ᠭᠠᠯᠠᠭᠤᠲᠤ ᠪᠠᠯᠭᠠᠰᠤ ᠮᠠᠯᠴᠢᠨ ᠲᠦᠮᠡᠨ ᠢᠶᠠᠨ ᠳᠠᠶᠢᠴᠢᠯᠠᠨ ᠡᠯᠡᠰᠦ ᠮᠠᠩᠬ᠎ᠠ ᠶᠢ ᠤᠶᠢᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/3/14
      ᠬᠠᠪᠤᠷ ᠤᠨ ᠤᠷᠢᠨ ᠰᠠᠭᠠᠲᠠᠬᠤ ᠪᠠᠷ᠂ ᠭᠠᠯᠠᠭᠤᠲᠤ ᠪᠠᠯᠭᠠᠰᠤᠨ ᠤ ᠬᠢᠨ ᠮᠠᠯᠴᠢᠨ ᠲᠦᠮᠡᠨ ᠢᠶᠠᠨ ᠳᠠᠶᠢᠴᠢᠯᠠᠨ ᠡᠯᠡᠰᠦ ᠮᠠᠩᠬ᠎ᠠ ᠶᠢ ᠣᠶᠢᠵᠢᠭᠤᠯᠬᠤ ᠠᠵᠢᠯᠯᠠᠭ᠎ᠠ ᠪᠠᠨ ᠢᠳᠡᠪᠬᠢᠲᠠᠢ ᠦᠷᠨᠢᠭᠦᠯᠵᠤ᠂ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠪᠠᠨ ᠪᠦᠬᠦ ᠲᠠᠯ᠎ᠠ ᠪᠠᠷ ᠡᠬᠢᠯᠡᠬᠦᠯᠦᠭᠰᠡᠨ ᠪᠠᠶᠢᠨ᠎ᠠ᠃         ᠰᠤᠷᠪᠤᠯᠵᠢᠯᠠᠭᠴᠢ ᠭᠠᠯᠠᠭᠤᠲᠤ ᠪᠠᠯᠭᠠᠰᠤᠨ ᠤ ᠬᠦᠬᠡᠨᠠᠭᠤᠷ ᠭᠠᠴᠠᠭᠠᠨ ᠤ ᠤᠶᠢᠵᠢᠭᠤᠯᠤᠯᠲᠠ ᠶᠢᠨ ᠴᠡᠭ ᠲᠤ ᠬᠦᠷᠬᠦ ᠳᠤ᠂  ᠮᠠᠯᠴᠢᠳ ᠬᠠᠳᠤᠭᠰᠠᠨ ᠪᠤᠷᠭᠠᠰᠤ ᠪᠠᠷ ᠢᠶᠠᠨ ᠡᠯᠡᠰᠤᠨ ᠬᠠᠰᠢᠯᠭ᠎ᠠ ᠭᠠᠷᠭᠠᠵᠤ ᠪᠤᠷᠭᠠᠰᠤ ᠲᠠᠷᠢᠭᠠᠳ ᠶᠠᠭᠠᠷᠠᠤ ᠪᠠᠶᠢᠯ᠎ᠠ᠃ ᠤᠶᠢᠯᠠᠭᠠᠭᠰᠠᠨ ᠢᠶᠠᠷ᠂ ᠬᠦᠬᠡᠨᠠᠭᠤᠷ ᠭᠠᠴᠠᠭ᠎ᠠ ᠡᠨᠡᠬᠦ ᠡᠯᠡᠰᠤ  ᠶᠢ ᠵᠠᠰᠠᠬᠤ ᠠᠵᠢᠯᠯᠠᠭ᠎ᠠ ᠶᠢ ᠨᠢᠳᠤᠨᠤᠨ ᠠᠴᠠ ᠡᠬᠢᠯᠡᠨ ᠶᠠᠪᠤᠭᠳᠠᠭᠤᠯᠵᠤ ᠬᠤᠶᠠᠷ ᠵᠠᠭᠤ ᠭᠠᠷᠤᠢ ᠮᠤ᠋ ᠶᠢᠨ ᠡᠯᠡᠰᠤᠨ ᠬᠠᠰᠢᠯᠭ᠎ᠠ ᠶᠢ ᠭᠠᠷᠭᠠᠭᠰᠠᠨ ᠪᠠᠶᠢᠨ᠎ᠠ᠃       ᠤᠶᠢᠯᠠᠭᠠᠭᠰᠠᠨ ᠢᠶᠠᠷ᠂ 2025 ᠣᠨ ᠳᠤ ᠭᠠᠯᠠᠭᠤᠲᠦ ᠪᠠᠯᠭᠠᠰᠤ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ 61 ᠲᠦᠮᠡᠨ ᠮᠦ ᠪᠡᠶᠡᠯᠡᠭᠦᠯᠬᠦ ᠪᠠᠷ ᠪᠠᠶᠢᠵᠤ᠂ ᠣᠳᠣᠬᠠᠨ ᠳᠤ ᠡᠯ᠎ᠡ ᠲᠠᠯ᠎ᠠ ᠶᠢᠨ ᠠᠵᠢᠯᠯᠠᠭ᠎ᠠ ᠪᠦᠬᠦ ᠲᠠᠯ᠎ᠠ ᠪᠠᠷ ᠡᠬᠢᠯᠡᠵᠤ᠂ ᠦᠵᠡᠰᠭᠦᠯᠡᠩᠲᠤ ᠰᠠᠶᠢᠬᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ᠂ ᠮᠤᠤᠠᠤᠰᠤ ᠶᠢᠨ ᠡᠯᠡᠰᠦᠷᠭᠡᠭ ᠭᠠᠵᠠᠷ ᠢ ᠶᠡᠷᠥᠩᠬᠡᠶᠢᠯᠡᠨ ᠵᠠᠰᠠᠬᠤ ᠳᠤ ᠬᠤᠪᠢ ᠨᠡᠮᠡᠷᠢ ᠪᠠᠨ ᠦᠵᠡᠭᠦᠯᠵᠤ  ᠪᠠᠶᠢᠨ᠎ᠠ᠃                                 ᠰᠤᠷᠪᠤᠯᠵᠢᠯᠠᠭᠴᠢ᠄ ᠲᠠᠸᠠᠩᠨᠤᠷᠪᠤ    ᠪᠤᠶᠠᠨᠲᠦ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ