— 2025 ᠣᠨ ᠤ 3 ᠰᠠᠷ᠎ᠠ ᠶᠢᠨ 5 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠡᠭᠡᠷ᠎ᠡ | | | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ | | ᠲᠥᠯᠥᠭᠡᠯᠡᠭᠴᠢᠳ ᠠ᠋᠄ | ᠤᠳᠤ ᠪᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠢᠶᠠᠨ ᠮᠡᠳᠡᠭᠦᠯᠦᠶ᠎ᠡ᠂ ᠬᠢᠨᠠᠨ | ᠶᠠᠷᠢᠯᠴᠠᠬᠤ ᠪᠣᠯᠪᠠ ᠤᠤ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠴᠦ ᠰᠠᠨᠠᠯ ᠢᠶᠠᠨ ᠳᠤᠷᠠᠳᠬᠤ ᠪᠣᠯᠪᠠ ᠤᠤ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠮᠠᠨ ᠤ ᠤᠯᠤᠰ ᠤᠨ ᠬᠥᠭᠵᠢᠯᠲᠡ ᠶᠢᠨ ᠶᠠᠪᠤᠴᠠ ᠮᠠᠰᠢ ᠶᠡᠷᠦ ᠪᠤᠰᠤ ᠶᠢᠨ ᠶᠤᠮ᠃ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢᠯᠠᠯᠲᠠ ᠲᠠᠢ ᠪᠠᠷ ᠬᠤᠷᠠᠯᠳᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠪᠡ᠃ ᠪᠢᠳᠡ ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠬᠡ ᠤᠯᠤᠰ ᠢᠶᠠᠨ ᠬᠠᠶᠢᠷᠠᠯᠠᠬᠤ ᠣᠷᠭᠢᠯᠤᠮ᠎ᠠ ᠬᠠᠯᠠᠭᠤᠨ ᠰᠡᠳᠬᠢᠯᠭᠡ ᠪᠠ ᠲᠡᠮᠡᠴᠡᠯ ᠤᠨ ᠵᠣᠷᠢᠭ ᠰᠠᠨᠠᠭ᠎ᠠ ᠶᠢ | ᠲᠤᠶᠢᠯ ᠤᠨ ᠶᠡᠭᠡ ᠪᠠᠷ ᠬᠥᠭᠵᠢᠭᠡᠪᠡ᠃ ᠨᠢᠭᠡ ᠵᠢᠯ ᠤᠨ ᠲᠤᠷᠰᠢ᠂ ᠭᠠᠳᠠᠭᠠᠳᠤ ᠳᠠᠷᠤᠯᠲᠠ ᠶᠡᠬᠡᠰᠴᠦ ᠳᠣᠲᠣᠭᠠᠳᠤ ᠶᠢᠨ ᠬᠦᠴᠢᠷᠳᠡᠯ ᠨᠡᠮᠡᠭᠳᠡᠭᠰᠡᠨ ᠲᠦᠪᠡᠭ | ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠬᠠᠲᠠᠭᠤᠵᠢᠨ ᠲᠡᠮᠡᠴᠡᠵᠦ᠂ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠶᠠᠪᠤᠭᠳᠠᠵᠤ᠂ ᠲᠣᠭᠲᠠᠭᠤᠨ ᠤ ᠳᠤᠮᠳᠠ ᠠᠬᠢᠯᠲᠠ ᠲᠠᠢ ᠪᠣᠯᠵᠤ᠂ ᠪᠦᠭᠦ ᠵᠢᠯ ᠤᠨ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠦᠨ᠂ ᠴᠢᠨᠠᠷ ᠰᠠᠶᠢᠲᠠᠢ ᠬᠥᠭᠵᠢᠯᠲᠡ ᠶᠢ | ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠯᠠᠪᠳᠠᠭᠤᠨ ᠬᠥᠭᠵᠢᠭᠦᠯᠵᠦ᠂ ᠮᠠᠨ ᠤ ᠤᠯᠤᠰ ᠤᠨ ᠠᠵᠤ ᠠᠬᠤᠢ ᠶᠢᠨ | ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠶᠡᠷᠦᠩᠬᠡᠢ ᠬᠦᠴᠦᠨ ᠦᠷᠭᠦᠯᠵᠢᠯᠡᠨ ᠴᠢᠩᠭᠠᠷᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠳᠠᠭᠤᠨ ᠪᠠᠲᠤ ᠰᠢᠨ᠎ᠡ ᠠᠯᠬᠤᠮ ᠢ ᠠᠯᠬᠤᠭᠠᠳ᠂ ᠪᠢᠳᠡᠨ ᠤ ᠰᠢᠨ᠎ᠡ ᠴᠠᠭ ᠦᠶ᠎ᠡ ᠰᠢᠨ᠎ᠡ ᠠᠶᠠᠨ | ᠵᠠᠮ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠡᠷᠡᠰ ᠵᠣᠷᠢᠭ ᠪᠠ ᠢᠲᠡᠭᠡᠯ ᠵᠣᠷᠢᠭ ᠢ ᠨᠡᠩ ᠢᠯᠡᠭᠦᠦ | ᠪᠠᠲᠤᠳᠬᠠᠪᠠ᠃ | ︽ᠲᠣᠭᠲᠠᠭᠤᠨ︾ ᠪᠠᠶᠢᠳᠠᠯ ᠪᠠᠬᠢᠵᠢᠨ ᠦᠷᠭᠦᠯᠵᠢᠯᠡᠪᠡ᠃ ᠭᠤᠣᠯ ᠢᠯᠡᠷᠡᠯ ᠨᠢ ᠭᠡᠪᠡᠯ᠂ ᠠᠵᠤ ᠠᠬᠤᠢ ᠶᠢᠨ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠵᠦ᠂ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ 134.9 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 5% ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠶᠢᠨ ᠡᠮᠦᠨ᠎ᠡ ᠡᠩᠨᠡᠭᠡᠨ ᠳᠤ ᠣᠷᠣᠵᠤ᠂ ᠳᠡᠯᠡᠬᠡᠢ ᠶᠢᠨ ᠠᠵᠤ | ᠠᠬᠤᠢ ᠶᠢᠨ ᠨᠡᠮᠡᠭᠳᠡᠯ ᠳᠤ ᠦᠵᠡᠭᠦᠯᠭᠦ ᠬᠤᠪᠢ ᠨᠡᠮᠡᠷᠢ ᠶᠢᠨ ᠨᠤᠷᠮ᠎ᠠ ᠶᠢ 30% ᠣᠷᠴᠢᠮ ᠳᠤ ᠪᠠᠲᠤᠯᠠᠪᠠ᠃ ᠠᠵᠢᠯ ᠣᠯᠭᠤᠯᠲᠠ᠂ ᠪᠠᠷᠠᠭᠠᠨ ᠤ ᠦᠨ᠎ᠡ | ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠬᠤᠲᠠ ᠪᠠᠯᠭᠠᠰᠤᠨ ᠳᠤ ᠠᠵᠢᠯ ᠣᠯᠣᠭᠰᠠᠨ ᠬᠥᠮᠥᠨ 1256 ᠲᠦᠮᠡ ᠰᠢᠨ᠎ᠡ ᠪᠠᠷ ᠨᠡᠮᠡᠭᠳᠡᠵᠦ᠂ ᠬᠤᠲᠠ | ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠳᠤᠮᠳᠠᠴᠢ ᠪᠠᠷ 5.1% ᠪᠣᠯᠵᠤ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ 0. | 2% ᠢᠶᠠᠷ ᠥᠰᠪᠡ᠃ ᠤᠯᠤᠰ ᠤᠨ ᠬᠤᠭᠤᠷᠤᠨᠳᠤᠭᠢ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠢ ᠪᠠᠶᠢᠵᠤ᠂ ᠭᠠᠳᠠᠭᠠᠳᠤ ᠠᠷᠠᠯᠵᠢᠶᠠᠨ ᠤ | ᠬᠡᠪᠴᠢᠶ᠎ᠡ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠤᠯᠠᠨ ᠤᠯᠤᠰ ᠤᠨ ᠵᠠᠬ᠎ᠠ ᠳᠡᠯᠭᠡᠭᠦᠷ ᠲᠠᠬᠢ ᠬᠤᠪᠢᠳᠠᠴᠡ ᠲᠣᠭᠲᠠᠭᠤᠨ ᠪᠠᠶᠢᠬᠤ ᠶᠢᠨ ᠵᠡᠷᠭᠡ ᠳᠤ | ᠳᠡᠭᠡᠭᠰᠢᠯᠡᠵᠦ᠂ ᠭᠠᠳᠠᠭᠠᠳᠤ ᠭᠤᠪᠢᠭᠤᠯᠭ᠎ᠠ ᠶᠢᠨ ᠨᠥᠭᠡᠴᠡ 3.2 ᠲᠦᠮᠡᠨ ᠳ᠋ᠦᠩᠰᠢᠭᠤᠷ ᠳ᠋ᠣᠯᠯᠠᠷ ᠢ ᠳᠠᠪᠠᠪᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠪᠠᠲᠤ | ᠪᠠᠬᠢ ᠪᠠᠶᠢᠵᠤ᠂ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 5.1% ᠪᠠᠷ ᠪᠣᠳᠠᠲᠠᠢ ᠨᠡᠮᠡᠭᠳᠡᠵᠦ᠂ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ᠂ ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮᠨᠡᠯᠭᠡ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠪᠠᠲᠤᠯᠠᠭ᠎ᠠ ᠶᠢᠨ ᠡᠷᠴᠢᠮ ᠢ | ᠴᠢᠩᠭᠠᠷᠠᠭᠤᠯᠪᠠ᠃ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠠᠷᠢᠯᠭᠠᠬᠤ ᠠᠵᠢᠯ ᠡᠮᠬᠢ ᠵᠢᠷᠤᠮ ᠲᠠᠢ ᠪᠥᠭᠡᠳ ᠪᠦᠲᠦᠮᠵᠢᠲᠡᠶ ᠪᠠᠶᠢᠵᠤ᠂ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠪᠠ᠃ | ︽ᠤᠷᠤᠭᠰᠢᠯᠠᠬᠤ︾ ᠠᠯᠬᠤᠭ᠎ᠠ ᠢᠳᠡᠷᠬᠡᠭ ᠪᠠᠲᠤ ᠪᠠᠶᠢᠨ᠎ᠠ᠃ ᠭᠤᠣᠯ ᠢᠯᠡᠷᠡᠯ ᠨᠢ ᠭᠡᠪᠡᠯ᠂ ᠠᠵᠤ ᠦᠢᠯᠡᠰ ᠤᠨ ᠳᠡᠰ ᠳᠠᠪᠰᠢᠯᠲᠠ ᠰᠢᠨ᠎ᠡ ᠠᠬᠢᠯᠲᠠ ᠲᠠᠢ | ᠪᠣᠯᠵᠤ᠂ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 1.4 ᠲᠦᠮᠡᠨ ᠳ᠋ᠦᠩᠰᠢᠭᠤᠷ ᠵᠢᠩ ᠤᠨ ᠰᠢᠨ᠎ᠡ ᠳᠡᠭᠲᠡᠷ ᠲᠤ ᠭᠠᠷᠴᠤ᠂ ᠮᠦ ᠪᠦᠷᠢ ᠶᠢᠨ ᠤᠨᠠᠯᠲᠠ 10. | 1 ᠵᠢᠩ ᠳᠡᠭᠡᠭᠰᠢᠯᠡᠪᠡ︔ ᠳᠡᠭᠡᠳᠦ ᠮᠡᠷᠭᠡᠵᠢᠯ ᠤᠨ ᠦᠢᠯᠡᠳᠬᠦ ᠦᠢᠯᠡᠰ᠂ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠣᠰ ᠲᠣᠰ 8.9%᠂ 7. | 7% ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠵᠢᠯ ᠤᠨ ᠭᠠᠷᠤᠯᠲᠠ 1300 ᠲᠦᠮᠡ ᠶᠢ ᠳᠠᠪᠠᠪᠠ︔ ᠮᠡᠳᠡᠭᠡ ᠵᠠᠩᠭᠢ | ᠳᠠᠮᠵᠢᠭᠤᠯᠬᠤ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠲᠣᠰ ᠲᠣᠰ 10.9%᠂ 10.4% ᠪᠠᠷ ᠨᠡᠮᠡᠭᠳᠡᠪᠡ᠃ ᠰᠢᠨ᠎ᠡ ᠶᠢ ᠡᠭᠦᠳᠬᠦ ᠴᠢᠳᠠᠪᠤᠷᠢ ᠰᠢᠨ᠎ᠡ | ᠳᠡᠭᠡᠭᠰᠢᠯᠡᠯᠲᠡ ᠲᠠᠢ ᠪᠣᠯᠵᠤ᠂ ᠬᠤᠷᠠᠮᠠᠯ ᠴᠠᠭᠢᠯᠭᠠᠨ ᠬᠡᠯᠬᠢᠶ᠎ᠡ᠂ ᠵᠣᠬᠢᠶᠠᠮᠠᠯ ᠤᠶᠤᠯᠢᠭ᠂ ᠺᠸᠠᠨ᠋ᠲ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠤ | ᠰᠢᠨ᠎ᠡ ᠦᠷ᠎ᠡ ᠪᠦᠲᠦᠭᠡᠯ ᠣᠯᠪᠠ︔ ︽ᠴᠠᠩ ᠧ ᠵᠢᠷᠭᠤᠳᠤᠭᠠᠷ︾ ᠬᠥᠮᠥᠨ ᠲᠥᠷᠥᠯᠬᠢᠲᠡᠨ ᠤ ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ | ᠦᠯᠢᠭᠡᠷ ᠠᠪᠴᠤ ᠪᠤᠴᠠᠵᠤ ᠢᠷᠡᠬᠦ ᠶᠢ ᠪᠡᠶᠡᠯᠡᠭᠦᠯᠦᠨ᠂ ︽ᠬᠦᠰᠡᠯ ᠡᠷᠡᠮᠡᠯᠵᠡᠯ︾ ᠨᠡᠷᠡᠮᠵᠢᠲᠦ ᠶᠡᠭᠡ ᠲᠠᠯᠠᠢ ᠳᠤ ᠥᠷᠥᠮᠳᠡᠨ ᠬᠠᠶᠢᠬᠤ ᠣᠩᠭᠤᠴᠠ ᠶᠢ ᠪᠠᠶᠢᠭᠤᠯᠤᠨ | ᠪᠦᠲᠦᠭᠡᠭᠡᠳ ᠵᠢᠭᠰᠠᠭᠠᠯ ᠳᠤ ᠣᠷᠣᠭᠤᠯᠪᠠ︔ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠲᠣᠬᠢᠷᠠᠭᠰᠠᠨ ᠲᠤᠭ᠎ᠠ 11.2% ᠢᠶᠠᠷ ᠨᠡᠮᠡᠭᠳᠡᠪᠡ᠃ ᠠᠮᠢ ᠠᠬᠤᠢ ᠶᠢᠨ | ᠣᠷᠴᠢᠨ ᠨᠥᠬᠦᠴᠡᠯ ᠤᠨ ᠶᠠᠰᠤ ᠴᠢᠨᠠᠷ ᠰᠢᠨ᠎ᠡ ᠰᠠᠶᠢᠵᠢᠷᠠᠯᠲᠠ ᠲᠠᠢ ᠪᠣᠯᠵᠤ᠂ ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠵᠢᠵᠢᠭ | ᠮᠥᠬᠦᠯᠢᠭᠲᠦ ᠪᠣᠳᠠᠰ ︵PM2.5︶ ᠤᠨ ᠳᠤᠮᠳᠠᠴᠢ ᠥᠳᠬᠡᠴᠡ 2.7% ᠪᠠᠷ ᠪᠠᠭᠤᠷᠠᠵᠤ᠂ ᠴᠡᠪᠡᠷ ᠠᠭᠠᠷᠳᠤ ᠡᠳᠦᠷ ᠤᠨ ᠲᠤᠭ᠎ᠠ ᠶᠢᠨ ᠬᠠᠷᠢᠴᠠᠯ 87.2% | ᠪᠣᠯᠣᠨ ᠳᠡᠭᠡᠭᠰᠢᠯᠡᠵᠦ᠂ ᠭᠠᠵᠠᠷ ᠤᠨ ᠭᠠᠳᠠᠷᠭᠤ ᠶᠢᠨ ᠤᠰᠤᠨ ᠤ ᠴᠢᠨᠠᠷ ᠰᠢᠯᠢᠳᠡᠭ ᠰᠠᠶᠢᠨ ᠤᠰᠤᠨ ᠤ ᠣᠭᠲᠣᠯᠣᠭᠠᠰᠤ ᠶᠢᠨ ᠬᠠᠷᠢᠴᠠᠯ ᠢ 90.4% ᠪᠤᠯᠲᠠᠯ᠎ᠠ | ᠳᠡᠭᠡᠭᠰᠢᠯᠡᠭᠦᠯᠪᠠ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠤᠨ | ᠪᠠᠭᠤᠷᠠᠯᠲᠠ ᠶᠢᠨ ᠬᠡᠮᠵᠢᠶ᠎ᠡ 3% ᠶᠢ ᠲᠠᠪᠠᠪᠠ︔ ᠳᠠᠭᠢᠨ ᠡᠭᠦᠰᠴᠦ ᠪᠤᠯᠬᠤ ᠡᠨᠧᠷᠭᠢ ᠶᠢᠨ ᠰᠤᠷᠪᠤᠯᠵᠢ ᠶᠢᠨ ᠰᠢᠨ᠎ᠡ ᠪᠠᠷ ᠨᠡᠮᠡᠭᠳᠡᠭᠰᠡᠨ ᠮᠠᠰᠢᠨ | ᠴᠣᠭᠴᠠᠯᠠᠪᠤᠷᠢ ᠶᠢᠨ ᠬᠡᠪᠴᠢᠶ᠎ᠡ 3.7 ᠳ᠋ᠦᠩᠰᠢᠭᠤᠷ ᠺᠢᠯᠣᠸᠠᠲ ᠲᠤ ᠭᠦᠷᠪᠡ᠃ ᠥᠭᠡᠷᠡᠴᠢᠯᠡᠯᠲᠡ ᠨᠡᠭᠡᠭᠡᠯᠲᠡ ᠰᠢᠨ᠎ᠡ ᠰᠢᠪᠲᠤᠯᠤᠯᠲᠠ ᠲᠠᠢ ᠪᠣᠯᠵᠤ᠂ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠥᠭᠡᠷᠡᠴᠢᠯᠡᠯᠲᠡ ᠶᠢᠨ | ᠪᠠᠶᠢᠷᠢᠯᠠᠭᠤᠯᠤᠯᠲᠠ ᠶᠢ ᠯᠠᠪᠳᠠᠭᠤᠨ ᠪᠠᠲᠤᠲᠠᠢ ᠪᠥᠭᠡᠳ ᠬᠦᠴᠦᠲᠡᠢ ᠨᠠᠶᠢᠳᠠᠪᠤᠷᠢᠵᠢᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ | ᠪᠡᠶᠡᠯᠡᠭᠦᠯᠵᠦ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠵᠤ ᠠᠮᠠᠷᠠᠬᠤ | ᠨᠠᠰᠤ ᠶᠢ ᠠᠭᠠᠵᠢᠮ ᠢᠶᠠᠷ ᠱᠠᠲᠤᠯᠠᠨ ᠬᠤᠶᠢᠰᠢᠯᠠᠭᠤᠯᠬᠤ ᠵᠡᠷᠭᠡ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠠᠯᠭᠠᠭ᠎ᠠ ᠵᠠᠯᠭᠠᠭ᠎ᠠ ᠪᠠᠷ | ᠭᠡᠷᠡᠭᠵᠢᠭᠦᠯᠪᠡ︔ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠬᠢᠵᠠᠭᠠᠷᠯᠠᠬᠤ ᠠᠷᠭ᠎ᠠ | ᠬᠡᠮᠵᠢᠶ᠎ᠡ ᠶᠢ ᠪᠦᠭᠦᠨ ᠢ ᠬᠦᠴᠦᠨ ᠦᠭᠡᠢ ᠪᠤᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠠᠷᠠᠯᠵᠢᠶ᠎ᠠ ᠪᠡᠯᠡ ᠣᠷᠣᠭᠤᠯᠤᠯᠲᠠ ᠶᠢᠨ | ᠬᠠᠮᠲᠤᠷᠠᠯᠴᠠᠭ᠎ᠠ ᠶᠢ ᠲᠠᠰᠤᠷᠠᠯᠳᠠ ᠦᠭᠡᠢ ᠪᠠᠭᠲᠠᠭᠠᠮᠵᠢ ᠶᠢ ᠨᠢ ᠥᠷᠭᠡᠳᠬᠡᠨ ᠲᠡᠰ ᠳᠡᠪᠰᠢᠭᠦᠯᠪᠡ᠃ | ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠠᠮᠵᠢᠯᠲᠠ ᠪᠦᠲᠦᠮᠵᠢ ᠶᠢ ᠭᠢᠯᠪᠠᠷ ᠪᠤᠰᠤ ᠪᠠᠷ ᠣᠯᠣᠭᠰᠠᠨ ᠶᠤᠮ᠃ ᠭᠠᠳᠠᠭᠠᠳᠤ ᠣᠷᠴᠢᠨ ᠨᠥᠬᠦᠴᠡᠯ ᠤᠨ | ᠬᠤᠪᠢᠷᠠᠯᠲᠠ ᠠᠴᠠ ᠪᠣᠯᠤᠭᠰᠠᠨ ᠠᠰᠢᠭ ᠦᠭᠡᠢ ᠨᠥᠯᠥᠭᠡ ᠦᠷᠭᠦᠯᠵᠢᠯᠡᠨ ᠭᠦᠨᠵᠡᠭᠡᠶᠢᠷᠡᠵᠦ᠂ ᠤᠯᠤᠰ ᠤᠨ ᠳᠣᠲᠣᠭᠠᠳᠤ ᠶᠢᠨ ᠤᠷᠲᠤ ᠬᠤᠭᠤᠴᠠᠭ᠎ᠠ ᠪᠠᠷ | ᠬᠤᠷᠠᠮᠳᠤᠭᠰᠠᠨ ᠵᠠᠷᠢᠮ ᠭᠦᠨ ᠳᠠᠪᠬᠤᠷᠭ᠎ᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠲᠥᠪᠯᠡᠷᠡᠩᠭᠦᠢ ᠢᠯᠡᠷᠡᠵᠦ᠂ ᠳᠣᠲᠣᠭᠠᠳᠤ ᠬᠡᠷᠡᠭᠴᠡᠭᠡ ᠮᠠᠭᠤᠳᠠᠭᠰᠠᠨ᠂ | ᠵᠢᠱᠢᠯᠲᠡ ᠪᠠᠭᠤᠷᠠᠢ ᠪᠣᠯᠤᠭᠰᠠᠨ ᠵᠡᠷᠭᠡ ᠠᠰᠠᠭᠤᠳᠠᠯ ᠰᠣᠯᠪᠢᠴᠠᠨ ᠳᠠᠪᠬᠤᠴᠠᠵᠤ᠂ ᠬᠡᠰᠡᠭ ᠭᠠᠵᠠᠷ ᠣᠷᠣᠨ ᠳᠤ ᠦᠶᠡᠷ ᠤᠰᠤᠲᠤᠯ ᠵᠡᠷᠭᠡ ᠪᠠᠶᠢᠭᠠᠯᠢ ᠶᠢᠨ ᠭᠠᠮᠰᠢᠭ | ᠣᠯᠠᠨᠲᠠ ᠭᠠᠷᠴᠤ᠂ ᠠᠵᠤ ᠠᠬᠤᠢ ᠨᠡᠶᠢᠭᠡᠮ ᠤᠨ ᠲᠣᠭᠲᠠᠭᠤᠨ ᠠᠵᠢᠯᠯᠠᠭᠠᠨ ᠢ ᠪᠠᠲᠤᠯᠠᠬᠤ ᠳᠤ ᠬᠦᠴᠢᠷᠳᠡᠯ ᠶᠡᠬᠡᠰᠪᠡ᠃ ᠣᠯᠠᠨ ᠳᠠᠪᠬᠤᠷ ᠬᠦᠴᠢᠷ ᠪᠡᠷᠬᠡᠰᠢᠶᠡᠯ | ᠪᠠ ᠰᠢᠯᠭᠠᠯᠲᠠ ᠶᠢᠨ ᠡᠮᠦᠨ᠎ᠡ᠂ ᠪᠢᠳᠡ ᠬᠠᠳᠠᠭᠠᠯᠠᠯᠲᠠ ᠲᠥᠷᠥ ᠶᠢᠨ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ ᠢ ᠴᠠᠭ ᠲᠤᠨᠢ | ᠲᠣᠬᠢᠷᠠᠭᠤᠯᠤᠨ ᠰᠢᠯᠢᠳᠡᠭᠵᠢᠭᠦᠯᠵᠦ᠂ ᠢᠳᠡᠪᠬᠢᠲᠡᠢ ᠪᠥᠭᠡᠳ ᠪᠦᠲᠦᠮᠵᠢᠲᠡᠶ ᠪᠠᠷ ᠠᠷᠭᠠᠴᠠᠪᠠ᠃ ᠣᠨᠴᠠᠭᠠᠶᠢᠯᠠᠨ 9 ᠰᠠᠷ᠎ᠠ ᠶᠢᠨ 26 ᠤ ᠡᠳᠦᠷ ᠤᠨ ᠲᠥᠪ | ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠠᠴᠠ ᠡᠷᠡᠰ ᠰᠢᠭᠤᠷᠬᠠᠢ ᠪᠠᠷ ᠪᠠᠶᠢᠷᠢᠯᠠᠭᠤᠯᠤᠭᠰᠠᠨ ᠬᠠᠮ ᠨᠡᠮᠡᠭᠳᠡᠯ ᠲᠥᠷᠥ ᠶᠢᠨ ᠪᠣᠳᠣᠯᠭ᠎ᠠ ᠶᠢ | ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠢᠯᠡᠳᠲᠡ ᠡᠷᠭᠢᠵᠦ ᠰᠠᠶᠢᠵᠢᠷᠠᠬᠤ ᠶᠢ ᠠᠬᠢᠭᠤᠯᠵᠤ᠂ ᠨᠡᠶᠢᠭᠡᠮ ᠨᠡᠶᠢᠲᠡ ᠶᠢᠨ ᠢᠲᠡᠭᠡᠯ | ᠵᠣᠷᠢᠭ ᠢ ᠪᠦᠲᠦᠮᠵᠢᠲᠡᠶ ᠬᠥᠪᠴᠢᠯᠡᠭᠰᠡᠨ ᠢᠶᠠᠷ᠂ ᠪᠦᠭᠦ ᠵᠢᠯ ᠤᠨ ᠬᠠᠷᠠᠯᠲᠠ ᠪᠠᠨ ᠪᠡᠶᠡᠯᠡᠭᠦᠯᠬᠦ ᠶᠢ ᠠᠬᠢᠭᠤᠯᠤᠭᠰᠠᠨ ᠮᠥᠷᠲᠡᠭᠡᠨ ᠡᠨᠡ ᠵᠢᠯ ᠤᠨ ᠬᠥᠭᠵᠢᠯᠲᠡ ᠳᠤ | ᠴᠤ ᠰᠠᠶᠢᠨ ᠰᠠᠭᠤᠷᠢ ᠶᠢ ᠲᠠᠯᠪᠢᠵᠤ ᠥᠭᠪᠡ᠃ ᠡᠨᠡ ᠶᠠᠪᠤᠴᠠ ᠳᠤ᠂ ᠪᠢᠳᠡ ᠠᠵᠤ ᠠᠬᠤᠢ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ | ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ | ᠦᠨᠳᠦᠰᠦᠨ ᠪᠠᠲᠤᠯᠠᠭ᠎ᠠ ᠮᠥᠨ᠂ ᠡᠷᠬᠡᠪᠰᠢ ᠪᠦᠲᠦᠮᠵᠢᠲᠡᠶ ᠵᠠᠬ᠎ᠠ ᠳᠡᠯᠭᠡᠭᠦᠷ ᠪᠠ ᠴᠢᠷᠮᠠᠶᠢᠯᠲᠠ ᠲᠠᠢ ᠵᠠᠰᠠᠭ ᠤᠨ ᠣᠷᠳᠣᠨ᠂ ᠶᠡᠷᠦᠩᠬᠡᠢ ᠬᠠᠩᠭᠠᠯᠭ᠎ᠠ ᠪᠠ ᠶᠡᠷᠦᠩᠬᠡᠢ | ᠬᠡᠷᠡᠭᠴᠡᠭᠡ᠂ ᠰᠢᠨ᠎ᠡ ᠬᠥᠳᠡᠯᠭᠡᠭᠴᠢ ᠡᠨᠧᠷᠭᠢ ᠶᠢ ᠪᠣᠶᠢᠵᠢᠭᠤᠯᠬᠤ ᠪᠠ ᠬᠠᠭᠤᠴᠢᠨ ᠬᠥᠳᠡᠯᠭᠡᠭᠴᠢ ᠡᠨᠧᠷᠭᠢ ᠶᠢ ᠰᠢᠨᠡᠳᠬᠡᠬᠦ᠂ ᠨᠡᠮᠡᠭᠳᠡᠯ ᠢ ᠰᠢᠯᠢᠳᠡᠭᠵᠢᠭᠦᠯᠬᠦ ᠪᠠ | ᠬᠠᠳᠠᠭᠠᠯᠠᠯᠲᠠ ᠶᠢ ᠠᠮᠢᠳᠤᠯᠢᠭ ᠪᠤᠯᠭᠠᠬᠤ᠂ ᠶᠠᠰᠤ ᠴᠢᠨᠠᠷ ᠢ ᠳᠡᠭᠡᠭᠰᠢᠯᠡᠭᠦᠯᠭᠦ ᠪᠠ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠶᠢᠨ ᠬᠠᠷᠢᠴᠠᠭ᠎ᠠ ᠶᠢ ᠰᠠᠶᠢᠲᠤᠷ | ᠨᠢᠭᠡᠳᠦᠯᠲᠡᠢ ᠲᠥᠯᠥᠪᠯᠡᠬᠦ ᠬᠡᠷᠡᠭᠲᠡᠢ ᠭᠡᠳᠡᠭ ᠢ ᠤᠯᠠᠮ ᠨᠢᠭᠡ ᠠᠯᠬᠤᠮ ᠲᠠᠨᠢᠵᠤ ᠣᠯᠪᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠳᠠᠶᠠᠭᠠᠷ ᠢᠶᠠᠨ ᠬᠦᠴᠦ ᠪᠠᠨ ᠲᠥᠪᠯᠡᠷᠡᠭᠦᠯᠦᠨ ᠪᠡᠷᠬᠡ ᠰᠡᠳᠦᠪ ᠢ ᠰᠢᠢᠳᠪᠦᠷᠢᠯᠡᠪᠡᠯ᠂ ᠮᠠᠨ ᠤ | ᠤᠯᠤᠰ ᠤᠨ ᠬᠥᠭᠵᠢᠯᠲᠡ ᠳᠤ ᠳᠠᠪᠠᠵᠤ ᠴᠢᠳᠠᠰᠢ ᠦᠭᠡᠢ ᠪᠡᠷᠬᠡ ᠪᠣᠭᠤᠮᠲᠠ ᠭᠡᠵᠦ ᠦᠭᠡᠢ ᠶᠤᠮ ᠭᠡᠳᠡᠭ ᠢ ᠦᠢᠯᠡᠳᠦᠯᠭᠡ ᠳᠠᠬᠢᠨᠲᠠ ᠭᠡᠷᠡᠴᠢᠯᠡᠪᠡ᠃ | ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠡᠷᠬᠡ ᠰᠦᠷ | ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ | ᠪᠦᠭᠦ ᠶᠠᠪᠤᠴᠠ ᠳᠤ ᠲᠤᠭᠤᠰᠢᠯᠠᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ | ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠭᠤ ᠳᠣᠣᠷᠠᠬᠢ ᠠᠵᠢᠯ ᠤᠳ ᠢ ᠬᠢᠪᠡ᠃ | ᠨᠢᠭᠡ ᠳᠤ ᠴᠠᠭ ᠪᠣᠯᠣᠨ ᠪᠠᠶᠢᠳᠠᠯ ᠳᠤ ᠲᠣᠬᠢᠷᠠᠭᠤᠯᠤᠨ ᠬᠤᠷᠸ᠎ᠠ ᠲᠣᠬᠢᠷᠠᠭᠤᠯᠤᠯ ᠡᠵᠡᠮᠳᠡᠯ ᠢ ᠴᠢᠩᠭᠠᠳᠬᠠᠬᠤ ᠪᠠ ᠡᠨᠡ ᠲᠠᠯ᠎ᠠ ᠪᠠᠷ ᠰᠢᠨ᠎ᠡ ᠶᠢ ᠡᠭᠦᠳᠴᠦ᠂ | ᠠᠵᠤ ᠠᠬᠤᠢ ᠶᠢᠨ ᠰᠡᠷᠭᠦᠵᠦ ᠰᠠᠶᠢᠵᠢᠷᠠᠬᠤ ᠶᠢ ᠠᠬᠢᠭᠤᠯᠪᠠ᠃ ᠨᠢᠳᠤᠨᠤᠨ ᠤ ᠨᠢᠭᠡᠳᠦᠭᠡᠷ ᠤᠯᠠᠷᠢᠯ ᠤᠨ ᠠᠵᠤ ᠠᠬᠤᠢ ᠰᠠᠶᠢᠨ ᠡᠭᠢᠯᠡᠯᠲᠡ ᠲᠠᠢ ᠪᠠᠶᠢᠭᠰᠠᠨ | ᠪᠤᠯᠪᠠᠴᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠣᠯᠠᠨ ᠲᠠᠯ᠎ᠠ ᠶᠢᠨ ᠬᠦᠴᠦᠨ ᠵᠦᠢᠯ ᠤᠨ ᠨᠥᠯᠥᠭᠡ ᠠᠴᠠ ᠪᠣᠯᠵᠤ᠂ ᠬᠤᠶᠠᠳᠤᠭᠠᠷ ᠤᠯᠠᠷᠢᠯ ᠳᠤ | ᠣᠷᠣᠭᠰᠠᠨ ᠤ ᠳᠠᠷᠠᠭ᠎ᠠ ᠭᠤᠣᠯ ᠭᠤᠣᠯ ᠭᠦᠢᠴᠡᠳᠬᠡᠯ ᠲᠤᠭ᠎ᠠ ᠦᠷᠭᠦᠯᠵᠢᠯᠡᠨ ᠳᠣᠷᠣᠭᠰᠢᠯᠠᠵᠤ᠂ ᠪᠠᠭᠤᠷᠠᠬᠤ ᠳᠠᠷᠤᠯᠲᠠ ᠶᠡᠬᠡᠰᠪᠡ᠃ ᠪᠢᠳᠡ ᠦᠶᠡᠯᠡᠯ | ᠥᠭᠰᠥᠭᠦᠯᠦᠨ ᠲᠣᠬᠢᠷᠠᠭᠤᠯᠤᠯᠲᠠ ᠬᠢᠬᠦ ᠪᠠᠨ ᠴᠢᠩᠭᠠᠳᠬᠠᠵᠤ᠂ ᠲᠣᠪᠣᠶᠢᠮ᠎ᠠ ᠠᠰᠠᠭᠤᠳᠠᠯ ᠤᠳ ᠲᠤ ᠠᠩᠬᠠᠷᠤᠯ ᠲᠥᠪᠯᠡᠷᠡᠭᠦᠯᠦᠨ ᠬᠠᠨᠳᠤᠯᠭᠠᠲᠤ ᠴᠢᠨᠠᠷᠲᠠᠢ ᠪᠠᠷ | ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠳᠠᠭᠠᠯᠠᠯᠲᠠ ᠪᠣᠯᠣᠨ ᠨᠡᠮᠡᠭᠳᠡᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ | ᠬᠡᠷᠡᠭᠴᠡᠭᠡ ᠶᠢᠨ ᠨᠡᠯᠢᠶᠡᠳ ᠲᠦᠷᠭᠡᠨ ᠡᠷᠭᠢᠵᠦ ᠰᠠᠶᠢᠵᠢᠷᠠᠬᠤ ᠶᠢ ᠠᠬᠢᠭᠤᠯᠤᠨ᠂ ᠦᠢᠯᠡᠳᠪᠦᠷᠢᠯᠡᠯ ᠤᠨ ᠨᠡᠮᠡᠭᠳᠡᠯ ᠲᠦᠷᠭᠡᠳᠴᠦ᠂ ᠵᠠᠬ᠎ᠠ ᠳᠡᠯᠭᠡᠭᠦᠷ ᠤᠨ ᠵᠢᠱᠢᠯᠲᠡ | ᠢᠯᠡᠳᠲᠡ ᠰᠠᠶᠢᠵᠢᠷᠠᠵᠤ᠂ ᠪᠦᠭᠦ ᠵᠢᠯ ᠤᠨ ᠠᠵᠤ ᠠᠬᠤᠢ ᠶᠢᠨ ᠠᠵᠢᠯᠯᠠᠭᠠᠨ ᠳᠤ ᠡᠮᠦᠨᠡᠬᠢ ᠬᠤᠭᠤᠴᠠᠭᠠᠨ ᠳᠤ ᠰᠠᠶᠢᠨ᠂ ᠳᠤᠮᠳᠠ ᠬᠤᠭᠤᠴᠠᠭᠠᠨ ᠳᠤ ᠠᠨᠠᠢ᠂ | ᠰᠡᠭᠦᠯ ᠤᠨ ᠬᠤᠭᠤᠴᠠᠭᠠᠨ ᠳᠤ ᠰᠡᠷᠭᠦᠭᠰᠡᠨ ᠪᠠᠶᠢᠳᠠᠯ ᠢᠯᠡᠷᠡᠪᠡ᠃ ᠡᠳ᠋ ᠤᠨ ᠵᠠᠰᠠᠭ ᠵᠣᠭᠤᠰᠤᠨ ᠤ ᠲᠥᠷᠥ ᠶᠢᠨ ᠪᠣᠳᠣᠯᠭ᠎ᠠ ᠶᠢ ᠬᠦᠴᠦᠲᠡᠢ ᠬᠡᠷᠡᠭᠵᠢᠭᠦᠯᠵᠦ᠂ | ᠵᠠᠷᠤᠯᠭ᠎ᠠ ᠶᠢᠨ ᠬᠡᠪᠴᠢᠶ᠎ᠡ ᠶᠢ ᠥᠷᠭᠡᠳᠬᠡᠨ᠂ ᠭᠤᠣᠯᠳᠠᠯᠭ᠎ᠠ ᠲᠠᠢ ᠬᠦᠷᠢᠶᠡᠨ ᠤ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠬᠠᠳᠠᠭᠠᠯᠠᠮᠵᠢ ᠶᠢᠨ | ᠪᠡᠯᠡᠳᠬᠡᠯ ᠮᠥᠩᠭᠦ ᠶᠢᠨ ᠨᠤᠷᠮ᠎ᠠ ᠪᠠ ᠲᠦᠷᠦ ᠶᠢᠨ ᠪᠣᠳᠣᠯᠭ᠎ᠠ ᠶᠢᠨ ᠴᠢᠨᠠᠷᠲᠠᠢ ᠬᠦᠦ ᠮᠥᠩᠭᠦ ᠶᠢᠨ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ᠂ ᠨᠡᠶᠢᠭᠡᠮ ᠤᠨ | ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠲᠡᠭ ᠢ ᠤᠯᠠᠮ ᠨᠢᠭᠡ ᠠᠯᠬᠤᠮ ᠪᠠᠭᠤᠷᠠᠭᠤᠯᠪᠠ᠃ ᠪᠦᠲᠦᠮᠵᠢᠲᠡᠶ ᠬᠡᠷᠡᠭᠴᠡᠭᠡ ᠶᠢ ᠥᠷᠭᠡᠳᠬᠡᠬᠦ ᠶᠢᠨ ᠲᠣᠭᠤᠷᠢᠨ ᠳᠤ | ︽ᠨᠢᠭᠡ ᠴᠢᠬᠤᠯᠠ ᠨᠢᠭᠡ ᠭᠤᠣᠯᠳᠠᠯᠭ᠎ᠠ︾ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠰᠢᠨᠡᠳᠬᠡᠬᠦ ᠪᠠ ᠰᠣᠯᠢᠬᠤ︾ ᠠᠵᠢᠯ ᠢ | ᠬᠦᠴᠦᠯᠡᠨ ᠳᠡᠮᠵᠢᠵᠦ᠂ ᠪᠡᠯᠡᠳᠬᠡᠮᠵᠢ ᠬᠤᠳᠠᠯᠳᠤᠨ ᠠᠪᠬᠤ ᠪᠡᠯᠡ ᠣᠷᠣᠭᠤᠯᠤᠯᠲᠠ 15.7% ᠪᠠᠷ ᠨᠡᠮᠡᠭᠳᠡᠵᠦ᠂ ᠭᠡᠷ ᠤᠨ ᠴᠠᠭᠢᠯᠭᠠᠨ ᠬᠡᠷᠡᠭᠰᠡᠯ ᠤᠨ ᠲᠥᠷᠥᠯ ᠤᠨ | ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 12.3% ᠪᠠᠷ ᠨᠡᠮᠡᠭᠳᠡᠪᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ | ᠪᠠᠭᠤᠷᠠᠯᠲᠠ ᠶᠢ ᠵᠣᠭᠰᠣᠭᠠᠵᠤ ᠲᠣᠭᠲᠠᠭᠤᠨ ᠪᠠᠶᠢᠳᠠᠯ ᠳᠤ ᠤᠷᠤᠭᠤᠯᠬᠤ ᠶᠢ ᠠᠬᠢᠭᠤᠯᠵᠤ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ | ᠪᠠ ᠠᠩᠬ᠎ᠠ ᠲᠤᠰᠢᠶᠠᠬᠤ ᠬᠠᠷᠢᠴᠠᠯ ᠢ ᠪᠠᠭᠤᠷᠠᠭᠤᠯᠤᠭᠰᠠᠨ ᠢᠶᠠᠷ᠂ ᠰᠠᠭᠤᠭᠠᠯᠢ ᠠᠷᠠᠳ ᠤᠨ ᠬᠠᠳᠠᠭᠠᠯᠠᠯᠲᠠ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ | ᠮᠥᠩᠭᠦ ᠶᠢᠨ ᠵᠢᠯ ᠤᠨ ᠵᠠᠷᠤᠯᠭ᠎ᠠ ᠶᠢ ᠪᠠᠷᠤᠭ 1500 ᠳ᠋ᠦᠩᠰᠢᠭᠤᠷ ᠲᠥᠭᠦᠷᠢᠭ ᠪᠠᠭᠠᠰᠬᠠᠵᠤ᠂ ᠠᠷᠠᠯᠵᠢᠶᠠᠯᠠᠬᠤ ᠭᠤᠭᠴᠤᠭ᠎ᠠ ᠶᠢᠨ ᠭᠠᠶᠢᠯᠢ ᠰᠦᠢᠳᠬᠡᠯ ᠤᠨ | ᠲᠦᠪᠰᠢᠨ ᠢ ᠳᠣᠷᠣᠭᠰᠢᠯᠠᠭᠤᠯᠵᠤ᠂ ᠭᠡᠷ ᠪᠠᠶᠢᠰᠢᠩ ᠢ ᠪᠠᠲᠤᠲᠠᠢ ᠲᠤᠰᠢᠶᠠᠬᠤ ᠠᠵᠢᠯ ᠢ ᠯᠠᠪᠳᠠᠭᠤᠨ ᠪᠠᠲᠤ ᠠᠬᠢᠭᠤᠯᠪᠠ᠃ ᠬᠥᠷᠥᠩᠭᠡ ᠶᠢᠨ ᠵᠠᠬ᠎ᠠ ᠳᠡᠯᠭᠡᠭᠦᠷ ᠢ | ᠢᠳᠡᠪᠬᠢᠲᠡᠢ ᠲᠣᠭᠲᠠᠪᠤᠷᠢᠵᠢᠭᠤᠯᠵᠤ᠂ ᠰᠠᠭᠤᠷᠢ ᠴᠢᠨᠠᠷᠲᠠᠢ ᠳᠦᠷᠢᠮ ᠢ ᠲᠦᠷᠭᠡᠯᠡᠨ ᠲᠡᠭᠦᠯᠳᠡᠷᠵᠢᠭᠦᠯᠵᠦ᠂ ᠬᠠᠷᠢᠯᠴᠠᠨ ᠰᠣᠯᠢᠬᠤ ᠳᠤ ᠲᠦᠭᠦᠮ ᠦᠵᠡᠭᠦᠯᠭᠦ | ︵SFISF︶᠂ ᠰᠲ᠋ᠣᠺ ᠢᠶᠠᠨ ᠡᠭᠡᠭᠦᠯᠦᠨ ᠬᠤᠳᠠᠯᠳᠤᠨ ᠠᠪᠴᠤ ᠬᠤᠪᠢ ᠪᠠᠨ ᠨᠡᠮᠡᠵᠦ ᠡᠵᠡᠮᠰᠢᠬᠦ ᠳᠤ ᠲᠠᠭᠢᠨ ᠵᠢᠭᠡᠯᠡᠯᠭᠡ ᠲᠠᠯᠪᠢᠬᠤ ᠵᠡᠷᠭᠡ ᠪᠠᠭᠠᠵᠢ ᠶᠢ ᠡᠭᠦᠳᠦᠨ | ᠪᠠᠶᠢᠭᠤᠯᠵᠤ᠂ ᠵᠠᠬ᠎ᠠ ᠳᠡᠯᠭᠡᠭᠦᠷ ᠤᠨ ᠬᠥᠭᠵᠢᠶᠡᠨᠲᠦ ᠬᠡᠮᠵᠢᠶ᠎ᠡ ᠶᠢ ᠳᠡᠭᠡᠭᠰᠢᠯᠡᠭᠦᠯᠪᠡ᠃ ᠨᠢᠭᠡ ᠯᠡ ᠤᠳᠠᠭ᠎ᠠ ᠳᠡᠭᠡᠷ᠎ᠡ ᠣᠷᠣᠨ ᠨᠤᠲᠤᠭ ᠤᠨ ᠲᠤᠰᠬᠠᠢ ᠵᠦᠢᠯ ᠤᠨ | ᠥᠷᠢ ᠥᠭᠴᠡᠭᠡ ᠶᠢᠨ ᠬᠢᠵᠠᠭᠠᠷ ᠲᠤᠭ᠎ᠠ ᠶᠢ 6 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠦᠨ ᠬᠠᠳᠠᠭᠠᠯᠠᠯᠲᠠ ᠳᠠᠯᠳᠠ ᠥᠷᠢ ᠥᠭᠴᠡᠭᠡ ᠶᠢ ᠰᠣᠯᠢᠪᠠ᠃ | ᠣᠷᠣᠨ ᠨᠤᠲᠤᠭ ᠤᠨ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠢᠵᠦ ᠲᠦᠭᠰᠢᠭᠦᠷᠢ ᠶᠢ ᠠᠷᠢᠯᠭᠠᠬᠤ ᠶᠢ ᠯᠠᠪᠳᠠᠭᠤᠨ | ᠲᠣᠬᠢᠲᠠᠢ ᠠᠬᠢᠭᠤᠯᠪᠠ᠃ | ᠬᠤᠶᠠᠷ ᠲᠤ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ | ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ ᠴᠢᠩᠭᠠᠳᠬᠠᠪᠠ᠃ ᠪᠦᠭᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠢ ᠬᠠᠷᠰᠢᠯᠠᠬᠤ ᠲᠣᠭᠲᠠᠭᠠᠯ | ᠪᠣᠯᠣᠨ ᠬᠢᠳᠡᠯ ᠢ ᠴᠡᠪᠡᠷᠯᠡᠨ ᠲᠢᠭᠯᠡᠭᠦ ᠪᠠ ᠬᠦᠴᠦᠨ ᠦᠭᠡᠢ ᠪᠤᠯᠭᠠᠵᠤ᠂ ᠭᠤᠤᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠲᠣᠭᠲᠠᠭᠠᠨ | ᠬᠡᠷᠡᠭᠵᠢᠭᠦᠯᠵᠦ᠂ ᠣᠷᠣᠨ ᠨᠤᠲᠤᠭ ᠤᠨ ᠬᠤᠳᠠᠯᠳᠤᠭᠠᠴᠢᠨ ᠤᠷᠢᠵᠤ ᠪᠡᠯᠡ ᠲᠠᠲᠠᠬᠤ ᠶᠢ ᠵᠢᠷᠤᠮᠵᠢᠭᠤᠯᠬᠤ ᠠᠷᠭ᠎ᠠ ᠬᠡᠮᠵᠢᠶ᠎ᠡ ᠶᠢ ᠨᠡᠶᠢᠲᠡᠯᠡᠪᠡ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠯᠠᠭᠤᠯᠤᠯᠲᠠ ᠶᠢ | ᠦᠷᠭᠦᠯᠵᠢᠯᠡᠨ ᠰᠢᠯᠢᠳᠡᠭᠵᠢᠭᠦᠯᠪᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢ ᠠᠬᠢᠭᠤᠯᠬᠤ ᠬᠠᠤᠯᠢ ᠶᠢᠨ ᠲᠥᠰᠥᠯ ᠢ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ ᠶᠠᠷᠢᠯᠴᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ | ᠬᠥᠭᠵᠢᠯᠲᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠪᠠ᠃ ᠭᠠᠳᠠᠭᠠᠳᠤ ᠠᠷᠠᠯᠵᠢᠶᠠᠨ ᠤ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ ᠥᠷᠭᠡᠳᠬᠡᠵᠦ᠂ ᠭᠠᠳᠠᠭᠠᠳᠤ | ᠤᠷᠤᠭᠤᠯᠤᠯᠲᠠ ᠭᠠᠳᠠᠭᠠᠳᠤ ᠭᠠᠷᠭᠠᠯᠲᠠ ᠶᠢᠨ ᠪᠦᠲᠦᠴᠡ ᠶᠢ ᠲᠠᠰᠤᠷᠠᠯᠳᠠ ᠦᠭᠡᠢ ᠰᠢᠯᠢᠳᠡᠭᠵᠢᠭᠦᠯᠦᠭᠰᠡᠨ ᠢᠶᠠᠷ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠭᠦ | ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠶᠢᠨ ᠬᠤᠪᠢ ᠨᠡᠮᠡᠷᠢ ᠨᠡᠮᠡᠭᠳᠡᠪᠡ᠃ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠢ | ᠲᠠᠯ᠎ᠠ ᠶᠢᠨ ᠲᠣᠳᠣᠷᠬᠠᠢ ᠬᠠᠭᠤᠳᠠᠰᠤ ᠶᠢ ᠪᠦᠭᠦ ᠲᠠᠯ᠎ᠠ ᠪᠠᠷ ᠬᠡᠷᠡᠭᠵᠢᠭᠦᠯᠪᠡ᠃ ᠥᠷᠲᠡᠭ ᠨᠡᠮᠡᠭᠳᠡᠯ ᠤᠨ ᠴᠠᠭᠢᠯᠭᠠᠨ ᠬᠤᠯᠪᠤᠭ᠎ᠠ᠂ ᠠᠮᠢᠳᠤ ᠪᠣᠳᠠᠰ ᠤᠨ ᠮᠡᠷᠭᠡᠵᠢᠯ᠂ | ᠲᠤᠰᠠᠭᠠᠷ ᠪᠡᠯᠡᠳᠦ ᠡᠮᠨᠡᠯᠭᠡ ᠶᠢᠨ ᠬᠤᠷᠢᠶ᠎ᠠ ᠶᠢᠨ ᠨᠡᠭᠡᠭᠡᠯᠲᠡ ᠬᠢᠬᠦ ᠲᠤᠷᠰᠢᠯᠲᠠ ᠶᠢ ᠥᠷᠨᠢᠭᠦᠯᠪᠡ᠃ ᠭᠠᠭᠴᠠ ᠲᠠᠯ᠎ᠠ ᠠᠴᠠ ᠨᠡᠭᠡᠭᠡᠯᠲᠡ ᠬᠢᠬᠦ ᠡᠷᠴᠢᠮ ᠢᠶᠠᠨ | ᠴᠢᠩᠭᠠᠷᠠᠭᠤᠯᠵᠤ᠂ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠬᠥᠭᠵᠢᠯᠲᠡ ᠪᠠᠷ ᠬᠠᠮᠤᠭ ᠤᠨ ᠳᠣᠷᠦᠶ ᠤᠯᠤᠰ ᠤᠳ ᠤᠨ | ᠦᠢᠯᠡᠳᠬᠦᠨ ᠳᠤ ᠪᠦᠭᠦ ᠲᠠᠯ᠎ᠠ ᠪᠠᠷ ᠪᠣᠭᠤᠮᠲᠠ ᠶᠢᠨ ᠭᠠᠶᠢᠯᠢ ᠥᠯᠥ ᠬᠤᠷᠢᠶᠠᠬᠤ ᠬᠠᠷᠠᠭᠠᠯᠵᠠᠯ ᠦᠵᠡᠭᠦᠯᠪᠡ᠃ ᠭᠠᠭᠴᠠ ᠲᠠᠯ᠎ᠠ ᠠᠴᠠ ᠸᠢᠰᠠ ᠦᠯᠤ ᠲᠠᠮᠠᠭᠠᠯᠠᠬᠤ | ᠤᠯᠤᠰ ᠤᠨ ᠬᠡᠪᠴᠢᠶ᠎ᠡ ᠶᠢ ᠥᠷᠭᠡᠳᠬᠡᠵᠦ᠂ ᠬᠢᠯᠢ ᠪᠠᠷ ᠥᠩᠭᠡᠷᠡᠬᠦ ᠳᠤ ᠸᠢᠰᠠ ᠦᠯᠤ ᠲᠠᠮᠠᠭᠠᠯᠠᠬᠤ ᠬᠢᠯᠢ ᠶᠢᠨ ᠳᠣᠲᠣᠷ᠎ᠠ ᠰᠠᠭᠠᠲᠠᠬᠤ ᠴᠠᠭ ᠢ 240 ᠴᠠᠭ | ᠪᠣᠯᠭᠠᠨ ᠤᠷᠲᠤᠳᠬᠠᠭᠰᠠᠨ ᠢᠶᠠᠷ᠂ ᠬᠢᠯᠢ ᠳᠤ ᠣᠷᠣᠬᠤ ᠵᠢᠭᠤᠯᠴᠢᠯᠠᠯ ᠦᠷᠭᠦᠯᠵᠢᠯᠡᠨ ᠰᠠᠶᠢᠵᠢᠷᠠᠪᠠ᠃ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ | ᠪᠠᠶᠢᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠨᠢᠭᠡ ᠪᠦᠯᠦᠭ ᠴᠢᠬᠤᠯᠠ ᠶᠡᠭᠡ ᠢᠨᠵᠧᠨᠧᠷᠢᠩ᠂ ᠠᠷᠠᠳ ᠤᠨ ᠠᠮᠢᠳᠤᠷᠠᠯ ᠤᠨ ᠲᠥᠰᠥᠯ ᠢ | ᠯᠠᠪᠳᠠᠭᠤᠨ ᠢᠶᠠᠷ ᠬᠡᠷᠡᠭᠵᠢᠭᠦᠯᠪᠡ᠃ | ᠭᠤᠷᠪᠠ ᠳᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠶᠢ ᠶᠡᠭᠡ ᠪᠠᠷ ᠠᠬᠢᠭᠤᠯᠵᠤ᠂ ᠠᠵᠤ ᠦᠢᠯᠡᠰ ᠤᠨ ᠪᠦᠲᠦᠴᠡ ᠶᠢ | ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠢ ᠲᠥᠰᠥᠯ ᠢ ᠪᠦᠭᠦ ᠲᠠᠯ᠎ᠠ ᠪᠠᠷ ᠡᠬᠢᠯᠡᠭᠦᠯᠦᠨ ᠬᠡᠷᠡᠭᠵᠢᠭᠦᠯᠵᠦ᠂ | ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠦᠷᠭᠡᠯᠡᠨ ᠲᠡᠭᠦᠯᠳᠡᠷᠵᠢᠭᠦᠯᠵᠦ᠂ ᠰᠢᠨ᠎ᠡ ᠶᠢ | ᠡᠭᠦᠳᠬᠦ ᠣᠷᠣᠶᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ | ᠲᠣᠭᠲᠠᠪᠤᠷᠢᠵᠢᠭᠤᠯᠵᠤ᠂ ᠦᠢᠯᠡᠳᠬᠦ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠶᠢ ᠠᠬᠢᠭᠤᠯᠵᠤ᠂ ᠦᠢᠯᠡᠳᠬᠦ ᠦᠢᠯᠡᠰ ᠤᠨ ᠪᠡᠯᠡ | ᠣᠷᠣᠭᠤᠯᠤᠯᠲᠠ ᠶᠢ 9.2% ᠢᠶᠠᠷ ᠨᠡᠮᠡᠭᠳᠡᠭᠦᠯᠪᠡ᠃ ᠨᠢᠭᠡ ᠪᠦᠯᠦᠭ ᠤᠯᠤᠰ ᠤᠨ ᠲᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠥᠭᠡᠭᠡᠨᠡᠷᠡᠯ ᠢ ᠰᠢᠨ᠎ᠡ ᠪᠠᠷ | ᠪᠣᠶᠢᠵᠢᠭᠤᠯᠵᠤ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠬᠢᠭᠤᠷ ᠲᠤᠯᠤᠭᠠᠨ ᠤᠳᠤ ᠶᠢᠨ ᠰᠢᠰᠲ᠋ᠧᠮ ᠤᠨ ᠬᠡᠷᠡᠭᠯᠡᠭᠡ᠂ ᠰᠢᠨ᠎ᠡ ᠭᠡᠯᠪᠡᠷᠢ ᠶᠢᠨ ᠡᠨᠧᠷᠭᠢ | ᠬᠠᠳᠠᠭᠠᠯᠠᠯᠲᠠ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠦᠳᠲᠡᠷ ᠲᠦᠷᠭᠡᠨ ᠬᠥᠭᠵᠢᠪᠡ᠃ ᠣᠷᠴᠢᠨ ᠠᠬᠤᠢ ᠶᠢᠨ ᠬᠠᠮᠠᠭᠠᠯᠠᠯᠲᠠ᠂ ᠠᠮᠤᠷ ᠲᠦᠪᠰᠢᠨ | ᠵᠡᠷᠭᠡ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢ ᠲᠣᠭᠲᠠᠭᠠᠭᠰᠠᠨ ᠪᠠ ᠵᠠᠰᠠᠨ ᠲᠣᠭᠲᠠᠭᠠᠪᠠ᠃ ᠳ᠋ᠢᠵᠢᠲ᠋ᠠᠯ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠳ᠋ᠢᠵᠢᠲ᠋ᠠᠯ ᠠᠵᠤ ᠠᠬᠤᠢ ᠶᠢᠨ ᠭᠤᠣᠯᠯᠠᠬᠤ ᠠᠵᠤ ᠦᠢᠯᠡᠰ ᠤᠨ ᠨᠡᠮᠡᠭᠳᠡᠯ ᠦᠷᠳᠡᠭ ᠤᠨ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠪᠦᠭᠦ ᠦᠷᠳᠡᠭ ᠲᠤ ᠡᠵᠡᠯᠡᠬᠦ ᠬᠤᠪᠢ ᠶᠢᠨ ᠵᠢᠩ 10% ᠣᠷᠴᠢᠮ ᠳᠤ ᠭᠦᠷᠪᠠ᠃ | ᠳᠥᠷᠪᠡ ᠳᠤ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠠᠵᠤ ᠠᠬᠤᠢ ᠶᠢᠨ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠪᠡ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠲᠠᠪᠤᠨ ᠵᠢᠯ ᠤᠨ ᠠᠵᠢᠯᠯᠠᠭᠠᠨ ᠤ | ᠲᠥᠯᠥᠪᠯᠡᠭᠡ ᠶᠢ ᠨᠡᠶᠢᠲᠡᠯᠡᠨ ᠬᠡᠷᠡᠭᠵᠢᠭᠦᠯᠵᠦ᠂ ᠬᠤᠲᠠ ᠶᠢᠨ ᠰᠢᠨᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠠᠶᠢᠩᠭᠤ ᠰᠠᠭᠤᠭ᠎ᠠ ᠬᠥᠮᠥᠨ ᠠᠮᠠ ᠶᠢᠨ | ᠬᠤᠲᠠ ᠪᠠᠯᠭᠠᠰᠤᠵᠢᠯᠲᠠ ᠶᠢᠨ ᠨᠤᠷᠮ᠎ᠠ ᠶᠢ 67% ᠪᠤᠯᠲᠠᠯ᠎ᠠ ᠳᠡᠭᠡᠭᠰᠢᠯᠡᠭᠦᠯᠪᠡ᠃ ᠲᠠᠷᠢᠶᠠᠯᠠᠩ ᠤᠨ ᠰᠠᠭᠤᠷᠢ ᠶᠢ ᠴᠥᠬᠦᠷᠡᠰᠢ ᠦᠭᠡᠢ ᠪᠠᠲᠤᠵᠢᠭᠤᠯᠵᠤ᠂ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠬᠥᠳᠡᠭᠡ | ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠦᠷ᠎ᠡ ᠪᠦᠲᠦᠮᠵᠢ ᠣᠯᠪᠠ᠃ ᠣᠷᠣᠨ ᠪᠦᠰᠡ ᠶᠢᠨ ᠬᠥᠭᠵᠢᠯᠲᠡ ᠶᠢᠨ ᠲᠥᠷᠥ ᠶᠢᠨ | ᠪᠣᠳᠣᠯᠭ᠎ᠠ ᠨᠤᠭᠤᠳ ᠢ ᠨᠡᠶᠢᠲᠡᠯᠡᠨ᠂ ᠣᠷᠣᠨ ᠪᠦᠰᠡ ᠶᠢᠨ ᠴᠢᠬᠤᠯᠠ ᠶᠡᠭᠡ ᠲᠥᠰᠥᠯ ᠤᠳ ᠢ ᠬᠡᠷᠡᠭᠵᠢᠭᠦᠯᠵᠦ᠂ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ | ᠳᠦᠷᠢᠮ ᠲᠥᠷᠦ ᠶᠢᠨ ᠪᠣᠳᠣᠯᠭ᠎ᠠ ᠶᠢ ᠪᠦᠷᠢᠨᠰᠢᠭᠦᠯᠵᠦ᠂ ᠣᠷᠣᠨ ᠪᠦᠰᠡ ᠶᠢ ᠠᠭᠤᠰᠤᠯᠴᠠᠭᠤᠯᠤᠨ ᠬᠥᠭᠵᠢᠭᠦᠯᠬᠦ ᠠᠵᠢᠯ ᠰᠢᠨ᠎ᠡ ᠠᠬᠢᠯᠲᠠ ᠲᠠᠢ ᠪᠣᠯᠪᠠ᠃ | ᠲᠠᠪᠤ ᠳᠤ ᠨᠡᠶᠢᠭᠡᠮ ᠤᠨ ᠦᠢᠯᠡᠰ ᠢ ᠢᠳᠡᠪᠬᠢᠲᠡᠢ ᠬᠥᠭᠵᠢᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠪᠡ᠃ ᠴᠢᠨᠠᠷ ᠰᠠᠶᠢᠲᠠᠢ | ᠪᠥᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠵᠤ ᠠᠬᠤᠶᠢᠯᠠᠯ ᠤᠨ ᠠᠵᠢᠯ | ᠣᠯᠭᠤᠬᠤ ᠶᠢ ᠳᠡᠮᠵᠢᠬᠦ ᠪᠠᠨ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠬᠴᠢ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ | ᠬᠥᠯᠥᠰᠦᠨ ᠠᠵᠢᠯᠴᠢᠨ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠪᠠᠲᠤᠯᠠᠪᠠ᠃ ᠰᠤᠷᠭᠠᠨ ᠬᠥᠮᠦᠵᠢᠯ ᠤᠨ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠭᠡᠷ ᠪᠦᠯᠢ ᠶᠢᠨ | ᠠᠮᠢᠳᠤᠷᠠᠯ ᠨᠢ ᠬᠦᠴᠢᠷᠳᠡᠯ ᠲᠠᠢ ᠰᠤᠷᠤᠬᠴᠢᠳ ᠤᠨ ᠠᠮᠢᠳᠤᠷᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠤᠯᠤᠰ ᠤᠨ ᠰᠤᠷᠤᠯᠭ᠎ᠠ ᠶᠢᠨ | ᠱᠠᠩᠨᠠᠯ ᠤᠨ ᠮᠥᠩᠭᠦ ᠪᠠ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠨᠢ ᠥᠷᠭᠡᠳᠬᠡᠵᠦ᠂ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠶᠢᠨ ᠮᠥᠩᠭᠦ ᠶᠢ ᠥᠰᠬᠡᠵᠦ ᠬᠦᠦ ᠮᠥᠩᠭᠦ ᠶᠢ ᠨᠢ ᠪᠠᠭᠤᠷᠠᠭᠤᠯᠤᠨ᠂ ᠰᠤᠷᠤᠬᠴᠢᠳ ᠲᠤ 3400 ᠭᠠᠷᠤᠢ ᠲᠦᠮᠡᠨ ᠬᠥᠮᠥᠨ | ᠤᠳᠠᠭ᠎ᠠ ᠠᠰᠢᠭ ᠬᠦᠷᠲᠡᠭᠡᠪᠡ᠃ ︽ᠬᠤᠶᠠᠷ ᠢ ᠬᠥᠩᠭᠡᠷᠡᠭᠦᠯᠬᠦ︾ ᠦᠷ᠎ᠡ ᠪᠦᠲᠦᠭᠡᠯ ᠢ ᠪᠠᠬᠢᠵᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠠᠮᠢ ᠠᠬᠤᠢ ᠶᠢ | ᠦᠷᠭᠦᠯᠵᠢᠯᠡᠨ ᠰᠢᠯᠢᠳᠡᠭᠵᠢᠭᠦᠯᠪᠡ᠃ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠴᠠᠭᠠᠭᠰᠠᠨ ᠪᠠ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ | ᠮᠡᠳᠡᠷᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠤᠵᠢᠭ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠳᠤ ᠬᠡᠷᠡᠭᠯᠡᠬᠦ ᠡᠮ ᠤᠨ ᠲᠥᠷᠥᠯ ᠵᠦᠢᠯ ᠢ | ᠥᠷᠭᠡᠳᠬᠡᠪᠡ᠃ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠠᠵᠢᠯᠲᠠᠨ | ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠶᠢᠨ ᠬᠠᠷᠢᠯᠴᠠᠨ ᠲᠤᠰᠠᠯᠠᠯᠴᠠᠬᠤ ᠬᠡᠪᠴᠢᠶ᠎ᠡ ᠶᠢ ᠥᠷᠭᠡᠳᠬᠡᠪᠡ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠪᠠ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠳᠡᠭᠡᠭᠰᠢᠯᠡᠭᠦᠯᠪᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠪᠤᠭᠤᠷᠤᠯᠴᠤᠳ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠲᠣᠭᠲᠠᠭᠠᠪᠠ᠃ ᠵᠡᠮᠳᠡᠭᠴᠦᠳ ᠤᠨ ᠡᠷᠬᠡ ᠠᠰᠢᠭ ᠤᠨ | ᠪᠠᠲᠤᠯᠠᠭ᠎ᠠ ᠶᠢ ᠴᠢᠩᠭᠠᠳᠬᠠᠪᠠ᠃ ᠠᠰᠠᠷᠠᠨ ᠬᠠᠷᠠᠭᠠᠯᠵᠠᠬᠤ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢ ᠲᠣᠭᠲᠠᠭᠠᠬᠤ ᠪᠠ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠠᠪᠤᠷᠠᠨ ᠲᠤᠰᠠᠯᠠᠬᠤ ᠡᠲᠡᠭᠡᠳ ᠤᠨ ᠬᠦᠷᠢᠶ᠎ᠡ ᠬᠡᠪᠴᠢᠶ᠎ᠡ ᠶᠢ ᠥᠷᠭᠡᠳᠬᠡᠪᠡ᠃ | ᠬᠦᠴᠢᠷᠳᠡᠯ ᠲᠠᠢ ᠤᠯᠠᠨ ᠲᠦᠮᠡᠨ ᠳᠤ ᠨᠢᠭᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠣᠯᠭᠤᠵᠤ᠂ 1100 ᠭᠠᠷᠤᠢ ᠲᠦᠮᠡᠨ ᠬᠥᠮᠥᠨ ᠳᠤ ᠠᠰᠢᠭ | ᠬᠦᠷᠲᠡᠭᠡᠪᠡ᠃ ᠪᠦᠭᠦ ᠤᠯᠤᠰ ᠤᠨ ᠴᠠᠭᠠᠨ ᠰᠠᠷ᠎ᠠ ᠵᠢᠴᠢ ᠳᠤᠷᠠᠰᠬᠠᠯ ᠤᠨ ᠡᠳᠦᠷ ᠤᠨ ᠴᠢᠯᠦᠭᠡ ᠲᠠᠯᠪᠢᠬᠤ ᠠᠷᠭ᠎ᠠ ᠶᠢ ᠲᠡᠭᠦᠯᠳᠡᠷᠵᠢᠭᠦᠯᠪᠡ᠃ ᠰᠣᠶᠣᠯ ᠤᠨ | ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠢ ᠦᠷᠭᠦᠯᠵᠢᠯᠡᠨ ᠬᠥᠭᠵᠢᠶᠡᠨᠲᠡᠢ | ᠪᠣᠯᠭᠠᠪᠠ᠃ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠯᠠᠪᠳᠠᠭᠤᠨ ᠪᠠᠲᠤᠲᠠᠢ ᠪᠡᠯᠡᠳᠬᠡᠵᠦ᠂ | ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ | ᠠᠮᠵᠢᠯᠲᠠ ᠲᠠᠢ ᠡᠷᠭᠢᠯᠡᠵᠤ᠂ ᠮᠠᠨ ᠤ ᠤᠯᠤᠰ ᠤᠨ ᠲᠠᠮᠢᠷᠴᠢᠳ ᠫᠠᠷᠢᠰ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠢᠯᠢ ᠶᠢᠨ ᠭᠠᠳᠠᠨᠠᠬᠢ | ᠤᠷᠤᠯᠳᠤᠭᠠᠨ ᠳᠤ ᠣᠷᠣᠯᠴᠠᠬᠰᠠᠨ ᠬᠠᠮᠤᠭ ᠤᠨ ᠰᠠᠶᠢᠨ ᠬᠢᠷᠢ ᠪᠦᠲᠦᠮᠵᠢ ᠶᠢ ᠣᠯᠪᠠ᠃ | ᠵᠢᠷᠭᠤᠭ᠎ᠠ ᠳᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠨᠣᠭᠤᠭᠠᠨ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠪᠡ᠃ ᠠᠮᠢ ᠠᠬᠤᠢ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠶᠢ | ᠴᠢᠩᠭᠠᠳᠬᠠᠵᠤ᠂ ᠭᠤᠣᠯ ᠪᠤᠯᠬᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠪᠠ᠃ ᠴᠢᠬᠤᠯᠠ ᠠᠮᠢ ᠠᠬᠤᠢ ᠶᠢᠨ | ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠴᠦᠯᠵᠢᠭᠰᠡᠨ᠂ ᠡᠯᠡᠰᠦᠵᠢᠭᠰᠡᠨ ᠭᠠᠵᠠᠷ | ᠰᠢᠷᠣᠢ ᠶᠢᠨ ᠲᠠᠯᠠᠪᠠᠢ ᠦᠷᠭᠦᠯᠵᠢᠯᠡᠨ ︽ᠬᠤᠶᠠᠷ ᠪᠠᠭᠠᠰᠬᠠᠯᠲᠠ︾ ᠶᠢ ᠪᠡᠶᠡᠯᠡᠭᠦᠯᠪᠡ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ | ᠢᠳᠡᠪᠬᠢᠲᠡᠢ ᠦᠷ᠎ᠡ ᠪᠦᠳᠦᠮᠵᠢ ᠣᠯᠵᠤ᠂ ᠶᠡᠭᠡ ᠬᠡᠮᠵᠢᠶᠡᠨ ᠤ ᠬᠤᠪᠣᠷ ᠴᠤᠬᠠᠭ ᠤᠰᠠᠳᠬᠤ ᠠᠶᠤᠯ ᠲᠠᠢ ᠪᠠᠶᠢᠭ᠎ᠠ ᠬᠡᠭᠡᠷ᠎ᠡ ᠶᠢᠨ ᠠᠮᠢᠳᠠᠨ ᠤᠷᠭᠤᠮᠠᠯ ᠤᠨ | ᠳᠦᠷᠰᠦ ᠰᠦᠷᠦᠭ ᠲᠣᠭᠲᠠᠭᠤᠨ ᠢᠶᠠᠷ ᠨᠡᠮᠡᠭᠳᠡᠪᠡ᠃ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠶᠢ ᠠᠬᠢᠭᠤᠯᠵᠤ᠂ | ᠴᠢᠯᠠᠭᠤᠵᠢᠮᠠᠯ ᠪᠤᠰᠤ ᠡᠨᠧᠷᠭᠢ ᠶᠢᠨ ᠰᠤᠷᠪᠤᠯᠵᠢ ᠶᠢᠨ ᠴᠠᠭᠢᠯᠭᠠᠨ ᠭᠠᠷᠭᠠᠬᠤ ᠬᠡᠮᠵᠢᠶ᠎ᠡ ᠶᠢᠨ ᠶᠡᠷᠦᠩᠬᠡᠢ ᠴᠠᠭᠢᠯᠭᠠᠨ ᠭᠠᠷᠭᠠᠬᠤ ᠬᠡᠮᠵᠢᠶᠡᠨ ᠳᠤ ᠡᠵᠡᠯᠡᠬᠦ | ᠬᠤᠪᠢ ᠶᠢᠨ ᠵᠢᠩ ᠢ 40% ᠳᠤ ᠣᠶᠢᠷᠠᠲᠤᠭᠤᠯᠪᠠ᠃ ᠪᠦᠭᠦ ᠤᠯᠤᠰ ᠤᠨ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠬᠡᠮᠵᠢᠶ᠎ᠡ ᠶᠢ ᠰᠠᠶᠢᠨ | ᠳᠤᠷ᠎ᠠ ᠠᠴᠠ ᠪᠠᠨ ᠪᠠᠭᠠᠰᠬᠠᠬᠤ ᠠᠷᠠᠯᠵᠢᠶᠠᠨ ᠤ ᠵᠠᠬ᠎ᠠ ᠳᠡᠯᠭᠡᠭᠦᠷ ᠢ ᠡᠬᠢᠯᠡᠭᠦᠯᠪᠡ᠃ ᠪᠦᠭᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ | ᠠᠷᠠᠯᠵᠢᠶ᠎ᠠ ᠨᠡᠩ ᠬᠥᠭᠵᠢᠶᠡᠨᠲᠡᠢ ᠪᠣᠯᠪᠠ᠃ | ᠲᠤᠯᠤᠭ᠎ᠠ ᠳᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠵᠠᠰᠠᠯᠲᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠯ ᠪᠠ | ᠲᠣᠭᠲᠠᠭᠤᠨ ᠪᠠᠶᠢᠳᠠᠯ ᠢ ᠪᠠᠲᠤᠯᠠᠪᠠ᠃ ᠨᠠᠮ ᠤᠨ ᠲᠥᠪ ᠬᠤᠷᠢᠶ᠎ᠠ ᠶᠢᠨ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠬᠤᠷᠢᠶ᠎ᠠ ᠶᠢᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠭᠡᠯᠪᠡᠷᠢ ᠶᠢᠨ ᠦᠵᠡᠯ᠂ ᠨᠣᠶᠠᠨᠴᠢ | ᠰᠤᠷᠲᠠᠯ ᠢ ᠶᠡᠭᠡ ᠪᠠᠷ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠢ ᠭᠦᠨᠵᠡᠭᠡᠢ ᠵᠠᠰᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ | ᠲᠡᠮᠡᠴᠡᠯ ᠢ ᠦᠷᠭᠦᠯᠵᠢᠯᠡᠨ ᠴᠢᠩᠭᠠᠳᠬᠠᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶᠢᠷᠡᠭᠦᠯᠦᠨ ᠠᠬᠢᠭᠤᠯᠪᠠ᠃ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 19 ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ | ᠳᠡᠪᠰᠢᠭᠦᠯᠵᠦ᠂ 28 ᠬᠤᠪᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠭᠰᠠᠨ ᠪᠤᠶᠤ ᠵᠠᠰᠠᠨ ᠲᠣᠭᠲᠠᠭᠠᠪᠠ᠃ ᠤᠬᠠᠮᠰᠠᠷ ᠠᠴᠠ ᠪᠠᠨ ᠬᠠᠤᠯᠢ | ᠶᠣᠰᠣᠭᠠᠷ ᠬᠢᠨᠠᠯᠲᠠ ᠶᠢ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ | ᠴᠢᠩᠭᠠᠳᠬᠠᠵᠤ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ ᠶᠢ ᠵᠢᠷᠤᠮᠵᠢᠭᠤᠯᠪᠠ᠃ ︽ᠥᠨᠳᠥᠷ ᠪᠦᠲᠦᠮᠵᠢᠲᠡᠶ ᠪᠠᠷ ᠨᠢᠭᠡ ᠤᠴᠢᠷ | ᠶᠠᠪᠤᠳᠠᠯ ᠢ ᠪᠦᠲᠦᠭᠡᠬᠦ︾ ᠬᠤᠶᠠᠷ ᠪᠦᠯᠦᠭ ᠭᠤᠣᠯᠳᠠᠯᠭ᠎ᠠ ᠲᠠᠢ ᠵᠦᠢᠯᠡᠰ ᠤᠨ ᠲᠣᠳᠣᠷᠬᠠᠢ ᠬᠠᠭᠤᠳᠠᠰᠤ ᠶᠢ ᠨᠡᠶᠢᠲᠡᠯᠡᠵᠦ᠂ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠦᠢᠯᠡᠴᠢᠯᠡᠭᠡᠨ ᠤ ᠴᠢᠳᠠᠪᠤᠷᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠭᠦ ᠶᠢ ᠠᠬᠢᠭᠤᠯᠪᠠ᠃ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠡᠷᠦᠩᠬᠡᠶᠢᠯᠡᠭᠰᠡᠨ ᠰᠢᠪᠠᠳᠠᠨ ᠪᠠᠶᠢᠴᠠᠭᠠᠯᠲᠠ ᠶᠢ ᠥᠷᠨᠢᠭᠦᠯᠪᠡ᠃ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠴᠦ ᠲᠡᠭᠦᠯᠳᠡᠷᠵᠢᠭᠦᠯᠪᠡ᠃ | ᠵᠥᠷᠢᠴᠡᠯ ᠵᠠᠭᠤᠷᠠᠯᠳᠤᠭᠠᠨ ᠢ ᠰᠠᠮᠨᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠤᠯᠢ ᠪᠠᠷ | ᠵᠠᠰᠠᠬᠤ ᠶᠢ ᠠᠬᠢᠭᠤᠯᠪᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠠᠶᠤᠯ ᠦᠭᠡᠢ ᠦᠢᠯᠡᠳᠪᠦᠷᠢᠯᠡᠯ ᠢ ᠴᠢᠩᠭᠠᠷᠠᠭᠤᠯᠵᠤ᠂ ᠰᠢᠲᠠᠮᠠᠬᠠᠢ ᠬᠡᠢ᠂ | ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠵᠡᠷᠭᠡ ᠶᠢᠨ ᠠᠮᠤᠷ ᠲᠦᠪᠰᠢᠨ ᠤ ᠳᠠᠯᠳᠠ ᠭᠡᠮ ᠢ ᠪᠦᠭᠦ ᠬᠡᠯᠬᠢᠶᠡᠨ ᠳᠤᠨᠢ ᠲᠤᠰᠬᠠᠢ ᠵᠦᠢᠯ ᠢᠶᠠᠷ ᠴᠡᠭᠴᠡᠯᠡᠨ | ᠵᠠᠰᠠᠬᠤ ᠶᠢ ᠥᠷᠨᠢᠭᠦᠯᠪᠡ᠃ ᠦᠶᠡᠷ ᠤᠰᠤᠲᠤᠯ᠂ ᠲᠠᠶᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ ᠪᠦᠲᠦᠮᠵᠢᠲᠡᠶ ᠰᠡᠷᠭᠡᠶᠢᠯᠡᠨ | ᠠᠷᠭᠠᠴᠠᠪᠠ᠃ ᠤᠯᠤᠰ ᠤᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠪᠡ᠃ ᠬᠡᠲᠦᠷᠡᠮᠡᠬᠡᠢ ᠬᠡᠷᠡᠭ ᠪᠠ ᠬᠡᠲᠦᠷᠡᠮᠡᠬᠡᠢ ᠬᠡᠷᠡᠭ ᠶᠠᠪᠤᠳᠠᠯ ᠭᠠᠷᠬᠤ ᠶᠢ ᠴᠢᠩᠭ᠎ᠠ | ᠰᠡᠷᠭᠡᠶᠢᠯᠡᠵᠦ᠂ ᠬᠠᠷ᠎ᠠ ᠬᠤᠣᠷᠲᠠᠢ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠦᠭᠦ ᠬᠦᠴᠦᠨ ᠢᠶᠠᠷ ᠢᠶᠠᠨ ᠪᠠᠲᠤᠯᠠᠪᠠ᠃ | ᠥᠩᠭᠡᠷᠡᠭᠰᠡᠨ ᠨᠢᠭᠡ ᠵᠢᠯ ᠳᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠰᠢᠨ᠎ᠡ ᠪᠠᠶᠢᠳᠠᠯ ᠢ ᠡᠭᠦᠳᠦᠨ | ᠨᠡᠭᠡᠭᠡᠪᠡ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠠ ᠲᠦᠷᠦ ᠶᠢᠨ ᠤᠳᠤᠷᠢᠳᠬᠤ ᠬᠥᠮᠥᠰ ᠤᠯᠠᠨ ᠤᠯᠤᠰ ᠲᠤ ᠠᠶᠢᠯᠴᠢᠯᠠᠵᠤ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯᠳᠤᠭᠠᠨ᠂ BRICS ᠤᠯᠤᠰ ᠤᠳ ᠤᠨ ᠤᠳᠤᠷᠢᠳᠬᠤ ᠬᠥᠮᠥᠰ ᠤᠨ | ᠠᠭᠤᠯᠵᠠᠯᠲᠠ᠂ ᠠᠽᠢᠶ᠎ᠠ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ | ᠠᠯᠪᠠᠨ ᠶᠣᠰᠣᠨ ᠤ ᠪᠤᠰᠤ ᠬᠤᠷᠠᠯᠳᠤᠭᠠᠨ᠂ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯᠳᠤᠭᠠᠨ᠂ ᠵᠡᠭᠦᠨ | ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯᠳᠤᠭᠠᠨ ᠵᠡᠷᠭᠡ ᠤᠯᠠᠨ ᠲᠠᠯᠠᠲᠤ ᠬᠤᠶᠠᠷ ᠲᠠᠯᠠᠲᠤ ᠴᠢᠬᠤᠯᠠ ᠶᠡᠭᠡ | ᠠᠵᠢᠯᠯᠠᠭ᠎ᠠ ᠳᠤ ᠣᠷᠣᠯᠴᠠᠪᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ | ᠬᠤᠷᠠᠯᠳᠤᠭᠠᠨ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠨᠡᠶᠢᠲᠡᠯᠡᠭᠳᠡᠭᠰᠡᠨ 70 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ᠂ ᠳᠤᠮᠳᠠᠳᠤ | ᠠᠷᠠᠪ ᠤᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠰᠠᠶᠢᠳ ᠤᠨ ᠲᠠᠰ ᠤᠨ ᠬᠤᠷᠠᠯᠳᠤᠭᠠᠨ ᠵᠡᠷᠭᠡ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ | ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠵᠤ᠂ ᠪᠦᠭᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠪᠠᠬᠢᠵᠢᠭᠦᠯᠦᠨ ᠥᠷᠭᠡᠳᠬᠡᠵᠦ᠂ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠭᠦ | ᠪᠥᠮᠪᠥᠷᠴᠡᠭ ᠤᠨ ᠴᠢᠨᠠᠷᠲᠠᠢ ᠰᠢᠯᠭᠠᠯᠲᠠ ᠶᠢ ᠠᠷᠭᠠᠴᠠᠬᠤ ᠪᠣᠯᠣᠨ ᠤᠯᠠᠨ ᠤᠯᠤᠰ ᠤᠨ ᠪᠠ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠢ | ᠰᠢᠢᠳᠪᠦᠷᠢᠯᠡᠬᠦ ᠳᠤᠮᠳᠠ ᠢᠳᠡᠪᠬᠢᠲᠡᠢ ᠪᠥᠭᠡᠳ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠪᠠ᠃ ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠪᠠ | ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠶᠢᠨ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠠᠶᠠᠯᠠᠯ | ᠵᠠᠮᠴᠢᠯᠠᠨ ᠴᠢᠭᠯᠡᠯ ᠢ ᠡᠵᠡᠮᠳᠡᠭᠰᠡᠨ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠲᠡᠷᠡ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ | ᠶᠢᠨ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠪᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠣᠯᠣᠨ ᠡᠯ᠎ᠡ ᠡᠲᠡᠭᠡᠳ ᠤᠨ ᠬᠥᠮᠥᠰ ᠲᠤ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠣᠣᠮᠧᠨ ᠤ ᠵᠠᠰᠠᠭ | ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ | ᠪᠠᠶᠢᠭ᠎ᠠ ᠡᠯ᠎ᠡ ᠤᠯᠤᠰ ᠤᠨ ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠤᠯᠤᠰ ᠤᠨ ᠨᠠᠶᠢᠵᠠ ᠨᠠᠷ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠵᠡᠷᠭᠡ ᠳᠤ᠂ ᠪᠢᠳᠡ ᠪᠠᠰᠠ ᠲᠤᠯᠭᠠᠷᠠᠵᠤ ᠪᠠᠶᠢᠭ᠎ᠠ ᠠᠰᠠᠭᠤᠳᠠᠯ ᠪᠠ ᠰᠢᠯᠭᠠᠯᠲᠠ ᠶᠢ ᠰᠡᠷᠭᠡᠭ ᠢᠶᠠᠷ ᠣᠯᠵᠤ ᠬᠠᠷᠠᠪᠠ᠃ | ᠳᠡᠯᠡᠬᠡᠢ ᠶᠢᠨ ᠪᠠᠶᠢᠳᠠᠯ ᠠᠴᠠ ᠦᠵᠡᠪᠡᠯ᠂ ᠳᠡᠯᠡᠬᠡᠢ ᠶᠢᠨ ᠵᠠᠭᠤᠨ ᠵᠢᠯ ᠤᠨ ᠬᠤᠪᠢᠰᠤᠯᠲᠠ ᠲᠦᠷᠭᠡᠨ ᠢᠶᠠᠷ ᠤᠯᠠᠷᠢᠨ ᠬᠤᠪᠢᠷᠠᠵᠤ᠂ ᠭᠠᠳᠠᠭᠠᠳᠤ ᠣᠷᠴᠢᠨ ᠨᠥᠬᠦᠴᠡᠯ | ᠨᠡᠩ ᠲᠦᠪᠡᠭ ᠪᠤᠳᠤᠯᠢᠶᠠᠨᠲᠠᠢ ᠬᠦᠨᠳᠦ ᠬᠡᠴᠡᠭᠦᠦ ᠪᠣᠯᠵᠤ ᠪᠠᠶᠢᠬᠤ ᠨᠢ ᠮᠠᠨ ᠤ ᠤᠯᠤᠰ ᠤᠨ ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ | ᠬᠦᠷᠢᠶᠡᠨ ᠳᠤ ᠨᠡᠩ ᠶᠡᠭᠡ ᠳᠠᠭᠠᠷᠢᠯᠲᠠ ᠤᠴᠠᠷᠠᠭᠤᠯᠵᠤ ᠮᠡᠳᠡᠨ᠎ᠡ᠃ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠡᠨᠧᠷᠭᠢ ᠭᠦᠢᠴᠡᠳ ᠪᠤᠰᠤ | ᠪᠠᠶᠢᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠰᠢᠷᠦᠭᠦᠰᠦᠨ᠂ ᠣᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠬᠠᠷᠰᠢ ᠰᠠᠭᠠᠳ ᠲᠤ ᠤᠴᠠᠷᠠᠵᠤ᠂ | ᠪᠣᠭᠤᠮᠲᠠ ᠶᠢᠨ ᠭᠠᠶᠢᠯᠢ ᠶᠢᠨ ᠬᠤᠷᠢᠭ᠎ᠠ ᠰᠠᠭᠠᠳ ᠨᠡᠮᠡᠭᠳᠡᠵᠦ ᠪᠠᠶᠢᠬᠤ ᠨᠢ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠲᠣᠭᠲᠠᠭᠤᠨ ᠪᠠᠶᠢᠳᠠᠯ ᠳᠤ ᠳᠠᠭᠠᠷᠢᠯᠲᠠ ᠤᠴᠠᠷᠠᠭᠤᠯᠵᠤ᠂ ᠣᠯᠠᠨ ᠤᠯᠤᠰ ᠤᠨ ᠠᠵᠤ ᠠᠬᠤᠢ ᠶᠢᠨ ᠣᠷᠴᠢᠯ ᠳᠤ ᠬᠠᠷᠰᠢ ᠰᠠᠭᠠᠳ ᠤᠴᠠᠷᠠᠭᠤᠯᠵᠤ ᠪᠠᠶᠢᠨ᠎ᠠ᠃ | ᠭᠠᠵᠠᠷ ᠣᠷᠣᠨ ᠤ ᠤᠯᠤᠰ ᠲᠥᠷᠥ ᠶᠢᠨ ᠪᠠᠴᠢᠮ ᠬᠦᠴᠦᠨ ᠵᠦᠢᠯ ᠮᠥᠨ ᠬᠦ ᠨᠡᠯᠢᠶᠡᠳ ᠣᠯᠠᠨ ᠣᠷᠣᠰᠢᠵᠤ ᠪᠠᠶᠢᠬᠤ ᠨᠢ ᠪᠦᠭᠦ ᠪᠥᠮᠪᠥᠷᠴᠡᠭ ᠤᠨ ᠵᠠᠬ᠎ᠠ | ᠳᠡᠯᠭᠡᠭᠦᠷ ᠤᠨ ᠵᠢᠱᠢᠯᠲᠡ ᠪᠣᠯᠣᠨ ᠪᠡᠯᠡ ᠣᠷᠣᠭᠤᠯᠤᠯᠲᠠ ᠶᠢᠨ ᠢᠲᠡᠭᠡᠯ ᠵᠣᠷᠢᠭ ᠢ ᠨᠥᠯᠥᠭᠡᠯᠡᠵᠦ᠂ ᠤᠯᠠᠨ ᠤᠯᠤᠰ ᠤᠨ ᠵᠠᠬ᠎ᠠ ᠳᠡᠯᠭᠡᠭᠦᠷ ᠤᠨ ᠬᠡᠯᠪᠡᠯᠵᠡᠯ ᠤᠨ | ᠠᠶᠤᠯ ᠲᠦᠭᠰᠢᠭᠦᠷᠢ ᠶᠢ ᠨᠡᠮᠡᠭᠳᠡᠭᠦᠯᠵᠦ ᠪᠠᠶᠢᠨ᠎ᠠ᠃ ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠦᠵᠡᠪᠡᠯ᠂ ᠠᠵᠤ ᠠᠬᠤᠢ ᠶᠢᠨ ᠰᠡᠷᠭᠦᠨ ᠰᠠᠶᠢᠵᠢᠷᠠᠬᠤ | ᠰᠠᠭᠤᠷᠢ ᠪᠠᠰᠠ ᠲᠣᠭᠲᠠᠭᠤᠨ ᠪᠢᠰᠢ᠂ ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ ᠪᠠᠶᠢᠵᠤ᠂ ᠢᠯᠠᠩᠭᠤᠶ᠎ᠠ ᠬᠡᠷᠡᠭᠯᠡᠭᠡ ᠠᠨᠠᠢ ᠪᠠᠶᠢᠨ᠎ᠠ᠃ ᠬᠡᠰᠡᠭ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠲᠠᠢ ᠪᠠᠶᠢᠵᠤ᠂ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠥᠷᠢᠲᠦᠬᠦ ᠠᠰᠠᠭᠤᠳᠠᠯ ᠮᠥᠨ ᠬᠦ | ᠨᠡᠯᠢᠶᠡᠳ ᠲᠣᠪᠣᠶᠢᠮ᠎ᠠ ᠪᠠᠶᠢᠨ᠎ᠠ᠃ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠳᠤ ᠳᠠᠷᠤᠯᠲᠠ ᠲᠤᠯᠭᠠᠷᠠᠵᠤ ᠪᠠᠶᠢᠨ᠎ᠠ᠃ ᠠᠷᠠᠳ ᠤᠨ | ᠠᠮᠢᠳᠤᠷᠠᠯ ᠤᠨ ᠬᠦᠷᠢᠶᠡᠨ ᠳᠤ ᠳᠤᠲᠠᠭᠤᠳᠠᠯ ᠣᠷᠣᠰᠢᠵᠤ ᠪᠠᠶᠢᠨ᠎ᠠ᠃ ᠵᠠᠷᠢᠮ ᠣᠷᠣᠨ ᠨᠤᠲᠤᠭ ᠤᠨ ᠦᠨᠳᠦᠰᠦᠨ ᠱᠠᠲᠤᠨ ᠤ ᠡᠳ᠋ ᠤᠨ ᠵᠠᠰᠠᠭ ᠬᠦᠴᠢᠷᠳᠡᠯ ᠲᠠᠢ | ᠪᠠᠶᠢᠨ᠎ᠠ᠃ ᠨᠡᠶᠢᠭᠡᠮ ᠤᠨ ᠵᠥᠷᠢᠴᠡᠯ ᠢ ᠠᠷᠢᠯᠭᠠᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠪᠠᠰᠠ ᠴᠢᠩᠭᠠᠳᠬᠠᠬᠤ ᠴᠢᠬᠤᠯᠠᠲᠠᠢ ᠪᠠᠶᠢᠨ᠎ᠠ᠃ | ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠳᠡᠭᠡᠭᠰᠢᠯᠡᠭᠦᠯᠭᠦ ᠴᠢᠬᠤᠯᠠᠲᠠᠢ ᠪᠠᠶᠢᠨ᠎ᠠ᠃ ᠵᠠᠷᠢᠮ | ᠠᠵᠢᠯ ᠤᠨ ᠵᠣᠬᠢᠴᠠᠭᠤᠯᠭ᠎ᠠ ᠬᠠᠮᠵᠢᠯᠴᠠᠭ᠎ᠠ ᠬᠦᠷᠦᠯᠴᠡᠬᠦ ᠦᠭᠡᠢ ᠪᠠᠶᠢᠵᠤ᠂ ᠵᠠᠷᠢᠮ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠤᠳᠠᠭᠠᠪᠲᠤᠷ ᠪᠠᠶᠢᠵᠤ᠂ | ᠦᠷ᠎ᠡ ᠪᠦᠲᠦᠮᠵᠢ ᠨᠢ ᠵᠢᠱᠢᠯᠲᠡ ᠳᠤ ᠬᠦᠷᠬᠦ ᠦᠭᠡᠢ ᠪᠠᠶᠢᠨ᠎ᠠ᠃ ᠵᠠᠷᠢᠮ ᠰᠠᠯᠠᠭ᠎ᠠ ᠮᠥᠴᠢᠷ ᠤᠨ ᠦᠢᠯᠡᠴᠢᠯᠡᠭᠡᠨ ᠤ ᠤᠬᠠᠮᠰᠠᠷ ᠨᠢ ᠴᠢᠩᠭ᠎ᠠ ᠪᠢᠰᠢ᠂ ᠬᠡᠷᠡᠭ | ᠡᠷᠭᠢᠯᠡᠭᠦ ᠦᠷ᠎ᠡ ᠪᠦᠲᠦᠮᠵᠢ ᠨᠢ ᠥᠨᠳᠥᠷ ᠪᠢᠰᠢ ᠪᠠᠶᠢᠨ᠎ᠠ᠃ ᠵᠠᠷᠢᠮ ᠺᠠᠳ᠋ᠷ ᠳᠤᠷ᠎ᠠ ᠪᠠᠷ ᠢᠶᠠᠨ ᠦᠢᠯᠡᠳᠴᠦ᠂ ᠡᠰᠡ ᠦᠢᠯᠡᠳᠴᠦ᠂ ᠦᠢᠯᠡᠳᠬᠦᠢ ᠳᠤᠷ ᠴᠢᠳᠠᠮᠠᠭᠠᠢ | ᠪᠤᠰᠤ ᠪᠠᠶᠢᠵᠤ᠂ ᠵᠠᠷᠢᠮ ᠬᠦᠷᠢᠶ᠎ᠡ ᠪᠠ ᠣᠷᠣᠨ ᠨᠤᠲᠤᠭ ᠲᠤ ᠢᠯᠵᠢᠷᠡᠯ ᠤᠨ ᠠᠰᠠᠭᠤᠳᠠᠯ ᠮᠥᠨ ᠯᠡ ᠤᠯᠠᠨ ᠭᠠᠷᠴᠤ ᠪᠠᠶᠢᠨ᠎ᠠ᠃ ᠪᠢᠳᠡ ᠬᠦᠴᠢᠷᠳᠡᠯ ᠪᠠ | ᠠᠰᠠᠭᠤᠳᠠᠯ ᠳᠤ ᠵᠥᠪ ᠢᠶᠠᠷ ᠬᠠᠨᠳᠤᠬᠤ ᠬᠡᠷᠡᠭᠲᠡᠢ ᠮᠥᠷᠲᠡᠭᠡᠨ ᠨᠡᠩ ᠴᠤ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ᠃ ᠮᠠᠨ ᠤ ᠤᠯᠤᠰ | ᠢᠯᠡᠳᠲᠡ ᠪᠠᠶᠢᠭᠤᠯᠤᠯ ᠤᠨ ᠳᠠᠪᠠᠭᠤᠯᠢᠭ ᠲᠠᠢ᠂ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ᠂ ᠪᠦᠷᠢᠨ ᠲᠥᠬᠦᠷ ᠠᠵᠤ ᠦᠢᠯᠡᠰ ᠤᠨ ᠰᠢᠰᠲ᠋ᠧᠮ᠂ ᠡᠯᠪᠡᠭ | ᠳᠡᠯᠪᠡᠭ ᠬᠥᠮᠥᠨ ᠤ ᠬᠦᠴᠦᠨ ᠴᠢᠳᠠᠪᠤᠷᠢᠲᠠᠨ ᠤ ᠡᠬᠢ ᠪᠠᠶᠠᠯᠢᠭ ᠵᠡᠷᠭᠡ ᠣᠯᠠᠨ ᠠᠷᠪᠢᠨ ᠳᠠᠪᠠᠭᠤᠯᠢᠭ ᠨᠥᠬᠦᠴᠡᠯ ᠲᠠᠢ᠂ ᠠᠯᠤᠰ ᠭᠡᠳᠦ ᠶᠢᠨ ᠲᠥᠯᠦᠪᠵᠢᠭᠦᠯᠭᠡ᠂ | ᠰᠢᠨᠵᠢᠯᠡᠬᠦ ᠤᠬᠠᠭᠠᠨᠴᠢ ᠲᠣᠬᠢᠷᠠᠭᠤᠯᠤᠯ ᠡᠵᠡᠮᠳᠡᠯ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠵᠢᠯᠴᠠᠭᠰᠠᠨ ᠪᠦᠲᠦᠮᠵᠢᠲᠡᠶ ᠵᠠᠰᠠᠯᠲᠠ ᠶᠢᠨ ᠲᠣᠭᠲᠠᠴᠠ ᠲᠠᠢ᠂ | ᠬᠡᠷᠡᠭᠴᠡᠭᠡ ᠶᠢ ᠳᠡᠰ ᠳᠡᠪᠰᠢᠭᠦᠯᠬᠦ᠂ ᠪᠦᠲᠦᠴᠡ ᠶᠢ ᠰᠢᠯᠢᠳᠡᠭᠵᠢᠭᠦᠯᠬᠦ᠂ ᠬᠥᠳᠡᠯᠭᠡᠭᠴᠢ ᠡᠨᠧᠷᠭᠢ ᠶᠢ ᠰᠣᠯᠢᠬᠤ ᠥᠷᠭᠡᠨ ᠠᠭᠤᠳᠠᠮ ᠨᠡᠮᠡᠭᠳᠡᠯ ᠣᠷᠣᠨ ᠵᠠᠢ ᠲᠠᠢ | ᠪᠠᠶᠢᠵᠤ᠂ ᠠᠵᠤ ᠠᠬᠤᠢ ᠶᠢᠨ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭᠰᠠᠨ ᠦᠭᠡᠢ ᠪᠥᠭᠡᠳ ᠬᠤᠪᠢᠷᠠᠬᠤ ᠴᠤ ᠦᠭᠡᠢ ᠶᠤᠮ᠂ | ᠮᠠᠨ ᠤ ᠤᠯᠤᠰ ᠤᠨ ᠠᠵᠤ ᠠᠬᠤᠢ ᠶᠢᠨ ᠠᠶᠠᠯᠠᠯ ᠤᠨ ᠣᠩᠭᠤᠴᠠ ᠰᠠᠯᠬᠢ ᠳᠠᠪᠠᠯᠭᠠᠨ ᠢ ᠵᠦᠰᠦᠵᠦ᠂ ᠯᠠᠪᠳᠠᠭᠤᠨ ᠢᠶᠠᠷ ᠬᠤᠯᠠ ᠠᠶᠠᠯᠠᠬᠤ ᠨᠢ ᠯᠠᠪᠲᠠᠢ ᠶᠤᠮ︕ | ᠬᠤᠶᠠᠷ᠂ 2025 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ ᠲᠦᠷᠦ ᠶᠢᠨ ᠪᠣᠳᠣᠯᠭ᠎ᠠ ᠶᠢᠨ ᠬᠠᠨᠳᠤᠰᠢ | ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠡᠴᠦᠰ ᠤᠨ ᠵᠢᠯ ᠪᠣᠯᠣᠨ᠎ᠠ᠃ ᠵᠠᠰᠠᠭ ᠤᠨ ᠣᠷᠳᠣᠨ ᠤ ᠠᠵᠢᠯ ᠢ | ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ | ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠨ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠯᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠦᠨ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠪᠠᠶᠢᠭᠤᠯᠤᠨ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠨ ᠨᠢᠭᠡᠳᠦᠯᠲᠡᠢ ᠲᠥᠯᠥᠪᠯᠡᠵᠦ᠂ ᠨᠡᠩ ᠢᠳᠡᠪᠬᠢᠲᠡᠢ ᠪᠥᠭᠡᠳ ᠪᠦᠳᠦᠮᠵᠢᠳᠠᠢ ᠬᠤᠷᠸ᠎ᠠ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠲᠠᠸᠠᠷ ᠤᠨ ᠪᠠᠶᠢᠰᠢᠩ ᠤᠨ ᠵᠠᠬ᠎ᠠ | ᠳᠡᠯᠭᠡᠭᠦᠷ ᠰᠲ᠋ᠣᠺ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠤᠨ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠨᠠᠬᠢ ᠶᠢᠨ | ᠳᠠᠭᠠᠷᠢᠯᠲᠠ ᠶᠢ ᠰᠡᠷᠭᠡᠶᠢᠯᠡᠨ ᠠᠷᠢᠯᠭᠠᠵᠤ᠂ ᠵᠢᠱᠢᠯᠲᠡ ᠶᠢ ᠲᠣᠭᠲᠠᠪᠤᠷᠢᠵᠢᠭᠤᠯᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠦᠷᠭᠦᠯᠵᠢᠯᠡᠨ | ᠰᠡᠷᠭᠦᠨ ᠰᠠᠶᠢᠵᠢᠷᠠᠬᠤ ᠶᠢ ᠠᠬᠢᠭᠤᠯᠤᠨ᠂ ᠠᠷᠠᠳ ᠲᠦᠮᠡᠨ ᠤ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ | ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ | ᠪᠡᠶᠡᠯᠡᠭᠦᠯᠵᠦ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ | ᠲᠠᠯᠪᠢᠵᠤ ᠥᠭᠬᠦ ᠬᠡᠷᠡᠭᠲᠡᠢ᠃ | ᠡᠨᠡ ᠵᠢᠯ ᠤᠨ ᠬᠥᠭᠵᠢᠯᠲᠡ ᠶᠢᠨ ᠭᠤᠣᠯ ᠭᠤᠣᠯ ᠵᠢᠱᠢᠭᠰᠡᠨ ᠬᠠᠷᠠᠯᠲᠠ ᠭᠡᠪᠡᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠢ | 5% ᠣᠷᠴᠢᠮ ᠢᠶᠠᠷ ᠨᠡᠮᠡᠭᠳᠡᠭᠦᠯᠦᠨ᠎ᠡ︔ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠵᠤ᠂ ᠬᠤᠳᠠ | ᠪᠠᠯᠭᠠᠰᠤᠨ ᠳᠤ ᠠᠵᠢᠯ ᠣᠯᠣᠭᠰᠠᠨ ᠬᠥᠮᠥᠨ ᠢ 1200 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠬᠡᠷᠡᠭᠯᠡᠭᠡᠨ ᠤ | ᠦᠨ᠎ᠡ ᠶᠢᠨ ᠥᠰᠦᠯᠲᠡ ᠶᠢᠨ ᠬᠡᠮᠵᠢᠶ᠎ᠡ ᠶᠢ 2% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠣᠨ ᠠᠵᠤ ᠠᠬᠤᠢ ᠶᠢᠨ | ᠨᠡᠮᠡᠭᠳᠡᠯ ᠢ ᠵᠢᠭᠳᠡ ᠪᠠᠶᠢᠯᠭᠠᠨ᠎ᠠ︔ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ︔ ᠠᠮᠤ | ᠪᠤᠳᠠᠭᠠᠨ ᠤ ᠤᠨᠠᠯᠲᠠ ᠶᠢ 1.4 ᠲᠦᠮᠡᠨ ᠳ᠋ᠦᠩᠰᠢᠭᠤᠷ ᠵᠢᠩ ᠣᠷᠴᠢᠮ ᠪᠠᠶᠢᠯᠭᠠᠨ᠎ᠠ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ | ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠢ 3% ᠣᠷᠴᠢᠮ ᠢᠶᠠᠷ ᠪᠠᠭᠤᠷᠠᠭᠤᠯᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠤᠨ᠎ᠠ᠃ | ᠳᠡᠭᠡᠷ᠎ᠡ ᠳᠤᠷᠠᠳᠤᠭᠰᠠᠨ ᠵᠢᠱᠢᠭᠰᠡᠨ ᠬᠠᠷᠠᠯᠲᠠ ᠶᠢ ᠳᠤᠷᠠᠳᠬᠤ ᠳᠠᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠣᠯᠣᠨ ᠡᠯ᠎ᠡ ᠲᠠᠯ᠎ᠠ ᠶᠢᠨ | ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠡᠷᠡᠭᠴᠡᠭᠡ ᠪᠣᠯᠣᠨ ᠪᠣᠯᠣᠯᠴᠠᠭ᠎ᠠ ᠶᠢ ᠬᠠᠮᠲᠤ ᠳᠤᠨᠢ ᠬᠠᠷᠠᠭᠠᠯᠵᠠᠭᠰᠠᠨ ᠶᠤᠮ᠃ ᠠᠵᠤ ᠠᠬᠤᠢ ᠶᠢᠨ | ᠨᠡᠮᠡᠭᠳᠡᠯ ᠤᠨ ᠵᠢᠱᠢᠭᠰᠡᠨ ᠬᠠᠷᠠᠯᠲᠠ ᠶᠢ 5% ᠣᠷᠴᠢᠮ ᠪᠠᠶᠢᠯᠭᠠᠬᠤ ᠨᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢᠨ ᠬᠡᠷᠡᠭᠴᠡᠭᠡ ᠪᠤᠯᠬᠤ ᠮᠥᠷᠲᠡᠭᠡᠨ ᠪᠠᠰᠠ ᠠᠵᠤ ᠠᠬᠤᠢ ᠶᠢᠨ ᠨᠡᠮᠡᠭᠳᠡᠯ ᠤᠨ ᠳᠠᠯᠳᠠ ᠬᠦᠴᠦᠨ ᠪᠠ ᠠᠰᠢᠭᠲᠠᠢ | ᠨᠥᠬᠦᠴᠡᠯ ᠤᠨ ᠲᠤᠯᠭᠠᠭᠤᠷᠢᠯᠠᠯ ᠲᠠᠢ ᠪᠠᠶᠢᠵᠤ᠂ ᠲᠡᠷᠡᠴᠢᠯᠡᠨ ᠤᠷᠲᠤᠪᠲᠤᠷ ᠬᠤᠭᠤᠴᠠᠭᠠᠨ ᠤ ᠬᠥᠭᠵᠢᠯᠲᠡ ᠶᠢᠨ ᠬᠠᠷᠠᠯᠲᠠ ᠲᠠᠢ ᠵᠣᠯᠭᠠᠯᠳᠤᠭᠤᠯᠵᠤ᠂ ᠬᠦᠴᠢᠷ ᠢ | ᠰᠥᠷᠦᠨ ᠤᠷᠤᠭᠰᠢᠯᠠᠵᠤ ᠬᠦᠴᠦᠯᠡᠨ ᠴᠢᠷᠮᠠᠶᠢᠬᠤ ᠢᠯᠡ ᠲᠣᠳᠣ ᠤᠳᠤᠷᠢᠳᠤᠮᠵᠢ ᠶᠢ ᠲᠤᠪᠤᠶᠢᠯᠭᠠᠬᠰᠠᠨ ᠶᠤᠮ᠃ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ | ᠠᠯᠳᠠᠯᠲᠠ ᠶᠢᠨ ᠨᠣᠷᠮ᠎ᠠ ᠶᠢ 5.5% ᠣᠷᠴᠢᠮ ᠪᠠᠶᠢᠯᠭᠠᠬᠤ ᠨᠢ ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠴᠢᠨᠠᠷᠲᠠᠢ ᠵᠥᠷᠢᠴᠡᠯ ᠨᠠᠩ | ᠲᠣᠪᠣᠶᠢᠮ᠎ᠠ ᠪᠠᠶᠢᠬᠤ ᠠᠬᠤᠢ ᠪᠠᠶᠢᠳᠠᠯ ᠳᠣᠣᠷ᠎ᠠ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠡᠷᠴᠢᠮ ᠢ ᠴᠢᠩᠭᠠᠷᠠᠭᠤᠯᠬᠤ ᠱᠠᠭᠠᠷᠳᠠᠯᠭ᠎ᠠ ᠶᠢ ᠢᠯᠡᠷᠡᠭᠦᠯᠦᠭᠰᠡᠨ | ᠶᠤᠮ᠃ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 2% ᠣᠷᠴᠢᠮ ᠪᠠᠶᠢᠯᠭᠠᠬᠤ ᠶᠢᠨ ᠵᠣᠷᠢᠯᠭ᠎ᠠ ᠨᠢ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠪᠠ ᠥᠭᠡᠷᠡᠴᠢᠯᠡᠯᠲᠡ ᠶᠢᠨ ᠬᠠᠮᠲᠤ ᠶᠢᠨ ᠦᠢᠯᠡᠳᠦᠯ ᠢᠶᠠᠷ ᠳᠠᠮᠵᠢᠭᠤᠯᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ | ᠰᠠᠶᠢᠵᠢᠷᠠᠭᠤᠯᠵᠤ᠂ ᠦᠨ᠎ᠡ ᠬᠠᠩᠰᠢ ᠶᠢᠨ ᠶᠡᠷᠦᠩᠬᠡᠢ ᠲᠦᠪᠰᠢᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢᠨ ᠲᠥᠯᠥᠭᠡ ᠶᠤᠮ᠃ ᠡᠳᠡᠭᠡᠷ ᠬᠠᠷᠠᠯᠲᠠ ᠶᠢ | ᠪᠡᠶᠡᠯᠡᠭᠦᠯᠬᠦ ᠳᠤ ᠮᠠᠰᠢ ᠭᠢᠯᠪᠡᠷ ᠪᠤᠰᠤ ᠶᠤᠮ᠂ ᠡᠷᠬᠡᠪᠰᠢ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠬᠡᠷᠡᠭᠲᠡᠢ᠃ | ᠪᠢᠳᠡ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠪᠠ ᠤᠷᠤᠭᠰᠢᠯᠠᠭᠤᠯᠬᠤ ᠪᠠᠷ ᠲᠣᠭᠲᠠᠭᠤᠨ ᠪᠠᠶᠢᠯᠭᠠᠬᠤ ᠶᠢ ᠠᠬᠢᠭᠤᠯᠬᠤ᠂ ᠲᠥᠪ | ᠶᠣᠰᠣ ᠶᠢ ᠰᠠᠬᠢᠨ ᠰᠢᠨ᠎ᠡ ᠶᠢ ᠡᠭᠦᠳᠬᠦ ᠪᠠ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠨᠢ ᠡᠪᠳᠡᠬᠦ᠂ ᠰᠢᠰᠲ᠋ᠧᠮᠵᠢᠭᠦᠯᠦᠨ ᠬᠤᠷᠠᠭᠤᠯᠬᠤ | ᠪᠠ ᠬᠠᠮᠲᠤᠷᠠᠨ ᠬᠠᠮᠵᠢᠯᠴᠠᠬᠤ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠶᠢᠳᠠᠯ ᠤᠨ | ᠬᠤᠪᠢᠷᠠᠯᠲᠠ ᠶᠢ ᠦᠨᠳᠦᠰᠦᠯᠡᠨ ᠲᠦᠷᠦ ᠶᠢᠨ ᠪᠣᠳᠣᠯᠭ᠎ᠠ ᠶᠢ ᠬᠥᠳᠡᠯᠦᠩᠭᠦᠢ ᠪᠠᠷ ᠲᠣᠬᠢᠷᠠᠭᠤᠯᠵᠤ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠪᠠᠷᠠᠯᠠᠭᠢᠯᠠᠯᠳᠤ ᠴᠢᠨᠠᠷ᠂ | ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ ᠬᠠᠷᠠᠯᠲᠠ ᠪᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠲᠥᠷᠥ ᠶᠢᠨ | ᠪᠣᠳᠣᠯᠭ᠎ᠠ ᠶᠢᠨ ᠬᠠᠨᠳᠤᠰᠢ ᠶᠢ ᠡᠵᠡᠮᠳᠡᠨ᠂ ᠴᠠᠭ ᠲᠣᠭᠢᠶᠠᠯ ᠪᠠ ᠡᠷᠴᠢᠮ ᠢ ᠡᠷᠬᠢᠮᠯᠡᠵᠦ᠂ ᠰᠢᠰᠲ᠋ᠧᠮᠲᠦ ᠰᠡᠳᠬᠢᠬᠦᠢ ᠶᠢ ᠴᠢᠩᠭᠠᠳᠬᠠᠵᠤ᠂ ᠬᠤᠷᠸ᠎ᠠ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ | ᠡᠳ᠋ ᠤᠨ ᠵᠠᠰᠠᠭ ᠤᠨ ᠨᠡᠩ ᠢᠳᠡᠪᠬᠢᠲᠡᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠣᠷᠣᠯᠭ᠎ᠠ᠂ ᠵᠢᠭᠡᠯᠡᠯᠭᠡ ᠶᠢᠨ ᠲᠡᠮᠳᠡᠭᠲᠦ ᠵᠡᠷᠭᠡ ᠡᠯ᠎ᠡ | ᠲᠥᠷᠥᠯ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ | ᠦᠷᠭᠦᠯᠵᠢᠯᠡᠨ ᠬᠦᠴᠦᠯᠡᠵᠦ᠂ ᠨᠠᠩ ᠢᠯᠡᠭᠦᠦ ᠬᠦᠴᠦᠲᠡᠢ ᠪᠤᠯᠬᠤ ᠶᠢ ᠦᠨᠡᠨ ᠬᠦ ᠪᠠᠲᠤᠯᠠᠨ᠎ᠠ᠃ ᠡᠨᠡ ᠵᠢᠯ ᠤᠨ ᠤᠯᠠᠭᠠᠨ ᠲᠤᠭ᠎ᠠ ᠶᠢᠨ ᠨᠣᠷᠮ᠎ᠠ ᠶᠢ 4% | ᠣᠷᠴᠢᠮ ᠢᠶᠠᠷ ᠲᠣᠬᠢᠷᠠᠭᠤᠯᠵᠤ᠂ ᠲᠦᠷᠦᠭᠦᠦ ᠵᠢᠯ ᠤᠨ ᠬᠢ ᠠᠴᠠ 1 ᠵᠠᠭᠤᠨ ᠤ ᠨᠢᠭᠡᠴᠢ ᠳᠡᠭᠡᠭᠰᠢᠯᠡᠭᠦᠯᠵᠦ᠂ ᠤᠯᠠᠭᠠᠨ ᠲᠤᠭ᠎ᠠ ᠶᠢᠨ ᠬᠡᠪᠴᠢᠶ᠎ᠡ ᠶᠢ 5.66 | ᠲᠦᠮᠡᠨ ᠳ᠋ᠦᠩᠰᠢᠭᠤᠷ ᠲᠥᠭᠦᠷᠢᠭ ᠪᠠᠶᠢᠯᠭᠠᠵᠤ᠂ ᠲᠦᠷᠦᠭᠦᠦ ᠵᠢᠯ ᠤᠨ ᠬᠢ ᠠᠴᠠ 1.6 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠪᠠᠶᠢᠨ᠎ᠠ᠃ | ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠬᠡᠪᠴᠢᠶ᠎ᠡ ᠶᠢ 29.7 ᠲᠦᠮᠡᠨ ᠳ᠋ᠦᠩᠰᠢᠭᠤᠷ ᠲᠥᠭᠦᠷᠢᠭ ᠪᠠᠶᠢᠯᠭᠠᠵᠤ᠂ ᠲᠦᠷᠦᠭᠦᠦ ᠵᠢᠯ ᠤᠨ | ᠬᠢ ᠠᠴᠠ 1.2 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ᠃ ᠭᠡᠲᠦ ᠤᠷᠳᠤ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢ 1.3 ᠲᠦᠮᠡᠨ | ᠳ᠋ᠦᠩᠰᠢᠭᠤᠷ ᠲᠥᠭᠦᠷᠢᠭ ᠲᠠᠷᠬᠠᠭᠠᠵᠤ᠂ ᠲᠦᠷᠦᠭᠦᠦ ᠵᠢᠯ ᠤᠨ ᠬᠢ ᠠᠴᠠ 3000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠪᠠᠶᠢᠨ᠎ᠠ᠃ ᠣᠨᠴᠠᠭᠠᠶ | ᠤᠯᠤᠰ ᠤᠨ ᠵᠢᠭᠡᠯᠡᠯᠭᠡ ᠶᠢ 5000 ᠳ᠋ᠦᠩᠰᠢᠭᠤᠷ ᠲᠥᠭᠦᠷᠢᠭ ᠲᠠᠷᠬᠠᠭᠠᠵᠤ᠂ ᠤᠯᠤᠰ ᠤᠨ ᠥᠮᠴᠢᠯᠡᠯ ᠤᠨ ᠲᠣᠮᠣ ᠭᠡᠯᠪᠡᠷᠢ ᠶᠢᠨ ᠬᠤᠳᠠᠯᠳᠤᠭᠠᠨ ᠤ ᠪᠠᠩᠬᠢ ᠶᠢᠨ | ᠬᠥᠷᠥᠩᠭᠡ ᠪᠠᠨ ᠨᠥᠬᠦᠪᠦᠷᠢᠯᠡᠬᠦ ᠶᠢ ᠳᠡᠮᠵᠢᠬᠦ ᠪᠠᠷ ᠪᠠᠶᠢᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ | 4.4 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠲᠦᠷᠦᠭᠦᠦ ᠵᠢᠯ ᠤᠨ ᠬᠢ ᠠᠴᠠ 5000 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠪᠡᠯᠡ | ᠣᠷᠣᠭᠤᠯᠵᠤ ᠪᠦᠲᠦᠭᠡᠨ ᠪᠠᠶᠢᠭᠤᠯᠬᠤ᠂ ᠭᠠᠵᠠᠷ ᠰᠢᠷᠣᠢ ᠬᠤᠳᠠᠯᠳᠤᠨ ᠠᠪᠴᠤ ᠨᠥᠭᠡᠴᠡᠯᠡᠬᠦ ᠪᠠ ᠬᠠᠳᠠᠭᠠᠯᠠᠯᠲᠠ ᠲᠠᠸᠠᠷ ᠤᠨ ᠭᠡᠷ ᠪᠠᠶᠢᠰᠢᠩ ᠢ ᠬᠤᠳᠠᠯᠳᠤᠨ | ᠠᠪᠬᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢᠲᠦᠵᠦ ᠪᠠᠶᠢᠭ᠎ᠠ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠰᠢᠢᠳᠪᠦᠷᠢᠯᠡᠬᠦ ᠵᠡᠷᠭᠡ ᠳᠤ | ᠭᠤᠣᠯᠳᠠᠯᠭ᠎ᠠ ᠲᠠᠢ ᠬᠡᠷᠡᠭᠯᠡᠬᠦ ᠪᠠᠷ ᠪᠠᠶᠢᠨ᠎ᠠ᠃ ᠡᠨᠡ ᠵᠢᠯ ᠵᠠᠰᠠᠭ ᠤᠨ ᠣᠷᠳᠣᠨ ᠤ ᠥᠷᠢ ᠥᠭᠴᠡᠭᠡ ᠶᠢᠨ ᠶᠡᠷᠦᠩᠬᠡᠢ ᠬᠡᠪᠴᠢᠶ᠎ᠡ ᠶᠢ ᠨᠡᠶᠢᠲᠡ 11.86 ᠲᠦᠮᠡᠨ | ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠲᠦᠷᠦᠭᠦᠦ ᠵᠢᠯ ᠤᠨ ᠬᠢ ᠠᠴᠠ 2.9 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠦᠨ᠂ ᠡᠳ᠋ ᠤᠨ | ᠵᠠᠰᠠᠭ ᠤᠨ ᠵᠠᠷᠤᠯᠭ᠎ᠠ ᠶᠢᠨ ᠡᠷᠴᠢᠮ ᠢ ᠢᠯᠡᠳᠲᠡ ᠴᠢᠩᠭᠠᠷᠠᠭᠤᠯᠤᠨ᠎ᠠ᠃ ᠡᠯ᠎ᠡ ᠵᠦᠢᠯ ᠤᠨ ᠪᠡᠯᠡ ᠮᠥᠩᠭᠦ ᠶᠢ ᠳᠣᠷᠣᠭᠰᠢ ᠪᠠᠭᠤᠯᠭᠠᠵᠤ ᠰᠠᠯᠭᠠᠨ ᠥᠭᠬᠦ ᠶᠢ | ᠲᠦᠷᠭᠡᠳᠬᠡᠵᠦ᠂ ᠠᠯᠢ ᠲᠦᠷᠭᠡᠨ ᠢᠶᠠᠷ ᠪᠣᠳᠠᠲᠠᠢ ᠵᠠᠷᠤᠯᠭ᠎ᠠ ᠪᠤᠯᠭᠠᠵᠤ ᠪᠦᠷᠢᠯᠳᠦᠭᠦᠯᠦᠨ᠎ᠡ᠃ ᠵᠠᠷᠤᠯᠭ᠎ᠠ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ᠂ ᠰᠡᠯᠭᠦᠬᠦ ᠬᠦᠴᠦᠨ ᠢ ᠨᠡᠮᠡᠭᠳᠡᠭᠦᠯᠬᠦ ᠶᠢ ᠨᠡᠩ ᠴᠢᠬᠤᠯᠠᠴᠢᠯᠠᠵᠤ᠂ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠦᠨ᠎ᠡ᠃ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠲᠤ ᠡᠡ᠊ᠩ ᠤᠨ ᠴᠢᠨᠠᠷᠲᠠᠢ | ᠰᠢᠯᠵᠢᠭᠦᠯᠦᠨ ᠥᠭᠬᠦ ᠡᠷᠴᠢᠮ ᠢᠶᠠᠨ ᠴᠢᠩᠭᠠᠷᠠᠭᠤᠯᠵᠤ᠂ ᠬᠦᠴᠢᠷᠳᠡᠯ ᠲᠠᠢ ᠭᠠᠵᠠᠷ ᠣᠷᠣᠨ ᠪᠠ ᠬᠥᠭᠵᠢᠯᠲᠡ ᠪᠠᠷᠤᠭᠲᠠᠢ ᠭᠠᠵᠠᠷ ᠣᠷᠣᠨ ᠲᠡᠶᠢᠰᠢ ᠬᠡᠯᠪᠡᠶᠢᠯᠭᠡᠨ᠎ᠡ᠃ | ᠱᠠᠲᠤ ᠬᠤᠪᠢᠶᠠᠨ ᠪᠠᠲᠤᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠭ᠎ᠠ ᠲᠠᠢ ᠪᠠᠶᠢᠯᠭᠠᠬᠤ︾ | ᠬᠢᠵᠠᠭᠠᠷ ᠱᠤᠭᠤᠮ ᠢ ᠪᠠᠲᠤ ᠴᠣᠭᠴᠠᠯᠠᠵᠤ ᠪᠠᠲᠤ ᠰᠠᠬᠢᠨ᠎ᠠ᠃ ᠵᠠᠰᠠᠭ ᠤᠨ ᠣᠷᠳᠣᠨ ᠠᠷᠪᠢᠯᠠᠵᠤ ᠠᠮᠢᠳᠤᠷᠠᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠰᠢᠨᠵᠢᠯᠡᠬᠦ | ᠤᠬᠠᠭᠠᠨᠴᠢ ᠬᠠᠮᠢᠶᠠᠷᠤᠯᠲᠠ ᠶᠢ ᠠᠬᠢᠭᠤᠯᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠨ᠂ ᠱᠠᠯᠢᠨ ᠪᠦᠷᠢᠯᠭᠡᠬᠦ ᠶᠢ ᠴᠢᠩᠭ᠎ᠠ | ᠴᠠᠭᠠᠵᠠᠯᠠᠵᠤ᠂ ᠨᠡᠩ ᠤᠯᠠᠨ ᠪᠡᠯᠡ ᠮᠥᠩᠭᠦ ᠶᠢ ᠰᠤᠯᠠᠯᠠᠨ ᠭᠠᠷᠭᠠᠵᠤ ᠬᠥᠭᠵᠢᠯᠲᠡ ᠶᠢᠨ ᠬᠡᠷᠡᠭᠴᠡᠭᠡ᠂ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠳᠤ | ᠨᠡᠶᠢᠴᠡᠭᠦᠯᠵᠦ ᠬᠡᠷᠡᠭᠯᠡᠨ᠎ᠡ᠃ | ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠵᠣᠭᠤᠰᠤᠨ ᠤ ᠲᠥᠷᠥ ᠶᠢᠨ ᠪᠣᠳᠣᠯᠭ᠎ᠠ ᠶᠢᠨ | ᠪᠠᠭᠠᠵᠢ ᠶᠢᠨ ᠶᠡᠷᠦᠩᠬᠡᠢ ᠬᠡᠮᠵᠢᠶ᠎ᠡ ᠪᠣᠯᠣᠨ ᠪᠦᠲᠦᠴᠡ ᠶᠢᠨ ᠳᠠᠪᠬᠤᠷ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ | ᠨᠤᠷᠮ᠎ᠠ ᠪᠠ ᠬᠦᠦ ᠮᠥᠩᠭᠦ ᠶᠢᠨ ᠨᠤᠷᠮ᠎ᠠ ᠶᠢ ᠴᠠᠭ ᠲᠤᠨᠢ ᠲᠣᠬᠢᠷᠠᠭᠤᠯᠤᠨ ᠪᠠᠭᠤᠷᠠᠭᠤᠯᠵᠤ᠂ ᠭᠦᠢᠯᠭᠡᠭᠡᠨ ᠤ ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠵᠤ᠂ | ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠬᠡᠪᠴᠢᠶ᠎ᠡ᠂ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ᠂ ᠦᠨ᠎ᠡ | ᠬᠠᠩᠰᠢ ᠶᠢᠨ ᠶᠡᠷᠦᠩᠬᠡᠢ ᠬᠡᠮᠵᠢᠶ᠎ᠡ ᠶᠢᠨ ᠵᠢᠱᠢᠭᠰᠡᠨ ᠬᠠᠷᠠᠯᠲᠠ ᠯᠤᠭ᠎ᠠ ᠵᠣᠬᠢᠴᠠᠯᠳᠤᠭᠤᠯᠤᠨ᠎ᠠ᠃ ᠪᠦᠲᠦᠴᠡ ᠶᠢᠨ ᠴᠢᠨᠠᠷᠲᠠᠢ ᠵᠣᠭᠤᠰᠤᠨ ᠤ ᠲᠥᠷᠥ ᠶᠢᠨ | ᠪᠣᠳᠣᠯᠭ᠎ᠠ ᠶᠢᠨ ᠪᠠᠭᠠᠵᠢ ᠶᠢ ᠰᠢᠯᠢᠳᠡᠭᠵᠢᠭᠦᠯᠬᠦ ᠪᠠ ᠡᠨᠡ ᠲᠠᠯ᠎ᠠ ᠪᠠᠷ ᠰᠢᠨ᠎ᠡ ᠶᠢ ᠡᠭᠦᠳᠴᠦ᠂ ᠲᠠᠸᠠᠷ ᠤᠨ ᠪᠠᠶᠢᠰᠢᠩ ᠤᠨ ᠵᠠᠬ᠎ᠠ ᠳᠡᠯᠭᠡᠭᠦᠷ ᠰᠲ᠋ᠣᠺ ᠤᠨ ᠵᠠᠬ᠎ᠠ | ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠨᠠᠩ ᠶᠡᠭᠡ ᠡᠷᠴᠢᠮ ᠢᠶᠠᠷ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ | ᠨᠣᠭᠤᠭᠠᠨ ᠬᠥᠭᠵᠢᠯᠲᠡ᠂ ᠬᠡᠷᠡᠭᠯᠡᠭᠡ ᠶᠢ ᠬᠥᠭᠵᠢᠭᠡᠬᠦ ᠵᠢᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠵᠢᠵᠢᠭ ᠪᠢᠴᠢᠯ ᠠᠵᠤ ᠠᠬᠤᠶᠢᠯᠠᠯ ᠵᠡᠷᠭᠡ ᠳᠤ | ᠦᠵᠡᠭᠦᠯᠭᠦ ᠳᠡᠮᠵᠢᠯᠭᠡ ᠪᠠᠨ ᠴᠢᠩᠭᠠᠷᠠᠭᠤᠯᠤᠨ᠎ᠠ᠃ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠳᠠᠮᠵᠢᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ | ᠨᠠᠪᠲᠠᠷᠡᠭᠦᠯᠵᠦ᠂ ᠬᠦᠦ ᠮᠥᠩᠭᠦ ᠶᠢᠨ ᠨᠣᠷᠮ᠎ᠠ ᠶᠢᠨ ᠪᠦᠷᠢᠯᠳᠦᠬᠦ ᠪᠠ ᠳᠠᠮᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠬᠡ ᠮᠥᠩᠭᠦ ᠶᠢ ᠨᠢ ᠪᠤᠴᠠᠭᠠᠯᠭᠠᠬᠤ | ᠦᠭᠡᠢ ᠪᠠᠷ ᠵᠢᠭᠡᠯᠡᠯᠭᠡ ᠶᠢ ᠦᠷᠭᠦᠯᠵᠢᠯᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠡᠯᠡ ᠲᠣᠬᠢᠷᠠᠭᠤᠯᠭ᠎ᠠ ᠶᠢᠨ ᠢᠲᠡᠭᠡᠮᠵᠢ ᠶᠢ ᠨᠡᠮᠡᠭᠳᠡᠭᠦᠯᠬᠦ ᠪᠠ | ᠲᠦᠭᠰᠢᠭᠦᠷᠢ ᠶᠢ ᠬᠤᠪᠢᠶᠠᠨ ᠡᠭᠦᠷᠭᠡᠯᠡᠬᠦ ᠵᠡᠷᠭᠡ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ᠃ ᠨᠡᠶᠢᠭᠡᠮ ᠤᠨ ᠶᠡᠷᠦᠩᠬᠡᠶᠢᠯᠡᠭᠰᠡᠨ ᠪᠡᠯᠡ | ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠦᠷᠲᠡᠵᠦ ᠪᠤᠯᠬᠤ ᠴᠢᠨᠠᠷ ᠪᠠ | ᠲᠥᠭᠦᠮ ᠳᠥᠲᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ | ᠲᠡᠩᠴᠡᠭᠦᠷᠢᠲᠡᠢ ᠲᠦᠪᠰᠢᠨ ᠳᠡᠭᠡᠷ᠎ᠡ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ ᠪᠠᠲᠤᠯᠠᠨ᠎ᠠ᠃ ᠲᠥᠪ ᠪᠠᠩᠬᠢ ᠶᠢᠨ ᠬᠤᠷᠸ᠎ᠠ ᠲᠠᠯ᠎ᠠ ᠪᠠᠷ ᠬᠢᠨᠠᠭᠤᠷ | ᠪᠣᠯᠭᠤᠮᠵᠢᠲᠠᠢ ᠬᠠᠮᠢᠶᠠᠷᠬᠤ ᠪᠠ ᠮᠥᠩᠭᠦᠨ ᠭᠦᠢᠯᠭᠡᠭᠡ ᠶᠢ ᠲᠣᠭᠲᠠᠭᠤᠨ ᠪᠠᠶᠢᠯᠭᠠᠬᠤ ᠴᠢᠳᠠᠮᠵᠢ ᠶᠢ ᠥᠷᠭᠡᠳᠬᠡᠵᠦ᠂ ᠮᠥᠩᠭᠦᠨ ᠭᠦᠢᠯᠭᠡᠭᠡᠨ ᠤ ᠪᠠᠭᠠᠵᠢ ᠶᠢᠨ | ᠲᠠᠯ᠎ᠠ ᠪᠠᠷ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ᠬᠤᠷᠸ᠎ᠠ ᠲᠥᠷᠥ ᠶᠢᠨ ᠪᠣᠳᠣᠯᠭ᠎ᠠ ᠶᠢᠨ ᠠᠷᠠᠳ ᠤᠨ ᠠᠮᠢᠳᠤᠷᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠨ᠎ᠠ᠃ ᠠᠷᠠᠳ ᠲᠦᠮᠡᠨ ᠢᠶᠠᠷ ᠭᠤᠣᠯ | ᠪᠤᠯᠭᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ | ᠬᠡᠷᠡᠭᠯᠡᠭᠡ ᠶᠢ ᠠᠬᠢᠭᠤᠯᠬᠤ ᠲᠡᠶᠢᠰᠢ ᠨᠡᠩ ᠢᠯᠡᠭᠦᠦ ᠰᠢᠯᠵᠢᠭᠦᠯᠵᠦ᠂ ᠬᠡᠷᠡᠭᠯᠡᠭᠡ ᠪᠠᠷ ᠠᠵᠤ ᠠᠬᠤᠢ ᠶᠢᠨ ᠣᠷᠴᠢᠯ ᠢ ᠬᠥᠭᠵᠢᠭᠡᠨ ᠰᠢᠯᠤᠭᠤᠳᠬᠠᠵᠤ᠂ ᠬᠡᠷᠡᠭᠯᠡᠭᠡ ᠶᠢᠨ | ᠳᠡᠰ ᠳᠡᠪᠰᠢᠯᠲᠡ ᠪᠠᠷ ᠠᠵᠤ ᠦᠢᠯᠡᠰ ᠤᠨ ᠳᠡᠰ ᠳᠡᠪᠰᠢᠯᠲᠡ ᠶᠢ ᠬᠥᠲᠥᠯᠥᠨ ᠳᠠᠭᠠᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤᠮᠳᠠ | ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠨ᠎ᠠ᠃ ᠨᠠᠩ ᠣᠯᠠᠨ ᠪᠡᠯᠡ ᠮᠥᠩᠭᠦ ᠡᠬᠢ ᠪᠠᠶᠠᠯᠢᠭ ᠤᠨ ︽ᠬᠥᠮᠥᠨ ᠳᠤ ᠪᠡᠯᠡ ᠣᠷᠣᠭᠤᠯᠬᠤ︾ ᠪᠠ | ᠠᠷᠠᠳ ᠤᠨ ᠠᠮᠢᠳᠤᠷᠠᠯ ᠳᠤ ᠦᠢᠯᠡᠴᠢᠯᠡᠬᠦ ᠶᠢ ᠠᠬᠢᠭᠤᠯᠵᠤ᠂ ᠠᠵᠢᠯ ᠣᠯᠭᠤᠯᠲᠠ ᠶᠢ ᠥᠷᠭᠡᠳᠬᠡᠬᠦ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ | ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠬᠤ᠂ ᠬᠡᠷᠡᠭᠯᠡᠭᠡ ᠶᠢᠨ ᠤᠷᠮᠠᠰᠢᠭᠤᠯᠤᠯ ᠢ ᠴᠢᠩᠭᠠᠳᠬᠠᠬᠤ ᠶᠢ ᠳᠡᠮᠵᠢᠵᠦ᠂ ᠠᠵᠤ ᠠᠬᠤᠢ ᠶᠢᠨ ᠬᠥᠭᠵᠢᠯᠲᠡ ᠪᠠ | ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢᠨ ᠰᠠᠶᠢᠨ ᠣᠷᠴᠢᠯ ᠢ ᠪᠤᠢ ᠪᠣᠯᠭᠠᠨ᠎ᠠ᠃ | ᠬᠠᠮ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ᠎ᠡ᠃ ᠡᠳ᠋ ᠤᠨ ᠵᠠᠰᠠᠭ᠂ ᠵᠣᠭᠤᠰ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ᠂ | ᠠᠷᠠᠯᠵᠢᠶ᠎ᠠ᠂ ᠣᠷᠴᠢᠨ ᠠᠬᠤᠢ ᠶᠢᠨ ᠬᠠᠮᠠᠭᠠᠯᠠᠯᠲᠠ᠂ ᠬᠢᠨᠠᠯᠲᠠ ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠵᠢᠴᠢ ᠥᠭᠡᠷᠡᠴᠢᠯᠡᠯᠲᠡ | ᠨᠡᠭᠡᠭᠡᠯᠲᠡ ᠶᠢᠨ ᠠᠷᠭ᠎ᠠ ᠬᠡᠮᠵᠢᠶ᠎ᠡ ᠯᠦᠭᠡ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠨᠡᠶᠢᠯᠡᠯ ᠬᠦᠴᠦᠨ ᠢ | ᠴᠢᠩᠭᠠᠷᠠᠭᠤᠯᠤᠨ᠎ᠠ᠃ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠦᠨᠡᠯᠡᠨ ᠵᠢᠱᠢᠬᠦ ᠠᠵᠢᠯ ᠤᠨ ᠲᠣᠭᠲᠠᠴᠠ ᠶᠢ ᠪᠦᠷᠢᠨᠰᠢᠭᠦᠯᠬᠦ | ᠪᠠ ᠰᠠᠶᠢᠲᠤᠷ ᠬᠡᠷᠡᠭᠯᠡᠵᠦ᠂ ᠠᠵᠤ ᠠᠬᠤᠢ ᠶᠢᠨ ᠲᠥᠷᠥ ᠶᠢᠨ ᠪᠣᠳᠣᠯᠭ᠎ᠠ ᠪᠣᠯᠣᠨ ᠠᠵᠤ ᠠᠬᠤᠢ ᠶᠢᠨ ᠪᠤᠰᠤ ᠲᠥᠷᠥ ᠶᠢᠨ ᠪᠣᠳᠣᠯᠭ᠎ᠠ ᠶᠢ ᠨᠢᠭᠡᠳᠦᠯᠲᠦ ᠴᠢᠨᠠᠷ ᠤᠨ | ᠦᠨᠡᠯᠡᠨ ᠵᠢᠱᠢᠯᠲᠡ ᠳᠤ ᠨᠢᠭᠡᠳᠦᠯᠲᠡᠢ ᠣᠷᠣᠭᠤᠯᠵᠤ᠂ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠬᠡᠷᠡᠭᠵᠢᠭᠦᠯᠬᠦ ᠪᠦᠭᠦ ᠶᠠᠪᠤᠴᠠ ᠶᠢ ᠨᠢᠭᠡᠳᠦᠯᠲᠡᠢ | ᠲᠥᠯᠥᠪᠯᠡᠵᠦ᠂ ᠲᠥᠷᠥ ᠶᠢᠨ ᠪᠣᠳᠣᠯᠭ᠎ᠠ ᠶᠢᠨ ᠬᠠᠷᠠᠯᠲᠠ᠂ ᠪᠠᠭᠠᠵᠢ᠂ ᠴᠠᠭ ᠲᠣᠭᠢᠶᠠᠯ᠂ ᠡᠷᠴᠢᠮ᠂ ᠠᠶᠢᠵᠠᠮ ᠤᠨ ᠵᠣᠬᠢᠴᠠᠯᠳᠤᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠥᠷᠥ ᠶᠢᠨ ᠪᠣᠳᠣᠯᠭ᠎ᠠ ᠨᠡᠶᠢᠲᠡᠯᠡᠨ ᠬᠡᠷᠡᠭᠵᠢᠭᠦᠯᠬᠦ ᠳᠡᠭᠡᠨ ᠡᠷᠲᠡᠯᠡᠭᠦᠯᠵᠦ ᠪᠤᠯᠬᠤ ᠶᠢ ᠨᠢ ᠡᠷᠲᠡᠯᠡᠭᠦᠯᠦᠨ᠂ ᠡᠷᠲᠡᠯᠡᠭᠦᠯᠬᠦ ᠠᠴᠠ ᠪᠢᠰᠢ ᠣᠷᠦ᠋ᠢᠲᠠᠭᠤᠯᠬᠤ ᠦᠭᠡᠢ | ᠪᠠᠶᠢᠵᠤ᠂ ᠡᠯ᠎ᠡ ᠵᠦᠢᠯ ᠤᠨ ᠮᠠᠭᠠᠳ ᠪᠤᠰᠤ ᠴᠢᠨᠠᠷ ᠯᠤᠭ᠎ᠠ ᠤᠷᠤᠯᠳᠤᠨ ᠴᠠᠭ ᠢ ᠠᠮᠵᠢᠵᠤ᠂ ᠵᠥᠪ ᠭᠡᠵᠦ ᠦᠵᠡᠭᠰᠡᠨ ᠢᠶᠠᠨ ᠨᠢᠭᠡ ᠯᠡ ᠳᠡᠭᠡᠷ᠎ᠡ ᠭᠦᠢᠴᠡᠳ | ᠬᠠᠩᠭᠠᠯᠲᠠᠲᠠᠢ ᠲᠣᠭᠲᠠᠭᠠᠨ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠳᠡᠭᠡᠳᠦ ᠳᠣᠣᠷᠠᠳᠤ | ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠬᠥᠨᠳᠡᠯᠡᠨ ᠢᠶᠠᠷ ᠬᠠᠮᠵᠢᠯᠴᠠᠬᠤ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ︽ᠡᠬᠢᠨ ᠤ ᠨᠢᠭᠡ | ᠺᠢᠯᠣᠮᠧᠲᠷ︾ ᠠᠴᠠ ︽ᠡᠴᠦᠰ ᠤᠨ ᠨᠢᠭᠡ ᠺᠢᠯᠣᠮᠧᠲᠷ︾ ᠭᠦᠷᠲᠡᠯ᠎ᠡ ᠵᠣᠯᠭᠠᠯᠳᠤᠨ ᠰᠠᠭᠠᠳ ᠦᠭᠡᠢ ᠨᠡᠪᠲᠡᠷᠡᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ | ᠲᠠᠭᠤᠨ ᠢ ᠰᠣᠨᠣᠰᠬᠤ ᠶᠢ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠ ᠵᠢᠱᠢᠯᠲᠡ ᠪᠠᠷ ᠬᠥᠲᠥᠯᠥᠨ ᠵᠢᠯᠤᠭᠤᠳᠬᠤ ᠶᠢ ᠬᠠᠮᠵᠢᠯᠴᠠᠭᠤᠯᠤᠨ | ᠠᠬᠢᠭᠤᠯᠵᠤ᠂ ᠢᠳᠡᠪᠬᠢᠲᠡᠢ ᠨᠡᠶᠢᠭᠡᠮ ᠤᠨ ᠵᠢᠱᠢᠯᠲᠡ ᠶᠢ ᠪᠤᠶ ᠪᠣᠯᠭᠠᠨ᠎ᠠ᠃ | ᠡᠨᠡ ᠵᠢᠯ ᠤᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠬᠦ ᠳᠤ᠂ ᠡᠷᠬᠡᠪᠰᠢ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠭᠦᠯᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠠᠳᠬᠤᠵᠤ᠂ ᠶᠠᠰᠤ ᠴᠢᠨᠠᠷ ᠢᠶᠠᠷ ᠢᠯᠠᠬᠤ ᠪᠠ | ᠬᠡᠪᠴᠢᠶᠡᠵᠢᠭᠦᠯᠬᠦ ᠦᠢᠯᠡᠳᠦᠯ ᠢ ᠪᠠᠳᠠᠷᠠᠭᠤᠯᠬᠤ ᠶᠢ ᠨᠢᠭᠡᠳᠦᠭᠦᠯᠬᠦ ᠶᠢ ᠪᠠᠷᠢᠮᠲᠠᠯᠠᠵᠤ᠂ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ | ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠦᠨ᠎ᠡ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠤᠯᠤᠰ ᠤᠨ | ᠳᠣᠲᠣᠭᠠᠳᠤ ᠶᠢᠨ ᠶᠡᠭᠡ ᠣᠷᠴᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠡᠭᠡᠭᠡᠯᠲᠡ ᠶᠢ ᠥᠷᠭᠡᠳᠬᠡᠬᠦ ᠳᠤᠮᠳᠠ ᠤᠯᠠᠨ ᠤᠯᠤᠰ ᠤᠨ ᠬᠠᠮᠲᠤᠷᠠᠯᠴᠠᠭᠠᠨ ᠤ | ᠣᠷᠣᠨ ᠵᠠᠢ ᠶᠢ ᠥᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠤᠨ ᠨᠡᠩ ᠥᠨᠳᠥᠷ ᠲᠦᠪᠰᠢᠨ ᠳᠡᠭᠡᠷ᠎ᠡ ᠬᠠᠷᠢᠯᠴᠠᠨ ᠠᠬᠢᠭᠤᠯᠬᠤ᠂ | ᠰᠠᠶᠢᠨ ᠦᠢᠯᠡᠳᠦᠯᠴᠡᠬᠦ ᠶᠢ ᠪᠡᠶᠡᠯᠡᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠬᠡᠷᠡᠭᠯᠡᠭᠡᠨ ᠤ ᠬᠠᠩᠭᠠᠯᠭ᠎ᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠴᠢᠨᠠᠷ ᠰᠠᠶᠢᠲᠠᠢ ᠬᠠᠩᠭᠠᠯᠭ᠎ᠠ ᠪᠠᠷ ᠬᠡᠷᠡᠭᠴᠡᠭᠡ ᠶᠢ | ᠬᠥᠲᠥᠯᠥᠨ ᠳᠠᠭᠠᠭᠤᠯᠬᠤ ᠪᠠ ᠬᠡᠷᠡᠭᠴᠡᠭᠡ ᠶᠢ ᠡᠭᠦᠳᠬᠦ ᠶᠢ ᠨᠡᠩ ᠴᠢᠬᠤᠯᠠᠴᠢᠯᠠᠨ᠎ᠠ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠪᠠᠷ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠬᠤ ᠶᠢ ᠪᠠᠷᠢᠮᠲᠠᠯᠠᠵᠤ᠂ ᠨᠡᠶᠢᠭᠡᠮ ᠳᠠᠶᠠᠭᠠᠷ ᠤᠨ ᠰᠢᠨ᠎ᠡ ᠶᠢ ᠡᠭᠦᠳᠬᠦ ᠪᠠ ᠡᠭᠦᠳᠦᠨ | ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠭᠤᠷᠪᠠ᠂ 2025 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ | ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠭᠦᠷᠭᠡ ᠮᠠᠰᠢ ᠨᠦᠰᠡᠷ ᠬᠦᠨᠳᠦ ᠪᠠᠶᠢᠨ᠎ᠠ᠃ ᠪᠢᠳᠡ ᠭᠤᠣᠯᠳᠠᠯᠭ᠎ᠠ ᠶᠢ ᠲᠣᠪᠤᠶᠢᠯᠭᠠᠨ᠂ | ᠵᠠᠩᠭᠢᠯᠠᠭ᠎ᠠ ᠶᠢ ᠡᠵᠡᠮᠳᠡᠵᠦ᠂ ᠳᠣᠣᠷᠠᠬᠢ ᠬᠡᠳᠦᠨ ᠲᠠᠯ᠎ᠠ ᠶᠢᠨ ᠠᠵᠢᠯ ᠢ ᠴᠢᠬᠤᠯᠠᠴᠢᠯᠠᠨ ᠰᠠᠶᠢᠲᠤᠷ ᠠᠳᠬᠤᠬᠤ ᠬᠡᠷᠡᠭᠲᠡᠢ᠃ | ︵ᠨᠢᠭᠡ︶ ᠬᠡᠷᠡᠭᠯᠡᠭᠡ ᠶᠢ ᠶᠡᠭᠡ ᠪᠠᠷ ᠬᠥᠭᠵᠢᠭᠡᠵᠦ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠤᠯᠤᠰ ᠤᠨ ᠳᠣᠲᠣᠭᠠᠳᠤ ᠶᠢᠨ | ᠬᠡᠷᠡᠭᠴᠡᠭᠡ ᠶᠢ ᠪᠦᠭᠦ ᠲᠠᠯ᠎ᠠ ᠪᠠᠷ ᠥᠷᠭᠡᠳᠬᠡᠨ᠎ᠡ᠃ ᠬᠡᠷᠡᠭᠯᠡᠭᠡ ᠪᠠ ᠪᠡᠯᠡ ᠣᠷᠣᠭᠤᠯᠤᠯᠲᠠ ᠶᠢᠨ ᠨᠠᠩ ᠰᠠᠶᠢᠨ ᠤᠶᠠᠯᠳᠤᠯ ᠢ ᠠᠬᠢᠭᠤᠯᠵᠤ᠂ ᠳᠣᠲᠣᠭᠠᠳᠤ | ᠬᠡᠷᠡᠭᠴᠡᠭᠡ ᠢᠯᠠᠩᠭᠤᠶ᠎ᠠ ᠬᠡᠷᠡᠭᠯᠡᠭᠡ ᠶᠢᠨ ᠳᠤᠲᠠᠭᠤᠳᠠᠯ ᠢ ᠲᠦᠷᠭᠡᠯᠡᠨ ᠨᠥᠬᠦᠪᠦᠷᠢᠯᠡᠵᠦ᠂ ᠳᠣᠲᠣᠭᠠᠳᠤ ᠬᠡᠷᠡᠭᠴᠡᠭᠡ ᠶᠢ ᠠᠵᠤ ᠠᠬᠤᠢ ᠶᠢᠨ ᠨᠡᠮᠡᠭᠳᠡᠯ ᠢ | ᠳᠠᠶᠢᠴᠢᠯᠠᠬᠤ ᠭᠤᠣᠯ ᠬᠥᠳᠡᠯᠭᠡᠭᠴᠢ ᠬᠦᠴᠦᠨ ᠪᠠ ᠲᠣᠭᠲᠠᠪᠤᠷᠢᠵᠢᠭᠤᠯᠤᠭᠴᠢ ᠪᠣᠯᠭᠠᠨ᠎ᠠ᠃ | ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ᠂ ᠴᠢᠨᠠᠷ ᠰᠠᠶᠢᠲᠠᠢ | ᠬᠠᠩᠭᠠᠯᠭ᠎ᠠ ᠶᠢ ᠨᠡᠮᠡᠭᠳᠡᠭᠦᠯᠬᠦ᠂ ᠬᠡᠷᠡᠭᠯᠡᠭᠡᠨ ᠤ ᠣᠷᠴᠢᠨ ᠨᠥᠬᠦᠴᠡᠯ ᠢ ᠰᠠᠶᠢᠵᠢᠷᠠᠭᠤᠯᠬᠤ ᠲᠤᠰᠬᠠᠢ ᠠᠷᠭ᠎ᠠ ᠬᠡᠮᠵᠢᠶ᠎ᠡ ᠶᠢ ᠲᠣᠭᠲᠠᠭᠠᠵᠤ᠂ ᠣᠯᠠᠨ ᠶᠠᠩᠵᠤᠴᠢᠯᠠᠭᠰᠠᠨ᠂ | ᠵᠦᠷᠢᠶᠡᠵᠢᠭᠰᠡᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ᠃ | ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠣᠯᠠᠨ ᠠᠷᠭ᠎ᠠ ᠵᠠᠮ ᠢᠶᠠᠷ ᠠᠬᠢᠭᠤᠯᠵᠤ᠂ ᠳᠤᠮᠳᠠ ᠳᠣᠣᠷ᠎ᠠ ᠣᠷᠣᠯᠭ᠎ᠠ ᠲᠠᠢ ᠬᠠᠮᠲᠤᠯᠢᠭ ᠤᠨ ᠣᠷᠣᠯᠭ᠎ᠠ ᠶᠢ | ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠵᠤ᠂ ᠬᠥᠳᠡᠯᠮᠦᠷᠢᠴᠢᠳ ᠤᠨ ᠴᠠᠯᠢᠩ ᠤᠨ ᠬᠡᠪ ᠤᠨ ᠥᠰᠦᠯᠲᠡ ᠶᠢᠨ ᠲᠣᠭᠲᠠᠴᠠ ᠶᠢ | ᠲᠡᠭᠦᠯᠳᠡᠷᠵᠢᠭᠦᠯᠦᠨ᠎ᠡ᠃ ᠭᠡᠲᠦ ᠤᠷᠳᠤ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢ 3000 ᠳ᠋ᠦᠩᠰᠢᠭᠤᠷ ᠲᠥᠭᠦᠷᠢᠭ ᠲᠣᠬᠢᠷᠠᠭᠤᠯᠵᠤ | ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠨ᠎ᠡ᠃ ᠣᠷᠣᠬᠤ ᠵᠥᠪᠰᠢᠶᠡᠷᠡᠯ ᠢ ᠠᠭᠤᠵᠢᠭᠤ ᠪᠤᠯᠭᠠᠬᠤ᠂ ᠬᠢᠵᠠᠭᠠᠷᠯᠠᠯ ᠢ ᠪᠠᠭᠠᠰᠬᠠᠬᠤ᠂ | ᠬᠢᠨᠠᠯᠲᠠ ᠬᠠᠮᠢᠶᠠᠷᠤᠯᠲᠠ ᠶᠢ ᠰᠢᠯᠢᠳᠡᠭᠵᠢᠭᠦᠯᠬᠦ ᠵᠡᠷᠭᠡ ᠲᠠᠯ᠎ᠠ ᠠᠴᠠ ᠭᠠᠷᠳᠠᠵᠤ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠵᠡᠮᠳᠡᠭᠴᠦᠳ ᠢ ᠲᠤᠰᠠᠯᠠᠬᠤ᠂ | ᠬᠡᠦᠬᠡᠳ ᠰᠠᠭᠠᠲᠠᠭᠤᠯᠬᠤ᠂ ᠭᠡᠷ ᠠᠬᠤᠢ ᠵᠡᠷᠭᠡ ᠤᠯᠠᠨ ᠡᠰᠢᠴᠢᠯᠡᠭᠰᠡᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ ᠬᠡᠷᠡᠭᠯᠡᠭᠡᠨ ᠤ ᠠᠬᠤᠢ ᠪᠠᠶᠢᠳᠠᠯ ᠤᠨ | ᠰᠢᠨ᠎ᠡ ᠶᠢ ᠡᠭᠦᠳᠬᠦ ᠪᠠ ᠲᠡᠭᠦᠨ ᠢ ᠪᠠᠶᠠᠯᠢᠭᠵᠢᠭᠤᠯᠵᠤ᠂ ᠳ᠋ᠢᠵᠢᠲ᠋ᠠᠯ᠂ ᠨᠣᠭᠤᠭᠠᠨ᠂ ᠤᠶᠤᠯᠢᠭ ᠵᠡᠷᠭᠡ ᠰᠢᠨ᠎ᠡ ᠭᠡᠯᠪᠡᠷᠢ ᠶᠢᠨ ᠬᠡᠷᠡᠭᠯᠡᠭᠡ ᠶᠢᠨ ᠬᠥᠭᠵᠢᠯᠲᠡ ᠶᠢ | ᠲᠦᠷᠭᠡᠳᠬᠡᠨ᠎ᠡ᠃ ᠠᠮᠠᠷᠠᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ ᠰᠢᠯᠢᠳᠡᠭᠵᠢᠭᠦᠯᠵᠦ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠵᠡᠷᠭᠡ ᠬᠡᠷᠡᠭᠯᠡᠭᠡᠨ ᠤ | ᠳᠠᠯᠳᠠ ᠬᠦᠴᠦᠨ ᠢ ᠪᠠᠳᠠᠷᠠᠭᠤᠯᠤᠨ᠎ᠠ᠃ ᠭᠠᠶᠢᠯᠢ ᠬᠡᠯᠲᠦᠷᠢᠭᠦᠯᠬᠦ ᠳᠡᠯᠭᠡᠭᠦᠷ ᠤᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠬᠢᠯᠢ ᠪᠠᠷ ᠣᠷᠣᠵᠤ ᠢᠷᠡᠨ | ᠬᠡᠷᠡᠭᠯᠡᠭᠡ ᠬᠢᠬᠦ ᠶᠢ ᠥᠷᠭᠡᠳᠬᠡᠬᠦ ᠶᠢ ᠠᠬᠢᠭᠤᠯᠤᠨ᠎ᠠ᠃ ᠣᠯᠠᠨ ᠤᠯᠤᠰ ᠤᠨ ᠬᠡᠷᠡᠭᠯᠡᠭᠡᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ | ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠢ ᠪᠦᠷᠢᠨᠰᠢᠭᠦᠯᠦᠨ᠎ᠡ᠃ ᠪᠦᠭᠦ ᠰᠢᠰᠲ᠋ᠧᠮ ᠤᠨ ᠬᠡᠷᠡᠭᠯᠡᠭᠡᠨ ᠤ ᠲᠤᠭ᠎ᠠ ᠪᠦᠷᠢᠳᠬᠡᠯ ᠤᠨ ᠳᠦᠷᠢᠮ ᠢ | ᠲᠡᠭᠦᠯᠳᠡᠷᠵᠢᠭᠦᠯᠦᠨ᠎ᠡ᠃ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ | ᠨᠥᠬᠦᠴᠡᠯ ᠢ ᠪᠤᠢ ᠪᠣᠯᠭᠠᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠨ᠎ᠡ᠃ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠠᠷᠠᠳ ᠤᠨ | ᠠᠮᠢᠳᠤᠷᠠᠯ ᠤᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠡᠯ᠎ᠡ ᠲᠥᠷᠥᠯ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠪᠠᠭᠠᠵᠢ ᠶᠢᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠳ᠋ ᠤᠨ ᠵᠠᠰᠠᠭ ᠪᠣᠯᠣᠨ ᠮᠥᠩᠭᠦᠨ ᠭᠦᠢᠯᠭᠡᠭᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠲᠥᠰᠥᠯ ᠤᠨ ᠨᠥᠭᠡᠴᠡ ᠪᠠ | ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠨᠢᠭᠡ ᠪᠦᠯᠦᠭ ᠭᠤᠣᠯᠳᠠᠯᠭ᠎ᠠ ᠲᠠᠢ ᠲᠥᠰᠥᠯ ᠢ ᠲᠦᠷᠭᠡᠯᠡᠨ ᠬᠡᠷᠡᠭᠵᠢᠭᠦᠯᠵᠦ᠂ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠢ ᠤᠷᠤᠭᠰᠢᠲᠠᠢ ᠳᠠᠭᠤᠰᠬᠠᠬᠤ ᠶᠢ ᠠᠬᠢᠭᠤᠯᠤᠨ᠎ᠠ᠃ ᠲᠥᠰᠥᠯ ᠢ ᠦᠨᠡᠨ ᠬᠦ ᠣᠨᠣᠪᠴᠢᠲᠠᠶ | ᠪᠥᠭᠡᠳ ᠰᠠᠶᠢᠲᠤᠷ ᠰᠣᠩᠭᠤᠵᠤ᠂ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠪᠦᠲᠦᠭᠡᠨ ᠪᠠᠶᠢᠭᠤᠯᠵᠤ ᠪᠠᠶᠢᠭ᠎ᠠ ᠲᠥᠰᠥᠯ ᠤᠨ ᠪᠡᠯᠡ | ᠮᠥᠩᠭᠦ ᠶᠢᠨ ᠬᠡᠷᠡᠭᠴᠡᠭᠡ ᠶᠢ ᠪᠠᠲᠤᠯᠠᠵᠤ᠂ ᠦᠷ᠎ᠡ ᠠᠰᠢᠭ ᠳᠣᠣᠷ᠎ᠠ ᠪᠡᠯᠡ ᠤᠷᠤᠭᠤᠯᠤᠯᠲᠠ ᠪᠠ ᠦᠷ᠎ᠡ ᠠᠰᠢᠭ ᠦᠭᠡᠢ ᠪᠡᠯᠡ ᠣᠷᠣᠭᠤᠯᠤᠯᠲᠠ ᠶᠢ ᠡᠷᠡᠰ | ᠰᠡᠷᠭᠡᠶᠢᠯᠡᠨ ᠬᠤᠷᠢᠭᠯᠠᠨ᠎ᠠ᠃ ᠡᠨᠡ ᠵᠢᠯ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ 7350 ᠳ᠋ᠦᠩᠰᠢᠭᠤᠷ ᠲᠥᠭᠦᠷᠢᠭ | ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠭᠡᠲᠦ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢ ᠰᠠᠶᠢᠲᠤᠷ ᠬᠡᠷᠡᠭᠯᠡᠵᠦ᠂ ᠭᠡᠲᠦ ᠤᠷᠲᠤ | ᠬᠤᠭᠤᠴᠠᠭᠠᠨ ᠤ ᠵᠢᠭᠡᠯᠡᠯᠭᠡ ᠵᠡᠷᠭᠡ ᠢᠵᠢ ᠪᠦᠷᠢᠳᠦᠭᠦᠯᠬᠦ ᠪᠡᠯᠡ ᠲᠣᠬᠢᠷᠠᠭᠤᠯᠭ᠎ᠠ ᠶᠢ ᠴᠢᠩᠭᠠᠳᠬᠠᠵᠤ᠂ ᠳᠡᠭᠡᠷ᠎ᠡ ᠠᠴᠠ ᠳᠣᠷᠣᠭᠰᠢ ᠵᠣᠬᠢᠶᠠᠨ ᠪᠠᠶᠢᠭᠤᠯᠤᠨ | ᠵᠣᠬᠢᠴᠠᠭᠤᠯᠬᠤ ᠶᠢ ᠴᠢᠩᠭᠠᠳᠬᠠᠵᠤ᠂ ︽ᠨᠢᠭᠡ ᠴᠢᠬᠤᠯᠠ ᠨᠢᠭᠡ ᠭᠤᠣᠯᠳᠠᠯᠭ᠎ᠠ︾ ᠶᠢᠨ ᠪᠠᠶᠢᠭᠤᠯᠤᠯᠲᠠ ᠶᠢ ᠨᠡᠩ ᠶᠡᠭᠡ ᠡᠷᠴᠢᠮ ᠢᠶᠠᠷ ᠲᠡᠮᠵᠢᠨ᠎ᠠ᠃ ᠣᠷᠣᠨ | ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠵᠦ᠂ | ᠣᠷᠣᠭᠤᠯᠤᠯᠲᠠ ᠶᠢᠨ ᠬᠦᠷᠢᠶᠡᠨ ᠳᠤ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠠᠪᠤᠭᠤᠯᠬᠤ᠂ ᠲᠥᠰᠥᠯ ᠢ ᠬᠢᠨᠠᠨ ᠬᠠᠷᠭᠤᠭᠤᠯᠬᠤ | ᠡᠷᠬᠡ ᠶᠢ ᠳᠣᠷᠣᠭᠰᠢ ᠪᠠᠭᠤᠯᠭᠠᠬᠤ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠦᠨ᠎ᠡ᠃ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠶᠠᠪᠤᠴᠠ ᠶᠢ | ᠳᠥᠭᠦᠮᠴᠢᠯᠡᠵᠦ᠂ ᠰᠠᠯᠠᠭ᠎ᠠ ᠮᠥᠴᠢᠷ ᠠᠯᠤᠰᠯᠠᠭᠰᠠᠨ ᠣᠷᠣᠨ ᠪᠦᠰᠡ ᠠᠯᠤᠰᠯᠠᠭᠰᠠᠨ ᠴᠢᠬᠤᠯᠠ ᠶᠡᠭᠡ ᠲᠥᠰᠥᠯ ᠢ ᠵᠣᠬᠢᠴᠠᠭᠤᠯᠤᠨ ᠠᠬᠢᠭᠤᠯᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠦᠨ᠎ᠡ᠃ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠠᠷᠠᠳ ᠤᠨ ᠪᠡᠯᠡ | ᠣᠷᠣᠭᠤᠯᠤᠯᠲᠠ ᠶᠢᠨ ᠬᠥᠭᠵᠢᠯᠲᠡ ᠶᠢ ᠳᠡᠮᠵᠢᠬᠦ ᠪᠠ ᠵᠣᠷᠢᠭᠵᠢᠭᠤᠯᠵᠤ᠂ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ | ᠲᠣᠭᠲᠠᠴᠠ ᠶᠢ ᠵᠢᠷᠤᠮᠵᠢᠭᠤᠯᠤᠨ ᠬᠡᠷᠡᠭᠵᠢᠭᠦᠯᠵᠦ᠂ ᠨᠡᠩ ᠤᠯᠠᠨ ᠠᠷᠠᠳ ᠤᠨ ᠬᠥᠷᠥᠩᠭᠡ ᠶᠢ ᠬᠥᠲᠥᠯᠥᠨ ᠵᠢᠯᠤᠭᠤᠳᠴᠤ ᠴᠢᠬᠤᠯᠠ ᠶᠡᠭᠡ ᠰᠠᠭᠤᠷᠢ | ᠲᠥᠬᠦᠭᠡᠷᠦᠮᠵᠢ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠬᠦᠷᠢᠶᠡᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠂ ᠠᠷᠠᠳ ᠤᠨ ᠬᠥᠷᠥᠩᠭᠡ ᠶᠢ ᠨᠠᠩ | ᠶᠡᠭᠡ ᠬᠥᠭᠵᠢᠯᠲᠡ ᠶᠢᠨ ᠣᠷᠣᠨ ᠵᠠᠢ ᠲᠠᠢ ᠪᠣᠯᠭᠠᠨ᠎ᠠ᠃ | ︵ᠬᠤᠶᠠᠷ︶ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠣᠳᠣᠬᠢᠴᠢᠯᠠᠭᠰᠠᠨ | ᠠᠵᠤ ᠦᠢᠯᠡᠰ ᠤᠨ ᠰᠢᠰᠲ᠋ᠧᠮ ᠢ ᠲᠦᠷᠭᠡᠯᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ | ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠶᠡᠭᠡ ᠪᠠᠷ ᠠᠬᠢᠭᠤᠯᠤᠨ᠂ | ᠲᠡᠷᠢᠭᠦᠨ ᠤ ᠦᠢᠯᠡᠳᠬᠦ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠢᠳᠡᠪᠬᠢᠲᠡᠢ ᠬᠥᠭᠵᠢᠭᠦᠯᠵᠦ᠂ | ᠰᠢᠨ᠎ᠡ ᠬᠥᠳᠡᠯᠭᠡᠭᠴᠢ ᠡᠨᠧᠷᠭᠢ ᠶᠢᠨ ᠬᠤᠷᠠᠮᠳᠤᠨ ᠵᠤᠵᠠᠭᠠᠷᠠᠵᠤ ᠬᠦᠴᠦᠷᠬᠡᠭᠵᠢᠬᠦ ᠪᠠ ᠤᠯᠠᠮᠵᠢᠯᠠᠯᠲᠤ ᠬᠥᠳᠡᠯᠭᠡᠭᠴᠢ ᠡᠨᠧᠷᠭᠢ ᠶᠢᠨ ᠰᠢᠨᠡᠳᠦᠨ ᠳᠡᠰ ᠳᠡᠪᠰᠢᠬᠦ ᠶᠢ | ᠠᠬᠢᠭᠤᠯᠤᠨ᠎ᠠ᠃ | ᠰᠢᠨ᠎ᠡ ᠪᠠᠷ ᠬᠥᠭᠵᠢᠭᠰᠡᠨ ᠠᠵᠤ ᠦᠢᠯᠡᠰ᠂ ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠭᠤᠰᠤᠯᠴᠠᠵᠤ ᠪᠥᠭᠡᠭᠡᠨᠡᠷᠡᠨ ᠬᠥᠭᠵᠢᠬᠦ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠰᠢᠨ᠎ᠡ ᠮᠡᠷᠭᠡᠵᠢᠯ | ᠰᠢᠨ᠎ᠡ ᠦᠢᠯᠡᠳᠬᠦᠨ ᠰᠢᠨ᠎ᠡ ᠠᠬᠤᠢ ᠪᠠᠶᠢᠳᠠᠯ ᠢ ᠶᠡᠭᠡ ᠬᠡᠪᠴᠢᠶ᠎ᠡ ᠪᠠᠷ ᠬᠡᠷᠡᠭᠯᠡᠬᠦ ᠵᠢᠱᠢᠶ᠎ᠡ ᠦᠵᠡᠭᠦᠯᠭᠦ ᠠᠵᠢᠯᠯᠠᠭ᠎ᠠ ᠶᠢ ᠥᠷᠨᠢᠭᠦᠯᠵᠦ᠂ ᠬᠤᠳᠠᠯᠳᠤᠭᠠᠨ ᠤ | ᠰᠠᠨᠰᠠᠷ ᠤᠨ ᠠᠶᠠᠯᠠᠯ᠂ ᠳᠣᠣᠷ᠎ᠠ ᠠᠭᠠᠷ ᠤᠨ ᠠᠵᠤ ᠠᠬᠤᠢ᠂ ᠭᠦᠨ ᠳᠠᠯᠠᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠵᠡᠷᠭᠡ ᠰᠢᠨ᠎ᠡ ᠪᠠᠷ ᠬᠥᠭᠵᠢᠭᠰᠡᠨ | ᠠᠵᠤ ᠦᠢᠯᠡᠰ ᠤᠨ ᠠᠮᠤᠷ ᠲᠦᠪᠰᠢᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠢᠷᠡᠭᠡᠳᠦᠢ ᠶᠢᠨ ᠠᠵᠤ ᠦᠢᠯᠡᠰ ᠤᠨ ᠣᠷᠣᠭᠤᠯᠤᠯᠲᠠ ᠶᠢᠨ | ᠨᠡᠮᠡᠭᠳᠡᠯ ᠤᠨ ᠲᠣᠭᠲᠠᠴᠠ ᠶᠢ ᠪᠠᠶᠢᠭᠤᠯᠵᠤ᠂ ᠠᠮᠢᠳᠤ ᠪᠣᠳᠠᠰ ᠤᠨ ᠦᠢᠯᠡᠳᠬᠦ ᠦᠢᠯᠡᠰ᠂ ᠺᠸᠠᠨ᠋ᠲ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ EAI᠂ 6G ᠵᠡᠷᠭᠡ | ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠤᠨ᠎ᠠ᠃ ᠲᠡᠷᠢᠭᠦᠨ ᠤ ᠦᠢᠯᠡᠳᠬᠦ ᠦᠢᠯᠡᠰ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ | ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠭᠡᠯᠪᠡᠷᠢ ᠶᠢᠨ ᠦᠢᠯᠡᠳᠬᠦ ᠦᠢᠯᠡᠰ ᠢ ᠲᠦᠷᠭᠡᠯᠡᠨ ᠬᠥᠭᠵᠢᠭᠦᠯᠦᠨ᠎ᠡ᠃ | ᠠᠵᠤ ᠦᠢᠯᠡᠰ ᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠ ᠦᠢᠯᠡᠳᠪᠦᠷᠢᠯᠡᠬᠦ ᠴᠢᠳᠠᠪᠤᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠶᠢ | ᠴᠢᠩᠭᠠᠳᠬᠠᠵᠤ᠂ ᠠᠵᠤ ᠦᠢᠯᠡᠰ ᠤᠨ ᠡᠮᠬᠢ ᠵᠢᠷᠤᠮ ᠲᠠᠢ ᠪᠠᠷ ᠬᠥᠭᠵᠢᠬᠦ ᠪᠠ ᠰᠠᠶᠢᠨ ᠥᠷᠢᠰᠦᠯᠳᠦᠭᠡᠨ ᠢ ᠠᠬᠢᠭᠤᠯᠤᠨ᠎ᠠ᠃ ᠤᠯᠤᠰ ᠤᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠰᠢᠨ᠎ᠡ ᠶᠢ ᠡᠭᠦᠳᠦᠨ ᠬᠥᠭᠵᠢᠬᠦ ᠶᠢ ᠲᠦᠷᠭᠡᠳᠬᠡᠨ᠎ᠡ᠃ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠠᠬᠤᠶᠢᠯᠠᠯ ᠢ ᠱᠠᠲᠤᠯᠠᠨ | ᠪᠣᠶᠢᠵᠢᠭᠤᠯᠵᠤ᠂ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠠᠩᠬᠠᠨ ᠤ | ᠡᠭᠦᠳᠦᠯᠲᠡ ᠶᠢᠨ ᠴᠢᠨᠠᠷᠲᠠᠢ ᠰᠠᠭᠤᠷᠢ ᠰᠠᠶᠢᠲᠠᠢ ᠠᠵᠤ ᠠᠬᠤᠶᠢᠯᠠᠯ᠂ ᠪᠠᠳᠠᠷᠠᠩᠭᠤᠢ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠨᠠᠩ ᠣᠯᠠᠨ ᠠᠵᠤ | ᠠᠬᠤᠶᠢᠯᠠᠯ ᠢ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠳᠤ ︽ᠬᠤᠷᠳᠤᠳᠬᠠᠯ︾ ᠲᠠᠢ ᠪᠣᠯᠭᠠᠨ᠎ᠠ᠃ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠭᠦ ᠶᠢ ᠠᠬᠢᠭᠤᠯᠤᠨ᠎ᠠ᠃ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠵᠦ᠂ ᠠᠵᠤ ᠦᠢᠯᠡᠰ ᠤᠨ ᠰᠠᠭᠤᠷᠢ ᠶᠢ ᠳᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ ᠤᠨ | ᠲᠣᠨᠣᠭᠯᠠᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠨ᠎ᠠ᠃ ᠤᠯᠠᠮ ᠨᠢᠭᠡ ᠠᠯᠬᠤᠮ ᠬᠡᠪᠴᠢᠶ᠎ᠡ ᠶᠢ ᠥᠷᠭᠡᠳᠬᠡᠨ᠂ ᠪᠠᠷᠢᠮᠵᠢᠶ᠎ᠠ ᠶᠢ ᠪᠠᠭᠤᠷᠠᠭᠤᠯᠵᠤ᠂ | ᠦᠢᠯᠡᠳᠬᠦ ᠦᠢᠯᠡᠰ ᠤᠨ ᠴᠢᠬᠤᠯᠠ ᠶᠡᠭᠡ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠪᠠ ᠶᠡᠭᠡ ᠬᠡᠪᠴᠢᠶᠡᠨ ᠤ ᠪᠡᠯᠡᠳᠬᠡᠮᠵᠢ ᠶᠢ ᠰᠢᠨᠡᠳᠬᠡᠬᠦ | ᠢᠨᠵᠧᠨᠧᠷᠢᠩ ᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃ ᠦᠢᠯᠡᠳᠬᠦ ᠦᠢᠯᠡᠰ ᠤᠨ ᠭᠡᠯᠪᠡᠷᠢ ᠶᠢ ᠳ᠋ᠢᠵᠢᠲ᠋ᠠᠯᠴᠢᠯᠠᠬᠰᠠᠨ ᠲᠡᠶᠢᠰᠢ ᠬᠤᠪᠢᠷᠠᠭᠤᠯᠬᠤ ᠶᠢ | ᠲᠦᠷᠭᠡᠳᠬᠡᠵᠦ᠂ ᠠᠵᠢᠯ ᠲᠥᠷᠥᠯ ᠢ ᠣᠶᠢᠯᠠᠭᠠᠬᠤ ᠮᠥᠷᠲᠡᠭᠡᠨ ᠳ᠋ᠢᠵᠢᠲ᠋ᠠᠯᠴᠢᠯᠠᠯᠳᠠ ᠶᠢ ᠣᠶᠢᠯᠠᠭᠠᠬᠤ ᠦᠢᠯᠡᠴᠢᠯᠡᠭᠡᠨ ᠤ ᠬᠤᠳᠠᠯᠳᠤᠭᠠᠴᠢᠨ ᠢ ᠨᠢᠭᠡ ᠪᠦᠯᠦᠭ | ᠪᠣᠶᠢᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠭᠡᠯᠪᠡᠷᠢ ᠪᠠᠨ ᠳ᠋ᠢᠵᠢᠲ᠋ᠠᠯᠴᠢᠯᠠᠬᠰᠠᠨ ᠲᠡᠶᠢᠰᠢ ᠬᠤᠪᠢᠷᠠᠭᠤᠯᠬᠤ ᠳᠤ ᠦᠵᠡᠭᠦᠯᠭᠦ ᠳᠡᠮᠵᠢᠯᠭᠡ ᠪᠠᠨ | ᠨᠡᠮᠡᠭᠳᠡᠭᠦᠯᠦᠨ᠎ᠡ᠃ ᠪᠠᠷᠢᠮᠵᠢᠶ᠎ᠠ ᠶᠢ ᠳᠡᠭᠡᠭᠰᠢᠯᠡᠭᠦᠯᠭᠦ ᠪᠠᠷ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠬᠥᠲᠥᠯᠥᠨ ᠳᠠᠭᠠᠭᠤᠯᠬᠤ | ᠠᠵᠢᠯᠯᠠᠭ᠎ᠠ ᠶᠢ ᠥᠷᠨᠢᠭᠦᠯᠦᠨ᠎ᠡ᠃ ᠦᠢᠯᠡᠳᠬᠦ ᠦᠢᠯᠡᠰ ᠤᠨ ︽ᠲᠥᠷᠥᠯ ᠵᠦᠢᠯ ᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠭᠦ᠂ ᠨᠠᠷᠠᠲᠤ ᠲᠡᠮᠳᠡᠭ ᠢ ᠡᠭᠦᠳᠬᠦ︾ | ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠪᠦᠭᠦ ᠲᠠᠯ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠨᠠᠷᠠᠲᠤ ᠪᠦᠲᠦᠭᠡᠭᠳᠡᠬᠦᠨ ᠰᠣᠳᠣᠨ | ᠪᠦᠲᠦᠭᠡᠭᠳᠡᠬᠦᠨ᠂ ᠰᠣᠩᠭᠤᠳᠠᠭ ᠠᠵᠤ ᠦᠢᠯᠡᠰ ᠢ ᠪᠤᠶ ᠪᠣᠯᠭᠠᠨ᠎ᠠ᠃ | ᠳ᠋ᠢᠵᠢᠲ᠋ᠠᠯ ᠠᠵᠤ ᠠᠬᠤᠢ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︽ᠵᠣᠬᠢᠶᠠᠮᠠᠯ ᠣᠶᠤᠯᠢᠬ +︾ ᠠᠵᠢᠯᠯᠠᠭ᠎ᠠ ᠶᠢ | ᠦᠷᠭᠦᠯᠵᠢᠯᠡᠨ ᠠᠬᠢᠭᠤᠯᠵᠤ᠂ ᠳ᠋ᠢᠵᠢᠲ᠋ᠠᠯ ᠮᠡᠷᠭᠡᠵᠢᠯ ᠢ ᠦᠢᠯᠡᠳᠬᠦ ᠳᠠᠪᠠᠭᠤᠯᠢᠭ᠂ ᠵᠠᠬ᠎ᠠ ᠳᠡᠯᠭᠡᠭᠦᠷ ᠤᠨ ᠳᠠᠪᠠᠭᠤᠯᠢᠭ ᠯᠤᠭ᠎ᠠ ᠨᠠᠩ ᠰᠠᠶᠢᠲᠤᠷ ᠤᠶᠠᠯᠳᠤᠭᠤᠯᠵᠤ᠂ | ᠲᠣᠮᠣ ᠵᠠᠭᠪᠤᠷ ᠢ ᠥᠷᠭᠡᠨ ᠢᠶᠠᠷ ᠬᠡᠷᠡᠭᠯᠡᠬᠦ ᠶᠢ ᠳᠠᠮᠵᠢᠵᠤ᠂ ᠣᠶᠤᠨᠴᠢ ᠰᠦᠯᠵᠢᠶᠡᠨ ᠬᠤᠯᠪᠤᠯᠳᠤᠯᠲᠦ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ᠂ | ᠵᠣᠬᠢᠶᠠᠮᠠᠯ ᠤᠶᠤᠯᠢᠬ ᠭᠠᠷ ᠤᠲᠠᠰᠤ ᠪᠠ ᠺᠤᠮᠫᠢᠦ᠋ᠲ᠋ᠧᠷ᠂ ᠤᠶᠤᠯᠢᠬ ᠮᠠᠰᠢᠨ ᠬᠥᠮᠥᠨ ᠵᠡᠷᠭᠡ ᠰᠢᠨ᠎ᠡ ᠨᠢᠭᠡ ᠦᠶ᠎ᠡ ᠶᠢᠨ ᠤᠶᠤᠯᠢᠬ ᠦᠵᠦᠭᠦᠷ ᠵᠢᠴᠢ ᠤᠶᠤᠯᠢᠬ | ᠦᠢᠯᠡᠳᠬᠦ ᠲᠣᠨᠣᠭᠯᠠᠯ ᠢ ᠶᠡᠭᠡ ᠪᠠᠷ ᠬᠥᠭᠵᠢᠭᠦᠯᠦᠨ᠎ᠡ᠃ 5G ᠶᠢ ᠬᠡᠪᠴᠢᠶᠡᠵᠢᠭᠦᠯᠦᠨ ᠬᠡᠷᠡᠭᠯᠡᠬᠦ ᠶᠢ ᠥᠷᠭᠡᠳᠬᠡᠵᠦ᠂ ᠠᠵᠤ ᠦᠢᠯᠡᠳᠪᠦᠷᠢ ᠶᠢᠨ ᠢᠨᠲ᠋ᠧᠷ | ᠰᠦᠯᠵᠢᠶ᠎ᠡ ᠶᠢᠨ ᠰᠢᠨ᠎ᠡ ᠶᠢ ᠡᠭᠦᠳᠦᠨ ᠬᠥᠭᠵᠢᠬᠦ ᠶᠢ ᠲᠦᠷᠭᠡᠳᠬᠡᠵᠦ᠂ ᠪᠦᠭᠦ ᠤᠯᠤᠰ ᠤᠨ ᠪᠤᠳᠤᠬᠤ ᠬᠦᠴᠦᠨ ᠤ ᠡᠬᠢ ᠪᠠᠶᠠᠯᠢᠭ ᠤᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠵᠦ᠂ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠪᠦᠬᠦᠢ ᠳ᠋ᠢᠵᠢᠲ᠋ᠠᠯ ᠠᠵᠤ ᠦᠢᠯᠡᠰ ᠤᠨ ᠪᠥᠭᠡᠭᠡᠨᠡᠷᠡᠯ ᠢ ᠪᠤᠢ ᠪᠣᠯᠭᠠᠨ᠎ᠠ᠃ ᠳ᠋ᠠᠶᠢᠲ᠋ᠠ ᠶᠢᠨ | ᠰᠠᠭᠤᠷᠢ ᠳᠦᠷᠢᠮ ᠢ ᠲᠦᠷᠭᠡᠯᠡᠨ ᠲᠡᠭᠦᠯᠳᠡᠷᠵᠢᠭᠦᠯᠵᠦ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠭᠦᠨᠵᠡᠭᠡᠶᠢᠷᠡᠭᠦᠯᠵᠦ᠂ ᠳ᠋ᠠᠶᠢᠲ᠋ᠠ ᠶᠢᠨ ᠬᠢᠯᠢ | ᠠᠯᠤᠰᠯᠠᠨ ᠰᠢᠯᠵᠢᠭᠦ ᠶᠢ ᠠᠬᠢᠭᠤᠯᠬᠤ ᠪᠠ ᠵᠢᠷᠤᠮᠵᠢᠭᠤᠯᠤᠨ᠎ᠠ᠃ ᠲᠠᠪᠴᠠᠩ ᠤᠨ ᠠᠵᠤ ᠠᠬᠤᠢ ᠶᠢᠨ ᠵᠢᠷᠤᠮᠵᠢᠭᠤᠨ ᠪᠥᠭᠡᠳ ᠡᠷᠡᠭᠦᠯ ᠢᠶᠠᠷ ᠬᠥᠭᠵᠢᠬᠦ ᠶᠢ | ᠠᠬᠢᠭᠤᠯᠵᠤ᠂ ᠲᠡᠭᠦᠨ ᠤ ᠰᠢᠨ᠎ᠡ ᠶᠢ ᠡᠭᠦᠳᠬᠦ ᠶᠢ ᠠᠬᠢᠭᠤᠯᠬᠤ᠂ ᠬᠡᠷᠡᠭᠯᠡᠭᠡ ᠶᠢ ᠥᠷᠭᠡᠳᠬᠡᠬᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠵᠡᠷᠭᠡ ᠲᠠᠯ᠎ᠠ ᠪᠠᠷ | ᠬᠢ ᠢᠳᠡᠪᠬᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ | ︵ᠭᠤᠷᠪᠠ︶ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠦᠨ | ᠬᠡᠷᠡᠭᠵᠢᠭᠦᠯᠵᠦ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠶᠢ | ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠢ ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ᠂ ᠴᠢᠳᠠᠪᠤᠷᠢᠲᠠᠨ ᠬᠥᠮᠥᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠯ ᠢ ᠪᠠᠲᠤ ᠴᠣᠭᠴᠠᠯᠠᠨ᠎ᠠ᠃ | ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠯᠡᠨ ᠪᠠᠶᠢᠭᠤᠯᠤᠨ᠎ᠠ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠰᠢᠨ᠎ᠡ ᠴᠠᠭ ᠦᠶ᠎ᠡ ᠶᠢᠨ ᠶᠣᠰᠣ ᠰᠤᠷᠲᠠᠬᠤᠨ ᠢ | ᠪᠤᠢ ᠪᠤᠯᠭᠠᠵᠤ ᠬᠥᠮᠥᠨ ᠢ ᠬᠥᠮᠥᠵᠢᠭᠦᠯᠬᠦ ᠢᠨᠵᠧᠨᠧᠷᠢᠩ ᠢ ᠪᠦᠭᠦ ᠲᠠᠯ᠎ᠠ ᠪᠠᠷ ᠬᠡᠷᠡᠭᠵᠢᠭᠦᠯᠵᠦ᠂ ᠶᠡᠭᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ | ᠰᠠᠨᠠᠭ᠎ᠠ ᠤᠯᠤᠰ ᠲᠥᠷᠦ ᠶᠢᠨ ᠬᠢᠴᠢᠶᠡᠯ ᠢ ᠨᠢᠭᠡ ᠴᠣᠭᠴᠠᠵᠢᠭᠤᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠰᠠᠭᠤᠷᠢ ᠰᠤᠷᠭᠠᠨ | ᠬᠥᠮᠦᠵᠢᠯ ᠤᠨ ᠰᠢᠯᠢᠳᠡᠭ ᠢ ᠨᠢ ᠥᠷᠭᠡᠳᠬᠡᠨ ᠴᠢᠨᠠᠷ ᠢ ᠨᠢ ᠳᠡᠭᠡᠭᠰᠢᠯᠡᠭᠦᠯᠭᠦ ᠢᠨᠵᠧᠨᠧᠷᠢᠩ ᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠬᠥᠮᠥᠨ ᠠᠮᠠ ᠶᠢᠨ | ᠬᠤᠪᠢᠷᠠᠯᠲᠠ ᠯᠤᠭ᠎ᠠ ᠵᠣᠬᠢᠴᠠᠭᠰᠠᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ | ᠰᠤᠷᠭᠠᠭᠤᠯᠢ ᠳᠤ ᠣᠷᠣᠬᠤ ᠣᠷᠣᠨ ᠲᠤᠭ᠎ᠠ ᠶᠢᠨ ᠬᠠᠩᠭᠠᠯᠭ᠎ᠠ ᠶᠢ ᠥᠷᠭᠡᠳᠬᠡᠵᠦ᠂ ᠰᠢᠶᠠᠨ ᠤ ᠬᠡᠪᠴᠢᠶᠡᠨ ᠤ ᠥᠨᠳᠥᠷ ᠵᠡᠷᠭᠡ ᠶᠢᠨ ᠳᠣᠮᠳᠠᠳᠣ ᠰᠤᠷᠭᠠᠭᠤᠯᠢ ᠶᠢᠨ | ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠦᠢᠳᠬᠡᠯ ᠦᠯᠤ ᠬᠤᠷᠢᠶᠠᠬᠤ ᠰᠤᠷᠭᠠᠨ ᠬᠥᠮᠦᠵᠢᠯ ᠢ ᠠᠯᠬᠤᠮ | ᠠᠯᠬᠤᠮ ᠢᠶᠠᠷ ᠬᠡᠷᠡᠭᠵᠢᠭᠦᠯᠦᠨ᠎ᠡ᠃ ᠣᠨᠴᠠᠭᠠᠶ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ᠂ ᠲᠤᠰᠬᠠᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠤ᠂ | ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠪᠣᠯᠣᠨ ᠡᠩ ᠤᠨ ᠰᠤᠷᠭᠠᠨ ᠬᠥᠮᠦᠵᠢᠯ ᠢ ᠠᠭᠤᠰᠤᠯᠴᠠᠭᠤᠯᠤᠨ ᠨᠡᠪᠲᠡᠷᠡᠭᠦᠯᠬᠦ᠂ ᠦᠢᠯᠡᠳᠪᠦᠷᠢᠯᠡᠯ ᠪᠣᠯᠣᠨ ᠬᠢᠴᠢᠶᠡᠯ ᠬᠥᠮᠦᠵᠢᠯ ᠢ ᠠᠭᠤᠰᠤᠯᠴᠠᠭᠤᠯᠤᠨ | ᠬᠠᠮᠲᠤᠷᠠᠭᠤᠯᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ ᠴᠢᠩᠭᠠᠳᠬᠠᠨ᠎ᠠ᠃ ᠶᠡᠭᠡ ᠳᠡᠭᠡᠳᠦ ᠰᠤᠷᠭᠠᠭᠤᠯᠢ ᠶᠢᠨ | ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠵᠤ᠂ ᠰᠢᠯᠢᠳᠡᠭ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠬᠡᠪᠴᠢᠶ᠎ᠡ ᠶᠢ ᠥᠷᠭᠡᠳᠬᠡᠬᠦ ᠶᠢ | ᠯᠠᠪᠳᠠᠭᠤᠨ ᠪᠠᠲᠤᠲᠠᠢ ᠠᠬᠢᠭᠤᠯᠵᠤ᠂ ︽ᠬᠤᠣᠰ ᠲᠡᠷᠢᠭᠦᠨ ᠵᠡᠷᠭᠡ︾ ᠶᠢᠨ ᠪᠠᠶᠢᠭᠤᠯᠤᠯᠲᠠ ᠶᠢ ᠲᠦᠷᠭᠡᠳᠬᠡᠵᠦ᠂ ᠰᠢᠨᠵᠢᠯᠡᠭᠡᠨ ᠤ ᠰᠠᠯᠠᠭ᠎ᠠ ᠶᠢ ᠪᠠᠶᠢᠭᠤᠯᠵᠤ | ᠲᠣᠬᠢᠷᠠᠭᠤᠯᠬᠤ ᠲᠣᠭᠲᠠᠴᠠ ᠪᠠ ᠴᠢᠳᠠᠪᠤᠷᠢᠲᠠᠨ ᠬᠥᠮᠥᠵᠢᠭᠦᠯᠬᠦ ᠵᠠᠭᠪᠤᠷ ᠢ ᠲᠡᠭᠦᠯᠳᠡᠷᠵᠢᠭᠦᠯᠦᠨ᠎ᠡ᠃ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ | ᠢᠳᠡᠪᠬᠢᠲᠡᠢ ᠥᠷᠨᠢᠭᠦᠯᠵᠦ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠲᠦᠭᠡᠮᠡᠯᠵᠢᠭᠦᠯᠵᠦ᠂ ᠪᠠᠭᠰᠢ ᠰᠣᠷᠣᠬᠴᠢᠳ ᠤᠨ ᠪᠡᠶ᠎ᠡ ᠰᠡᠳᠬᠢᠯ ᠤᠨ ᠡᠷᠡᠭᠦᠯ | ᠮᠡᠨᠳᠦ ᠶᠢ ᠠᠩᠬᠠᠷᠤᠨ ᠬᠠᠶᠢᠷᠠᠯᠠᠨ᠎ᠠ᠃ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ | ᠪᠠᠭᠰᠢ ᠶᠢᠨ ᠡᠩᠨᠡᠭᠡ ᠶᠢ ᠪᠠᠶᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠪᠠ ᠪᠠᠭᠰᠢ ᠶᠢᠨ ᠬᠠᠷᠠᠭᠠᠯᠵᠠᠯ ᠤᠨ ᠪᠠᠲᠤᠯᠠᠭ᠎ᠠ ᠶᠢ | ᠴᠢᠩᠭᠠᠳᠬᠠᠨ᠎ᠠ᠃ ᠤᠯᠤᠰ ᠤᠨ ᠬᠡᠷᠡᠭᠴᠡᠭᠡ ᠪᠣᠯᠣᠨ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ ᠰᠤᠷᠭᠠᠨ | ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠲᠣᠮᠣ ᠤᠯᠤᠰ ᠠᠴᠠ ᠰᠤᠷᠭᠠᠨ ᠬᠥᠮᠦᠵᠢᠯ ᠤᠨ ᠬᠦᠴᠦᠷᠬᠡᠭ ᠤᠯᠤᠰ | ᠲᠡᠶᠢᠰᠢ ᠤᠷᠤᠭᠰᠢᠯᠠᠬᠤ ᠶᠢ ᠲᠦᠷᠭᠡᠳᠬᠡᠬᠦ ᠬᠡᠷᠡᠭᠲᠡᠢ᠃ | ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠪᠡᠶ᠎ᠡ ᠪᠠᠨ ᠳᠠᠭᠠᠭᠠᠵᠤ ᠬᠦᠴᠦᠷᠬᠡᠭᠵᠢᠭᠦᠯᠬᠦ ᠶᠢ ᠠᠬᠢᠭᠤᠯᠤᠨ᠎ᠠ᠃ ᠰᠢᠨ᠎ᠡ | ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ | ᠰᠢᠢᠳᠪᠦᠷᠢᠯᠡᠬᠦ ᠪᠠ ᠬᠤᠰᠢᠭᠤᠷᠠᠯ ᠤᠨ ᠴᠢᠨᠠᠷᠲᠠᠢ᠂ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠴᠢᠬᠤᠯᠠ ᠶᠡᠭᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠰᠥᠯ ᠢ ᠲᠦᠷᠭᠡᠯᠡᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠤᠷᠢᠳᠴᠢᠯᠠᠨ ᠪᠠᠶᠢᠷᠢᠯᠠᠭᠤᠯᠤᠨ᠎ᠠ᠃ | ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠥᠭᠡᠷᠡᠴᠢᠯᠡᠯᠲᠡ ᠶᠢ ᠠᠬᠢᠭᠤᠯᠵᠤ᠂ ᠤᠯᠤᠰ ᠤᠨ ᠲᠤᠷᠰᠢᠯᠲᠠ ᠶᠢᠨ ᠲᠠᠰᠤᠭ ᠤᠨ ᠰᠢᠨ᠎ᠡ ᠭᠡᠯᠪᠡᠷᠢ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠢ ᠵᠣᠬᠢᠶᠠᠨ ᠪᠠᠶᠢᠭᠤᠯᠬᠤ ᠵᠠᠭᠪᠤᠷ ᠢ ᠬᠠᠶᠢᠨ ᠰᠦᠪᠡᠭᠴᠢᠯᠡᠵᠦ᠂ ᠤᠯᠠᠨ ᠤᠯᠤᠰ ᠤᠨ ᠪᠠ ᠣᠷᠣᠨ ᠪᠦᠰᠡ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠰᠠᠴᠤᠷᠠᠭᠯᠠᠨ ᠳᠠᠶᠢᠴᠢᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠵᠠᠷᠤᠯᠭ᠎ᠠ ᠶᠢ ᠰᠠᠭᠤᠷᠢ ᠰᠤᠳᠤᠯᠭᠠᠨ ᠲᠡᠶᠢᠰᠢ ᠬᠡᠯᠪᠡᠶᠢᠯᠭᠡᠬᠦ ᠶᠢ ᠠᠬᠢᠭᠤᠯᠵᠤ᠂ ᠥᠷᠢᠰᠦᠯᠳᠦᠭᠡᠨᠲᠦ ᠳᠡᠮᠵᠢᠯᠭᠡ ᠪᠠ ᠲᠣᠭᠲᠠᠭᠤᠨ | ᠳᠡᠮᠵᠢᠯᠭᠡ ᠶᠢ ᠤᠶᠠᠯᠳᠤᠭᠤᠯᠤᠭᠰᠠᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠰᠠᠭᠤᠷᠢ ᠰᠤᠳᠤᠯᠭᠠᠨ ᠤ ᠵᠣᠬᠢᠶᠠᠨ ᠪᠠᠶᠢᠭᠤᠯᠤᠯᠴᠠᠭᠰᠠᠨ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ᠲᠣᠯᠣᠭᠠᠶᠢᠯᠠᠬᠤ ᠦᠢᠯᠡᠳᠦᠯ ᠢ | ᠪᠠᠳᠠᠷᠠᠭᠤᠯᠵᠤ᠂ ᠠᠵᠤ ᠠᠬᠤᠶᠢᠯᠠᠯ ᠢᠶᠠᠷ ᠭᠤᠣᠯ ᠤᠳᠤᠷᠢᠳᠤᠮᠵᠢ ᠪᠤᠯᠭᠠᠬᠰᠠᠨ ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠭᠦᠨᠵᠡᠭᠡᠢ ᠠᠭᠤᠰᠤᠯᠴᠠᠯ ᠢ | ᠴᠢᠩᠭᠠᠳᠬᠠᠵᠤ᠂ ᠠᠵᠤ ᠠᠬᠤᠶᠢᠯᠠᠯ ᠤᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠳᠣᠯᠭ᠎ᠠ ᠲᠣᠭᠲᠠᠭᠠᠬᠤ ᠳᠤ | ᠣᠷᠤᠯᠴᠠᠬᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠰᠥᠯ ᠢ ᠡᠭᠦᠷᠭᠡᠯᠡᠬᠦ ᠶᠢ ᠪᠠᠶᠢᠭᠤᠯᠤᠯ ᠤᠨ ᠲᠠᠯ᠎ᠠ ᠠᠴᠠ ᠪᠠᠲᠤᠯᠠᠨ᠎ᠠ᠃ | ᠲᠥᠪ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠳᠠᠯ ᠤᠨ ᠬᠤᠪᠢᠶᠠᠷᠢᠯᠠᠯᠲᠠ ᠪᠠ ᠬᠠᠮᠢᠶᠠᠷᠤᠯᠲᠠ ᠬᠡᠷᠡᠭᠯᠡᠯᠲᠡ ᠶᠢᠨ | ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠳᠡᠮᠵᠢᠬᠦ ᠲᠥᠷᠥ ᠶᠢᠨ | ᠪᠣᠳᠣᠯᠭ᠎ᠠ ᠪᠠ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠪᠦᠷᠢᠨᠰᠢᠭᠦᠯᠵᠦ᠂ ᠲᠤᠰᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠳᠤ | ᠡᠷᠬᠡ ᠣᠯᠭᠤᠬᠤ ᠪᠠ ᠪᠡᠯᠡ ᠬᠥᠷᠥᠩᠭᠡ ᠶᠢ ᠠᠰ ᠲᠤᠨᠢ ᠵᠢᠭᠰᠠᠭᠠᠬᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠮᠠᠭᠠᠯᠠᠯᠲᠠ ᠪᠠ ᠬᠡᠷᠡᠭᠯᠡᠯᠲᠡ ᠶᠢ ᠴᠢᠩᠭᠠᠳᠬᠠᠨ᠎ᠠ᠃ ᠤᠬᠠᠭᠳᠠᠬᠤᠨ ᠢ ᠰᠢᠯᠭᠠᠨ ᠨᠤᠲᠠᠯᠠᠬᠤ᠂ ᠵᠠᠪᠰᠠᠷ ᠤᠨ ᠲᠤᠷᠰᠢᠯᠲᠠ ᠪᠠᠷ ᠰᠢᠯᠭᠠᠨ ᠨᠤᠲᠠᠯᠠᠬᠤ ᠪᠠ | ᠠᠵᠢᠯ ᠲᠥᠷᠥᠯ ᠤᠨ ᠨᠡᠶᠢᠲᠡᠯᠢᠭ ᠴᠢᠨᠠᠷᠲᠠᠢ ᠮᠡᠷᠭᠡᠵᠢᠯ ᠤᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠠᠳᠠᠯ ᠦᠢᠯᠡᠰ ᠴᠣᠭᠴᠠᠯᠠᠬᠤ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠶᠢᠨ ᠢᠯᠭᠠᠭᠠᠵᠢᠭᠤᠯᠤᠬᠰᠠᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠲᠥᠷᠥ ᠶᠢᠨ ᠪᠣᠳᠣᠯᠭ᠎ᠠ ᠶᠢᠨ | ᠴᠢᠨᠠᠷᠲᠠᠢ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠷᠠᠭᠤᠯᠤᠨ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢ ᠲᠦᠷᠭᠡᠯᠡᠨ ᠬᠥᠭᠵᠢᠭᠦᠯᠵᠦ᠂ | ᠬᠦᠯᠢᠴᠡᠩᠭᠦᠢ ᠬᠥᠷᠥᠩᠭᠡ ᠶᠢ ᠲᠦᠷᠭᠡᠯᠡᠨ ᠪᠤᠵᠠᠭᠠᠶᠢᠷᠠᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡᠲᠤ ᠬᠠᠮᠲᠤᠷᠠᠯᠴᠠᠭ᠎ᠠ ᠶᠢ | ᠥᠷᠭᠡᠳᠬᠡᠨ᠎ᠡ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ | ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠶᠢᠨ ᠰᠦᠪᠡᠭᠴᠢᠯᠡᠬᠦ ᠶᠢ ᠵᠣᠷᠢᠭᠵᠢᠭᠤᠯᠬᠤ᠂ ᠢᠯᠠᠭᠳᠠᠯ ᠢ ᠪᠠᠭᠲᠠᠭᠠᠨ | ᠠᠭᠤᠴᠢᠯᠠᠬᠤ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠪᠤᠢ ᠪᠤᠯᠭᠠᠬᠤ ᠶᠢ ᠠᠬᠢᠭᠤᠯᠤᠨ᠎ᠠ᠃ | ᠴᠢᠳᠠᠪᠤᠷᠢᠲᠠᠨ ᠤ ᠡᠩᠨᠡᠭᠡ ᠶᠢᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠴᠢᠳᠠᠪᠤᠷᠢᠲᠠᠨ ᠤ ᠥᠨᠳᠦᠷᠯᠢᠭ ᠭᠠᠵᠠᠷ ᠪᠠ ᠴᠢᠳᠠᠪᠤᠷᠢᠲᠠᠨ ᠤ | ᠲᠠᠪᠴᠠᠩ ᠤᠨ ᠰᠠᠴᠤᠷᠠᠭᠯᠠᠬᠤ ᠦᠢᠯᠡᠳᠦᠯ ᠢ ᠪᠠᠳᠠᠷᠠᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠯᠡᠨ ᠪᠠᠶᠢᠭᠤᠯᠵᠤ᠂ | ᠰᠢᠨ᠎ᠡ ᠶᠢ ᠡᠭᠦᠳᠬᠦ ᠣᠷᠣᠶᠢᠯᠠᠭᠰᠠᠨ ᠴᠢᠳᠠᠪᠤᠷᠢᠲᠠᠨ᠂ ᠭᠤᠣᠯᠳᠠᠯᠭ᠎ᠠ ᠲᠠᠢ ᠬᠦᠷᠢᠶᠡᠨ ᠳᠤ ᠪᠠᠴᠢᠮ ᠬᠡᠷᠡᠭᠰᠡᠬᠦ ᠲᠤᠲᠠᠭᠳᠠᠵᠤ ᠪᠠᠶᠢᠭ᠎ᠠ ᠴᠢᠳᠠᠪᠤᠷᠢᠲᠠᠨ ᠪᠠ ᠤᠷ᠎ᠠ | ᠴᠢᠳᠠᠪᠤᠷᠢ ᠰᠠᠶᠢᠲᠠᠢ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠶᠡᠭᠡ ᠪᠠᠷ | ᠲᠡᠮᠵᠢᠵᠦ᠂ ᠵᠣᠷᠢᠭᠲᠠᠢ ᠪᠠᠷ ᠬᠡᠷᠡᠭᠯᠡᠨ᠎ᠡ᠃ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠷᠢᠭᠦᠨ ᠵᠡᠷᠭᠡ ᠶᠢᠨ ᠠᠵᠤ ᠦᠢᠯᠡᠰ ᠤᠨ ᠮᠡᠷᠭᠡᠵᠢᠯ ᠤᠨ | ᠠᠵᠢᠯᠴᠢᠨ ᠤ ᠡᠩᠨᠡᠭᠡ ᠶᠢ ᠪᠠᠶᠢᠭᠤᠯᠤᠨ᠎ᠠ᠃ ᠭᠠᠳᠠᠭᠠᠳᠤ ᠠᠴᠠ ᠴᠢᠳᠠᠪᠤᠷᠢᠲᠠᠨ ᠣᠷᠣᠭᠤᠯᠤᠨ ᠠᠪᠴᠢᠷᠠᠬᠤ ᠶᠢ ᠳᠡᠮᠵᠢᠬᠦ ᠪᠠ ᠪᠠᠲᠤᠯᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠭᠠᠳᠠᠭᠠᠳᠤ ᠶᠢᠨ ᠬᠠᠷᠢᠶ᠎ᠠ ᠲᠠᠢ ᠴᠢᠳᠠᠪᠤᠷᠢᠲᠠᠨ ᠳᠤ ᠵᠣᠷᠢᠭᠤᠯᠤᠭᠰᠠᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠴᠢᠳᠠᠪᠤᠷᠢᠲᠠᠨ ᠢ | ᠬᠠᠮᠢᠶᠠᠷᠬᠤ ᠪᠠ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠮᠥᠨ ᠬᠡᠷᠡᠭᠯᠡᠬᠦ ᠨᠢᠭᠡᠴᠢ ᠳᠤ ᠨᠡᠩ ᠶᠡᠭᠡ ᠡᠵᠡᠨ ᠮᠡᠳᠡᠬᠦ ᠡᠷᠬᠡ ᠣᠯᠭᠤᠵᠤ᠂ | ᠦᠢᠯᠡᠳᠪᠦᠷᠢᠯᠡᠬᠦ ᠵᠢᠭᠠᠬᠤ ᠰᠤᠳᠤᠯᠬᠤ ᠴᠢᠳᠠᠪᠤᠷᠢᠲᠠᠨ ᠢ ᠬᠤᠯᠪᠤᠭᠠᠯᠠᠨ ᠬᠥᠮᠥᠵᠢᠭᠦᠯᠬᠦ ᠪᠠ ᠰᠣᠯᠢᠯᠴᠠᠬᠤ ᠶᠢ ᠠᠬᠢᠭᠤᠯᠤᠨ᠎ᠠ᠃ ᠴᠢᠳᠠᠪᠤᠷᠢᠲᠠᠨ ᠤ ᠣᠷᠣᠨ | ᠪᠦᠰᠡ ᠶᠢᠨ ᠵᠦᠢ ᠵᠣᠬᠢᠰᠲᠠᠢ ᠪᠠᠶᠢᠷᠢᠯᠠᠭᠤᠯᠤᠯᠲᠠ ᠶᠢ ᠠᠬᠢᠭᠤᠯᠵᠤ᠂ ᠵᠡᠭᠦᠨ ᠬᠡᠰᠡᠭ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ᠴᠢᠳᠠᠪᠤᠷᠢᠲᠠᠨ ᠤ | ᠬᠠᠮᠵᠢᠯᠴᠠᠭ᠎ᠠ ᠶᠢ ᠴᠢᠩᠭᠠᠳᠬᠠᠵᠤ᠂ ᠰᠢᠯᠢᠳᠡᠭ ᠴᠢᠳᠠᠪᠤᠷᠢᠲᠠᠨ ᠤ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠳᠤ ᠭᠠᠪᠢᠶ᠎ᠠ ᠪᠠᠶᠢᠭᠤᠯᠤᠨ ᠦᠢᠯᠡᠰ | ᠪᠣᠰᠬᠠᠬᠤ ᠶᠢ ᠵᠣᠷᠢᠭᠵᠢᠭᠤᠯᠤᠨ᠎ᠠ᠃ ᠴᠢᠳᠠᠪᠤᠷᠢᠲᠠᠨ ᠢ ᠲᠥᠷᠥᠯ ᠬᠤᠪᠢᠶᠠᠨ ᠦᠨᠡᠯᠡᠬᠦ ᠥᠭᠡᠷᠡᠴᠢᠯᠡᠯᠲᠡ ᠪᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ | ᠡᠲᠡᠭᠡᠳ ᠤᠨ ︽ᠣᠲᠤᠭ᠎ᠠ ᠵᠢᠩᠰᠡ︾ ᠶᠢᠨ ᠵᠠᠰᠠᠯᠲᠠ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠴᠢᠳᠠᠪᠤᠷᠢ᠂ ᠶᠠᠰᠤ ᠴᠢᠨᠠᠷ᠂ ᠪᠣᠳᠠᠲᠤ ᠪᠦᠲᠦᠮᠵᠢ᠂ ᠬᠤᠪᠢ | ᠨᠡᠮᠡᠷᠢ ᠪᠠᠷ ᠤᠳᠤᠷᠢᠳᠤᠮᠵᠢ ᠪᠤᠯᠭᠠᠬᠰᠠᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠪᠠᠶᠢᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠤ ᠰᠡᠳᠬᠢᠯ | ᠲᠥᠪᠯᠡᠷᠡᠭᠦᠯᠦᠨ ᠰᠢᠮᠳᠠᠨ ᠰᠤᠳᠤᠯᠬᠤ᠂ ᠦᠯᠡᠮᠵᠢ ᠬᠤᠷᠠᠮᠳᠤᠭᠤᠯᠵᠤ ᠥᠨᠳᠥᠷ ᠠᠮᠵᠢᠯᠲᠠ ᠭᠠᠷᠭᠠᠬᠤ ᠶᠢ ᠵᠣᠷᠢᠭᠵᠢᠭᠤᠯᠤᠨ᠎ᠠ᠃ | ︵ᠳᠥᠷᠪᠡ︶ ᠪᠡᠯᠭᠡ ᠲᠡᠮᠳᠡᠭ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠯᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ | ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠮᠵᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ ᠭᠤᠣᠯᠳᠠᠯᠭ᠎ᠠ ᠲᠠᠢ ᠬᠦᠷᠢᠶᠡᠨ ᠤ | ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ | ᠠᠷᠢᠯᠭᠠᠵᠤ᠂ ᠨᠡᠩ ᠲᠥᠪ ᠭᠤᠣᠯᠴᠢ᠂ ᠨᠡᠩ ᠠᠮᠢᠵᠢᠷᠠᠯ ᠤᠨ ᠬᠦᠴᠦᠨ ᠪᠦᠬᠦᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠡᠭᠦᠳᠦᠨ᠎ᠡ᠃ | ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠨ᠎ᠡ᠃ ︽ᠬᠤᠶᠠᠷ ᠥᠴᠥᠬᠡᠨ ᠴᠦ | ᠭᠤᠶᠢᠪᠢᠰᠢ ᠦᠭᠡᠢ︾ ᠪᠠᠶᠢᠬᠤ ᠶᠢ ᠪᠠᠷᠢᠮᠲᠠᠯᠠᠨ ᠨᠠᠶᠢᠳᠠᠪᠤᠷᠢᠵᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠴᠢᠨᠠᠷ ᠰᠠᠶᠢᠲᠠᠢ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠬᠦ ᠪᠠ ᠪᠦᠲᠦᠴᠡ ᠶᠢ ᠲᠣᠬᠢᠷᠠᠭᠤᠯᠬᠤ ᠵᠢᠯᠣᠭᠤᠳᠤᠮᠵᠢ ᠶᠢ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠠᠶᠢᠯᠳᠤᠬᠤ | ᠪᠣᠳᠣᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠯᠡᠬᠦ ᠳᠦᠷᠢᠮ ᠢ ᠲᠦᠷᠭᠡᠯᠡᠨ ᠪᠠᠶᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠬᠥᠭᠵᠢᠯᠲᠡ ᠶᠢ ᠠᠬᠢᠭᠤᠯᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ | ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ | ᠠᠰᠢᠭ ᠢ ᠦᠨᠡᠨ ᠬᠦ ᠬᠠᠤᠯᠢ ᠶᠣᠰᠣᠭᠠᠷ ᠬᠠᠮᠠᠭᠠᠯᠠᠵᠤ᠂ ᠨᠥᠬᠦᠴᠡᠯ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠᠳᠤ ᠤᠯᠤᠰ ᠤᠨ ᠣᠨᠴᠠᠯᠢᠭ | ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠳᠤ ᠥᠷᠢᠲᠦᠭᠰᠡᠨ | ᠠᠪᠴᠠᠭᠠᠨ ᠤ ᠵᠣᠭᠤᠰ ᠢ ᠢᠯᠭᠠᠷᠠᠭᠤᠯᠬᠤ ᠠᠵᠢᠯ ᠢ ᠬᠦᠴᠦᠯᠡᠨ ᠠᠬᠢᠭᠤᠯᠵᠤ᠂ ᠡᠬᠢ ᠡᠭᠦᠰᠦᠯ ᠠᠴᠠ ᠨᠢ ᠵᠠᠰᠠᠬᠤ ᠪᠠ ᠢᠲᠡᠭᠡᠯ ᠠᠯᠳᠠᠭᠰᠠᠳ ᠢ ᠵᠠᠯᠬᠠᠭᠠᠨ | ᠴᠡᠭᠡᠷᠯᠡᠭᠦᠯᠬᠦ ᠶᠢ ᠴᠢᠩᠭᠠᠳᠬᠠᠵᠤ᠂ ᠠᠵᠤ ᠠᠬᠤᠶᠢᠯᠠᠯ ᠳᠤ ᠥᠷᠢᠲᠦᠭᠰᠡᠨ ᠠᠪᠴᠠᠭᠠᠨ ᠤ ᠵᠣᠭᠤᠰ ᠤᠨ ᠠᠰᠠᠭᠤᠳᠠᠯ ᠢ ᠰᠢᠢᠳᠪᠦᠷᠢᠯᠡᠬᠦ ᠤᠷᠲᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠪᠠᠶᠢᠩᠭᠤ ᠶᠢᠨ ᠴᠢᠨᠠᠷᠲᠠᠢ ᠨᠡᠪᠲᠡᠷᠡᠯᠴᠡᠨ | ᠰᠣᠯᠢᠯᠴᠠᠬᠤ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠢ ᠦᠨᠡᠨ ᠬᠦ ᠬᠠᠪᠰᠤᠷᠤᠨ ᠪᠣᠳᠠᠲᠠᠢ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ᠃ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢ ᠣᠨᠣᠴᠠᠲᠠᠢ ᠳᠠᠮᠵᠢᠨ᠎ᠠ᠃ | ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠥᠷᠨᠢᠭᠦᠯᠵᠦ᠂ ᠳᠤᠷ᠎ᠠ ᠪᠠᠷ ᠢᠶᠠᠨ ᠰᠦᠢᠳᠬᠡᠯ | ᠬᠤᠷᠢᠶᠠᠬᠤ᠂ ᠳᠤᠷ᠎ᠠ ᠪᠠᠷ ᠢᠶᠠᠨ ᠵᠣᠭᠤᠰ ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠠᠶᠢᠴᠠᠭᠠᠨ ᠪᠢᠲᠡᠭᠦᠮᠵᠢᠯᠡᠬᠦ ᠶᠢ ᠲᠥᠪᠯᠡᠷᠡᠭᠦᠯᠦᠨ | ᠴᠡᠭᠴᠡᠯᠡᠨ ᠵᠠᠰᠠᠵᠤ᠂ ᠲᠣᠭᠲᠠᠭᠠᠯ ᠠᠴᠠ ᠵᠥᠷᠢᠴᠡᠨ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ ᠪᠠ ᠠᠰᠢᠭ ᠬᠠᠷᠠᠬᠤ ᠴᠢᠨᠠᠷᠲᠠᠢ ᠪᠠᠷ ᠬᠠᠤᠯᠢ ᠬᠡᠷᠡᠭᠵᠢᠭᠦᠯᠬᠦ ᠶᠢ | ᠡᠷᠡᠰ ᠰᠡᠷᠭᠡᠶᠢᠯᠡᠨ ᠬᠤᠷᠢᠭᠯᠠᠨ᠎ᠠ᠃ ᠵᠠᠰᠠᠭ ᠤᠨ ᠣᠷᠳᠣᠨ ᠬᠠᠮᠢᠶᠠᠷᠤᠯᠲᠠ ᠪᠠᠨ ᠦᠢᠯᠡᠴᠢᠯᠡᠬᠦ ᠶᠢᠨ ᠳᠤᠮᠳᠠ ᠠᠬᠤᠭᠤᠯᠵᠤ᠂ ᠦᠢᠯᠡᠴᠢᠯᠡᠬᠦ ᠶᠢᠨ ᠳᠤᠯᠠᠭᠠᠬᠠᠨ | ᠰᠡᠳᠬᠢᠯ ᠢᠶᠠᠷ ᠠᠵᠤ ᠠᠬᠤᠶᠢᠯᠠᠯ ᠤᠨ ᠢᠲᠡᠭᠡᠯ ᠵᠣᠷᠢᠭ ᠢ ᠨᠡᠮᠡᠭᠳᠡᠭᠦᠯᠬᠦ ᠬᠡᠷᠡᠭᠲᠡᠢ᠃ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠰᠠᠭᠤᠷᠢ ᠳᠦᠷᠢᠮ | ᠳᠦᠷᠢᠮᠯᠡᠯ ᠢ ᠲᠦᠷᠭᠡᠯᠡᠨ ᠪᠠᠶᠢᠭᠤᠯᠤᠨ ᠪᠦᠷᠢᠨᠰᠢᠭᠦᠯᠵᠦ᠂ ᠣᠷᠣᠨ ᠨᠤᠲᠤᠭ ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ ᠤᠨ ᠬᠡᠰᠡᠭᠯᠡᠯ ᠢ ᠡᠪᠳᠡᠵᠦ᠂ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠵᠠᠬ᠎ᠠ ᠳᠡᠯᠭᠡᠭᠦᠷ ᠠᠴᠠ ᠤᠬᠤᠷᠢᠨ ᠭᠠᠷᠬᠤ᠂ ᠡᠯᠧᠮᠧᠨ᠋ᠲ ᠢ ᠲᠣᠬᠢᠷᠠᠭᠤᠯᠬᠤ ᠵᠡᠷᠭᠡ ᠲᠠᠯ᠎ᠠ ᠪᠠᠷ ᠠᠵᠤ ᠠᠬᠤᠢ ᠶᠢᠨ | ᠣᠷᠴᠢᠯ ᠢ ᠬᠢᠵᠠᠭᠠᠷᠯᠠᠵᠤ ᠪᠠᠶᠢᠭ᠎ᠠ ᠪᠣᠭᠤᠭᠳᠠᠯ ᠲᠦᠭᠵᠢᠷᠡᠯ ᠢ ᠠᠷᠢᠯᠭᠠᠨ ᠨᠠᠪᠲᠠᠷᠡᠭᠦᠯᠵᠦ᠂ ︽ᠬᠤᠮᠢᠷᠠᠭ᠎ᠠ︾ ᠥᠷᠢᠰᠦᠯᠳᠦᠭᠡᠨ ᠢ ᠶᠡᠷᠦᠩᠬᠡᠶᠢᠯᠡᠨ ᠴᠡᠭᠴᠡᠯᠡᠨ | ᠵᠠᠰᠠᠨ᠎ᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠵᠢᠯᠣᠭᠤᠳᠤᠮᠵᠢ ᠶᠢ ᠬᠡᠷᠡᠭᠵᠢᠭᠦᠯᠵᠦ᠂ ᠰᠢᠨ᠎ᠡ | ᠬᠡᠪᠯᠡᠯ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠵᠠᠰᠠᠨ ᠲᠣᠭᠲᠠᠭᠠᠵᠤ ᠨᠡᠶᠢᠲᠡᠯᠡᠨ᠂ ᠰᠢᠨ᠎ᠡ | ᠡᠵᠡᠩᠨᠡᠯᠲᠡ ᠶᠢᠨ ᠭᠡᠯᠪᠡᠷᠢ ᠪᠠᠶᠢᠳᠠᠯ ᠰᠢᠨ᠎ᠡ ᠬᠦᠷᠢᠶᠡᠨ ᠳᠠᠬᠢ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ | ᠭᠤᠣᠯᠳᠠᠯᠭ᠎ᠠ ᠲᠠᠢ ᠬᠦᠷᠢᠶᠡᠨ ᠳᠠᠬᠢ ᠭᠤᠤᠯᠴᠢ ᠥᠷᠢᠰᠦᠯᠳᠦᠭᠡᠨ ᠢ ᠲᠣᠭᠲᠠᠭᠠᠯ ᠳᠤ ᠨᠡᠶᠢᠴᠡᠭᠦᠯᠬᠦ ᠵᠢᠯᠣᠭᠤᠳᠤᠮᠵᠢ ᠶᠢ ᠲᠣᠭᠲᠠᠭᠠᠵᠤ᠂ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠳᠤ ᠣᠷᠤᠯᠴᠠᠬᠤ ᠪᠠᠶᠢᠭᠤᠯᠤᠯ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ | ᠪᠦᠷᠢᠨᠰᠢᠭᠦᠯᠬᠦ ᠲᠦᠷᠦ ᠶᠢᠨ ᠪᠣᠳᠣᠯᠭ᠎ᠠ ᠶᠢ ᠨᠡᠶᠢᠲᠡᠯᠡᠵᠦ᠂ ᠢᠲᠡᠭᠡᠮᠵᠢ ᠶᠢ ᠰᠡᠷᠭᠦᠭᠡᠬᠦ ᠨᠢᠭᠡᠳᠦᠯᠲᠡᠢ ᠳᠦᠷᠢᠮ ᠢ ᠪᠠᠶᠢᠭᠤᠯᠤᠨ᠎ᠠ᠃ ᠠᠵᠤ ᠠᠬᠤᠶᠢᠯᠠᠯ ᠤᠨ ᠤᠬᠤᠷᠢᠨ | ᠭᠠᠷᠬᠤ ᠲᠦᠭᠦᠮ ᠳᠦᠷᠢᠮ ᠢ ᠲᠡᠭᠦᠯᠳᠡᠷᠵᠢᠭᠦᠯᠵᠦ᠂ ᠡᠵᠡᠩᠨᠡᠯᠲᠡ ᠶᠢᠨ ᠪᠡᠶᠡᠴᠢ ᠴᠣᠭᠴᠠ ᠶᠢᠨ ᠠᠵᠢᠯᠯᠠᠭ᠎ᠠ ᠡᠭᠦᠰᠦᠭᠰᠡᠨ ᠭᠠᠵᠠᠷ ᠲᠤ ᠪᠦᠷᠢᠳᠬᠡᠯ ᠬᠢᠬᠦ ᠶᠢ | ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃ ᠨᠢᠭᠡᠳᠦᠯᠲᠡᠢ ᠪᠥᠭᠡᠳ ᠨᠡᠭᠡᠭᠡᠯᠲᠡᠲᠡᠢ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠲᠦᠷᠭᠡᠯᠡᠨ ᠪᠦᠲᠦᠭᠡᠨ ᠪᠠᠶᠢᠭᠤᠯᠵᠤ᠂ | ᠪᠦᠭᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ᠃ | ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠥᠪ ᠤᠨ ᠰᠠᠯᠠᠭ᠎ᠠ ᠮᠥᠴᠢᠷ ᠤᠨ | ᠲᠡᠭ ᠰᠠᠭᠤᠷᠢᠨ ᠲᠥᠰᠥᠪ ᠤᠨ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠵᠦ᠂ ᠣᠷᠣᠨ ᠨᠤᠲᠤᠭ ᠤᠨ ᠬᠢᠨ ᠤ ᠲᠡᠭ ᠰᠠᠭᠤᠷᠢᠨ ᠲᠥᠰᠥᠪ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠳᠠᠮᠵᠢᠵᠤ᠂ ᠵᠠᠷᠤᠯᠭ᠎ᠠ ᠶᠢᠨ ᠪᠠᠷᠢᠮᠵᠢᠶ᠎ᠠ᠂ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠵᠠᠩᠭᠢᠯᠠᠭ᠎ᠠ ᠶᠢᠨ ᠳᠦᠷᠢᠮ ᠤᠨ | ᠲᠠᠯ᠎ᠠ ᠪᠠᠷ ᠢᠳᠡᠪᠬᠢᠲᠡᠢ ᠪᠠᠷ ᠰᠢᠨ᠎ᠡ ᠶᠢ ᠡᠭᠦᠳᠦᠨ᠎ᠡ᠃ ᠬᠡᠰᠡᠭ ᠲᠠᠸᠠᠷ ᠤᠨ ᠲᠦᠷᠦᠯ ᠤᠨ ᠬᠡᠷᠡᠭᠯᠡᠭᠡᠨ ᠤ ᠭᠠᠶᠢᠯᠢ ᠲᠠᠲᠠᠪᠤᠷᠢᠯᠠᠬᠤ ᠭᠤᠭᠴᠤᠭ᠎ᠠ ᠶᠢ ᠬᠤᠶᠢᠰᠢ | ᠰᠢᠯᠵᠢᠭᠦᠯᠬᠦ ᠶᠢᠨ ᠬᠠᠮᠲᠤ ᠣᠷᠣᠨ ᠨᠤᠲᠤᠭ ᠲᠤ ᠪᠠᠭᠤᠯᠭᠠᠨ ᠥᠭᠬᠦ ᠶᠢ ᠲᠦᠷᠭᠡᠯᠡᠨ ᠠᠬᠢᠭᠤᠯᠵᠤ᠂ ᠣᠷᠣᠨ ᠨᠤᠲᠤᠭ ᠤᠨ ᠡᠵᠡᠨ ᠮᠡᠳᠡᠬᠦ ᠡᠳ᠋ ᠤᠨ ᠬᠦᠴᠦᠨ ᠢ | ᠨᠡᠮᠡᠭᠳᠡᠭᠦᠯᠦᠨ᠎ᠡ᠃ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠵᠢᠷᠤᠮᠵᠢᠭᠤᠯᠤᠨ᠎ᠠ᠃ ᠤᠷᠮᠠᠰᠢᠭᠤᠯᠬᠤ ᠲᠣᠭᠲᠠᠴᠠ ᠶᠢ ᠢᠳᠡᠪᠬᠢᠲᠡᠢ | ᠰᠦᠪᠡᠭᠴᠢᠯᠡᠨ ᠪᠠᠶᠢᠭᠤᠯᠵᠤ᠂ ᠣᠷᠣᠨ ᠨᠤᠲᠤᠭ ᠤᠨ ᠬᠢᠨ ᠤ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠡᠳ᠋ ᠮᠥᠩᠭᠦᠨ ᠤ ᠢᠷᠡᠯᠲᠡ ᠶᠢ ᠪᠣᠶᠢᠵᠢᠭᠤᠯᠬᠤ ᠶᠢ | ᠠᠬᠢᠭᠤᠯᠤᠨ᠎ᠠ᠃ ᠡᠳ᠋ ᠤᠨ ᠵᠠᠰᠠᠭ ᠠᠴᠠ ᠲᠡᠵᠢᠭᠡᠬᠦ ᠬᠥᠮᠥᠰ ᠤᠨ ᠬᠡᠪᠴᠢᠶ᠎ᠡ ᠶᠢ ᠴᠢᠩᠭ᠎ᠠ ᠬᠢᠵᠠᠭᠠᠷᠯᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠮᠥᠩᠭᠦᠨ ᠭᠦᠢᠯᠭᠡᠭᠡ᠂ ᠨᠣᠭᠤᠭᠠᠨ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ | ᠭᠦᠢᠯᠭᠡᠭᠡ᠂ ᠳ᠋ᠢᠵᠢᠲ᠋ᠠᠯ ᠮᠥᠩᠭᠦᠨ ᠭᠦᠢᠯᠭᠡᠭᠡ ᠶᠢᠨ ᠪᠠᠷᠢᠮᠵᠢᠶ᠎ᠠ ᠶᠢᠨ ᠰᠢᠰᠲ᠋ᠧᠮ ᠪᠠ ᠰᠠᠭᠤᠷᠢ ᠳᠦᠷᠢᠮ ᠢ ᠲᠡᠭᠦᠯᠳᠡᠷᠵᠢᠭᠦᠯᠦᠨ᠎ᠡ᠃ ᠬᠥᠷᠥᠩᠭᠡ ᠶᠢᠨ ᠵᠠᠬ᠎ᠠ | ᠳᠡᠯᠭᠡᠭᠦᠷ ᠤᠨ ᠪᠡᠯᠡ ᠣᠷᠣᠭᠤᠯᠤᠯᠳᠡ ᠪᠡᠯᠡ ᠲᠣᠬᠢᠷᠠᠭᠤᠯᠭ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠷᠲᠤᠪᠲᠤᠷ ᠬᠤᠭᠤᠴᠠᠭᠠᠨ ᠤ | ᠪᠡᠯᠡ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠶᠢ ᠶᠡᠭᠡ ᠪᠠᠷ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠬᠦᠴᠦᠨ ᠤ ᠨᠥᠭᠡᠴᠡ ᠪᠠ ᠵᠠᠬ᠎ᠠ | ᠳᠡᠯᠭᠡᠭᠦᠷ ᠢ ᠲᠣᠭᠲᠠᠪᠤᠷᠢᠵᠢᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠲ᠋ᠣᠺ ᠲᠠᠷᠬᠠᠭᠠᠨ ᠵᠠᠬ᠎ᠠ ᠳᠡᠯᠭᠡᠭᠦᠷ ᠲᠤ ᠭᠠᠷᠭᠠᠬᠤ ᠪᠠ | ᠨᠡᠶᠢᠯᠡᠭᠦᠯᠦᠨ ᠬᠤᠳᠠᠯᠳᠤᠨ ᠠᠪᠴᠤ ᠲᠠᠭᠢᠨ ᠵᠣᠬᠢᠶᠠᠨ ᠪᠠᠶᠢᠭᠤᠯᠬᠤ ᠳᠦᠷᠢᠮ ᠢ ᠥᠭᠡᠷᠡᠴᠢᠯᠡᠨ ᠰᠢᠯᠢᠳᠡᠭᠵᠢᠭᠦᠯᠦᠨ᠎ᠡ᠃ ᠤᠯᠠᠨ ᠲᠡᠰ ᠳᠠᠪᠬᠤᠷᠭ᠎ᠠ ᠶᠢᠨ | ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠲᠦᠷᠭᠡᠳᠬᠡᠨ᠎ᠡ᠃ | ︵ᠲᠠᠪᠤ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠢᠳᠡᠪᠬᠢᠲᠡᠢ ᠪᠠᠷ ᠭᠠᠳᠠᠭᠠᠳᠤ ᠠᠷᠠᠯᠵᠢᠶ᠎ᠠ ᠶᠢ ᠲᠣᠭᠲᠠᠭᠤᠨ | ᠪᠠᠶᠢᠯᠭᠠᠵᠤ ᠭᠠᠳᠠᠭᠠᠳᠤ ᠪᠡᠯᠡ ᠶᠢ ᠲᠣᠭᠲᠠᠭᠤᠨ ᠪᠠᠶᠢᠯᠭᠠᠨ᠎ᠠ᠃ ᠭᠠᠳᠠᠭᠠᠳᠤ ᠣᠷᠴᠢᠨ ᠨᠥᠬᠦᠴᠡᠯ ᠬᠡᠷᠬᠢᠨ ᠬᠤᠪᠢᠷᠠᠭᠰᠠᠨ ᠴᠤ᠂ ᠭᠠᠳᠠᠭᠰᠢ ᠨᠡᠭᠡᠭᠡᠯᠲᠡ ᠬᠢᠬᠦ ᠶᠢ | ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠪᠡᠶ᠎ᠡ ᠪᠠᠨ ᠳᠠᠭᠠᠭᠠᠵᠤ ᠨᠡᠭᠡᠭᠡᠯᠲᠡ | ᠬᠢᠬᠦ ᠪᠠ ᠭᠠᠭᠴᠠ ᠲᠠᠯ᠎ᠠ ᠠᠴᠠ ᠨᠡᠭᠡᠭᠡᠯᠲᠡ ᠬᠢᠬᠦ ᠶᠢ ᠡᠮᠬᠢ ᠵᠢᠷᠤᠮ ᠲᠠᠢ ᠪᠠᠷ ᠥᠷᠭᠡᠳᠬᠡᠵᠦ᠂ ᠨᠡᠭᠡᠭᠡᠯᠲᠡ ᠪᠠᠷ ᠥᠭᠡᠷᠡᠴᠢᠯᠡᠯᠲᠡ ᠶᠢ ᠠᠬᠢᠭᠤᠯᠵᠤ ᠬᠥᠭᠵᠢᠯᠲᠡ ᠶᠢ | ᠠᠬᠢᠭᠤᠯᠤᠨ᠎ᠠ᠃ | ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠲᠣᠭᠲᠠᠪᠤᠷᠢᠵᠢᠭᠤᠯᠤᠨ᠎ᠠ᠃ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢᠨ | ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠵᠠᠬᠢᠶᠠᠯᠠᠭ᠎ᠠ ᠶᠢ ᠲᠣᠭᠲᠠᠪᠤᠷᠢᠵᠢᠭᠤᠯᠤᠨ ᠵᠠᠬ᠎ᠠ ᠳᠡᠯᠭᠡᠭᠦᠷ ᠢ ᠥᠷᠭᠡᠳᠬᠡᠬᠦ ᠶᠢ ᠲᠡᠮᠵᠢᠨ᠎ᠡ᠃ ᠪᠡᠯᠡ | ᠲᠣᠬᠢᠷᠠᠭᠤᠯᠭ᠎ᠠ᠂ ᠲᠠᠰᠤᠯᠤᠨ ᠪᠣᠳᠣᠯᠲᠠ᠂ ᠭᠠᠳᠠᠭᠠᠳᠤ ᠭᠤᠪᠢᠭᠤᠯᠭ᠎ᠠ ᠵᠡᠷᠭᠡ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠵᠦ᠂ ᠭᠠᠳᠠᠭᠠᠳᠤ | ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠠᠭᠠᠳᠬᠠᠬᠤ ᠬᠡᠪᠴᠢᠶ᠎ᠡ ᠪᠠ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠠᠵᠤ ᠠᠬᠤᠶᠢᠯᠠᠯ ᠤᠨ ᠬᠢᠯᠢ ᠶᠢᠨ | ᠭᠠᠳᠠᠨ᠎ᠠ ᠦᠵᠡᠰᠭᠦᠯᠡᠩ ᠳᠤ ᠣᠷᠤᠯᠴᠠᠬᠤ ᠪᠠ ᠦᠵᠡᠰᠭᠦᠯᠡᠩ ᠡᠷᠭᠢᠯᠡᠭᠦ ᠳᠤ ᠦᠵᠡᠭᠦᠯᠭᠦ ᠳᠡᠮᠵᠢᠯᠭᠡ ᠶᠢ ᠴᠢᠩᠭᠠᠳᠬᠠᠨ᠎ᠠ᠃ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠬᠥᠭᠵᠢᠯᠲᠡ ᠶᠢ ᠠᠬᠢᠭᠤᠯᠵᠤ᠂ ᠬᠢᠯᠢ ᠠᠯᠤᠰᠯᠠᠨ ᠢᠯᠡᠭᠡᠬᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠭᠠᠳᠠᠭᠠᠳᠤ ᠳᠠᠬᠢ | ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠯᠢ ᠶᠢᠨ ᠭᠠᠳᠠᠨᠠᠬᠢ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠣᠷᠣᠨ ᠤ | ᠴᠢᠳᠠᠮᠵᠢ ᠶᠢ ᠥᠷᠭᠡᠳᠬᠡᠵᠦ᠂ ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ ᠶᠢ ᠬᠥᠭᠵᠢᠭᠦᠯᠵᠦ᠂ ᠤᠯᠠᠨ ᠡᠰᠢᠵᠢᠭᠰᠡᠨ ᠵᠠᠬ᠎ᠠ ᠳᠡᠯᠭᠡᠭᠦᠷ ᠢ ᠨᠡᠭᠡᠭᠡᠨ᠎ᠡ᠃ ᠳᠣᠲᠣᠭᠠᠳᠤ | ᠭᠠᠳᠠᠭᠠᠳᠤ ᠠᠷᠠᠯᠵᠢᠶᠠᠨ ᠤ ᠨᠢᠭᠡ ᠴᠣᠭᠴᠠᠵᠢᠭᠰᠠᠨ ᠬᠥᠭᠵᠢᠯᠲᠡ ᠶᠢ ᠳᠠᠮᠵᠢᠵᠤ᠂ ᠪᠠᠷᠢᠮᠵᠢᠶ᠎ᠠ ᠶᠢᠨ ᠭᠡᠷᠡᠴᠢᠯᠡᠯᠲᠡ᠂ ᠵᠠᠬ᠎ᠠ ᠳᠡᠯᠭᠡᠭᠦᠷ ᠤᠨ ᠠᠷᠭ᠎ᠠ ᠵᠠᠮ ᠵᠡᠷᠭᠡ | ᠲᠠᠯ᠎ᠠ ᠶᠢᠨ ᠠᠰᠠᠭᠤᠳᠠᠯ ᠢ ᠲᠦᠷᠭᠡᠯᠡᠨ ᠰᠢᠢᠳᠪᠦᠷᠢᠯᠡᠨ᠎ᠡ᠃ ᠦᠢᠯᠡᠴᠢᠯᠡᠭᠡᠨ ᠤ ᠠᠷᠠᠯᠵᠢᠶ᠎ᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠤᠯᠠᠮᠵᠢᠯᠠᠯᠲᠤ | ᠳᠠᠪᠠᠭᠤᠯᠢᠭ ᠦᠢᠯᠡᠴᠢᠯᠡᠭᠡ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠤ᠂ ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠵᠤ᠂ ᠴᠢᠨᠠᠷ | ᠰᠠᠶᠢᠲᠠᠢ ᠦᠢᠯᠡᠴᠢᠯᠡᠭᠡ ᠶᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠨ᠎ᠡ᠃ ᠨᠣᠭᠤᠭᠠᠨ ᠠᠷᠠᠯᠵᠢᠶ᠎ᠠ᠂ ᠳ᠋ᠢᠵᠢᠲ᠋ᠠᠯ ᠠᠷᠠᠯᠵᠢᠶ᠎ᠠ ᠵᠡᠷᠭᠡ ᠰᠢᠨ᠎ᠡ ᠨᠡᠮᠡᠭᠳᠡᠯ ᠤᠨ | ᠴᠡᠭ ᠢ ᠪᠣᠶᠢᠵᠢᠭᠤᠯᠵᠤ᠂ ᠨᠥᠬᠦᠴᠡᠯ ᠲᠠᠢ ᠭᠠᠵᠠᠷ ᠣᠷᠣᠨ ᠤ ᠰᠢᠨ᠎ᠡ ᠭᠡᠯᠪᠡᠷᠢ ᠶᠢᠨ ᠬᠢᠯᠢ ᠶᠢᠨ ᠭᠠᠳᠠᠨᠠᠬᠢ ᠠᠷᠠᠯᠵᠢᠶ᠎ᠠ ᠶᠢ ᠬᠥᠭᠵᠢᠭᠦᠯᠬᠦ ᠶᠢ ᠲᠡᠮᠵᠢᠵᠦ᠂ ᠬᠢᠯᠢ ᠶᠢᠨ | ᠠᠷᠠᠯᠵᠢᠶ᠎ᠠ ᠶᠢ ᠢᠳᠡᠪᠬᠢᠲᠡᠢ ᠬᠥᠭᠵᠢᠭᠦᠯᠦᠨ᠎ᠡ᠃ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ | ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ ᠳ᠋ᠢᠵᠢᠲ᠋ᠠᠯ ᠠᠷᠠᠯᠵᠢᠶᠠᠨ ᠤ ᠴᠤᠭᠯᠠᠭᠠᠨ᠂ ᠬᠡᠷᠡᠭᠯᠡᠭᠡᠨ ᠤ ᠵᠦᠢᠯ ᠤᠨ ᠦᠵᠡᠰᠭᠦᠯᠡᠩ ᠵᠡᠷᠭᠡ ᠴᠢᠬᠤᠯᠠ ᠶᠡᠭᠡ | ᠦᠵᠡᠰᠭᠦᠯᠡᠩ ᠴᠤᠭᠯᠠᠭᠠᠨ ᠢ ᠴᠢᠨᠠᠷ ᠰᠠᠶᠢᠲᠠᠢ ᠰᠠᠶᠢᠲᠤᠷ ᠡᠷᠭᠢᠯᠡᠨ᠎ᠡ᠃ ᠣᠶᠤᠨᠴᠢ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠪᠠ ᠬᠠᠮᠲᠤᠷᠠᠯᠴᠠᠭ᠎ᠠ ᠶᠢ | ᠠᠬᠢᠭᠤᠯᠵᠤ᠂ ᠪᠣᠭᠤᠮᠲᠠ ᠥᠩᠭᠡᠷᠡᠬᠦ ᠶᠢ ᠳᠥᠲᠡᠴᠢᠯᠡᠬᠦ ᠲᠦᠪᠰᠢᠨ ᠢ ᠳᠡᠭᠡᠭᠰᠢᠯᠡᠭᠦᠯᠦᠨ᠎ᠡ᠃ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠶᠡᠭᠡ ᠪᠠᠷ ᠵᠣᠷᠢᠭᠵᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ | ᠥᠷᠭᠡᠳᠬᠡᠬᠦ ᠶᠡᠷᠦᠩᠬᠡᠶᠢᠯᠡᠭᠰᠡᠨ ᠲᠤᠷᠰᠢᠯᠲᠠ ᠶᠢᠨ ᠵᠢᠱᠢᠶ᠎ᠡ ᠦᠵᠡᠭᠦᠯᠭᠦ ᠠᠵᠢᠯ ᠢ ᠠᠬᠢᠭᠤᠯᠵᠤ᠂ ᠢᠨᠲ᠋ᠧᠷ ᠰᠦᠯᠵᠢᠶ᠎ᠡ᠂ ᠰᠣᠶᠣᠯ ᠵᠡᠷᠭᠡ ᠬᠦᠷᠢᠶᠡᠨ ᠤ ᠡᠮᠬᠢ | ᠵᠢᠷᠤᠮ ᠲᠠᠢ ᠪᠠᠷ ᠨᠡᠭᠡᠭᠡᠯᠲᠡ ᠬᠢᠬᠦ ᠶᠢ ᠠᠬᠢᠭᠤᠯᠵᠤ᠂ ᠴᠠᠭᠢᠯᠭᠠᠨ ᠬᠤᠯᠪᠤᠭ᠎ᠠ᠂ ᠡᠮᠨᠡᠯᠭᠡ᠂ ᠰᠤᠷᠭᠠᠨ ᠬᠥᠮᠦᠵᠢᠯ ᠵᠡᠷᠭᠡ ᠬᠦᠷᠢᠶᠡᠨ ᠤ ᠨᠡᠭᠡᠭᠡᠯᠲᠡ ᠬᠢᠬᠦ | ᠲᠤᠷᠰᠢᠯᠲᠠ ᠶᠢ ᠥᠷᠭᠡᠳᠬᠡᠨ᠎ᠡ᠃ ᠭᠠᠳᠠᠭᠠᠳᠤ ᠶᠢᠨ ᠪᠡᠯᠡ ᠣᠷᠣᠭᠤᠯᠤᠭᠴᠢ ᠶᠢᠨ ᠲᠠᠭᠢᠨ ᠪᠡᠯᠡ ᠣᠷᠣᠭᠤᠯᠤᠯᠲᠠ ᠪᠠᠨ ᠥᠷᠭᠡᠳᠬᠡᠬᠦ ᠶᠢ ᠵᠣᠷᠢᠭᠵᠢᠭᠤᠯᠵᠤ᠂ ᠠᠵᠤ | ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠢᠵᠢ ᠪᠦᠷᠢᠳᠦᠭᠦᠯᠬᠦ ᠬᠠᠮᠵᠢᠯᠴᠠᠭ᠎ᠠ ᠳᠤ ᠣᠷᠤᠯᠴᠠᠬᠤ ᠶᠢ ᠲᠡᠮᠵᠢᠨ᠎ᠠ᠃ ᠭᠠᠳᠠᠭᠠᠳᠤ ᠪᠡᠯᠡ ᠶᠢᠨ | ᠠᠵᠤ ᠠᠬᠤᠶᠢᠯᠠᠯ ᠤᠨ ᠡᠯᠧᠮᠧᠨ᠋ᠲ ᠣᠯᠬᠤ᠂ ᠬᠢᠷᠢ ᠴᠢᠳᠠᠯ ᠢᠶᠠᠨ ᠵᠥᠪᠰᠢᠶᠡᠷᠡᠭᠦᠯᠬᠦ᠂ ᠪᠠᠷᠢᠮᠵᠢᠶ᠎ᠠ ᠲᠣᠭᠲᠠᠭᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠵᠡᠷᠭᠡ ᠲᠠᠯ᠎ᠠ ᠪᠠᠷ ᠬᠢ ᠠᠷᠠᠳ ᠢᠷᠭᠡᠨ ᠤ ᠬᠠᠷᠠᠭᠠᠯᠵᠠᠯ ᠢ ᠦᠨᠡᠨ ᠬᠦ ᠪᠠᠲᠤᠯᠠᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠦᠢᠯᠡᠴᠢᠯᠡᠭᠡ ᠪᠠᠲᠤᠯᠠᠭ᠎ᠠ ᠶᠢ | ᠴᠢᠩᠭᠠᠳᠬᠠᠵᠤ᠂ ᠪᠡᠯᠭᠡ ᠲᠡᠮᠳᠡᠭ ᠤᠨ ᠴᠢᠨᠠᠷᠲᠠᠢ ᠲᠥᠰᠥᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ︽ᠳᠤᠮᠳᠠᠳᠤ ᠤᠯᠤᠰ ᠲᠤ ᠪᠡᠯᠡ ᠤᠷᠤᠭᠤᠯᠬᠤ︾ ᠨᠠᠷᠠᠲᠤ | ᠲᠡᠮᠳᠡᠭ ᠢ ᠦᠷᠭᠦᠯᠵᠢᠯᠡᠨ ᠪᠤᠶ ᠪᠣᠯᠭᠠᠨ᠎ᠠ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠪᠠ ᠥᠭᠡᠷᠡᠴᠢᠯᠡᠯᠲᠡ ᠶᠢᠨ ᠡᠭᠦᠷᠭᠡ ᠶᠢᠨ ᠡᠷᠬᠡ ᠣᠯᠭᠤᠯᠲᠠ ᠶᠢ ᠥᠷᠭᠡᠳᠬᠡᠬᠦ ᠶᠢ ᠠᠬᠢᠭᠤᠯᠵᠤ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ | ᠭᠤᠣᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠨ ᠠᠬᠢᠭᠤᠯᠵᠤ᠂ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠣᠷᠣᠨ ᠤ | ᠨᠡᠭᠡᠭᠡᠯᠲᠡᠲᠤ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠭᠠᠶᠢᠯᠢ ᠶᠢᠨ ᠪᠠᠲᠤᠯᠠᠭᠠᠲᠤ ᠣᠷᠣᠨ ᠤ ᠭᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠤᠯᠠᠨ ᠤᠯᠤᠰᠴᠢᠯᠠᠭᠰᠠᠨ ᠲᠡᠷᠢᠭᠦᠨ ᠵᠡᠷᠭᠡ ᠶᠢᠨ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠪᠤᠢ ᠪᠤᠯᠭᠠᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠨᠠᠩ ᠰᠠᠶᠢᠨ ᠬᠥᠭᠵᠢᠯᠲᠡ ᠲᠠᠢ | ᠪᠣᠯᠭᠠᠨ᠎ᠠ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠴᠢᠬᠤᠯᠠ | ᠶᠡᠭᠡ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠠ ︽ᠪᠠᠭ᠎ᠠ ᠠᠲᠠᠯ᠎ᠠ ᠰᠠᠶᠢᠬᠠᠨ︾ ᠠᠷᠠᠳ ᠤᠨ ᠠᠮᠢᠳᠤᠷᠠᠯ ᠤᠨ ᠲᠥᠰᠥᠯ ᠤᠨ ᠪᠦᠲᠦᠭᠡᠨ ᠪᠠᠶᠢᠭᠤᠯᠤᠯᠲᠠ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠨᠢᠭᠡ ᠪᠦᠯᠦᠭ ᠵᠢᠱᠢᠶ᠎ᠡ ᠦᠵᠡᠭᠦᠯᠭᠦ ᠴᠢᠨᠠᠷᠲᠠᠢ ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠤᠢ ᠪᠣᠯᠭᠠᠨ᠎ᠠ᠃ ᠳᠤᠮᠳᠠᠳᠤ | ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡ ᠶᠢᠨ ᠲᠣᠭᠲᠠᠭᠤᠨ ᠪᠥᠭᠡᠳ ᠰᠠᠭᠠᠳ ᠦᠭᠡᠢ ᠠᠵᠢᠯᠯᠠᠭᠠᠨ ᠢ ᠪᠠᠲᠤᠯᠠᠵᠤ᠂ ᠪᠠᠷᠠᠭᠤᠨ ᠬᠡᠰᠡᠭ ᠤᠨ ᠭᠠᠵᠠᠷ | ᠣᠷᠣᠨ ᠤ ᠳᠠᠯᠠᠢ ᠬᠠᠭᠤᠷᠠᠢ ᠶᠢᠨ ᠰᠢᠨ᠎ᠡ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠭᠠᠳᠠᠭᠠᠳᠤ ᠳᠠᠬᠢ ᠪᠡᠯᠡ ᠣᠷᠣᠭᠤᠯᠤᠯᠳᠡ ᠶᠢᠨ ᠡᠷᠡᠭᠦᠯ | ᠪᠥᠭᠡᠳ ᠠᠮᠤᠷ ᠲᠦᠪᠰᠢᠨ ᠢᠶᠠᠷ ᠡᠮᠬᠢ ᠵᠢᠷᠤᠮ ᠲᠠᠢ ᠬᠥᠭᠵᠢᠬᠦ ᠶᠢ ᠬᠥᠲᠥᠯᠥᠨ ᠵᠢᠯᠤᠭᠤᠳᠴᠤ᠂ ᠬᠠᠤᠯᠢ ᠴᠠᠭᠠᠵᠠ᠂ ᠮᠥᠩᠭᠦᠨ ᠭᠦᠢᠯᠭᠡᠭᠡ᠂ ᠪᠠᠷᠠᠭᠠᠨ ᠤ | ᠭᠦᠢᠯᠭᠡᠭᠡ ᠵᠡᠷᠭᠡ ᠶᠢᠨ ᠭᠠᠳᠠᠭᠠᠳᠤ ᠳᠠᠬᠢ ᠶᠡᠷᠦᠩᠬᠡᠶᠢᠯᠡᠭᠰᠡᠨ ᠦᠢᠯᠡᠴᠢᠯᠡᠭᠡ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠤᠯᠠᠨ ᠤᠯᠤᠰ ᠤᠨ ᠬᠠᠮᠲᠤᠷᠠᠯᠴᠠᠭᠠᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ | ᠤᠯᠠᠨ ᠲᠠᠯᠠᠲᠤ ᠬᠤᠶᠠᠷ ᠲᠠᠯᠠᠲᠤ ᠠᠵᠤ ᠠᠬᠤᠢ ᠶᠢᠨ ᠬᠠᠮᠲᠤᠷᠠᠯᠴᠠᠭ᠎ᠠ ᠪᠠ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠎ᠡ᠃ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ ᠲᠣᠣᠷ ᠢ ᠦᠷᠭᠦᠯᠵᠢᠯᠡᠨ | ᠥᠷᠭᠡᠳᠬᠡᠵᠦ᠂ ᠳᠤᠮᠳᠠᠳᠤ ᠤᠯᠤᠰ - - ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠴᠢᠯᠦᠭᠡᠲᠦ ᠠᠷᠠᠯᠵᠢᠶᠠᠨ ᠤ ᠣᠷᠣᠨ ᠤ 3.0 | ᠬᠡᠪᠯᠡᠯ ᠤᠨ ᠲᠡᠰ ᠳᠡᠪᠰᠢᠭᠰᠡᠨ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠢ ᠠᠬᠢᠭᠤᠯᠵᠤ᠂ ︽ᠳ᠋ᠢᠵᠢᠲ᠋ᠠᠯ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ | ᠬᠡᠯᠡᠯᠴᠡᠭᠡᠷ︾ ᠪᠠ ︽ᠪᠦᠭᠦ ᠲᠠᠯ᠎ᠠ ᠶᠢᠨ ᠬᠢᠭᠡᠳ ᠳᠠᠪᠰᠢᠩᠭᠤᠢ ᠨᠣᠮᠣᠬᠠᠨ ᠲᠡᠯᠡᠶ ᠠᠯᠤᠰᠯᠠᠭᠰᠠᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠲᠤ ᠣᠷᠤᠯᠴᠠᠬᠤ | ᠠᠬᠢᠴᠠ ᠶᠢ ᠢᠳᠡᠪᠬᠢᠲᠡᠢ ᠠᠬᠢᠭᠤᠯᠤᠨ᠎ᠠ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯᠯᠠᠭᠤᠯᠤᠭᠰᠠᠨ ᠣᠯᠠᠨ ᠲᠠᠯᠠᠲᠤ ᠠᠷᠠᠯᠵᠢᠶᠠᠨ ᠤ | ᠪᠠᠶᠢᠭᠤᠯᠤᠯ ᠢ ᠡᠷᠡᠰ ᠬᠠᠮᠠᠭᠠᠯᠠᠵᠤ᠂ ᠡᠯ᠎ᠡ ᠤᠯᠤᠰ ᠯᠤᠭ᠎ᠠ ᠶᠢᠨ ᠠᠰᠢᠭ ᠲᠤᠰᠠ ᠶᠢᠨ ᠨᠡᠶᠢᠯᠡᠯ ᠴᠡᠭ ᠢ ᠥᠷᠭᠡᠳᠬᠡᠵᠦ᠂ ᠬᠠᠮᠲᠤ ᠶᠢᠨ ᠬᠥᠭᠵᠢᠯᠲᠡ ᠶᠢ | ᠠᠬᠢᠭᠤᠯᠤᠨ᠎ᠠ᠃ | ︵ᠵᠢᠷᠭᠤᠭ᠎ᠠ︶ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ | ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ | ᠬᠥᠭᠵᠢᠭᠦᠯᠬᠦ ᠶᠠᠪᠤᠴᠠ ᠳᠤ ᠠᠶᠤᠯ ᠲᠦᠭᠰᠢᠭᠦᠷᠢ ᠶᠢ ᠠᠯᠬᠤᠮ ᠠᠯᠬᠤᠮ ᠢᠶᠠᠷ ᠠᠷᠢᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ | ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠴᠢᠷᠮᠠᠶᠢᠨ ᠪᠡᠶᠡᠯᠡᠭᠦᠯᠦᠨ᠎ᠡ᠃ | ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ ᠲᠣᠭᠲᠠᠭᠤᠨ ᠪᠠᠶᠢᠳᠠᠯ ᠳᠤ ᠤᠷᠤᠭᠤᠯᠬᠤ ᠶᠢ | ᠦᠷᠭᠦᠯᠵᠢᠯᠡᠨ ᠬᠦᠴᠦᠯᠡᠨ ᠠᠬᠢᠭᠤᠯᠤᠨ᠎ᠠ᠃ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ ᠪᠠᠶᠢᠭᠠᠳ ᠬᠢᠵᠠᠭᠠᠷᠯᠠᠬᠤ | ᠴᠢᠨᠠᠷᠲᠠᠢ ᠠᠷᠭ᠎ᠠ ᠬᠡᠮᠵᠢᠶ᠎ᠡ ᠶᠢ ᠲᠣᠬᠢᠷᠠᠭᠤᠯᠤᠨ ᠬᠠᠰᠤᠵᠤ᠂ ᠬᠤᠲᠠ ᠶᠢᠨ ᠳᠣᠲᠣᠷᠠᠬᠢ ᠲᠣᠰᠬᠤᠨ ᠪᠣᠯᠣᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ | ᠰᠢᠨᠡᠳᠬᠡᠨ ᠵᠠᠰᠠᠬᠤ ᠶᠢ ᠬᠦᠴᠦᠯᠡᠨ ᠬᠡᠷᠡᠭᠵᠢᠭᠦᠯᠵᠦ᠂ ᠵᠠᠶᠢᠯᠠᠰᠢ ᠦᠭᠡᠢ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢᠨ | ᠳᠠᠯᠳᠠ ᠬᠦᠴᠦᠨ ᠢ ᠭᠦᠢᠴᠡᠳ ᠰᠤᠯᠠᠯᠠᠨ ᠭᠠᠷᠭᠠᠨ᠎ᠠ᠃ ᠬᠤᠲᠠ ᠶᠢᠨ ᠣᠷᠣᠨ ᠵᠠᠢ ᠶᠢᠨ ᠪᠦᠲᠦᠴᠡ ᠪᠠ ᠭᠠᠵᠠᠷ ᠰᠢᠷᠣᠢ ᠠᠰᠢᠭᠯᠠᠬᠤ ᠠᠷᠭ᠎ᠠ ᠮᠠᠶ᠋ᠢᠭ ᠢ | ᠰᠢᠯᠢᠳᠡᠭᠵᠢᠭᠦᠯᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠰᠢᠨ᠎ᠡ ᠪᠠᠷ ᠨᠡᠮᠡᠭᠳᠡᠭᠦᠯᠬᠦ ᠶᠢ ᠵᠦᠢ ᠵᠣᠬᠢᠰᠲᠠᠢ | ᠬᠢᠵᠠᠭᠠᠷᠯᠠᠨ᠎ᠠ᠃ ᠬᠠᠳᠠᠭᠠᠯᠠᠯᠲᠠ ᠬᠡᠷᠡᠭᠯᠡᠬᠦ ᠭᠠᠵᠠᠷ ᠪᠠ ᠬᠤᠳᠠᠯᠳᠤᠭ᠎ᠠ ᠡᠷᠭᠢᠯᠡᠭᠦ ᠠᠯᠪᠠᠯᠠᠬᠤ ᠳᠤ ᠬᠡᠷᠡᠭᠯᠡᠬᠦ ᠭᠡᠷ ᠪᠠᠶᠢᠰᠢᠩ ᠢ ᠠᠮᠢᠳᠤᠯᠢᠭ ᠪᠤᠯᠭᠠᠵᠤ᠂ | ᠬᠠᠳᠠᠭᠠᠯᠠᠯᠲᠠ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠶᠢ ᠠᠬᠢᠭᠤᠯᠵᠤ᠂ ᠬᠤᠳᠠᠯᠳᠤᠨ ᠠᠪᠬᠤ ᠪᠡᠶᠡᠴᠢ ᠴᠣᠭᠴᠠ᠂ ᠦᠨ᠎ᠡ ᠬᠠᠩᠰᠢ ᠪᠠ | ᠬᠡᠷᠡᠭᠴᠡᠭᠡᠨ ᠤ ᠲᠠᠯ᠎ᠠ ᠪᠠᠷ ᠬᠤᠲᠠ ᠶᠢᠨ ᠵᠠᠰᠠᠭ ᠤᠨ ᠣᠷᠳᠣᠨ ᠳᠤ ᠨᠠᠩ ᠶᠡᠭᠡ ᠡᠵᠡᠨ ᠮᠡᠳᠡᠬᠦ ᠡᠷᠬᠡ ᠣᠯᠭᠤᠨ᠎ᠠ᠃ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠶᠢᠨ ᠳᠠᠭᠢᠨ ᠵᠢᠭᠡᠯᠡᠯᠭᠡ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠨ᠎ᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠡᠯᠡ | ᠲᠣᠬᠢᠷᠠᠭᠤᠯᠭ᠎ᠠ ᠶᠢ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠭᠡᠷ ᠪᠠᠶᠢᠰᠢᠩ ᠢ ᠪᠠᠲᠤᠲᠠᠢ ᠲᠤᠰᠢᠶᠠᠬᠤ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠠᠵᠤ ᠠᠬᠤᠶᠢᠯᠠᠯ ᠤᠨ ᠥᠷᠢ ᠥᠭᠴᠡᠭᠡ ᠶᠢᠨ ᠭᠡᠷ᠎ᠡ ᠵᠥᠷᠢᠴᠡᠬᠦ ᠲᠦᠭᠰᠢᠭᠦᠷᠢ ᠶᠢ | ᠪᠦᠲᠦᠮᠵᠢᠲᠡᠶ ᠰᠡᠷᠭᠡᠶᠢᠯᠡᠨ᠎ᠡ᠃ ᠬᠠᠮᠢᠶ᠎ᠠ ᠪᠦᠬᠦᠢ ᠰᠠᠭᠤᠷᠢ ᠴᠢᠨᠠᠷᠲᠠᠢ ᠳᠦᠷᠢᠮ ᠢ ᠡᠮᠬᠢ ᠵᠢᠷᠤᠮ ᠲᠠᠢ ᠪᠠᠶᠢᠭᠤᠯᠵᠤ᠂ ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠯᠡᠨ ᠪᠠᠶᠢᠭᠤᠯᠤᠨ᠎ᠠ᠃ ᠠᠷᠠᠳ ᠣᠯᠠᠨ ᠤ ᠥᠨᠳᠥᠷ ᠴᠢᠨᠠᠷ ᠴᠢᠨᠰᠠᠭ᠎ᠠ ᠪᠦᠬᠦᠢ ᠣᠷᠣᠰᠢᠨ ᠰᠠᠭᠤᠬᠤ | ᠬᠡᠷᠡᠭᠴᠡᠭᠡ ᠳᠤ ᠵᠣᠬᠢᠴᠠᠭᠤᠯᠤᠨ᠂ ᠪᠠᠷᠢᠮᠵᠢᠶ᠎ᠠ ᠵᠢᠷᠤᠮᠵᠢᠯ ᠢ ᠲᠡᠭᠦᠯᠳᠡᠷᠵᠢᠭᠦᠯᠵᠦ᠂ ᠠᠮᠤᠷ ᠲᠦᠪᠰᠢᠨ᠂ ᠲᠠᠭᠠᠯᠠᠮᠵᠢᠲᠠᠢ᠂ ᠨᠣᠭᠤᠭᠠᠨ᠂ ᠣᠶᠤᠨᠴᠢ ︽ᠰᠠᠶᠢᠨ ᠪᠠᠶᠢᠰᠢᠩ︾ | ᠢ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ | ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ ᠲᠦᠭᠰᠢᠭᠦᠷᠢ ᠶᠢ ᠯᠠᠪᠳᠠᠭᠤᠨ ᠲᠣᠬᠢᠲᠠᠢ ᠠᠷᠢᠯᠭᠠᠨ᠎ᠠ᠃ ᠬᠥᠭᠵᠢᠭᠦᠯᠬᠦ | ᠳᠤᠮᠳᠠ ᠥᠷᠢ ᠶᠢ ᠰᠢᠢᠳᠪᠦᠷᠢᠯᠡᠬᠦ᠂ ᠥᠷᠢ ᠶᠢ ᠰᠢᠢᠳᠪᠦᠷᠢᠯᠡᠬᠦ ᠳᠤᠮᠳᠠ ᠬᠥᠭᠵᠢᠭᠦᠯᠬᠦ ᠶᠢ ᠪᠠᠷᠢᠮᠲᠠᠯᠠᠵᠤ᠂ ᠥᠷᠢ ᠶᠢ ᠰᠢᠢᠳᠪᠦᠷᠢᠯᠡᠬᠦ ᠬᠠᠮ ᠲᠥᠰᠥᠯ ᠢ | ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠬᠢᠨᠠᠨ ᠰᠢᠯᠭᠠᠬᠤ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠂ ᠥᠷᠢ ᠥᠭᠴᠡᠭᠡ ᠶᠢᠨ | ᠲᠦᠭᠰᠢᠭᠦᠷᠢ ᠶᠡᠬᠡᠲᠡᠢ ᠭᠠᠵᠠᠷ ᠣᠷᠣᠨ ᠤ ᠨᠡᠷᠡᠰ ᠢ ᠬᠥᠳᠡᠯᠦᠩᠭᠦᠢ ᠪᠠᠷ ᠲᠣᠬᠢᠷᠠᠭᠤᠯᠵᠤ᠂ ᠪᠡᠯᠡ ᠣᠷᠣᠭᠤᠯᠤᠯᠲᠠ ᠶᠢᠨ ᠰᠢᠨ᠎ᠡ ᠣᠷᠣᠨ ᠵᠠᠢ ᠨᠡᠭᠡᠭᠡᠬᠦ ᠶᠢ ᠳᠡᠮᠵᠢᠨ᠎ᠡ᠃ | ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠬᠤ᠂ ᠨᠠᠷᠢᠯᠢᠭ ᠣᠨᠣᠴᠠᠲᠠᠢ ᠪᠠᠷ ᠰᠣᠯᠢᠬᠤ ᠵᠠᠷᠴᠢᠮ ᠤᠨ ᠶᠣᠰᠣᠭᠠᠷ᠂ ᠣᠷᠣᠨ ᠨᠤᠲᠤᠭ ᠤᠨ ᠵᠠᠰᠠᠭ ᠤᠨ | ᠣᠷᠳᠣᠨ ᠤ ᠳᠠᠯᠳᠠ ᠥᠷᠢ ᠥᠭᠴᠡᠭᠡ ᠶᠢ ᠰᠣᠯᠢᠬᠤ ᠠᠵᠢᠯ ᠢ ᠰᠠᠶᠢᠲᠤᠷ ᠬᠢᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ | ᠳᠦᠷᠢᠮ ᠢ ᠲᠡᠭᠦᠯᠳᠡᠷᠵᠢᠭᠦᠯᠵᠦ᠂ ᠲᠣᠭᠲᠠᠭᠠᠯ ᠠᠴᠠ ᠵᠥᠷᠢᠴᠡᠨ ᠥᠷᠢ ᠲᠠᠯᠪᠢᠬᠤ ᠬᠥᠭᠰᠡᠯ ᠢ ᠡᠷᠡᠰ ᠬᠤᠷᠢᠭᠯᠠᠨ᠎ᠠ᠃ ᠣᠷᠣᠨ ᠨᠤᠲᠤᠭ ᠤᠨ ᠪᠡᠯᠡ ᠲᠣᠬᠢᠷᠠᠭᠤᠯᠬᠤ | ᠲᠠᠪᠴᠠᠩ ᠤᠨ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠴᠢᠳᠠᠮᠵᠢ ᠶᠢ ᠲᠦᠷᠭᠡᠯᠡᠨ ᠰᠠᠯᠭᠠᠵᠤ᠂ ᠵᠠᠬ᠎ᠠ ᠳᠡᠯᠭᠡᠭᠦᠷᠴᠢᠯᠡᠨ ᠭᠡᠯᠪᠡᠷᠢ ᠪᠠᠨ ᠬᠤᠪᠢᠷᠠᠭᠤᠯᠬᠤ ᠪᠠ | ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠶᠢ ᠠᠬᠢᠭᠤᠯᠤᠨ᠎ᠠ᠃ | ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠨ᠎ᠡ᠃ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ | ᠵᠠᠷᠴᠢᠮ ᠤᠨ ᠶᠣᠰᠣᠭᠠᠷ᠂ ᠣᠷᠣᠨ ᠨᠤᠲᠤᠭ ᠤᠨ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠰᠢᠢᠳᠪᠦᠷᠢᠯᠡᠬᠦ ᠪᠠ | ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠬᠥᠷᠥᠩᠭᠡ ᠮᠥᠩᠭᠦ ᠶᠢ ᠨᠥᠬᠦᠪᠦᠷᠢᠯᠡᠬᠦ᠂ ᠨᠡᠶᠢᠯᠡᠭᠦᠯᠦᠨ ᠳᠠᠭᠢᠨ ᠵᠣᠬᠢᠶᠠᠨ | ᠪᠠᠶᠢᠭᠤᠯᠬᠤ᠂ ᠵᠠᠬ᠎ᠠ ᠳᠡᠯᠭᠡᠭᠦᠷ ᠠᠴᠠ ᠤᠬᠤᠷᠢᠨ ᠭᠠᠷᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠠᠶᠤᠯ ᠲᠦᠭᠰᠢᠭᠦᠷᠢ ᠶᠢ ᠲᠥᠷᠥᠯ | ᠬᠤᠪᠢᠶᠠᠨ ᠠᠷᠢᠯᠭᠠᠨ᠎ᠠ᠃ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠵᠠᠰᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠢᠯᠭᠠᠭᠠᠵᠢᠭᠤᠯᠤᠬᠰᠠᠨ᠂ ᠠᠭᠤᠯᠤᠭᠳᠠᠬᠤᠨ ᠤ ᠬᠡᠯᠪᠡᠷᠢᠲᠦ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ ᠬᠠᠮᠲᠤᠷᠠᠯᠴᠠᠭ᠎ᠠ ᠶᠢ ᠴᠢᠩᠭᠠᠳᠬᠠᠵᠤ᠂ ᠲᠥᠪ ᠤᠨ ᠪᠠ ᠣᠷᠣᠨ | ᠨᠤᠲᠤᠭ ᠤᠨ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠥᠨᠳᠥᠷ ᠳᠠᠷᠤᠯᠲᠠ | ᠦᠵᠡᠭᠦᠯᠵᠦ ᠴᠢᠩᠭ᠎ᠠ ᠴᠣᠬᠢᠯᠲᠠ ᠥᠭᠬᠦ ᠪᠠᠶᠢᠳᠠᠯ ᠢ ᠪᠠᠲᠤᠯᠠᠨ᠎ᠠ᠃ ᠬᠠᠳᠠᠭᠠᠯᠠᠮᠵᠢ ᠶᠢᠨ ᠳᠠᠭᠠᠳᠬᠠᠯ ᠤᠨ ᠰᠠᠭᠤᠷᠢ ᠮᠥᠩᠭᠦ᠂ ᠮᠥᠩᠭᠦᠨ ᠭᠦᠢᠯᠭᠡᠭᠡ ᠶᠢ | ᠲᠣᠭᠲᠠᠭᠤᠨ ᠪᠠᠶᠢᠯᠭᠠᠬᠤ ᠪᠠᠲᠤᠯᠠᠭ᠎ᠠ ᠶᠢᠨ ᠰᠠᠭᠤᠷᠢ ᠮᠥᠩᠭᠦ ᠵᠡᠷᠭᠡ ᠲᠦᠭᠰᠢᠭᠦᠷᠢ ᠶᠢ ᠠᠷᠢᠯᠭᠠᠬᠤ ᠡᠬᠢ ᠪᠠᠶᠠᠯᠢᠭ ᠢ ᠲᠡᠭᠦᠯᠳᠡᠷᠵᠢᠭᠦᠯᠦᠨ᠎ᠡ᠃ ᠭᠠᠳᠠᠭᠠᠳᠤ ᠠᠶᠤᠯ | ᠲᠦᠭᠰᠢᠭᠦᠷᠢ ᠶᠢᠨ ᠳᠠᠭᠠᠷᠢᠯᠲᠠ ᠶᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠲᠣᠭᠲᠠᠭᠤᠨ | ᠪᠠᠶᠢᠳᠠᠯ ᠢ ᠪᠦᠲᠦᠮᠵᠢᠲᠡᠶ ᠬᠠᠮᠠᠭᠠᠯᠠᠨ᠎ᠠ᠃ | ︵ᠳᠣᠯᠤᠭ᠎ᠠ︶ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠬᠦᠴᠦᠯᠡᠨ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ | ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠲᠠᠷᠢᠶᠠᠯᠠᠩ ᠢ ᠬᠦᠴᠦᠷᠬᠡᠭᠵᠢᠭᠦᠯᠬᠦ᠂ ᠲᠠᠷᠢᠶᠠᠴᠢᠳ ᠲᠤ ᠠᠰᠢᠭ | ᠬᠦᠷᠲᠡᠭᠡᠬᠦ᠂ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ ᠲᠡᠭᠦᠯᠳᠡᠷᠵᠢᠭᠦᠯᠵᠦ᠂ ᠠᠷᠭ᠎ᠠ ᠪᠦᠭᠦᠨ ᠢ ᠰᠦᠪᠡᠭᠴᠢᠯᠡᠨ ᠲᠠᠷᠢᠶᠠᠯᠠᠩ ᠤᠨ ᠦᠷ᠎ᠡ ᠠᠰᠢᠭ ᠢ | ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃ | ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ | ᠦᠷᠭᠦᠯᠵᠢᠯᠡᠨ ᠴᠢᠩᠭᠠᠷᠠᠭᠤᠯᠤᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠲᠠᠯᠠᠪᠠᠢ ᠨᠢᠭᠡᠴᠢ ᠶᠢᠨ ᠤᠨᠠᠯᠲᠠ ᠪᠠ ᠶᠠᠰᠤ ᠴᠢᠨᠠᠷ ᠤᠨ | ᠳᠡᠭᠡᠭᠰᠢᠯᠡᠯᠲᠡ ᠶᠢᠨ ᠲᠠᠯ᠎ᠠ ᠪᠠᠷ ᠭᠤᠣᠯᠯᠠᠨ ᠰᠢᠪᠲᠤᠯᠤᠯᠲᠠ ᠬᠢᠨ᠎ᠡ᠃ ᠰᠢᠷ᠎ᠠ ᠪᠤᠷᠴᠠᠭ ᠢ ᠥᠷᠭᠡᠳᠬᠡᠨ ᠳᠠᠷᠢᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ | ᠲᠣᠰᠣᠯᠢᠭ ᠲᠠᠷᠢᠮᠠᠯ ᠤᠨ ᠭᠠᠷᠤᠯᠲᠠ ᠶᠢ ᠥᠷᠭᠡᠳᠬᠡᠬᠦ ᠳᠠᠯᠳᠠ ᠬᠦᠴᠦᠨ ᠢ ᠠᠭᠤᠳᠠᠯᠤᠨ ᠨᠡᠭᠡᠭᠡᠨ ᠬᠥᠭᠵᠢᠭᠦᠯᠦᠨ᠎ᠡ᠃ ᠬᠥᠪᠥᠩ ᠰᠢᠬᠢᠷ ᠭᠤᠮ ᠵᠡᠷᠭᠡ ᠶᠢᠨ | ᠭᠠᠷᠤᠯᠲᠠ ᠶᠢ ᠲᠣᠭᠲᠠᠪᠤᠷᠢᠵᠢᠭᠤᠯᠤᠨ ᠶᠠᠰᠤ ᠴᠢᠨᠠᠷ ᠢ ᠨᠢ ᠳᠡᠭᠡᠭᠰᠢᠯᠡᠭᠦᠯᠭᠦ ᠶᠢ ᠠᠬᠢᠭᠤᠯᠤᠨ᠎ᠠ᠃ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ | ᠲᠣᠭᠲᠠᠭᠤᠨ ᠢᠶᠠᠷ ᠬᠥᠭᠵᠢᠬᠦ ᠶᠢ ᠲᠡᠳᠬᠦᠨ ᠳᠡᠮᠵᠢᠵᠦ᠂ ᠣᠲᠣ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠬᠦ ᠶᠢ ᠲᠠᠮᠵᠢᠵᠦ᠂ ᠢᠳᠡᠭᠡᠨ ᠤ ᠡᠬᠢ | ᠪᠠᠶᠠᠯᠢᠭ ᠢ ᠪᠦᠭᠦ ᠲᠠᠯ᠎ᠠ ᠪᠠᠷ ᠨᠡᠭᠡᠭᠡᠨ ᠬᠥᠭᠵᠢᠭᠦᠯᠦᠨ᠎ᠡ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠡᠵᠡᠯᠡᠬᠦ ᠨᠥᠬᠦᠪᠦᠷᠢᠯᠡᠬᠦ ᠶᠢ | ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠴᠢᠩᠳᠠᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ | ᠬᠠᠮᠠᠭᠠᠯᠠᠯᠲᠠ᠂ ᠠᠰᠢᠭᠯᠠᠯᠲᠠ ᠶᠢ ᠴᠢᠨᠠᠷ ᠰᠠᠶᠢᠲᠠᠢ ᠠᠬᠢᠭᠤᠯᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠪᠣᠯᠣᠨ ᠣᠳᠣᠬᠢᠴᠢᠯᠠᠭᠰᠠᠨ | ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠮᠠᠭᠤᠳᠠᠭᠰᠠᠨ ᠲᠠᠷᠢᠶᠠᠨ ᠭᠠᠵᠠᠷ ᠤᠨ ᠵᠠᠰᠠᠯᠲᠠ ᠪᠣᠯᠣᠨ ᠰᠤᠯᠠ ᠬᠠᠶᠠᠭᠳᠠᠭᠰᠠᠨ | ᠠᠲᠠᠷ ᠭᠠᠵᠠᠷ ᠢ ᠳᠠᠭᠢᠨ ᠬᠠᠭᠠᠯᠪᠤᠷᠢᠯᠠᠬᠤ ᠶᠢ ᠠᠬᠢᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ | ᠬᠡᠷᠡᠭᠵᠢᠭᠦᠯᠦᠨ᠎ᠡ᠃ ᠲᠡᠷᠢᠭᠦᠨ ᠤ ᠪᠥᠭᠡᠳ ᠬᠡᠷᠡᠭᠯᠡᠭᠡᠨ ᠳᠤ ᠲᠣᠬᠢᠷᠠᠬᠤ ᠲᠠᠷᠢᠶᠠᠯᠠᠩ ᠤᠨ ᠮᠠᠰᠢᠨ ᠲᠣᠨᠣᠭᠯᠠᠯ ᠢ ᠰᠤᠳᠤᠯᠤᠨ ᠨᠡᠭᠡᠭᠡᠵᠦ ᠬᠡᠷᠡᠭᠯᠡᠬᠦ ᠪᠠ | ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠶᠡᠭᠡ ᠬᠡᠪᠴᠢᠶ᠎ᠡ ᠪᠠᠷ ᠳᠡᠯᠭᠡᠷᠡᠭᠦᠯᠬᠦ ᠶᠢ ᠲᠦᠷᠭᠡᠳᠬᠡᠨ᠎ᠡ᠃ ᠠᠷᠭ᠎ᠠ | ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠵᠦᠢ ᠵᠣᠬᠢᠰᠲᠠᠢ | ᠲᠦᠪᠰᠢᠨ ᠳᠤ ᠪᠠᠶᠢᠯᠭᠠᠬᠤ ᠶᠢ ᠠᠬᠢᠭᠤᠯᠤᠨ᠎ᠠ᠃ ᠲᠥᠪ ᠤᠨ ᠨᠢᠭᠡᠳᠦᠯᠲᠡᠢ ᠲᠥᠯᠥᠪᠯᠡᠭᠰᠡᠨ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ | ᠮᠤᠵᠢ ᠶᠢᠨ ᠬᠤᠭᠤᠷᠣᠨᠳᠣᠭᠢ ᠠᠰᠢᠭ ᠲᠤᠰᠠ ᠶᠢ ᠬᠥᠨᠳᠡᠯᠡᠨ ᠢᠶᠠᠷ ᠨᠥᠬᠦᠪᠦᠷᠢᠯᠡᠬᠦ ᠠᠵᠢᠯ ᠢ ᠡᠬᠢᠯᠡᠭᠦᠯᠵᠦ᠂ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠳᠤ | ᠦᠵᠡᠭᠦᠯᠭᠦ ᠳᠡᠮᠵᠢᠯᠭᠡ ᠪᠠᠨ ᠨᠡᠮᠡᠭᠳᠡᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠪᠠ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠢᠳᠡᠪᠬᠢᠵᠢᠯ ᠢ | ᠬᠠᠮᠠᠭᠠᠯᠠᠨ᠎ᠠ᠃ ᠡᠯ᠎ᠡ ᠭᠠᠵᠠᠷ ᠣᠷᠣᠨ ᠴᠥᠮ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠶᠢ ᠯᠠᠪᠳᠠᠭᠤᠨ ᠡᠭᠦᠷᠭᠡᠯᠡᠵᠦ᠂ | ᠬᠠᠮᠲᠤ ᠪᠠᠷ ᠢᠶᠠᠨ ᠬᠤᠭᠤᠯᠠ ᠬᠦᠨᠡᠰᠦ ᠶᠢ ᠨᠡᠩ ᠰᠠᠶᠢᠲᠤᠷ ᠪᠠᠲᠤᠯᠠᠬᠤ ᠬᠡᠷᠡᠭᠲᠡᠢ᠃ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠪᠠᠬᠢᠵᠢᠭᠦᠯᠦᠨ | ᠥᠷᠭᠡᠳᠬᠡᠨ᠎ᠡ᠃ ᠬᠢᠨᠠᠨ ᠬᠡᠮᠵᠢᠵᠦ ᠬᠠᠪᠰᠤᠷᠤᠨ ᠲᠡᠳᠬᠦᠬᠦ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠦᠨ᠂ ︽ᠭᠤᠷᠪᠠ ᠶᠢ ᠪᠠᠲᠤᠯᠠᠭ᠎ᠠ ᠲᠠᠢ ᠪᠠᠶᠢᠯᠭᠠᠬᠤ︾ ᠪᠠ | ᠢᠳᠡᠬᠦ ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠬᠡᠪᠴᠢᠶᠡᠵᠢᠯ ᠤᠨ ᠴᠢᠨᠠᠷᠲᠠᠢ ᠪᠠᠷ ᠳᠠᠭᠢᠨ | ᠶᠠᠳᠠᠭᠤᠷᠠᠬᠤ ᠪᠠ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ | ᠳᠡᠮᠵᠢᠬᠦ ᠠᠵᠢᠯ ᠢ ᠴᠢᠩᠭᠠᠳᠬᠠᠵᠤ᠂ ᠬᠠᠪᠰᠤᠷᠤᠨ ᠲᠡᠳᠬᠦᠬᠦ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠥᠷᠥᠯ | ᠬᠤᠪᠢᠶᠠᠨ ᠠᠬᠢᠭᠤᠯᠵᠤ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ | ᠬᠡᠪᠴᠢᠶ᠎ᠡ ᠶᠢ ᠥᠷᠭᠡᠳᠬᠡᠨ᠎ᠡ᠃ ᠵᠡᠭᠦᠨ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠬᠠᠮᠵᠢᠯᠴᠠᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ᠂ ᠬᠡᠷᠡᠭᠯᠡᠭᠡ ᠪᠠᠷ | ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠤᠯᠤᠰ ᠤᠨ ᠣᠷᠣᠭᠤᠯᠤᠯᠲᠠ ᠠᠴᠠ | ᠪᠦᠷᠢᠯᠳᠦᠭᠰᠡᠨ ᠪᠡᠯᠡ ᠬᠥᠷᠥᠩᠭᠡ ᠶᠢᠨ ᠤᠷᠳᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠬᠥᠳᠡᠭᠡ ᠲᠤᠰᠬᠤᠨ ᠤ | ᠲᠠᠭᠢᠨ ᠶᠠᠳᠠᠭᠤᠷᠠᠬᠤ ᠪᠠ ᠶᠠᠳᠠᠭᠤᠷᠠᠬᠤ ᠠᠴᠠ ᠰᠡᠷᠭᠡᠶᠢᠯᠡᠬᠦ ᠲᠣᠭᠲᠠᠴᠠ ᠪᠣᠯᠣᠨ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ᠂ ᠬᠥᠭᠵᠢᠯᠲᠡ | ᠪᠠᠭᠤᠷᠠᠢ ᠭᠠᠵᠠᠷ ᠣᠷᠣᠨ ᠢ ᠱᠠᠲᠤ ᠬᠤᠪᠢᠶᠠᠨ ᠲᠥᠷᠥᠯ ᠬᠤᠪᠢᠶᠠᠨ ᠬᠠᠪᠰᠤᠷᠤᠨ ᠲᠡᠳᠬᠦᠬᠦ ᠳᠦᠷᠢᠮ ᠢ ᠨᠢᠭᠡᠳᠦᠯᠲᠡᠢ ᠲᠥᠯᠥᠪᠯᠡᠨ ᠪᠠᠶᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠯᠳᠤᠭᠤᠯᠤᠭᠰᠠᠨ ᠲᠤᠬᠠᠢ ᠶᠡᠷᠦᠩᠬᠡᠢ ᠦᠨᠡᠯᠡᠨ ᠵᠢᠱᠢᠯᠲᠡ ᠶᠢ ᠥᠷᠨᠢᠭᠦᠯᠵᠦ᠂ ᠰᠢᠯᠵᠢᠯᠲᠡ ᠶᠢᠨ ᠬᠤᠭᠤᠴᠠᠭᠠᠨ ᠤ | ᠳᠠᠷᠠᠭᠠᠬᠢ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ | ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠥᠳᠡᠭᠡ ᠲᠣᠰᠬᠤᠨ ᠤ ᠦᠨᠳᠦᠰᠦᠨ | ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠬᠤᠭᠤᠴᠠᠭ᠎ᠠ ᠨᠢ | ᠲᠤᠯᠤᠭᠰᠠᠨ ᠤ ᠳᠠᠷᠠᠭ᠎ᠠ ᠳᠠᠭᠢᠭᠠᠳ 30 ᠵᠢᠯ ᠤᠷᠲᠤᠳᠬᠠᠬᠤ ᠲᠤᠷᠰᠢᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠪᠦᠬᠦᠯᠢ ᠮᠤᠵᠢ ᠶᠢᠨ ᠲᠤᠷᠰᠢᠯᠲᠠ ᠶᠢᠨ | ᠬᠡᠪᠴᠢᠶ᠎ᠡ ᠶᠢ ᠥᠷᠭᠡᠳᠬᠡᠨ᠎ᠡ᠃ ᠳᠠᠭᠠᠭᠠᠴᠢᠯᠠᠯᠲᠠ ᠶᠢᠨ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢᠨ ᠦᠨ᠎ᠡ ᠬᠠᠩᠰᠢ ᠶᠢᠨ ᠪᠦᠷᠢᠯᠳᠦᠬᠦ | ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠰᠢᠨ᠎ᠡ | ᠭᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠶᠢ ᠳᠡᠮᠵᠢᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ | ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢ | ᠪᠤᠵᠠᠭᠠᠶᠢᠷᠠᠭᠤᠯᠤᠨ᠎ᠠ᠃ ᠬᠠᠮᠲᠤ ᠶᠢᠨ ᠤᠢ ᠮᠣᠳᠣᠨ ᠤ ᠡᠷᠬᠡ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠲᠠᠷᠢᠶᠠᠯᠠᠩ ᠤᠨ | ᠤᠰᠤᠨ ᠤ ᠦᠨ᠎ᠡ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠵᠤ ᠦᠢᠯᠡᠰ ᠢ ᠬᠥᠭᠵᠢᠭᠦᠯᠬᠦ᠂ | ᠰᠢᠶᠠᠨ ᠢ ᠬᠦᠴᠦᠷᠬᠡᠭᠵᠢᠭᠦᠯᠬᠦ᠂ ᠠᠷᠠᠳ ᠢ ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ︽ᠨᠤᠲᠤᠭ ᠤᠨ ᠣᠨᠴᠠ ᠭᠠᠷᠤᠯᠲᠠ︾ | ᠶᠢᠨ ᠠᠵᠢᠯ ᠢ ᠰᠠᠶᠢᠲᠤᠷ ᠬᠢᠵᠦ᠂ ᠠᠭᠤᠯᠠ ᠬᠥᠳᠡᠭᠡ ᠶᠢᠨ ᠠᠵᠤ ᠠᠬᠤᠢ ᠶᠢ ᠬᠥᠭᠵᠢᠭᠦᠯᠵᠦ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠨ ᠲᠠᠢ ᠬᠤᠯᠪᠣᠭᠠᠯᠠᠵᠤ ᠲᠠᠷᠢᠶᠠᠴᠢᠨ ᠢ ᠳᠠᠶᠢᠴᠢᠯᠠᠬᠤ ᠶᠢ ᠠᠬᠢᠭᠤᠯᠵᠤ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ᠨᠤᠲᠤᠭ ᠤᠨ ᠪᠣᠯᠪᠠᠰᠤᠨ ᠵᠠᠩ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ | ᠲᠠᠷᠢᠶᠠᠴᠢᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠤ ᠬᠠᠭᠤᠴᠢᠨ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠤᠨ᠎ᠠ᠃ | ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ ᠪᠠ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠡᠷᠭᠢᠯᠡᠭᠦ ᠳᠤ ᠲᠣᠬᠢᠷᠠᠮᠵᠢᠲᠠᠢ ᠡᠶ᠎ᠡ ᠨᠠᠶᠢᠷᠠᠮᠳᠠᠭᠤ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠪᠦᠲᠦᠭᠡᠨ ᠪᠠᠶᠢᠭᠤᠯᠤᠨ᠎ᠠ᠃ | ︵ᠨᠠᠢᠮᠠ︶ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠬᠥᠭᠵᠢᠯᠲᠡ ᠶᠢᠨ | ᠣᠷᠣᠨ ᠵᠠᠢ ᠶᠢᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠥᠮᠥᠨ ᠢᠶᠠᠷ ᠦᠨᠳᠦᠰᠦ ᠪᠣᠯᠭᠠᠨ ᠬᠤᠳᠠ ᠪᠠᠯᠭᠠᠰᠤᠵᠢᠯᠲᠠ ᠶᠢᠨ ᠶᠠᠰᠤ ᠴᠢᠨᠠᠷ ᠬᠢᠷᠢ | ᠬᠡᠮᠵᠢᠶ᠎ᠡ ᠶᠢ ᠳᠡᠭᠡᠭᠰᠢᠯᠡᠭᠦᠯᠭᠦ ᠶᠢ ᠪᠠᠷᠢᠮᠲᠠᠯᠠᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠭᠰᠡᠨ ᠣᠷᠣᠨ ᠪᠦᠰᠡ ᠶᠢᠨ ᠠᠵᠤ ᠠᠬᠤᠢ ᠶᠢᠨ | ᠪᠠᠶᠢᠷᠢᠯᠠᠭᠤᠯᠤᠯᠲᠠ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠰᠢᠰᠲ᠋ᠧᠮ ᠢ ᠪᠠᠶᠢᠭᠤᠯᠤᠨ᠎ᠠ᠃ | ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃ | ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠤᠯᠭᠠᠬᠤ ᠶᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠪᠠᠷ ᠠᠬᠢᠭᠤᠯᠵᠤ᠂ ᠪᠠᠶᠢᠩᠭᠤ | ᠰᠠᠭᠤᠭ᠎ᠠ ᠭᠠᠵᠠᠷ ᠲᠤᠨᠢ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠢ ᠪᠦᠭᠦ ᠲᠠᠯ᠎ᠠ ᠪᠠᠷ ᠠᠬᠢᠭᠤᠯᠵᠤ᠂ ᠳᠠᠭᠠᠵᠤ ᠨᠡᠭᠦᠭᠰᠡᠨ ᠦᠷ᠎ᠡ | ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠲᠠᠷᠢᠶᠠᠯᠠᠩ ᠠᠴᠠ ᠰᠢᠯᠵᠢᠭᠰᠡᠨ ᠬᠥᠮᠥᠨ | ᠠᠮᠠ ᠶᠢ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠳᠤ ᠣᠷᠣᠭᠤᠯᠬᠤ ᠶᠢ ᠠᠬᠢᠭᠤᠯᠵᠤ᠂ ᠨᠡᠶᠢᠭᠡᠮ ᠤᠨ ᠳᠠᠭᠠᠳᠬᠠᠯ ᠳᠤ ᠣᠷᠤᠯᠴᠠᠬᠤ ᠠᠷᠭ᠎ᠠ ᠵᠠᠮ ᠢ | ᠨᠢ ᠰᠢᠯᠤᠭᠤᠳᠬᠠᠨ᠎ᠠ᠃ ᠰᠢᠶᠠᠨ ᠤ ᠬᠤᠲᠠ ᠶᠢᠨ ᠰᠠᠭᠤᠷᠢ ᠲᠥᠬᠦᠭᠡᠷᠦᠮᠵᠢ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠯᠡᠨ | ᠨᠥᠬᠦᠪᠦᠷᠢᠯᠡᠵᠦ᠂ ᠰᠢᠶᠠᠨ ᠤ ᠬᠡᠪᠴᠢᠶᠡᠨ ᠤ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠬᠤᠲᠠ ᠬᠥᠳᠡᠭᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ | ᠵᠠᠰᠠᠯᠲᠠ ᠶᠢ ᠠᠭᠤᠰᠤᠯᠴᠠᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠠ᠃ ᠣᠳᠣᠬᠢᠴᠢᠯᠠᠭᠰᠠᠨ ᠲᠣᠮᠣ ᠬᠤᠲᠠ ᠶᠢᠨ ᠴᠠᠭᠠᠷᠢᠭ ᠢ ᠬᠥᠭᠵᠢᠭᠦᠯᠦᠨ᠂ ᠣᠷᠣᠨ ᠵᠠᠢ | ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠭᠡᠲᠦ ᠲᠣᠮᠣ ᠣᠨᠴᠠ ᠲᠣᠮᠣ ᠬᠤᠲᠠ ᠶᠢᠨ ᠣᠳᠣᠬᠢᠴᠢᠯᠠᠭᠰᠠᠨ ᠵᠠᠰᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠲᠣᠮᠣ ᠳᠤᠮᠳᠠ ᠵᠢᠵᠢᠭ ᠬᠤᠲᠠ ᠪᠠ ᠵᠢᠵᠢᠭ ᠬᠤᠲᠠ ᠪᠠᠯᠭᠠᠰᠤ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠬᠤᠲᠠ ᠶᠢ ᠰᠢᠨᠡᠳᠬᠡᠬᠦ ᠪᠠ ᠬᠤᠲᠠ | ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠬᠤᠲᠠ ᠶᠢᠨ ᠳᠣᠣᠷ᠎ᠠ ᠠᠰᠢᠭᠯᠠᠮᠵᠢᠲᠤ | ᠭᠠᠵᠠᠷ ᠢ ᠳᠠᠭᠢᠨ ᠨᠡᠭᠡᠭᠡᠨ ᠠᠰᠢᠭᠯᠠᠬᠤ ᠶᠢ ᠨᠢᠭᠡᠳᠦᠯᠲᠡᠢ ᠲᠥᠯᠥᠪᠯᠡᠵᠦ᠂ ᠬᠤᠲᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠠᠷᠢᠯᠭᠠᠬᠤ ᠰᠢᠰᠲ᠋ᠧᠮ ᠢ | ᠲᠦᠷᠭᠡᠯᠡᠨ ᠪᠦᠷᠢᠨᠰᠢᠭᠦᠯᠵᠦ᠂ ᠰᠢᠲᠠᠮᠠᠬᠠᠢ ᠬᠡᠢ᠂ ᠤᠰᠤ ᠬᠠᠩᠭᠠᠬᠤ ᠤᠰᠤ ᠵᠠᠯᠠᠬᠤ᠂ ᠢᠯᠴᠢ᠂ ᠭᠠᠵᠠᠷ ᠳᠣᠣᠷᠠᠬᠢ ᠳᠠᠮᠵᠢᠭᠤᠯᠬᠤ ᠬᠤᠭᠤᠯᠠᠢ ᠶᠢᠨ ᠬᠤᠩᠭᠢᠯ | ᠵᠡᠷᠭᠡ ᠶᠢ ᠪᠦᠲᠦᠭᠡᠨ ᠪᠠᠶᠢᠭᠤᠯᠬᠤ ᠪᠠ ᠬᠠᠮᠵᠢᠯᠴᠠᠨ ᠬᠠᠮᠢᠶᠠᠷᠬᠤ ᠶᠢ ᠴᠢᠩᠭᠠᠳᠬᠠᠨ᠎ᠠ᠃ ᠳ᠋ᠢᠵᠢᠲ᠋ᠠᠯᠴᠢᠯᠠᠬᠰᠠᠨ᠂ ᠣᠶᠤᠨᠴᠢᠯᠠᠭᠰᠠᠨ ᠰᠠᠭᠤᠷᠢ ᠲᠥᠬᠦᠭᠡᠷᠦᠮᠵᠢ ᠶᠢ | ᠬᠥᠭᠵᠢᠭᠦᠯᠵᠦ᠂ ᠰᠠᠭᠠᠳ ᠦᠭᠡᠢ ᠪᠥᠭᠡᠳ ᠨᠠᠰᠤᠵᠢᠬᠰᠠᠳ ᠲᠤ ᠲᠣᠬᠢᠷᠠᠬᠤ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠨᠡᠶᠢᠭᠡᠮ | ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠳᠠᠨ ᠴᠢᠨᠠᠷᠲᠠᠢ᠂ | ᠣᠶᠤᠨᠴᠢ ᠬᠤᠲᠠ ᠶᠢ ᠴᠣᠭᠴᠠᠯᠠᠨ ᠪᠠᠶᠢᠭᠤᠯᠤᠨ᠎ᠠ᠃ | ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ | ᠪᠣᠳᠣᠯᠭ᠎ᠠ ᠶᠢᠨ ᠳᠠᠪᠬᠤᠴᠠᠯ ᠨᠥᠯᠥᠭᠡᠯᠡᠯ ᠢ ᠪᠠᠳᠠᠷᠠᠭᠤᠯᠵᠤ᠂ ᠰᠢᠨ᠎ᠡ ᠨᠡᠮᠡᠭᠳᠡᠯ ᠤᠨ ᠲᠤᠶᠢᠯ ᠢ ᠢᠳᠡᠪᠬᠢᠲᠡᠢ ᠪᠣᠶᠢᠵᠢᠭᠤᠯᠤᠨ᠎ᠠ᠃ ᠪᠠᠷᠠᠭᠤᠨ ᠬᠡᠰᠡᠭ ᠤᠨ ᠭᠠᠵᠠᠷ | ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ ᠤᠨ ᠭᠠᠵᠠᠷ | ᠣᠷᠣᠨ ᠢ ᠲᠦᠷᠭᠡᠯᠡᠨ ᠮᠠᠨᠳᠤᠭᠤᠯᠤᠨ ᠬᠥᠭᠵᠢᠭᠦᠯᠬᠦ᠂ ᠵᠡᠭᠦᠨ ᠬᠡᠰᠡᠭ ᠤᠨ ᠭᠠᠵᠠᠷ ᠣᠷᠣᠨ ᠤ ᠣᠳᠣᠬᠢᠴᠢᠯᠠᠯᠲᠠ ᠶᠢ ᠲᠦᠷᠭᠡᠯᠡᠨ ᠠᠬᠢᠭᠤᠯᠬᠤ ᠵᠡᠷᠭᠡ ᠪᠠᠶᠢᠯᠳᠤᠬᠤ | ᠪᠣᠳᠣᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ | ᠣᠣᠮᠧᠨ ᠤ ᠲᠣᠮᠣ ᠪᠤᠯᠤᠩ ᠤᠨ ᠣᠷᠣᠨ ᠵᠡᠷᠭᠡ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠪᠠ | ᠰᠠᠴᠤᠷᠠᠭᠯᠠᠨ ᠳᠠᠶᠢᠴᠢᠯᠠᠬᠤ ᠦᠢᠯᠡᠳᠦᠯ ᠢ ᠳᠡᠭᠡᠭᠰᠢᠯᠡᠭᠦᠯᠦᠨ᠎ᠡ᠃ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ᠂ ᠬᠠᠳᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠠᠵᠤ ᠠᠬᠤᠢ ᠶᠢᠨ | ᠲᠣᠮᠣ ᠮᠤᠵᠢ ᠶᠢᠨ ᠬᠦᠨᠳᠦ ᠡᠭᠦᠷᠭᠡ ᠡᠭᠦᠷᠭᠡᠯᠡᠬᠦ ᠶᠢ ᠳᠠᠮᠵᠢᠵᠤ᠂ ᠡᠯᠧᠮᠧᠨ᠋ᠲ ᠢ ᠪᠠᠲᠤᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ | ᠥᠭᠡᠷᠡᠴᠢᠯᠡᠯᠲᠡ ᠨᠡᠭᠡᠭᠡᠯᠲᠡ ᠶᠢᠨ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠵᠡᠷᠭᠡ ᠲᠠᠯ᠎ᠠ ᠪᠠᠷ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠨ᠎ᠠ᠃ | ᠪᠤᠰᠤᠳ ᠭᠠᠵᠠᠷ ᠣᠷᠣᠨ ᠤ ᠬᠢᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ | ᠵᠣᠷᠢᠭᠵᠢᠭᠤᠯᠤᠨ᠎ᠠ᠃ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠤᠨ᠎ᠠ᠃ | ᠴᠧᠩᠳᠦ ᠴᠦᠩᠴᠢᠩ ᠣᠷᠣᠨ ᠤ ᠬᠤᠣᠰ ᠬᠤᠲᠠ ᠶᠢᠨ ᠠᠵᠤ ᠠᠬᠤᠢ ᠶᠢᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠵᠡᠭᠦᠨ ᠬᠡᠰᠡᠭ᠂ ᠳᠤᠮᠳᠠ ᠬᠡᠰᠡᠭ᠂ ᠪᠠᠷᠠᠭᠤᠨ ᠬᠡᠰᠡᠭ᠂ ᠵᠡᠭᠦᠨ ᠬᠤᠶᠢᠲᠤ ᠣᠷᠣᠨ ᠤ ᠠᠵᠤ ᠦᠢᠯᠡᠰ ᠤᠨ | ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠡᠮᠬᠢ ᠵᠢᠷᠤᠮ ᠲᠠᠢ ᠪᠠᠷ ᠱᠠᠲᠤᠯᠠᠨ ᠰᠢᠯᠵᠢᠭᠦ ᠶᠢ ᠠᠬᠢᠭᠤᠯᠤᠨ᠎ᠠ᠃ ᠬᠤᠪᠢᠰᠬᠠᠯ ᠤᠨ ᠬᠠᠭᠤᠴᠢᠨ | ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠳᠠᠮᠵᠢᠵᠤ᠂ ᠬᠢᠯᠢ ᠬᠢᠵᠠᠭᠠᠷ ᠣᠷᠣᠨ ᠤ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠣᠷᠣᠨ ᠢ ᠲᠣᠭᠲᠠᠪᠤᠷᠢᠵᠢᠭᠤᠯᠤᠨ | ᠪᠠᠬᠢᠵᠢᠭᠦᠯᠬᠦ ᠶᠢ ᠠᠬᠢᠭᠤᠯᠤᠨ᠎ᠠ᠃ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ | ᠢᠳᠡᠪᠬᠢᠲᠡᠢ ᠬᠠᠶᠢᠨ ᠰᠦᠪᠡᠭᠴᠢᠯᠡᠨ᠎ᠡ᠃ ᠳᠠᠯᠠᠢ ᠲᠠᠩᠭᠢᠰ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠪᠦᠭᠦ ᠤᠯᠤᠰ ᠤᠨ ᠳᠠᠯᠠᠢ ᠲᠠᠩᠭᠢᠰ ᠤᠨ ᠠᠵᠤ | ᠠᠬᠤᠢ ᠶᠢᠨ ᠬᠥᠭᠵᠢᠯᠲᠡ ᠶᠢᠨ ᠵᠢᠱᠢᠶ᠎ᠡ ᠦᠵᠡᠭᠦᠯᠭᠦ ᠣᠷᠣᠨ ᠢ ᠪᠦᠲᠦᠭᠡᠨ ᠪᠠᠶᠢᠭᠤᠯᠤᠨ᠎ᠠ᠃ | ︵ᠶᠢᠰᠦ︶ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠪᠣᠬᠢᠷᠳᠤᠯ ᠢ ᠪᠠᠭᠠᠰᠬᠠᠬᠤ ᠨᠣᠭᠤᠭᠠᠷᠠᠭᠤᠯᠤᠯᠲᠠ ᠶᠢ ᠥᠷᠭᠡᠳᠬᠡᠬᠦ ᠠᠵᠤ | ᠠᠬᠤᠢ ᠶᠢ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠶᠢᠨ ᠨᠣᠭᠤᠭᠠᠨ ᠬᠤᠪᠢᠷᠠᠭᠤᠯᠤᠯᠲᠠ ᠶᠢ | ᠲᠦᠷᠭᠡᠳᠬᠡᠨ᠎ᠡ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠤ ᠦᠢᠯᠡᠰ ᠤᠨ | ᠪᠦᠲᠦᠴᠡ ᠶᠢ ᠲᠣᠬᠢᠷᠠᠭᠤᠯᠬᠤ᠂ ᠪᠣᠬᠢᠷᠳᠤᠯ ᠢ ᠵᠠᠰᠠᠬᠤ᠂ ᠠᠮᠢ ᠠᠬᠤᠢ ᠶᠢ ᠬᠠᠮᠠᠭᠠᠯᠠᠬᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠶᠢ ᠨᠢᠭᠡᠳᠦᠯᠲᠡᠢ | ᠲᠥᠯᠥᠪᠯᠡᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠠᠷᠪᠢᠴᠢ ᠡᠷᠴᠢᠮᠯᠢᠭ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ | ᠠᠬᠢᠭᠤᠯᠤᠨ᠎ᠠ᠃ | ᠪᠣᠬᠢᠷᠳᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠴᠡᠯᠮᠡᠭ ᠲᠡᠭᠷᠢ᠂ ᠲᠤᠩᠭᠠᠯᠠᠭ ᠤᠰᠤ᠂ ᠴᠡᠪᠡᠷ | ᠬᠥᠷᠥᠰᠥ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠬᠤ | ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠵᠤ᠂ ᠰᠢᠨ᠎ᠡ ᠪᠣᠬᠢᠷᠲᠤᠭᠤᠯᠬᠤ ᠪᠣᠳᠠᠰ ᠢ ᠬᠠᠮᠵᠢᠯᠴᠠᠨ ᠵᠠᠰᠠᠬᠤ ᠪᠠ ᠣᠷᠴᠢᠨ ᠠᠬᠤᠢ ᠶᠢᠨ ᠠᠶᠤᠯ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠠᠮᠢ ᠠᠬᠤᠢ ᠶᠢᠨ ᠣᠷᠴᠢᠨ ᠨᠥᠬᠦᠴᠡᠯ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠭᠦᠨᠵᠡᠭᠡᠶᠢᠷᠡᠭᠦᠯᠦᠨ | ᠬᠡᠷᠡᠭᠵᠢᠭᠦᠯᠵᠦ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠲᠣᠭᠤᠷᠢᠮ ᠡᠪᠡᠰᠦ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ | ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ︽ᠭᠤᠷᠪᠠᠨ ᠤᠮᠠᠷᠠᠲᠤ︾ ᠶᠢᠨ | ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠢ ᠳᠠᠶᠢᠨ ᠤ ᠴᠢᠬᠤᠯᠠ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃ ᠠᠮᠢᠳᠤ ᠪᠣᠳᠠᠰ ᠤᠨ ᠣᠯᠠᠨ ᠶᠠᠩᠵᠤᠲᠤ | ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠬᠥᠬᠡᠮᠥ᠋ᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠡᠷᠡᠰ | ᠠᠬᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠠ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ | ᠪᠦᠷᠢᠨᠰᠢᠭᠦᠯᠦᠨ᠎ᠡ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠲᠦᠷᠦᠭᠦᠯᠡᠬᠦ ᠣᠷᠣᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ | ᠠᠷᠠᠳ ᠤᠯᠠᠨ ᠤ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠨᠥᠬᠦᠴᠡᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠨ᠎ᠠ᠃ | ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠠᠬᠤᠢ ᠶᠢ ᠲᠦᠷᠭᠡᠯᠡᠨ ᠬᠥᠭᠵᠢᠭᠦᠯᠦᠨ᠎ᠡ᠃ ᠨᠣᠭᠤᠭᠠᠨ ᠪᠥᠭᠡᠳ ᠨᠡᠭᠦᠷᠡᠰᠦᠲᠥ᠋ᠷᠥᠭᠴᠢ | ᠪᠠᠭᠠᠲᠠᠢ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠪᠠ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ | ᠪᠠᠭᠠᠲᠠᠢ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠠᠮᠢ ᠠᠬᠤᠢ ᠶᠢ ᠪᠤᠢ ᠪᠣᠯᠭᠠᠨ᠎ᠠ᠃ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠷᠢᠭᠦᠨ ᠤ | ᠮᠡᠷᠭᠡᠵᠢᠯ ᠤᠨ ᠵᠢᠱᠢᠶ᠎ᠡ ᠦᠵᠡᠭᠦᠯᠭᠦ ᠢᠨᠵᠧᠨᠧᠷᠢᠩ ᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠨᠣᠭᠤᠭᠠᠨ ᠪᠠᠷᠢᠯᠭ᠎ᠠ᠂ ᠨᠣᠭᠤᠭᠠᠨ ᠡᠨᠧᠷᠭᠢ᠂ ᠨᠣᠭᠤᠭᠠᠨ ᠵᠠᠮ | ᠬᠠᠷᠢᠯᠴᠠᠭ᠎ᠠ ᠵᠡᠷᠭᠡ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠤᠨ᠎ᠠ᠃ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢ ᠬᠠᠮᠢᠶᠠᠷᠬᠤ ᠪᠠ ᠪᠦᠭᠦ ᠲᠠᠯ᠎ᠠ ᠪᠠᠷ ᠠᠷᠪᠢᠯᠠᠨ | ᠭᠠᠮᠨᠠᠬᠤ ᠳᠦᠷᠢᠮ ᠢ ᠲᠡᠭᠦᠯᠳᠡᠷᠵᠢᠭᠦᠯᠵᠦ᠂ ᠡᠨᠧᠷᠭᠢ ᠬᠡᠷᠡᠭᠯᠡᠬᠦ ᠤᠰᠤ ᠬᠡᠷᠡᠭᠯᠡᠬᠦ ᠭᠤᠣᠯᠳᠠᠯᠭ᠎ᠠ ᠲᠠᠢ ᠨᠢᠭᠡᠴᠢ ᠶᠢᠨ ᠡᠨᠧᠷᠭᠢ ᠠᠷᠪᠢᠯᠠᠵᠤ ᠤᠰᠤ ᠠᠷᠪᠢᠯᠠᠬᠤ | ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠲᠥᠰᠥᠯ ᠢ ᠬᠦᠴᠦᠲᠡᠢ ᠪᠥᠭᠡᠳ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃ | ᠬᠠᠶᠠᠭᠳᠠᠮᠠᠯ ᠪᠣᠳᠠᠰ ᠢ ᠤᠷᠴᠢᠯᠳᠤᠭᠤᠯᠤᠨ ᠠᠰᠢᠭᠯᠠᠬᠤ ᠶᠢ ᠴᠢᠩᠭᠠᠳᠬᠠᠵᠤ᠂ ᠳᠠᠬᠢᠯᠲᠠ ᠮᠠᠲ᠋ᠧᠷᠢᠶᠠᠯ ᠢ ᠬᠡᠷᠡᠭᠯᠡᠬᠦ ᠶᠢ ᠶᠡᠭᠡ ᠪᠠᠷ ᠳᠡᠯᠭᠡᠷᠡᠭᠦᠯᠵᠦ᠂ ᠡᠷᠭᠢᠯᠲᠡᠲᠦ | ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠨᠣᠭᠤᠭᠠᠨ ᠬᠡᠷᠡᠭᠯᠡᠭᠡ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠨᠣᠭᠤᠭᠠᠨ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠤᠯᠭᠠᠬᠤ ᠶᠢ ᠠᠬᠢᠭᠤᠯᠤᠨ᠎ᠠ᠃ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠲᠣᠬᠢᠲᠠᠢ ᠠᠬᠢᠭᠤᠯᠤᠨ᠎ᠠ᠃ ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠣᠷᠭᠢᠯ ᠬᠡᠮᠵᠢᠭᠳᠡᠯ ᠳᠤᠨᠢ ᠬᠦᠷᠭᠡᠬᠦ ᠬᠤᠶᠠᠳᠤᠭᠠᠷ ᠪᠦᠯᠦᠭ ᠤᠨ ᠲᠤᠷᠰᠢᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠢᠭᠡ ᠪᠦᠯᠦᠭ ᠨᠡᠭᠦᠷᠡᠰᠦᠲᠥ᠋ᠷᠥᠭᠴᠢ | ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠦᠢᠯᠡᠳᠪᠦᠷᠢ ᠶᠢ ᠪᠠᠶᠢᠭᠤᠯᠤᠨ᠎ᠠ᠃ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠬᠢᠵᠠᠭᠠᠷᠯᠠᠯ ᠤᠨ ᠳᠦᠷᠢᠮ ᠤᠨ ᠰᠢᠰᠲ᠋ᠧᠮ ᠢ ᠲᠦᠷᠭᠡᠯᠡᠨ ᠪᠠᠶᠢᠭᠤᠯᠵᠤ᠂ ᠪᠦᠭᠦ ᠤᠯᠤᠰ ᠤᠨ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠵᠢᠯ ᠲᠦᠷᠦᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠦᠷᠢᠳᠬᠡᠵᠦ ᠲᠣᠭᠠᠴᠠᠭ᠎ᠠ ᠬᠢᠬᠦ ᠠᠵᠢᠯ ᠢ ᠥᠷᠨᠢᠭᠦᠯᠵᠦ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ | ᠤᠯᠠ ᠮᠥᠷ ᠤᠨ ᠬᠠᠮᠢᠶᠠᠷᠤᠯᠲᠠ ᠶᠢᠨ ᠰᠢᠰᠲ᠋ᠧᠮ᠂ ᠨᠡᠭᠦᠷᠡᠰᠦᠲᠥ᠋ᠷᠥᠭᠴᠢ ᠶᠢᠨ ᠢᠯᠡᠳᠬᠡᠮᠵᠢ ᠲᠡᠮᠳᠡᠭ ᠤᠨ ᠭᠡᠷᠡᠴᠢᠯᠡᠯ ᠤᠨ ᠳᠦᠷᠢᠮ ᠢ ᠪᠠᠶᠢᠭᠤᠯᠵᠤ᠂ ᠨᠣᠭᠤᠭᠠᠨ | ᠠᠷᠠᠯᠵᠢᠶᠠᠨ ᠤ ᠬᠤᠷᠢᠭ᠎ᠠ ᠰᠠᠭᠠᠳ ᠢ ᠢᠳᠡᠪᠬᠢᠲᠡᠢ ᠠᠷᠭᠠᠴᠠᠨ᠎ᠠ᠃ ᠡᠯᠡᠰᠦ᠂ ᠭᠤᠪᠢ᠂ ᠴᠥᠯ ᠭᠠᠵᠠᠷ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠰᠠᠭᠤᠷᠢᠨ | ᠭᠠᠵᠠᠷ ᠢ ᠲᠦᠷᠭᠡᠯᠡᠨ ᠪᠠᠶᠢᠭᠤᠯᠵᠤ᠂ ᠳᠠᠯᠠᠢ ᠳᠡᠭᠡᠷᠡᠬᠢ ᠰᠠᠯᠬᠢᠨ ᠴᠠᠭᠢᠯᠭᠠᠨ ᠢ ᠬᠥᠭᠵᠢᠭᠦᠯᠵᠦ᠂ ᠲᠤᠬᠠᠢ ᠶᠢᠨ ᠭᠠᠵᠠᠷ ᠲᠤᠨᠢ ᠪᠠᠭᠲᠠᠭᠠᠨ ᠰᠢᠩᠭᠡᠭᠡᠬᠦ ᠪᠠ ᠭᠠᠳᠠᠭᠰᠢ | ᠬᠦᠷᠭᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ᠎ᠡ᠃ ᠨᠡᠭᠦᠷᠡᠰᠦᠨ ᠴᠠᠭᠢᠯᠭᠠᠨ ᠢ ᠨᠡᠭᠦᠷᠡᠰᠦᠲᠥ᠋ᠷᠥᠭᠴᠢ ᠪᠠᠭᠠᠲᠠᠢ ᠪᠤᠯᠭᠠᠬᠤ | ᠥᠭᠡᠷᠡᠴᠢᠯᠡᠯᠲᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠭᠦ ᠠᠵᠢᠯ ᠢ ᠥᠷᠨᠢᠭᠦᠯᠦᠨ᠎ᠡ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠠᠮ ᠴᠢᠬᠤᠯᠠ | ᠶᠡᠭᠡ ᠢᠨᠵᠧᠨᠧᠷᠢᠩ ᠢ ᠲᠥᠯᠥᠪᠵᠢᠭᠦᠯᠵᠦ᠂ ᠪᠦᠭᠦ ᠪᠥᠮᠪᠥᠷᠴᠡᠭ ᠤᠨ ᠣᠷᠴᠢᠨ ᠠᠬᠤᠢ ᠪᠠ ᠠᠭᠤᠷ ᠠᠮᠢᠰᠬᠤᠯ ᠤᠨ ᠵᠠᠰᠠᠯᠲᠠ ᠳᠤ ᠢᠳᠡᠪᠬᠢᠲᠡᠢ ᠣᠷᠤᠯᠴᠠᠬᠤ ᠪᠠ | ᠲᠡᠭᠦᠨ ᠢ ᠬᠥᠲᠥᠯᠥᠨ ᠳᠠᠭᠠᠭᠤᠯᠤᠨ᠎ᠠ᠃ | ︵ᠠᠷᠪᠠ︶ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠵᠠᠰᠠᠯᠲᠠ ᠶᠢᠨ ᠦᠢᠯᠡᠳᠦᠯ | ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠦᠭᠡᠮᠡᠯ ᠬᠠᠷᠠᠭᠠᠯᠵᠠᠯᠲᠤ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ | ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢ | ᠲᠣᠭᠲᠠᠭᠤᠨ ᠢᠶᠠᠷ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠤᠨ᠂ ᠠᠷᠠᠳ ᠤᠯᠠᠨ ᠤ ᠠᠰᠢᠭ ᠭᠥᠷᠳᠡᠭᠰᠡᠨ | ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ | ᠨᠡᠩ ᠶᠡᠭᠡ ᠡᠷᠴᠢᠮ ᠢᠶᠠᠷ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠥᠷᠭᠡᠳᠬᠡᠨ᠎ᠡ᠃ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ | ᠦᠨᠳᠦᠰᠦ ᠮᠥᠨ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠪᠡᠯᠡ ᠮᠥᠩᠭᠦ ᠡᠬᠢ | ᠪᠠᠶᠠᠯᠢᠭ ᠢ ᠨᠢᠭᠡᠳᠦᠯᠲᠡᠢ ᠲᠥᠯᠥᠪᠯᠡᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠭᠦᠢᠴᠡᠳ ᠠᠵᠢᠯ ᠣᠯᠭᠤᠯᠲᠠ ᠶᠢ ᠠᠬᠢᠭᠤᠯᠵᠤ᠂ ᠠᠵᠢᠯ ᠣᠯᠭᠤᠯᠲᠠ ᠶᠢᠨ | ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠥᠷᠥᠯ᠂ ᠬᠤᠲᠠ ᠬᠥᠳᠡᠭᠡ ᠶᠢᠨ ᠦᠨᠳᠦᠰᠦᠨ ᠱᠠᠲᠤ | ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠠᠯᠳᠠᠯᠲᠠ ᠶᠢᠨ ᠳᠠᠭᠠᠳᠬᠠᠯ ᠢ ᠪᠤᠴᠠᠭᠠᠬᠤ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠠᠵᠢᠯ ᠣᠯᠭᠤᠯᠲᠠ ᠶᠢᠨ | ᠨᠥᠬᠦᠪᠦᠷᠢ ᠥᠭᠬᠦ ᠵᠡᠷᠭᠡ ᠲᠦᠷᠦ ᠶᠢᠨ ᠪᠣᠳᠣᠯᠭ᠎ᠠ ᠶᠢ ᠭᠦᠢᠴᠡᠳ ᠪᠥᠭᠡᠳ ᠰᠠᠶᠢᠲᠤᠷ ᠬᠡᠷᠡᠭᠯᠡᠨ᠎ᠡ᠃ ᠭᠦᠳᠡᠯᠮᠦᠷᠢ ᠬᠤᠷᠠᠭᠰᠠᠨ ᠭᠡᠯᠪᠡᠷᠢ ᠶᠢᠨ ᠠᠵᠤ ᠦᠢᠯᠡᠰ ᠤᠨ | ᠠᠵᠢᠯ ᠣᠯᠭᠤᠬᠤ ᠪᠠ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠲᠡᠮᠵᠢᠵᠦ᠂ ᠰᠢᠨ᠎ᠡ ᠮᠡᠷᠭᠡᠵᠢᠯ ᠤᠨ ᠬᠡᠷᠡᠭᠯᠡᠯᠲᠡ ᠪᠠ ᠠᠵᠢᠯ ᠤᠨ ᠪᠠᠶᠢᠷᠢ ᠶᠢᠨ | ᠰᠣᠯᠢᠭᠳᠠᠯ ᠢ ᠰᠠᠶᠢᠲᠤᠷ ᠨᠢᠭᠡᠳᠦᠯᠲᠡᠢ ᠲᠥᠯᠥᠪᠯᠡᠨ᠂ ᠠᠵᠢᠯ ᠣᠯᠭᠤᠬᠤ ᠰᠢᠨ᠎ᠡ ᠲᠣᠭᠢᠶᠠᠯ ᠢ ᠡᠭᠦᠳᠦᠨ᠎ᠡ᠃ ᠠᠵᠢᠯ ᠣᠯᠭᠤᠬᠤ ᠠᠳᠠᠯ ᠦᠢᠯᠡᠰ ᠴᠣᠭᠴᠠᠯᠠᠬᠤ | ᠦᠢᠯᠡᠴᠢᠯᠡᠭᠡ ᠶᠢ ᠰᠢᠯᠢᠳᠡᠭᠵᠢᠭᠦᠯᠦᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠬᠴᠢᠳ ᠵᠡᠷᠭᠡ ᠵᠠᠯᠠᠭᠤᠴᠤᠳ ᠤᠨ ᠠᠵᠢᠯ ᠣᠯᠬᠤ ᠠᠳᠠᠯ ᠦᠢᠯᠡᠰ | ᠴᠣᠭᠴᠠᠯᠠᠬᠤ ᠠᠷᠭ᠎ᠠ ᠵᠠᠮ ᠢ ᠥᠷᠭᠡᠳᠬᠡᠵᠦ᠂ ᠴᠡᠷᠢᠭ ᠤᠨ ᠠᠯᠪᠠ ᠠᠴᠠ ᠪᠠᠭᠤᠭᠰᠠᠳ ᠢ ᠲᠥᠪᠬᠢᠨᠡᠭᠦᠯᠬᠦ ᠪᠠ ᠳᠡᠳᠡᠨ ᠳᠤ ᠠᠵᠢᠯ ᠣᠯᠭᠤᠬᠤ ᠦᠢᠯᠡᠴᠢᠯᠡᠭᠡ ᠶᠢ | ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠣᠯᠣᠨ ᠬᠥᠯᠥᠰᠦᠨ ᠠᠵᠢᠯᠴᠢᠨ ᠳᠤ ᠠᠵᠢᠯ ᠣᠯᠭᠤᠬᠤ ᠶᠢ ᠠᠬᠢᠭᠤᠯᠵᠤ᠂ ᠨᠠᠰᠤ ᠠᠬᠢᠭᠰᠠᠳ᠂ | ᠵᠡᠮᠳᠡᠭᠴᠦᠳ᠂ ᠨᠡᠯᠢᠶᠡᠳ ᠤᠷᠲᠤ ᠬᠤᠭᠤᠴᠠᠭ᠎ᠠ ᠪᠠᠷ ᠠᠵᠢᠯ ᠠᠯᠳᠠᠭᠰᠠᠳ ᠵᠡᠷᠭᠡ ᠠᠵᠢᠯ ᠣᠯᠬᠤ ᠳᠤ ᠬᠦᠴᠢᠷᠳᠡᠯ ᠲᠠᠢ ᠬᠠᠮᠲᠤᠯᠢᠭ ᠢ ᠬᠠᠪᠰᠤᠷᠤᠨ ᠲᠡᠳᠬᠦᠬᠦ ᠶᠢ | ᠴᠢᠩᠭᠠᠳᠬᠠᠨ᠎ᠠ᠃ ᠠᠮᠢᠳᠤᠯᠢᠭ ᠢᠶᠠᠷ ᠠᠵᠢᠯ ᠣᠯᠣᠭᠰᠠᠨ ᠪᠠ ᠰᠢᠨ᠎ᠡ ᠭᠡᠯᠪᠡᠷᠢ ᠪᠠᠶᠢᠳᠠᠯ ᠢᠶᠠᠷ ᠠᠵᠢᠯ ᠣᠯᠣᠭᠰᠠᠨ ᠬᠥᠳᠡᠯᠮᠦᠷᠢᠴᠢᠳ ᠤᠨ ᠡᠷᠬᠡ ᠠᠰᠢᠭ ᠤᠨ | ᠪᠠᠲᠤᠯᠠᠭ᠎ᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠬᠥᠨᠥᠭᠡᠯ ᠤᠨ ᠲᠤᠬᠠᠢ ᠪᠠᠲᠤᠯᠠᠭ᠎ᠠ ᠶᠢᠨ ᠲᠤᠷᠰᠢᠯᠲᠠ ᠶᠢ ᠥᠷᠭᠡᠳᠬᠡᠬᠦ ᠶᠢ ᠠᠬᠢᠭᠤᠯᠤᠨ᠎ᠠ᠃ | ᠬᠥᠳᠡᠯᠮᠦᠷᠢᠴᠢᠳ ᠤᠨ ᠴᠠᠯᠢᠩ ᠢ ᠥᠭᠬᠦ ᠶᠢ ᠦᠨᠡᠨ ᠬᠦ ᠪᠠᠲᠤᠯᠠᠵᠤ᠂ ᠴᠠᠯᠢᠩ ᠢ ᠬᠤᠶᠢᠰᠢᠯᠠᠭᠤᠯᠤᠨ ᠥᠷᠢᠲᠦᠭᠰᠡᠨ ᠢ ᠢᠯᠭᠠᠷᠠᠭᠤᠯᠤᠨ ᠴᠡᠭᠴᠡᠯᠡᠵᠦ᠂ ᠠᠵᠢᠯ | ᠣᠯᠭᠤᠯᠲᠠ ᠶᠢᠨ ᠡᠯ᠎ᠡ ᠲᠦᠷᠦᠯ ᠤᠨ ᠭᠠᠳᠠᠭᠤᠷᠴᠢᠯᠠᠯ ᠢ ᠡᠷᠡᠰ ᠵᠠᠯᠠᠷᠠᠭᠤᠯᠤᠨ᠎ᠠ᠃ ᠶᠡᠭᠡ ᠬᠡᠪᠴᠢᠶᠡᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ | ᠳᠡᠭᠡᠭᠰᠢᠯᠡᠭᠦᠯᠭᠦ ᠪᠣᠯᠪᠠᠰᠤᠷᠠᠭᠤᠯᠤᠯ ᠤᠨ ᠠᠵᠢᠯᠯᠠᠭ᠎ᠠ ᠶᠢ ᠥᠷᠨᠢᠭᠦᠯᠵᠦ᠂ ᠦᠢᠯᠡᠳᠬᠦ ᠦᠢᠯᠡᠰ᠂ ᠦᠢᠯᠡᠴᠢᠯᠡᠭᠡᠨ ᠤ ᠦᠢᠯᠡᠰ ᠤᠨ ᠲᠤᠲᠠᠭᠳᠠᠵᠤ ᠪᠠᠶᠢᠭ᠎ᠠ ᠤᠷ᠎ᠠ | ᠴᠢᠳᠠᠪᠤᠷᠢ ᠲᠠᠢ ᠴᠢᠳᠠᠪᠤᠷᠢᠲᠠᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠤᠷ᠎ᠠ ᠴᠢᠳᠠᠪᠤᠷᠢ ᠪᠠᠷ ᠤᠳᠤᠷᠢᠳᠤᠮᠵᠢ ᠪᠤᠯᠭᠠᠬᠰᠠᠨ ᠴᠠᠯᠢᠩ ᠬᠥᠯᠥᠰᠦ ᠶᠢᠨ | ᠬᠤᠪᠢᠶᠠᠷᠢᠯᠠᠯᠲᠠ ᠶᠢᠨ ᠳᠦᠷᠢᠮ ᠢ ᠲᠦᠷᠭᠡᠯᠡᠨ ᠪᠠᠶᠢᠭᠤᠯᠵᠤ᠂ ᠤᠷ᠎ᠠ ᠴᠢᠳᠠᠪᠤᠷᠢ ᠲᠠᠢ ᠴᠢᠳᠠᠪᠤᠷᠢᠲᠠᠨ ᠤ ᠬᠠᠷᠠᠭᠠᠯᠵᠠᠯ ᠤᠨ ᠲᠦᠪᠰᠢᠨ ᠢ ᠳᠡᠭᠡᠭᠰᠢᠯᠡᠭᠦᠯᠦᠨ᠂ | ᠢᠯᠡᠭᠦᠦ ᠬᠥᠳᠡᠯᠮᠦᠷᠢᠯᠡᠭᠰᠡᠳ ᠨᠢ ᠢᠯᠡᠭᠦᠦ ᠣᠯᠬᠤ᠂ ᠮᠡᠷᠭᠡᠵᠢᠯ ᠰᠠᠶᠢᠨ ᠨᠢ ᠢᠯᠡᠭᠦᠦ ᠣᠯᠬᠤ᠂ ᠰᠢᠨ᠎ᠡ ᠶᠢ ᠡᠭᠦᠳᠦᠭᠰᠡᠳ ᠨᠢ ᠢᠯᠡᠭᠦᠦ ᠣᠯᠬᠤ ᠪᠣᠯᠭᠠᠨ᠎ᠠ᠃ | ᠦᠨᠳᠦᠰᠦᠨ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠡᠮᠨᠡᠯᠭᠡ᠂ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠶᠢ | ᠠᠬᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷ ᠢᠶᠠᠷ ᠤᠳᠤᠷᠢᠳᠤᠮᠵᠢ ᠪᠤᠯᠭᠠᠬᠰᠠᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠲᠤᠭ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠶᠢ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡ ᠪᠠᠷ ᠭᠤᠣᠯ | ᠤᠳᠤᠷᠢᠳᠤᠮᠵᠢ ᠪᠤᠯᠭᠠᠬᠰᠠᠨ ᠰᠦᠢᠳᠬᠡᠯ ᠬᠤᠷᠢᠶᠠᠬᠤ ᠲᠣᠭᠲᠠᠴᠠ ᠶᠢ ᠪᠠᠶᠢᠭᠤᠯᠵᠤ᠂ ᠴᠠᠯᠢᠩ ᠬᠥᠯᠥᠰᠦ ᠶᠢᠨ ᠳᠦᠷᠢᠮ ᠢ ᠲᠡᠭᠦᠯᠳᠡᠷᠵᠢᠭᠦᠯᠵᠦ᠂ ᠠᠮᠵᠢᠯᠲᠠ | ᠪᠦᠳᠦᠮᠵᠢ ᠶᠢ ᠬᠢᠨᠠᠨ ᠰᠢᠯᠭᠠᠬᠤ ᠠᠵᠢᠯ ᠢ ᠰᠢᠯᠢᠳᠡᠭᠵᠢᠭᠦᠯᠦᠨ᠎ᠡ᠃ ᠡᠪᠡᠳᠴᠢᠲᠡᠨ ᠤ ᠥᠷᠥᠭᠡ ᠪᠣᠯᠣᠨ ᠡᠮᠨᠡᠨ ᠵᠠᠰᠠᠬᠤ ᠨᠥᠬᠦᠴᠡᠯ ᠢ ᠰᠠᠶᠢᠵᠢᠷᠠᠭᠤᠯᠵᠤ᠂ | ᠡᠪᠡᠳᠴᠢᠲᠡᠨ ᠢᠶᠠᠷ ᠭᠤᠣᠯ ᠪᠣᠯᠭᠠᠨ ᠡᠮᠴᠢᠯᠡᠭᠡᠨ ᠤ ᠦᠢᠯᠡᠴᠢᠯᠡᠭᠡ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ | ᠬᠡᠪᠴᠢᠶ᠎ᠡ ᠶᠢ ᠥᠷᠭᠡᠳᠬᠡᠵᠦ ᠳᠣᠷᠣᠭᠰᠢ ᠪᠠᠭᠤᠯᠭᠠᠬᠤ ᠪᠠ ᠣᠷᠣᠨ ᠪᠦᠰᠡ ᠳᠤ ᠲᠡᠩᠴᠡᠭᠦᠷᠢᠲᠡᠢ ᠪᠠᠶᠢᠷᠢᠯᠠᠭᠤᠯᠬᠤ ᠶᠢ ᠠᠬᠢᠭᠤᠯᠵᠤ᠂ ᠡᠮᠨᠡᠯᠭᠡ ᠡᠷᠡᠭᠦᠯ | ᠬᠠᠮᠠᠭᠠᠯᠠᠯ ᠤᠨ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠰᠤᠪᠢᠯᠠᠯᠲᠠ᠂ ᠬᠡᠦᠬᠡᠳ ᠤᠨ ᠰᠠᠯᠠᠭ᠎ᠠ᠂ ᠡᠪᠡᠳᠴᠢᠨ ᠤ ᠵᠦᠢ᠂ ᠪᠦᠷᠢᠨ ᠰᠠᠯᠠᠭ᠎ᠠ᠂ | ᠨᠠᠰᠤᠲᠠᠶᠢᠴᠤᠳ ᠤᠨ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠣᠶᠣᠨ ᠮᠡᠳᠡᠷᠡᠯ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠮ ᠤᠨ ᠵᠦᠢᠯ ᠪᠣᠯᠣᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ | ᠠᠪᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠶᠠᠰᠤ ᠴᠢᠨᠠᠷ ᠢ ᠦᠨᠡᠯᠡᠨ ᠵᠢᠱᠢᠬᠦ ᠪᠠ ᠬᠢᠨᠠᠨ ᠬᠠᠮᠢᠶᠠᠷᠬᠤ ᠶᠢ ᠴᠢᠩᠭᠠᠳᠬᠠᠨ᠂ ᠠᠷᠠᠳ ᠣᠯᠠᠨ ᠢ ᠨᠠᠩ | ᠰᠠᠨᠠᠭ᠎ᠠ ᠠᠮᠤᠷ ᠡᠮ ᠬᠡᠷᠡᠭᠯᠡᠬᠦ ᠪᠣᠯᠭᠠᠨ᠎ᠠ᠃ ᠡᠮ ᠤᠨ ᠵᠦᠢᠯ ᠪᠣᠯᠣᠨ ᠡᠮ ᠡᠮᠨᠡᠯᠭᠡ ᠶᠢᠨ ᠮᠠᠰᠢᠨ ᠮᠧᠬᠠᠨᠢᠭ ᠤᠨ ᠦᠨ᠎ᠡ ᠬᠠᠩᠰᠢ ᠶᠢᠨ ᠪᠦᠷᠢᠯᠳᠦᠬᠦ | ᠲᠣᠭᠲᠠᠴᠠ ᠶᠢ ᠪᠦᠷᠢᠨᠰᠢᠭᠦᠯᠵᠦ᠂ ᠰᠢᠨ᠎ᠡ ᠶᠢ ᠡᠭᠦᠳᠦᠭᠰᠡᠨ ᠡᠮ ᠤᠨ ᠭᠠᠷᠴᠠᠭ ᠢ ᠲᠣᠭᠲᠠᠭᠠᠨ᠂ ᠰᠢᠨ᠎ᠡ ᠶᠢ ᠡᠭᠦᠳᠦᠭᠰᠡᠨ ᠡᠮ ᠤᠨ ᠬᠥᠭᠵᠢᠯᠲᠡ ᠶᠢ ᠳᠡᠮᠵᠢᠨ᠎ᠡ᠃ | ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ᠶᠢᠨ | ᠦᠢᠯᠡᠰ ᠪᠠ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠨ ᠬᠢᠵᠠᠭᠠᠷᠯᠠᠬᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠨᠢᠭᠡᠳᠦᠯᠲᠡᠢ | ᠲᠥᠯᠥᠪᠯᠡᠨ ᠰᠠᠶᠢᠲᠤᠷ ᠬᠢᠨ᠎ᠡ᠃ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠪᠠ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠵᠠᠷᠤᠳᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠲᠣᠰ ᠲᠤᠰ ᠲᠠᠭᠢᠭᠠᠳ 30 ᠲᠥᠭᠦᠷᠢᠭ ᠪᠠ | 5 ᠲᠥᠭᠦᠷᠢᠭ ᠳᠡᠭᠡᠭᠰᠢᠯᠡᠭᠦᠯᠦᠨ᠎ᠡ᠃ ᠦᠨᠳᠦᠰᠦᠨ ᠡᠮᠨᠡᠯᠭᠡ ᠶᠢᠨ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠯᠠᠪᠳᠠᠭᠤᠨ ᠢᠶᠠᠷ | ᠠᠬᠢᠭᠤᠯᠵᠤ᠂ ᠦᠨᠳᠦᠰᠦᠨ ᠡᠮᠨᠡᠯᠭᠡ ᠶᠢᠨ ᠳᠠᠭᠠᠳᠬᠠᠯ ᠤᠨ ᠪᠡᠯᠡ ᠴᠤᠭᠯᠠᠭᠤᠯᠬᠤ ᠪᠠ ᠬᠠᠷᠠᠭᠠᠯᠵᠠᠯ ᠢ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ | ᠡᠮᠨᠡᠯᠭᠡ ᠶᠢᠨ ᠳᠠᠭᠠᠳᠬᠠᠯ ᠤᠨ ᠵᠣᠭᠤᠰ ᠲᠥᠯᠥᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ | ᠠᠬᠢᠭᠤᠯᠤᠨ᠎ᠠ᠃ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠥᠭᠰᠥᠭᠦᠯᠦᠨ ᠨᠡᠬᠡᠮᠵᠢᠯᠡᠬᠦ ᠲᠣᠭᠲᠠᠴᠠ ᠶᠢ ᠪᠦᠭᠦ ᠲᠠᠯ᠎ᠠ ᠪᠠᠷ ᠪᠠᠶᠢᠭᠤᠯᠵᠤ᠂ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠮᠥᠩᠭᠦ ᠨᠢᠭᠡ ᠪᠦᠷᠢ ᠶᠢ ᠴᠥᠮ ᠠᠷᠠᠳ ᠲᠦᠮᠡᠨ ᠤ ᠡᠷᠡᠭᠦᠯ ᠮᠡᠨᠳᠦ ᠠᠵᠠ | ᠵᠢᠷᠭᠠᠯ ᠢ ᠨᠡᠮᠡᠭᠳᠡᠭᠦᠯᠬᠦ ᠳᠤ ᠬᠡᠷᠡᠭᠯᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡᠨ ᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠳᠠᠭᠢᠭᠠᠳ 20 ᠲᠥᠭᠦᠷᠢᠭ ᠳᠡᠭᠡᠭᠰᠢᠯᠡᠭᠦᠯᠵᠦ᠂ ᠠᠵᠢᠯ ᠠᠴᠠ ᠪᠠᠨ | ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠣᠬᠢᠰᠲᠠᠢ ᠳᠡᠭᠡᠭᠰᠢᠯᠡᠭᠦᠯᠦᠨ᠎ᠡ᠃ ᠭᠤᠷᠪᠠᠳᠤᠭᠠᠷ ᠲᠤᠯᠭᠠᠭᠤᠷᠢᠯᠠᠯ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠲᠦᠷᠭᠡᠯᠡᠨ ᠬᠥᠭᠵᠢᠭᠦᠯᠵᠦ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ | ᠰᠠᠶᠢᠲᠤᠷ ᠬᠡᠷᠡᠭᠵᠢᠭᠦᠯᠦᠨ᠎ᠡ᠃ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ | ᠠᠰᠠᠷᠠᠮᠵᠢ ᠶᠢᠨ ᠠᠵᠤ ᠦᠢᠯᠡᠰ ᠢ ᠬᠥᠭᠵᠢᠭᠦᠯᠬᠦ ᠲᠦᠷᠦ ᠶᠢᠨ ᠪᠣᠳᠣᠯᠭ᠎ᠠ ᠲᠣᠭᠲᠠᠴᠠ ᠶᠢ ᠲᠡᠭᠦᠯᠳᠡᠷᠵᠢᠭᠦᠯᠵᠦ᠂ ᠪᠤᠭᠤᠷᠤᠯᠴᠤᠳ ᠤᠨ ᠠᠵᠤ ᠠᠬᠤᠢ ᠶᠢ ᠶᠡᠭᠡ ᠪᠠᠷ | ᠬᠥᠭᠵᠢᠭᠦᠯᠦᠨ᠎ᠡ᠃ ᠣᠶᠤᠨᠴᠢ ᠨᠠᠰᠤᠵᠢᠯ ᠤᠨ ᠠᠰᠠᠷᠠᠮᠵᠢ ᠶᠢ ᠲᠦᠷᠭᠡᠳᠬᠡᠨ ᠬᠥᠭᠵᠢᠭᠦᠯᠦᠨ᠎ᠡ᠃ ᠨᠡᠶᠢᠭᠡᠮ ᠲᠣᠭᠤᠷᠢᠭ ᠠᠴᠠ ᠳᠡᠮᠵᠢᠬᠦ ᠨᠠᠰᠤᠲᠠᠶᠢᠴᠤᠳ ᠢ ᠭᠡᠷ | ᠲᠤᠨᠢ ᠠᠰᠠᠷᠠᠬᠤ ᠦᠢᠯᠡᠴᠢᠯᠡᠭᠡ ᠶᠢ ᠠᠬᠢᠭᠤᠯᠵᠤ᠂ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠬᠠᠷᠠᠭᠠᠯᠵᠠᠨ ᠠᠰᠠᠷᠠᠬᠤ ᠶᠢ ᠴᠢᠩᠭᠠᠳᠬᠠᠵᠤ᠂ | ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠮᠵᠢ ᠥᠵᠡᠭᠦᠯᠭᠦ ᠦᠢᠯᠡᠴᠢᠯᠡᠭᠡ᠂ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠬᠤᠳᠠᠯᠳᠤᠨ ᠠᠪᠬᠤ | ᠪᠠ ᠲᠦᠷᠢᠶᠡᠰᠦᠯᠡᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠥᠷᠭᠡᠳᠬᠡᠵᠦ᠂ | ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠤᠨ᠎ᠠ᠃ ᠤᠷᠲᠤ ᠬᠤᠭᠤᠴᠠᠭᠠᠨ ᠤ ᠰᠤᠪᠢᠯᠠᠯᠲᠠ ᠶᠢᠨ | ᠳᠠᠭᠠᠳᠬᠠᠯ ᠤᠨ ᠳᠦᠷᠢᠮ ᠢ ᠲᠦᠷᠭᠡᠯᠡᠨ ᠪᠠᠶᠢᠭᠤᠯᠤᠨ᠎ᠠ᠃ ᠦᠷᠡᠵᠢᠯ ᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠬᠡᠦᠬᠡᠳ ᠪᠣᠶᠢᠵᠢᠭᠤᠯᠬᠤ | ᠨᠥᠬᠦᠪᠦᠷᠢ ᠣᠯᠭᠤᠵᠤ᠂ ᠬᠡᠦᠬᠡᠳ ᠰᠠᠭᠠᠲᠠᠭᠤᠯᠬᠤ ᠭᠠᠵᠠᠷ ᠪᠠ ᠬᠡᠦᠬᠡᠳ ᠤᠨ ᠴᠡᠴᠡᠷᠯᠢᠭ ᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ ᠶᠡᠭᠡ ᠪᠠᠷ | ᠬᠥᠭᠵᠢᠭᠦᠯᠦᠨ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠬᠠᠤᠯᠢ ᠪᠠᠷ ᠲᠣᠭᠲᠠᠭᠠᠭᠰᠠᠨ | ᠠᠵᠢᠯ ᠠᠴᠠ ᠪᠠᠭᠤᠵᠤ ᠠᠮᠠᠷᠠᠬᠤ ᠨᠠᠰᠤ ᠶᠢ ᠠᠭᠠᠵᠢᠮ ᠢᠶᠠᠷ ᠱᠠᠲᠤᠯᠠᠨ ᠬᠤᠶᠢᠰᠢᠯᠠᠭᠤᠯᠬᠤ ᠥᠭᠡᠷᠡᠴᠢᠯᠡᠯᠲᠡ ᠶᠢ ᠯᠠᠪᠳᠠᠭᠤᠨ ᠲᠣᠬᠢᠲᠠᠢ ᠬᠡᠷᠡᠭᠵᠢᠭᠦᠯᠦᠨ᠎ᠡ᠃ | ᠴᠡᠷᠢᠭ ᠤᠨ ᠬᠥᠮᠥᠨ ᠪᠠ ᠴᠡᠷᠢᠭ ᠤᠨ ᠭᠡᠷ ᠪᠦᠯᠢ᠂ ᠴᠡᠷᠢᠭ ᠤᠨ ᠠᠯᠪᠠ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠭᠳᠠᠬᠤ ᠡᠲᠡᠭᠡᠳ ᠤᠨ | ᠬᠠᠷᠠᠭᠠᠯᠵᠠᠯ ᠠᠰᠠᠷᠠᠮᠵᠢ ᠶᠢᠨ ᠠᠵᠢᠯ ᠢ ᠰᠠᠶᠢᠲᠤᠷ ᠬᠢᠨ᠎ᠡ᠃ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠨᠡᠭᠦᠳᠡᠯ ᠬᠡᠦᠬᠡᠳ ᠪᠠ ᠭᠡᠷ ᠢᠶᠠᠨ ᠰᠠᠬᠢᠵᠤ | ᠬᠤᠴᠣᠷᠤᠭᠰᠠᠨ ᠬᠡᠦᠬᠡᠳ ᠲᠤ ᠬᠠᠶᠢᠷ᠎ᠠ ᠬᠠᠯᠠᠮᠵᠢ ᠬᠦᠷᠲᠡᠭᠡᠬᠦ ᠦᠢᠯᠡᠴᠢᠯᠡᠭᠡ ᠶᠢ ᠴᠢᠩᠭᠠᠳᠬᠠᠨ᠎ᠠ᠃ ᠬᠦᠨᠳᠦ ᠵᠡᠮᠳᠡᠭᠴᠦᠳ ᠢ ᠨᠠᠶᠢᠳᠠᠨ ᠠᠰᠠᠷᠠᠭᠤᠯᠬᠤ | ᠬᠠᠷᠠᠭᠠᠯᠵᠠᠨ ᠰᠤᠪᠢᠯᠠᠬᠤ ᠦᠢᠯᠡᠴᠢᠯᠡᠭᠡ ᠶᠢ ᠰᠠᠶᠢᠲᠤᠷ ᠬᠢᠵᠦ᠂ ᠵᠡᠮᠳᠡᠭᠷᠡᠬᠦ ᠶᠢ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠭᠦᠯᠬᠦ ᠦᠢᠯᠡᠴᠢᠯᠡᠭᠡᠨ ᠤ ᠲᠦᠪᠰᠢᠨ ᠢ | ᠲᠡᠭᠡᠭᠰᠢᠯᠡᠭᠦᠯᠤᠨ᠎ᠠ᠃ ᠣᠷᠣᠯᠭ᠎ᠠ ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠪᠠᠶᠢᠩᠭᠤ ᠶᠢᠨ ᠴᠢᠨᠠᠷᠲᠠᠢ ᠪᠠᠷ ᠠᠪᠤᠷᠠᠨ ᠲᠤᠰᠠᠯᠠᠵᠤ | ᠬᠠᠪᠰᠤᠷᠤᠨ ᠲᠡᠳᠬᠦᠬᠦ ᠠᠵᠢᠯ ᠢ ᠴᠢᠩᠭᠠᠳᠬᠠᠵᠤ᠂ ᠱᠠᠲᠤ ᠬᠤᠪᠢᠶᠠᠵᠤ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ | ᠲᠡᠭᠦᠯᠳᠡᠷᠵᠢᠭᠦᠯᠦᠨ᠂ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ | ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠣᠶᠢᠵᠢᠭᠤᠯᠤᠨ | ᠦᠢᠯᠡᠳᠦᠯᠭᠡᠵᠢᠭᠦᠯᠬᠦ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠤ ᠡᠭᠦᠳᠦᠨ ᠪᠠᠶᠢᠭᠤᠯᠤᠯᠲᠠ ᠪᠠ | ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢ ᠠᠬᠢᠭᠤᠯᠤᠨ᠎ᠠ᠃ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ᠂ ᠰᠣᠨᠢᠨ ᠮᠡᠳᠡᠭᠡᠯᠡᠯ | ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠬ᠎ᠠ ᠵᠣᠬᠢᠶᠠᠯ ᠤᠷᠠᠯᠢᠭ ᠪᠠ ᠳᠠᠩᠰᠠ ᠡᠪᠬᠡᠮᠡᠯ ᠵᠡᠷᠭᠡ ᠶᠢᠨ ᠦᠢᠯᠡᠰ ᠢ ᠬᠥᠭᠵᠢᠭᠦᠯᠵᠦ᠂ ᠤᠶᠤᠨ ᠤ | ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠨᠡᠶᠢᠲᠡ ᠪᠠᠷ ᠢᠶᠠᠨ ᠨᠣᠮ ᠤᠩᠰᠢᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠨᠠᠰᠤᠨ ᠳᠤ ᠦᠯᠦ | ᠭᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ᠃ ᠰᠦᠯᠵᠢᠶᠡᠨ ᠤ ᠠᠮᠢ ᠠᠬᠤᠢ ᠶᠢᠨ | ᠵᠠᠰᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠢᠳᠡᠪᠬᠢᠲᠡᠢ ᠪᠥᠭᠡᠳ ᠡᠷᠡᠭᠦᠯ ᠰᠠᠷᠠᠭᠤᠯ ᠰᠦᠯᠵᠢᠶᠡᠨ ᠤ ᠰᠣᠶᠣᠯ ᠢ | ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠰᠦᠯᠵᠢᠶᠡᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ | ᠬᠦᠷᠭᠡᠬᠦ ᠶᠢ ᠠᠬᠢᠭᠤᠯᠤᠨ᠎ᠠ᠃ ᠰᠣᠶᠣᠯ ᠤᠨ ᠠᠵᠤ ᠦᠢᠯᠡᠰ ᠤᠨ ᠰᠢᠰᠲ᠋ᠧᠮ ᠪᠠ ᠵᠠᠬ᠎ᠠ ᠳᠡᠯᠭᠡᠭᠦᠷ ᠤᠨ ᠰᠢᠰᠲ᠋ᠧᠮ ᠢ ᠪᠦᠷᠢᠨᠰᠢᠭᠦᠯᠵᠦ᠂ ᠰᠢᠨ᠎ᠡ ᠭᠡᠯᠪᠡᠷᠢ ᠶᠢᠨ | ᠰᠣᠶᠣᠯ ᠤᠨ ᠡᠵᠡᠩᠨᠡᠯᠲᠡ ᠶᠢᠨ ᠭᠡᠯᠪᠡᠷᠢ ᠪᠠᠶᠢᠳᠠᠯ ᠢ ᠲᠦᠷᠭᠡᠯᠡᠨ ᠬᠥᠭᠵᠢᠭᠦᠯᠵᠦ᠂ ᠵᠢᠭᠤᠯᠴᠢᠯᠠᠯ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠰᠣᠶᠣᠯ ᠤᠨ | ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ | ᠠᠰᠢᠭᠯᠠᠬᠤ ᠪᠠ ᠬᠠᠭᠤᠴᠢ ᠰᠤᠳᠤᠯᠤᠯ ᠤᠨ ᠰᠤᠳᠤᠯᠭᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠠᠨ ᠤᠯᠤᠰ ᠤᠨ ᠬᠥᠮᠥᠨ ᠨᠡᠶᠢᠭᠡᠮ ᠤᠨ ᠰᠣᠯᠢᠯᠴᠠᠭ᠎ᠠ | ᠬᠠᠮᠲᠤᠷᠠᠯᠴᠠᠭ᠎ᠠ ᠶᠢ ᠥᠷᠭᠡᠳᠬᠡᠵᠦ᠂ ᠤᠯᠠᠨ ᠤᠯᠤᠰ ᠲᠤ ᠤᠯᠠᠮᠵᠢᠯᠠᠨ ᠲᠠᠷᠬᠠᠭᠠᠬᠤ ᠦᠢᠯᠡᠳᠦᠯ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ | ᠤᠷᠤᠯᠳᠤᠭᠠᠨ ᠤ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯᠯᠠᠭᠠᠨ ᠤ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠦᠨ᠎ᠡ᠃ ᠠᠷᠪᠠᠨ | ᠲᠠᠪᠤᠳᠤᠭᠠᠷ ᠬᠤᠭᠤᠴᠠᠭᠠᠨ ᠤ ᠪᠦᠭᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠠᠷᠪᠠᠨ ᠬᠤᠶᠠᠳᠤᠭᠠᠷ ᠬᠤᠭᠤᠴᠠᠭᠠᠨ ᠤ ᠳᠡᠯᠡᠬᠡᠢ ᠶᠢᠨ ᠪᠡᠶ᠎ᠡ ᠶᠢᠨ | ᠲᠠᠮᠢᠷ ᠤᠨ ᠴᠤᠭᠯᠠᠭᠠᠨ ᠢ ᠰᠠᠶᠢᠲᠤᠷ ᠡᠷᠭᠢᠯᠡᠨ᠎ᠠ᠃ ᠮᠥᠰᠥ ᠴᠠᠰᠤᠨ ᠳᠡᠭᠡᠷᠡᠬᠢ ᠬᠥᠳᠡᠯᠭᠡᠭᠡᠨ ᠪᠠ ᠮᠥᠰᠥ ᠴᠠᠰᠤᠨ ᠤ ᠠᠵᠤ ᠠᠬᠤᠢ ᠶᠢ ᠢᠳᠡᠪᠬᠢᠲᠡᠢ | ᠬᠥᠭᠵᠢᠭᠦᠯᠦᠨ᠎ᠡ᠃ ᠣᠯᠠᠨ ᠲᠦᠮᠡᠨ ᠤ ᠳᠡᠷᠭᠡᠳᠡᠬᠢ ᠬᠥᠳᠡᠯᠭᠡᠭᠡᠨ ᠤ ᠲᠠᠯᠠᠪᠤᠷ ᠭᠠᠵᠠᠷ ᠪᠠ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠠᠷᠠᠳ ᠨᠡᠶᠢᠳᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠵᠠᠯᠠᠭᠤᠴᠤᠳ ᠪᠠᠭᠠᠴᠤᠳ ᠤᠨ ᠰᠢᠨᠵᠢᠯᠡᠬᠦ | ᠤᠬᠠᠭᠠᠨᠴᠢ ᠪᠠᠷ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠲᠦᠭᠡᠮᠡᠯᠵᠢᠭᠦᠯᠬᠦ ᠪᠠ ᠡᠷᠡᠭᠦᠯ ᠮᠠᠡᠳᠥ ᠶᠢᠨ ᠪᠠᠶᠢᠳᠠᠯ ᠳᠤ ᠭᠠᠷ ᠲᠦᠷᠦᠭᠦ ᠶᠢ | ᠴᠢᠩᠭᠠᠳᠬᠠᠵᠤ᠂ ᠵᠠᠯᠠᠭᠤ ᠨᠢᠭᠡ ᠦᠶ᠎ᠡ ᠶᠢᠨ ᠬᠢᠨ ᠢ ᠬᠥᠳᠡᠯᠭᠡᠭᠡᠨ ᠤ ᠳᠤᠮᠳᠠ ᠵᠣᠷᠢᠭ ᠢ ᠨᠢ ᠴᠢᠩᠭᠠᠷᠠᠭᠤᠯᠤᠨ ᠪᠡᠶ᠎ᠡ ᠶᠢ ᠨᠢ ᠴᠢᠭᠢᠷᠠᠭᠵᠢᠭᠤᠯᠵᠤ ᠰᠡᠳᠬᠢᠯ ᠢ ᠨᠢ | ᠰᠠᠷᠠᠭᠤᠯᠵᠢᠭᠤᠯᠤᠨ᠎ᠠ᠃ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ | ᠦᠵᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ | ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ | ᠪᠠᠴᠢᠮ ᠪᠠᠶᠢᠳᠠᠯ ᠢ ᠠᠷᠭᠠᠴᠠᠬᠤ ᠰᠠᠭᠤᠷᠢ ᠪᠠ ᠬᠦᠴᠦᠨ ᠢ ᠴᠢᠩᠭᠠᠳᠬᠠᠨ᠎ᠠ᠃ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠰᠤᠷᠪᠤᠯᠵᠢ ᠠᠴᠠ ᠨᠢ ᠵᠠᠰᠠᠬᠤ | ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ | ᠬᠦᠷᠢᠶᠡᠨ ᠤ ᠠᠶᠤᠯ ᠦᠭᠡᠢ ᠦᠢᠯᠡᠳᠪᠦᠷᠢᠯᠡᠯ ᠤᠨ ᠲᠦᠭᠰᠢᠭᠦᠷᠢ ᠶᠢ ᠰᠠᠮᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠬᠦᠨᠳᠦ ᠶᠡᠭᠡ | ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠢᠳᠡᠭᠡᠨ ᠤ ᠵᠦᠢᠯ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ | ᠰᠤᠷᠭᠠᠭᠤᠯᠢ ᠶᠢᠨ ᠬᠦᠷᠢᠶᠡᠨ ᠤ ᠰᠤᠷᠤᠬᠴᠢᠳ ᠤᠨ ᠬᠤᠭᠤᠯᠠ᠂ ᠲᠠᠪᠴᠠᠩ ᠤᠨ ᠵᠠᠬᠢᠶᠠᠯᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ | ᠠᠳᠬᠤᠨ᠎ᠠ᠃ ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠨ᠎ᠠ᠃ ᠦᠶᠡᠷ ᠤᠰᠤᠲᠤᠯ᠂ ᠭᠠᠩ ᠬᠠᠭᠰᠠᠷᠠᠭᠠᠨ᠂ ᠲᠠᠶᠢᠹᠧᠩ ᠰᠠᠯᠬᠢ᠂ ᠣᠢ ᠰᠢᠭᠤᠢ ᠨᠤᠲᠤᠭ | ᠪᠡᠯᠴᠢᠭᠡᠷ ᠤᠨ ᠲᠦᠢᠮᠡᠷ᠂ ᠭᠠᠵᠠᠷ ᠤᠨ ᠭᠠᠢ ᠭᠠᠮᠰᠢᠭ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠪᠠ ᠠᠷᠭᠠᠴᠠᠬᠤ ᠠᠵᠢᠯ ᠢ | ᠰᠠᠶᠢᠲᠤᠷ ᠬᠢᠨ᠎ᠡ᠃ ᠲᠥᠪᠡᠳ ᠤᠨ ᠲᠢᠩᠷᠢ ᠰᠢᠶᠠᠨ ᠤ ᠭᠠᠵᠠᠷ ᠬᠥᠳᠡᠯᠦᠯᠲᠡ ᠶᠢᠨ ᠭᠠᠮᠰᠢᠭ ᠤᠨ ᠳᠠᠷᠠᠭᠠᠬᠢ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ | ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠭᠠᠵᠠᠷ ᠣᠷᠣᠨ ᠤ ᠭᠡᠷ ᠪᠠᠶᠢᠰᠢᠩ᠂ ᠰᠠᠭᠤᠷᠢ ᠲᠥᠬᠦᠭᠡᠷᠦᠮᠵᠢ ᠶᠢᠨ ᠭᠠᠵᠠᠷ ᠬᠥᠳᠡᠯᠦᠯᠲᠡ ᠶᠢ ᠳᠠᠭᠠᠭᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠢᠶᠠᠩ ᠪᠠᠯᠭᠠᠰᠤ ᠵᠡᠭᠡᠯᠢ | ᠭᠤᠳᠤᠮᠵᠢ ᠶᠢᠨ ᠦᠢᠯᠡᠴᠢᠯᠡᠭᠡ ᠬᠠᠮᠢᠶᠠᠷᠤᠯᠲᠠ ᠶᠢᠨ ᠬᠦᠴᠦᠨ ᠢ ᠴᠢᠩᠭᠠᠳᠬᠠᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ | ᠬᠥᠮᠦᠯᠢᠭ ᠠᠪᠤᠷᠠᠨ ᠲᠤᠰᠠᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠵᠡᠷᠭᠡ ᠶᠢᠨ ᠡᠷᠡᠭᠦᠯ ᠢᠶᠠᠷ | ᠬᠥᠭᠵᠢᠬᠦ ᠶᠢ ᠬᠥᠲᠥᠯᠥᠨ ᠵᠢᠯᠤᠭᠤᠳᠴᠤ ᠳᠡᠮᠵᠢᠨ᠎ᠡ᠃ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠠᠵᠢᠯ ᠲᠦᠷᠦᠯ ᠤᠨ | ᠥᠪᠡᠷ ᠢ ᠪᠠᠨ ᠱᠠᠭᠠᠷᠳᠠᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ | ᠡᠷᠬᠡ ᠠᠰᠢᠭ ᠢ ᠪᠠᠲᠤᠯᠠᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠨ ᠱᠠᠲᠤᠨ ᠤ | ᠶᠡᠷᠦᠩᠬᠡᠶᠢᠯᠡᠨ ᠵᠠᠰᠠᠬᠤ ᠲᠥᠪ ᠢ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ | ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠵᠥᠷᠢᠴᠡᠯ ᠪᠣᠯᠣᠨ ᠲᠦᠭᠰᠢᠭᠦᠷᠢ ᠠᠷᠬᠠᠭ ᠢ ᠵᠢᠭᠰᠠᠭᠠᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠵᠤ᠂ ᠵᠥᠷᠢᠴᠡᠯ ᠵᠠᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠨ᠂ ᠴᠤᠬᠤᠶᠢᠯᠳᠡ ᠶᠢᠨ ᠪᠠᠶᠢᠳᠠᠯ ᠳᠤᠨᠢ ᠠᠷᠢᠯᠭᠠᠨ᠎ᠠ᠃ ᠤᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠪᠠ ᠭᠦᠷᠳᠡᠭᠦ᠋ᠢᠴᠡ ᠴᠢᠨᠠᠷ ᠢ ᠳᠡᠭᠡᠭᠰᠢᠯᠡᠭᠦᠯᠦᠨ᠎ᠡ᠃ ᠨᠡᠶᠢᠭᠡᠮ ᠤᠨ | ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠪᠠ ᠰᠡᠳᠬᠢᠴᠡ ᠶᠢᠨ ᠬᠢᠮᠤᠷᠠᠯ ᠳᠤ ᠭᠠᠷ ᠲᠦᠷᠦᠭᠦ ᠲᠣᠭᠲᠠᠴᠠ ᠶᠢ ᠪᠦᠷᠢᠨᠰᠢᠭᠦᠯᠵᠦ᠂ ᠪᠡᠶ᠎ᠡ ᠪᠠᠨ ᠭᠦᠨᠳᠦᠳᠭᠡᠵᠦ | ᠪᠡᠶ᠎ᠡ ᠪᠠᠨ ᠢᠲᠡᠭᠡᠬᠦ᠂ ᠣᠶᠤᠨᠴᠢ ᠡᠶᠡᠯᠳᠡᠭ᠂ ᠢᠳᠡᠪᠬᠢ ᠥᠭᠡᠳᠡᠷᠬᠡᠭ ᠨᠡᠶᠢᠭᠡᠮ ᠨᠡᠶᠢᠳᠡ ᠶᠢᠨ ᠰᠠᠨᠠᠭ᠎ᠠ ᠰᠡᠳᠬᠢᠯ ᠤᠨ ᠪᠠᠶᠢᠳᠠᠯ ᠢ ᠪᠣᠶᠢᠵᠢᠭᠤᠯᠤᠨ᠎ᠠ᠃ ᠨᠡᠩ | ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠵᠤ᠂ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠨᠢ | ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠠᠷ᠎ᠠ ᠬᠠᠷᠭᠢᠰ ᠬᠦᠴᠦᠨ᠂ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠠᠮᠤᠷ ᠵᠢᠮᠤᠷ ᠠᠵᠤ ᠲᠦᠷᠦᠭᠦ᠂ ᠨᠡᠶᠢᠭᠡᠮ ᠤᠨ | ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠪᠠᠲᠤᠯᠠᠨ᠎ᠠ᠃ | ᠡᠨᠡ ᠵᠢᠯ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠪᠣᠯᠣᠨ᠎ᠠ᠃ ᠠᠷᠪᠠᠨ | ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠰᠢᠨ᠎ᠡ ᠱᠠᠲᠤ ᠥᠶᠡᠴᠢ ᠴᠢᠨᠠᠷᠲᠠᠢ ᠣᠨᠴᠠᠯᠢᠭ ᠢ ᠭᠦᠨᠵᠡᠭᠡᠢ ᠵᠠᠳᠠᠯᠵᠤ᠂ | ᠬᠥᠭᠵᠢᠯᠲᠡ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ᠂ ᠴᠢᠬᠤᠯᠠ ᠶᠡᠭᠡ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠴᠢᠬᠤᠯᠠ ᠶᠡᠭᠡ ᠢᠨᠵᠧᠨᠧᠷᠢᠩ ᠤᠨ ᠲᠥᠰᠥᠯ ᠢ ᠰᠠᠶᠢᠲᠤᠷ ᠤᠬᠠᠭᠠᠯᠠᠨ ᠲᠥᠯᠥᠪᠯᠡᠵᠦ᠂ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠵᠡᠭᠦᠯᠭᠦ ᠲᠥᠯᠦᠪᠵᠢᠭᠦᠯᠭᠡ ᠶᠢᠨ ᠬᠥᠲᠥᠯᠥᠨ ᠵᠢᠯᠤᠭᠤᠳᠬᠤ ᠦᠢᠯᠡᠳᠦᠯ ᠢ ᠨᠡᠩ ᠰᠠᠶᠢᠨ ᠪᠠᠳᠠᠷᠠᠭᠤᠯᠬᠤ ᠬᠡᠷᠡᠭᠲᠡᠢ᠃ | ᠰᠢᠨ᠎ᠡ ᠰᠢᠯᠭᠠᠯᠲᠠ ᠶᠢ ᠠᠷᠭᠠᠴᠠᠵᠤ᠂ ᠰᠢᠨ᠎ᠡ ᠡᠭᠦᠷᠭᠡ ᠶᠢ ᠪᠡᠶᠡᠯᠡᠭᠦᠯᠬᠦ ᠨᠢ ᠵᠠᠰᠠᠭ ᠤᠨ ᠣᠷᠳᠣᠨ ᠤ ᠠᠵᠢᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ | ᠳᠤᠷᠠᠳᠪᠠ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠵᠢᠯᠲᠠᠨ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ | ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ | ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠥᠪ ᠬᠤᠷᠢᠶ᠎ᠠ ᠶᠢᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠵᠠᠰᠠᠭ ᠤᠨ ᠣᠷᠳᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ | ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ | ᠪᠦᠭᠦ ᠲᠠᠯ᠎ᠠ ᠪᠠᠷ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠦᠨᠳᠦᠰᠦᠨ ᠬᠠᠤᠯᠢ ᠬᠠᠤᠯᠢ ᠴᠠᠭᠠᠵᠠ ᠶᠢ ᠴᠢᠩᠭ᠎ᠠ ᠵᠢᠷᠤᠮᠯᠠᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠤᠨ ᠣᠷᠳᠣᠨ ᠤ ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠮᠡᠳᠡᠯ᠂ ᠵᠢᠷᠤᠮ᠂ ᠬᠠᠷᠢᠭᠤᠴᠠᠯᠭ᠎ᠠ ᠶᠢ | ᠬᠠᠤᠯᠢ ᠪᠠᠷ ᠲᠣᠭᠲᠠᠭᠠᠬᠤ ᠶᠢ ᠠᠬᠢᠭᠤᠯᠤᠨ᠎ᠠ᠃ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ | ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠨ᠎ᠠ᠃ | ᠰᠢᠨᠵᠢᠯᠡᠬᠦ ᠤᠬᠠᠭᠠᠨᠴᠢ ᠪᠠᠷ᠂ ᠠᠷᠠᠳᠴᠢᠯᠠᠯ ᠢᠶᠠᠷ᠂ ᠬᠠᠤᠯᠢ ᠶᠣᠰᠣᠭᠠᠷ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠬᠠᠤᠯᠢ | ᠲᠣᠭᠲᠠᠭᠠᠬᠤ ᠶᠢ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ | ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠭᠦᠨᠵᠡᠭᠡᠶᠢᠷᠡᠭᠦᠯᠦᠨ᠎ᠡ᠃ ᠬᠠᠤᠯᠢ ᠶᠢ | ᠴᠢᠩᠭ᠎ᠠ ᠵᠢᠷᠤᠮᠵᠢᠭᠤᠨ ᠭᠤᠥᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠠᠬᠢᠭᠤᠯᠵᠤ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ | ᠪᠠᠷᠢᠮᠵᠢᠶ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠳᠦᠷᠢᠮ ᠲᠣᠭᠲᠠᠴᠠ ᠶᠢ ᠪᠦᠷᠢᠨᠰᠢᠭᠦᠯᠦᠨ᠎ᠡ᠃ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠡᠪᠯᠡᠯ ᠪᠦᠯᠭᠦᠮ ᠤᠨ | ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠳᠡᠮᠵᠢᠨ᠎ᠡ᠃ ᠵᠠᠰᠠᠭ ᠤᠨ ᠣᠷᠳᠣᠨ ᠤ ᠠᠵᠢᠯᠲᠠᠳ ᠡᠭᠦᠷᠭᠡ ᠲᠤᠰᠢᠶᠠᠯ ᠢᠶᠠᠨ | ᠬᠢᠴᠢᠶᠡᠩᠭᠦᠶᠢᠯᠡᠨ ᠭᠦᠢᠴᠡᠳᠬᠡᠵᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ᠂ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠵᠦ᠂ ᠬᠠᠤᠯᠢ | ᠶᠣᠰᠣᠭᠠᠷ ᠠᠵᠢᠯᠯᠠᠨ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠷᠬᠡ ᠶᠢ ᠢᠮᠠᠭᠲᠠ ᠠᠷᠠᠳ ᠲᠦᠮᠡᠨ ᠳᠤ ᠵᠣᠯ ᠵᠢᠷᠭᠠᠯ ᠣᠯᠭᠤᠬᠤ ᠳᠤ ᠬᠡᠷᠡᠭᠯᠡᠬᠦ ᠶᠢ | ᠦᠨᠡᠨ ᠬᠦ ᠪᠠᠲᠤᠯᠠᠬᠤ ᠬᠡᠷᠡᠭᠲᠡᠢ᠃ | ᠵᠠᠰᠠᠭ ᠶᠠᠪᠤᠭᠤᠯᠬᠤ ᠦᠢᠯᠡᠳᠦᠯ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ᠂ | ᠪᠣᠳᠠᠲᠠᠢ ᠠᠴᠠ ᠡᠭᠦᠰᠴᠦ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠨ᠎ᠠ᠃ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠬᠤ ᠳᠠᠭᠠᠨ ᠴᠢᠳᠠᠮᠠᠭᠠᠢ ᠪᠠᠶᠢᠵᠤ᠂ ᠬᠥᠲᠥᠯᠥᠮᠵᠢ ᠶᠢᠨ ᠴᠢᠨᠠᠷ᠂ ᠬᠥᠰᠢᠵᠦ ᠬᠥᠳᠡᠯᠭᠡᠬᠦ ᠴᠢᠨᠠᠷ ᠢᠶᠠᠷ ᠴᠢᠩᠭ᠎ᠠ | ᠠᠵᠢᠯ ᠤᠨ ᠭᠠᠷᠳᠠᠴᠠ ᠪᠠ ᠠᠴᠢᠶᠠᠯᠠᠪᠤᠷᠢ ᠶᠢ ᠤᠬᠠᠭᠠᠯᠠᠨ ᠲᠥᠯᠥᠪᠯᠡᠵᠦ᠂ ᠪᠦᠲᠦᠭᠡᠯᠴᠢ ᠴᠢᠨᠠᠷᠲᠠᠢ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ | ᠭᠤᠣᠯᠳᠠᠯᠭ᠎ᠠ ᠲᠠᠢ ᠵᠦᠢᠯᠡᠰ ᠤᠨ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠪᠠ ᠪᠠᠶᠢᠩᠭᠤᠵᠢᠭᠤᠯᠤᠨ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠪᠦᠭᠦ | ᠤᠯᠤᠰ ᠢ ᠬᠠᠮᠤᠷᠤᠭᠰᠠᠨ ᠨᠢᠭᠡ ᠴᠣᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠦᠨ᠎ᠡ᠃ | ᠵᠥᠪ ᠴᠢᠭᠯᠡᠯ ᠢᠶᠠᠷ ᠤᠷᠮᠠᠰᠢᠭᠤᠯᠤᠨ ᠵᠣᠷᠢᠭᠵᠢᠭᠤᠯᠬᠤ ᠶᠢ ᠴᠢᠩᠭᠠᠳᠬᠠᠵᠤ᠂ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠦᠨ᠂ ᠭᠡᠯᠪᠡᠷᠢ ᠶᠢᠨ | ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ᠂ ᠦᠨᠳᠦᠰᠦᠨ ᠱᠠᠲᠤᠨ ᠳᠤ ᠬᠠᠨᠳᠤᠭᠤᠯᠤᠭᠰᠠᠨ ᠣᠯᠠᠨ | ᠲᠠᠯ᠎ᠠ ᠠᠴᠠ ᠳᠠᠪᠬᠤᠷᠳᠠᠭᠤᠯᠤᠨ ᠬᠢᠬᠦ᠂ ᠭᠦᠢᠴᠡᠳᠬᠡᠯ ᠲᠤᠭ᠎ᠠ ᠨᠢ ᠠᠷᠰᠠᠷ ᠵᠢᠵᠢᠭ ᠰᠠᠵᠢᠭ᠂ ᠠᠷᠭ᠎ᠠ ᠮᠠᠶ᠋ᠢᠭ ᠨᠢ ᠶᠠᠷᠰᠢᠭ ᠲᠦᠪᠡᠭᠲᠡᠢ ᠬᠢᠨᠠᠨ ᠪᠠᠶᠢᠴᠠᠭᠠᠯᠲᠠ᠂ | ᠪᠠᠶᠢᠴᠠᠭᠠᠯᠲᠠ ᠪᠠ ᠬᠢᠨᠠᠨ ᠰᠢᠯᠭᠠᠯᠲᠠ ᠶᠢ ᠦᠨᠡᠨ ᠬᠦ ᠪᠠᠭᠠᠰᠬᠠᠨᠵᠥ᠂ ᠥᠷᠭᠡᠨ ᠤᠯᠠᠨ ᠺᠠᠳ᠋ᠷᠴᠤᠳ ᠢ ᠨᠡᠩ ᠤᠯᠠᠨ ᠴᠠᠭ ᠪᠠ ᠤᠶᠤᠨ ᠴᠢᠳᠠᠯ ᠢᠶᠠᠨ ᠪᠣᠳᠠᠲᠠᠢ | ᠠᠵᠢᠯ ᠬᠢᠬᠦ ᠳᠡᠭᠡᠷ᠎ᠡ ᠬᠡᠷᠡᠭᠯᠡᠬᠦ ᠪᠣᠯᠭᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯᠲᠠᠳ ᠴᠢᠷᠮᠠᠶᠢᠨ ᠠᠵᠢᠯᠯᠠᠬᠤ ᠶᠢ ᠲᠡᠷᠢᠭᠦᠨ ᠳᠤ ᠲᠠᠯᠪᠢᠬᠤ᠂ | ᠯᠠᠪᠳᠠᠭᠤᠨ ᠪᠠᠲᠤᠲᠠᠢ ᠠᠵᠢᠯᠯᠠᠬᠤ ᠶᠢ ᠪᠠᠷᠢᠮᠲᠠᠯᠠᠵᠤ᠂ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠴᠢᠳᠠᠬᠤ ᠨᠡᠩ ᠤᠯᠠᠨ ᠬᠥᠭᠵᠢᠯᠲᠡ ᠶᠢᠨ | ᠠᠮᠵᠢᠯᠲᠠ ᠪᠦᠲᠦᠮᠵᠢ ᠶᠢ ᠡᠭᠦᠳᠬᠦ ᠬᠡᠷᠡᠭᠲᠡᠢ᠃ | ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠳᠣᠮᠳᠠᠳᠣ ᠶᠢᠨ | ᠦᠨᠳᠦᠰᠦᠲᠡᠨ ᠤ ᠬᠠᠮᠲᠤ ᠶᠢᠨ ᠴᠠᠬᠴᠠ ᠶᠢᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠲᠠᠰᠤᠷᠠᠯᠲᠠ ᠦᠭᠡᠢ ᠠᠬᠢᠭᠤᠯᠤᠨ᠂ ᠦᠨᠳᠦᠰᠦᠲᠡᠨ ᠤ ᠭᠠᠵᠠᠷ ᠣᠷᠣᠨ ᠤ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠬᠦ ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ | ᠴᠢᠭᠯᠡᠯᠲᠡ ᠶᠢ ᠪᠠᠷᠢᠮᠲᠠᠯᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠯᠳᠠ ᠶᠢ ᠰᠢᠰᠲ᠋ᠧᠮ ᠲᠠᠢ ᠠᠬᠢᠭᠤᠯᠵᠤ᠂ ᠱᠠᠰᠢᠨ | ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢ ᠬᠠᠤᠯᠢ ᠪᠠᠷ ᠵᠠᠰᠠᠬᠤ ᠶᠢ ᠴᠢᠩᠭᠠᠳᠬᠠᠨ᠎ᠠ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠪᠣᠯᠣᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠵᠢᠴᠢ ᠬᠠᠷᠢᠶᠠᠲᠤ | ᠨᠠᠷ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ | ᠥᠬᠢᠳ ᠤᠨ ᠭᠡᠷᠡᠯ ᠰᠠᠴᠤᠷᠠᠩᠭᠤᠢ ᠦᠢᠯᠡᠰ ᠢ ᠬᠠᠮᠲᠤ ᠪᠠᠷ ᠴᠣᠭᠴᠠᠯᠠᠬᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠤᠨ᠎ᠠ᠃ | ᠥᠩᠭᠡᠷᠡᠭᠰᠡᠨ ᠨᠢᠭᠡ ᠵᠢᠯ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠴᠢᠬᠤᠯᠠ ᠰᠢᠨ᠎ᠡ | ᠠᠬᠢᠯᠲᠠ ᠲᠠᠢ ᠪᠣᠯᠪᠠ᠃ ᠰᠢᠨ᠎ᠡ ᠨᠢᠭᠡ ᠵᠢᠯ ᠳᠤ᠂ ᠪᠢᠳᠡ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠤᠨ᠂ ᠠᠷᠠᠳ ᠤᠨ ᠴᠡᠷᠢᠭ ᠠᠩᠭᠢ ᠳᠠᠬᠢ | ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠬᠠᠷᠢᠭᠤᠴᠠᠬᠤ ᠳᠦᠷᠢᠮ ᠢ ᠪᠦᠭᠦ | ᠲᠠᠯ᠎ᠠ ᠪᠠᠷ ᠭᠦᠨᠵᠡᠭᠡᠢ ᠲᠤᠭᠤᠰᠢᠯᠠᠭᠤᠯᠵᠤ᠂ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠭᠤᠯᠤᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠡᠷᠢᠭ | ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠪᠦᠭᠦ ᠬᠦᠴᠦᠨ ᠢᠶᠠᠷ ᠰᠠᠶᠢᠲᠤᠷ | ᠬᠢᠬᠦ ᠬᠡᠷᠡᠭᠲᠡᠢ᠃ ᠴᠡᠷᠢᠭ ᠪᠤᠯᠪᠠᠰᠤᠷᠠᠭᠤᠯᠵᠤ ᠳᠠᠶᠢᠨ ᠳᠤ ᠪᠡᠯᠡᠳᠬᠡᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ᠰᠢᠨ᠎ᠡ ᠴᠢᠨᠠᠷ ᠤᠨ ᠲᠠᠶᠢᠴᠢᠨ ᠬᠦᠴᠦᠨ ᠢ | ᠲᠦᠷᠭᠡᠯᠡᠨ ᠬᠥᠭᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠴᠡᠷᠢᠭ ᠤᠨ ᠶᠠᠪᠤᠳᠠᠯ ᠤᠨ ᠤᠨᠤᠯ ᠤᠨ ᠰᠢᠰᠲ᠋ᠧᠮ ᠢ ᠪᠠᠶᠢᠭᠤᠯᠵᠤ᠂ | ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠨ᠎ᠠ᠃ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠠᠵᠢᠯ ᠢ ᠳᠠᠭᠤᠰᠬᠠᠬᠤ ᠶᠢ ᠰᠠᠶᠢᠲᠤᠷ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠭᠵᠢᠯᠲᠡ ᠶᠢᠨ ᠴᠢᠬᠤᠯᠠ ᠶᠡᠭᠡ ᠢᠨᠵᠧᠨᠧᠷᠢᠩ ᠢ ᠱᠠᠯᠠᠪᠳᠠᠨ ᠬᠡᠷᠡᠭᠵᠢᠭᠦᠯᠵᠦ᠂ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ | ᠲᠦᠷᠭᠡᠯᠡᠨ ᠠᠬᠢᠭᠤᠯᠤᠨ᠎ᠠ᠃ ᠴᠡᠷᠢᠭ ᠠᠩᠭᠢ ᠪᠠ ᠣᠷᠣᠨ ᠨᠤᠲᠤᠭ ᠠᠯᠤᠰᠯᠠᠭᠰᠠᠨ ᠥᠭᠡᠷᠡᠴᠢᠯᠡᠯᠲᠡ ᠶᠢ ᠬᠦᠴᠦ ᠬᠠᠮᠲᠤᠳᠬᠠᠨ ᠠᠬᠢᠭᠤᠯᠵᠤ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠰᠢᠰᠲ᠋ᠧᠮ ᠪᠠ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠵᠦ᠂ ᠤᠯᠤᠰ ᠤᠨ ᠨᠢᠭᠡ ᠴᠣᠭᠴᠠᠵᠢᠭᠰᠠᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠤᠨ | ᠲᠣᠭᠲᠠᠴᠠ ᠶᠢ ᠪᠦᠷᠢᠨᠰᠢᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠣᠨ | ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ | ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠠᠮᠵᠢᠵᠤ᠂ ᠬᠤᠶᠠᠷ ᠢ ᠬᠦᠷᠢᠶᠡᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠴᠡᠷᠢᠭ ᠵᠠᠰᠠᠭ | ᠴᠡᠷᠢᠭ ᠠᠷᠠᠳ ᠤᠨ ᠬᠠᠳᠠᠡ ᠪᠠᠲᠤ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ | ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠥᠨ ᠢᠶᠠᠷ ᠰᠢᠶᠠᠩᠭᠠᠩ ᠢ ᠵᠠᠰᠠᠭᠤᠯᠬᠤ︾᠂ ︽ᠣᠣᠮᠧᠨ ᠤ | ᠬᠥᠮᠥᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ | ᠦᠭᠡᠢ ᠪᠠᠷ ᠲᠤᠭᠤᠰᠢᠯᠠᠭᠤᠯᠵᠤ᠂ ᠦᠨᠳᠦᠰᠦᠨ ᠬᠠᠤᠯᠢ ᠪᠠ ᠭᠤᠣᠯ ᠬᠠᠤᠯᠢ ᠳᠤ ᠲᠣᠭᠲᠠᠭᠠᠭᠰᠠᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠦᠨᠳᠦᠰᠦᠨ | ᠬᠠᠤᠯᠢᠲᠤ ᠡᠮᠬᠢ ᠵᠢᠷᠤᠮ ᠢ ᠬᠠᠮᠠᠭᠠᠯᠠᠵᠤ᠂ ︽ᠡᠬᠡ ᠣᠷᠣᠨᠴᠢ ᠬᠥᠮᠥᠰ ᠢᠶᠠᠷ ᠰᠢᠶᠠᠩᠭᠠᠩ ᠢ ᠵᠠᠰᠠᠭᠤᠯᠬᠤ︾᠂ ︽ᠡᠬᠡ ᠣᠷᠣᠨᠴᠢ ᠬᠥᠮᠥᠰ ᠢᠶᠠᠷ ᠣᠣᠮᠧᠨ ᠢ | ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ᠂ ᠣᠯᠠᠨ ᠤᠯᠤᠰ ᠯᠤᠭ᠎ᠠ ᠶᠢᠨ ᠶᠠᠪᠤᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ | ᠰᠠᠶᠢᠨ ᠠᠭᠤᠰᠤᠨ ᠣᠷᠣᠬᠤ ᠶᠢ ᠳᠡᠮᠵᠢᠵᠦ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠨ᠎ᠠ᠃ | ᠪᠢᠳᠡ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ | ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ︽ᠲᠠᠶᠢᠸᠠᠨ ᠢ | ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ ᠶᠢᠨ ᠬᠦᠴᠦᠨ ᠤ ᠭᠠᠷ ᠳᠦᠷᠦᠯᠲᠡ ᠶᠢ ᠡᠷᠡᠰ ᠡᠰᠡᠷᠭᠦᠴᠡᠵᠦ᠂ ᠲᠠᠶᠢᠸᠠᠨ | ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠴᠠᠭᠠᠨ ᠤ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ | ᠠᠵᠤ ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠦᠷᠢᠮ ᠪᠠ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠶᠢᠸᠠᠨ | ᠬᠤᠭᠤᠯᠠᠢ ᠶᠢᠨ ᠬᠤᠶᠠᠷ ᠲᠠᠯ᠎ᠠ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠬ᠎ᠠ ᠳᠡᠭᠦᠦ ᠨᠠᠷ ᠤᠨ | ᠠᠵᠠ ᠵᠢᠷᠭᠠᠯ ᠢ ᠨᠡᠮᠡᠭᠳᠡᠭᠦᠯᠦᠨ᠂ ᠡᠬᠡ ᠤᠯᠤᠰ ᠢᠶᠠᠨ ᠨᠢᠭᠡᠳᠬᠡᠬᠦ ᠶᠡᠭᠡ ᠦᠢᠯᠡᠰ ᠢ ᠡᠷᠡᠰ ᠭᠤᠶᠢᠪᠢᠰᠢ ᠠᠬᠢᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠭᠠᠷ ᠬᠤᠯᠪᠣᠯᠴᠠᠨ ᠬᠠᠮᠲᠤ ᠪᠠᠷ ᠴᠣᠭᠴᠠᠯᠠᠨ᠎ᠠ᠃ | ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠡᠩᠬᠡ ᠲᠠᠶᠢᠪᠤᠩ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ | ᠡᠷᠡᠰ ᠬᠡᠷᠡᠭᠵᠢᠭᠦᠯᠵᠦ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠥᠷᠥ ᠶᠢ ᠡᠰᠡᠷᠭᠦᠴᠡᠵᠦ᠂ ᠠᠯᠢᠪᠠ ᠭᠡᠯᠪᠡᠷᠢ ᠶᠢᠨ ᠭᠠᠭᠴᠠ ᠲᠠᠯᠠᠲᠤ ᠦᠵᠡᠯ᠂ | ᠬᠠᠮᠠᠭᠠᠯᠠᠬᠤ ᠦᠵᠡᠯ ᠢ ᠡᠰᠡᠷᠭᠦᠴᠡᠵᠦ᠂ ᠤᠯᠠᠨ ᠤᠯᠤᠰ ᠤᠨ ᠲᠥᠪ ᠭᠤᠥᠯᠴᠢ ᠰᠢᠳᠤᠷᠭᠤ ᠶᠣᠰᠣ ᠶᠢ ᠬᠠᠮᠠᠭᠠᠯᠠᠬᠤ ᠬᠡᠷᠡᠭᠲᠡᠢ᠃ ᠳᠤᠮᠳᠠᠳᠤ ᠤᠯᠤᠰ ᠳᠤᠷᠠᠲᠠᠶ᠎ᠠ | ᠳᠡᠯᠡᠬᠡᠢ ᠨᠡᠶᠢᠳᠡ ᠲᠠᠢ ᠬᠠᠮᠲᠤ ᠪᠠᠷ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠣᠯᠠᠨ ᠲᠤᠶᠢᠯᠰᠢᠷᠠᠯᠲᠠ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ | ᠪᠠᠶᠢᠬᠤ ᠠᠵᠤ ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠪᠦᠭᠦ ᠪᠥᠮᠪᠥᠷᠴᠡᠭ ᠤᠨ | ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠂ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠶᠢᠨ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ | ᠴᠣᠭᠴᠠᠯᠠᠨ᠎ᠠ᠃ | ᠲᠥᠯᠥᠭᠡᠯᠡᠭᠴᠢᠳ ᠠ᠋︕ ᠢᠲᠡᠭᠡᠯ ᠵᠣᠷᠢᠭ ᠬᠦᠴᠦᠨ ᠴᠢᠳᠠᠯ ᠢ ᠨᠢᠭᠲᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠷᠠᠭᠤ ᠬᠠᠭᠤᠳᠠᠰᠤ ᠶᠢ ᠪᠢᠴᠢᠭᠯᠡᠨᠡᠮ᠃ | ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠬᠦᠴᠢᠷ ᠢ ᠰᠥᠷᠦᠨ | ᠤᠷᠤᠭᠰᠢᠯᠠᠵᠤ᠂ ᠢᠷᠮᠡᠭᠦᠨ ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ | ᠴᠢᠷᠮᠠᠶᠢᠨ ᠪᠡᠶᠡᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠲᠡᠭᠦᠰ ᠠᠮᠵᠢᠯᠲᠠ ᠲᠠᠢ ᠳᠠᠭᠤᠰᠬᠠᠬᠤ ᠶᠢ ᠦᠨᠡᠨ ᠬᠦ ᠪᠠᠲᠤᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | | | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 12 ᠤ ᠴᠠᠭᠢᠯᠭᠠᠨ ᠮᠡᠳᠡᠭᠡ᠂ ᠳᠣᠮᠳᠠᠳᠣ ᠤᠯᠤᠰ ᠤᠨ ᠦᠨᠳᠦᠰᠦᠲᠡᠨ ᠤ ᠬᠡᠯᠡᠨ ᠤ | ᠣᠷᠴᠢᠭᠤᠯᠭ᠎ᠠ ᠶᠢᠨ ᠲᠣᠪᠴᠢᠶ᠎ᠠ ᠣᠷᠴᠢᠭᠤᠯᠪᠠ︶ | | | | | |