠬᠦᠪᠴᠢᠯᠡᠵᠤ ᠠᠰᠠᠭᠤᠳᠠᠯ ᠢ ᠰᠢᠢᠳᠪᠦᠷᠢᠯᠡᠨ ᠦᠷ᠎ᠡ ᠠᠰᠢᠭ ᠢ ᠨᠢ ᠨᠡᠮᠡᠭᠳᠡᠭᠦᠯᠬᠦ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠪᠠ ᠭᠤᠣᠯᠳᠠᠯᠭ᠎ᠠ ᠲᠠᠢ ᠠᠵᠤ | ᠠᠬᠤᠶᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠢ ᠨᠢ ᠰᠤᠳᠤᠯᠤᠨ | ᠰᠢᠢᠳᠪᠦᠷᠢᠯᠡᠵᠦ ᠰᠢᠯᠢᠳᠡᠭ ᠦᠢᠯᠡᠴᠢᠯᠡᠭᠡ ᠬᠠᠩᠭᠠᠬᠤ ᠬᠡᠷᠡᠭᠲᠡᠢ᠃ ᠪᠠᠶᠢᠩᠭᠤᠵᠢᠭᠰᠠᠨ ᠬᠠᠷᠢᠯᠴᠠᠭ᠎ᠠ ᠨᠡᠪᠲᠡᠷᠡᠯᠴᠡᠭᠡᠨ ᠤ ᠲᠣᠭᠲᠠᠯᠴᠠᠭ᠎ᠠ ᠶᠢ ᠪᠠᠶᠢᠭᠤᠯᠵᠤ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠪᠣᠯᠭᠠᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠤ ᠠᠵᠤ ᠠᠬᠤᠶᠢᠯᠠᠯ ᠤᠨ | ᠬᠥᠭᠵᠢᠯᠲᠡ ᠳᠤ ᠰᠠᠶᠢᠨ ᠰᠠᠶᠢᠬᠠᠨ ᠣᠷᠴᠢᠨ ᠢ ᠪᠦᠷᠢᠯᠳᠦᠭᠦᠯᠵᠤ ᠥᠭᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ ᠠᠶᠤᠯᠭᠦᠢ | ᠦᠢᠯᠡᠳᠪᠦᠷᠢᠯᠡᠯ ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ | ᠬᠤᠰᠢᠭᠤ ᠤᠳᠤᠷᠢᠳᠤᠯᠭ᠎ᠠ ᠰᠢᠨ᠎ᠡ᠂ ᠵᠧᠦ ᠶᠦᠩ ᠴᠢᠶᠠᠩ᠂ ᠮᠠ ᠶᠠ ᠳ᠋ᠦᠩ᠂ ᠠᠯᠲᠠᠨᠴᠢᠯᠠᠭᠤ᠂ ᠬᠠᠨ ᠹᠧᠢ᠂ ᠰᠢᠶᠣᠣ ᡁᠢ ᠺᠤᠸᠠᠨ᠂ ᠺᠠᠩ ᠷᠦᠢ᠂ | ᠱᠠ ᠵᠢᠶᠠᠨ ᠬᠤᠷᠠᠯ ᠳᠤ ᠣᠷᠣᠯᠴᠠᠭᠰᠠᠨ ᠪᠠᠶᠢᠨ᠎ᠠ᠃ | | | ᠰᠣᠷᠪᠣᠯᠵᠢᠯᠠᠭᠴᠢ᠄ ᠲᠠᠨ᠎ᠠ᠂ ᠾᠧ ᠵᠢᠢ ᠶᠦᠨ᠂ ᠯᠢ ᠶᠦᠨ |