—— 2025 ᠤᠨ ᠤ 1 ᠰᠠᠷ᠎ᠠ ᠶᠢᠨ 16 ᠤ ᠡᠳᠦᠷ ᠤᠨ ᠦᠤᠰᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠲᠡᠭᠡᠷ᠎ᠡ | | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠢᠨ᠎ᠡ | | ᠲᠦᠯᠦᠭᠡᠯᠡᠭᠴᠢᠳ ᠡ᠄ | ᠤᠳᠤ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠲᠠᠨᠠᠷ ᠬᠢᠨᠠᠨ ᠵᠦᠪᠯᠡᠬᠦ | ᠪᠤᠯᠪᠠᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠪᠤᠯᠤᠨ ᠪᠤᠰᠤᠳ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠲᠡᠪᠰᠢᠬᠦᠯᠬᠦ | ᠪᠣᠯᠪᠠᠤ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | 2024 ᠣᠨ ᠳᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠤᠨ ᠬᠤᠰᠢᠭᠤ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ | ᠪᠠᠲᠤ ᠴᠤᠭᠴᠠᠯᠠᠬᠤ ᠠᠵᠢᠯ ᠤᠨ ᠭᠤᠤᠯ ᠰᠢᠵᠢᠮ ᠲᠠᠢ ᠨᠢᠭᠲᠠ ᠤᠶᠠᠯᠳᠤᠭᠤᠯᠤᠨ ︽ᠲᠠᠪᠤᠨ ᠶᠡᠭᠡ ᠡᠭᠦᠷᠭᠡ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ︽ | ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ ᠬᠦᠴᠦ ᠪᠠᠨ ᠲᠥᠪᠯᠡᠷᠡᠭᠦᠯᠦᠨ ︽ᠭᠤᠤᠯᠳᠠᠯᠭᠠᠲᠤ ᠣᠷᠣᠨ ᠢ ᠪᠠᠶᠢᠭᠤᠯᠵᠤ᠂ ᠵᠠᠭᠤᠨ ᠬᠦᠴᠦᠷᠬᠡᠭ | ᠰᠢᠶᠠᠨ ᠤ ᠵᠢᠭᠰᠠᠭᠠᠯᠲᠠ ᠳᠤ ᠤᠷᠤᠬᠤ︾ ᠡᠭᠦᠷᠭᠡ ᠬᠠᠷᠠᠯᠲᠠ ᠶᠢ ᠪᠡᠶᠡᠯᠡᠭᠦᠯᠵᠦ ᠥᠷᠯᠥᠭᠡ ᠦᠳᠡᠰᠢ ᠶᠢ ᠲᠡᠮᠡᠴᠡᠨ ᠡᠷᠡᠮᠡᠬᠡᠶᠢᠯᠡᠨ ᠤᠷᠤᠭᠰᠢᠯᠠᠵᠤ ᠨᠤᠮᠢᠨ | ᠲᠠᠩᠰᠤᠭ ᠦᠦᠰᠢᠨ ᠤ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠤᠯᠪᠠ᠃ | ︵ᠨᠢᠭᠡ︶ ᠡᠷᠡᠯᠬᠡᠭᠯᠡᠨ ᠤᠷᠤᠭᠰᠢᠯᠠᠵᠤ ᠬᠥᠭᠵᠢᠯᠲᠡ ᠶᠢ ᠲᠦᠯᠦᠪᠵᠢᠬᠦᠯᠦᠨ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠰᠢᠨ᠎ᠡ | ᠲᠠᠪᠰᠢᠯᠲᠠ ᠶᠢ ᠪᠡᠶᠡᠯᠡᠭᠦᠯᠪᠡ᠃ ᠪᠦᠭᠦ ᠵᠢᠯ ᠳᠤ ᠵᠢᠱᠢᠯᠲᠡ ᠪᠠᠷ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 540 ᠳ᠋ᠦᠩᠰᠢᠭᠤᠷ | ᠲᠥᠭᠦᠷᠢᠭ ᠪᠡᠶᠡᠯᠡᠬᠦᠯᠵᠦ᠂ 6% ᠪᠠᠷ ᠨᠡᠮᠡᠭᠳᠡᠪᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 38.9% ᠪᠠᠷ ᠨᠡᠮᠡᠭᠳᠡᠪᠡ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 7.8% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠶᠡᠷᠦᠩᠬᠡᠶ ᠲᠤᠭ᠎ᠠ 41 ᠳ᠋ᠦᠩᠰᠢᠭᠤᠷ ᠲᠥᠭᠦᠷᠢᠭ ᠲᠤ ᠬᠦᠷᠴᠦ᠂ 7% ᠪᠠᠷ ᠨᠡᠮᠡᠭᠳᠡᠪᠡ᠃ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 5.5% ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 127.8 ᠳ᠋ᠦᠩᠰᠢᠭᠤᠷ ᠲᠥᠭᠦᠷᠢᠭ ᠪᠡᠶᠡᠯᠡᠬᠦᠯᠪᠡ | ᠃ ᠲᠤᠭ᠂ ᠰᠢᠷᠬᠤᠰᠤᠨ᠂ ᠦᠤᠰᠢᠨᠵᠤᠤ 3 ᠪᠠᠯᠭᠠᠰᠤ 2024 ᠤᠨ ᠤ ᠳᠤᠮᠳᠠᠳᠤ ᠤᠯᠤᠰ ᠤᠨ ᠪᠠᠷᠠᠭᠤᠨ ᠤᠷᠤᠨ ᠤ ᠭᠠᠵᠠᠷ ᠣᠷᠣᠨ ᠤ ᠶᠡᠷᠦᠩᠬᠡᠶᠢᠯᠡᠭᠰᠡᠨ | ᠦᠷᠢᠰᠦᠯᠳᠦᠬᠦ ᠬᠦᠴᠦᠨ ᠤ ᠵᠠᠭᠤᠨ ᠬᠦᠴᠦᠷᠬᠡᠭ ᠪᠠᠯᠭᠠᠰᠤ ᠳᠤ ᠵᠢᠭᠰᠠᠭᠠᠭᠳᠠᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠦᠨᠳᠦᠰᠦᠨ ᠦᠷᠢᠰᠦᠯᠳᠦᠬᠦ | ᠬᠦᠴᠦᠨ ᠪᠠᠷᠠᠭᠤᠨ ᠤᠷᠤᠨ ᠤ ᠵᠠᠭᠤᠨ ᠬᠦᠴᠦᠷᠬᠡᠭ ᠰᠢᠶᠠᠨ ᠤ 10 ᠳ᠋ᠤᠭᠠᠷ ᠲᠤ ᠣᠷᠣᠪᠠ᠃ | ︵ᠬᠤᠶᠠᠷ︶ ᠤᠨᠢᠨ ᠳᠡᠭᠡᠷ᠎ᠡ ᠨᠢ ᠬᠦᠴᠦᠯᠡᠨ ᠲᠦᠷᠦᠯ ᠵᠦᠢᠯ ᠢ ᠠᠳᠬᠤᠵᠤ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠰᠢᠨ᠎ᠡ | ᠳᠡᠭᠡᠭᠰᠢᠯᠡᠯᠲᠡ ᠶᠢ ᠪᠡᠶᠡᠯᠡᠭᠦᠯᠪᠡ᠃ ᠣᠷᠳᠣᠰ ᠲᠠᠬᠢ ᠤᠯᠤᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠭᠤᠤᠯᠳᠠᠯᠭᠠᠲᠤ ᠤᠷᠤᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠬᠤᠲᠠ ᠶᠢᠨ ᠱᠠᠲᠤᠨ ᠠᠴᠠ | ᠳᠤᠬᠢᠷᠠᠭᠤᠯᠵᠤ ᠪᠠᠶᠢᠭ᠎ᠠ 30 ᠲᠥᠷᠥᠯ ᠵᠦᠢᠯ ᠤᠨ ᠪᠠᠯᠠ ᠣᠷᠣᠭᠤᠯᠤᠯᠲᠠ ᠶᠢ 252 ᠳ᠋ᠦᠩᠰᠢᠭᠤᠷ ᠲᠥᠭᠦᠷᠢᠭ ᠪᠡᠶᠡᠯᠡᠭᠦᠯᠦᠨ ᠪᠥᠬᠦ ᠬᠤᠲᠠ ᠳᠤ ᠲᠡᠷᠢᠬᠦᠯᠡᠪᠡ | ᠃ ᠡᠯ᠎ᠡ ᠵᠦᠢᠯ ᠤᠨ ᠲᠥᠷᠥᠯ ᠵᠦᠢᠯ ᠢ 18 ᠣᠷᠣᠭᠤᠯᠤᠨ ᠠᠪᠴᠢᠷᠠᠵᠤ 180 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ 2 | ᠬᠠᠮᠲᠤ ᠨᠡᠶᠢᠲᠡ ᠪᠠ 1 ᠬᠤᠪᠢ ᠬᠥᠮᠦᠨ ᠪᠥᠬᠦ ᠣᠷᠣᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠤᠭᠰᠠᠨ ᠬᠥᠬᠢᠭᠦᠯᠦᠯ ᠭᠥᠷᠳᠡᠪᠡ᠃ ᠶᠡᠷᠦᠩᠬᠡᠢ ᠪᠡᠯᠡ | ᠣᠷᠣᠭᠤᠯᠤᠯᠲᠠ ᠨᠢ 478 ᠳ᠋ᠦᠩᠰᠢᠭᠤᠷ ᠲᠥᠭᠦᠷᠢᠭ ᠪᠤᠯᠬᠤ ᠪᠦᠦ ᠹᠧᠩ ᠪᠦᠯᠦᠭᠯᠡᠯ ᠤᠨ ᠠᠯᠺᠧᠨ ᠤ ᠲᠦᠷᠦᠯ ᠵᠦᠢᠯ ᠤᠨ ᠠᠩᠬᠠᠨ ᠤ ᠦᠢᠯᠡᠳᠪᠦᠷᠢᠯᠡᠯ ᠤᠨ | ᠱᠤᠭᠤᠮ ᠠᠮᠵᠢᠯᠲᠠ ᠲᠠᠢ ᠠᠰᠢᠭᠯᠠᠯᠲᠠ ᠳᠤ ᠣᠷᠣᠵᠤ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠠᠵᠢᠯ ᠲᠦᠷᠦᠯ ᠤᠨ ᠮᠡᠷᠭᠡᠵᠢᠯ ᠤᠨ ︽18 | ᠲᠦᠷᠦᠯ ᠤᠨ ᠨᠢᠭᠡᠳᠦᠭᠡᠷ︾ ᠢ ᠡᠬᠦᠳᠪᠡ᠃ ᠶᠡᠷᠦᠩᠬᠡᠢ ᠪᠡᠯᠡ ᠣᠷᠣᠭᠤᠯᠤᠯᠲᠠ ᠨᠢ 590 ᠳ᠋ᠦᠩᠰᠢᠭᠤᠷ ᠲᠥᠭᠦᠷᠢᠭ ᠤᠨ ᠬᠤᠢ ᠨᠧᠩ ᠪᠦᠯᠦᠭᠯᠡᠯ ᠤᠨ ᠵᠦᠸᠧ | ᠵᠧᠩ ᠨᠡᠭᠦᠷᠡᠰᠦ ᠬᠢᠮᠢ ᠶᠢᠨ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠶᠢᠨ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ | ᠲᠠᠯ᠎ᠠ ᠪᠠᠷ ᠥᠷᠨᠢᠭᠦᠯᠬᠦ ᠶᠢᠨ ᠵᠡᠷᠭᠡᠪᠡᠷ ᠬᠠᠭᠠᠰ ᠲᠤᠲᠠᠭᠤ ᠤᠷᠬᠢᠭᠰᠠᠨ ᠢᠨᠵᠧᠨᠧᠷᠢᠩ ᠢ 7 ᠰᠡᠷᠭᠦᠭᠡᠪᠡ᠃ ᠷᠦᠩ ᠬᠤᠩ ᠱᠧᠩ ᠷᠦᠢ ᠡᠨᠧᠷᠬᠢ ᠶᠢᠨ | ᠬᠢᠵᠠᠭᠠᠷᠲᠤ ᠺᠤᠮᠫᠠᠨᠢ ᠶᠢᠨ 40 ᠲᠦᠮᠡᠨ ᠲᠣᠨ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ᠂ ᠺᠦᠨ ᠯᠦᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠢᠵᠠᠭᠠᠷᠲᠤ ᠺᠤᠮᠫᠠᠨᠢ ᠶᠢᠨ 70 ᠲᠦᠮᠡᠨ ᠲᠣᠨ ᠬᠡᠶᠢᠵᠢᠭᠦᠯᠦᠭᠰᠡᠨ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠵᠡᠷᠭᠡ ᠲᠦᠷᠦᠯ ᠵᠦᠢᠯ ᠢ ᠪᠠᠶᠢᠭᠤᠯᠤᠨ | ᠠᠰᠢᠭᠯᠠᠯᠲᠠ ᠳᠤ ᠣᠷᠣᠭᠤᠯᠪᠠ᠃ ᠵᠦᠩ ᠮᠧᠢ ᠪᠦᠯᠦᠭᠯᠡᠯ ᠤᠨ ᠲᠤᠭ ᠪᠤᠬᠢᠷᠳᠤᠯ ᠦᠬᠡᠢ ᠲᠤᠤᠷ᠎ᠠ ᠨᠡᠬᠦᠷᠡᠰᠤᠳᠦ᠋ᠷᠦᠭᠴᠢᠲᠤ ᠠᠵᠤ ᠦᠢᠯᠡᠰ ᠤᠨ ᠵᠢᠱᠢᠶ᠎ᠡ | ᠦᠵᠡᠬᠦᠯᠬᠦ ᠬᠦᠷᠢᠶᠡᠯᠡᠩ ᠢ ᠲᠦᠪᠯᠡᠷᠡᠭᠦᠯᠦᠨ ᠡᠬᠢᠯᠡᠬᠦᠯᠦᠨ ᠪᠠᠶᠢᠭᠤᠯᠵᠤ᠂ ᠵᠦᠩ ᠲᠢᠶᠠᠨ ᠾᠧ ᠴᠤᠸᠠᠩ ᠺᠤᠮᠫᠠᠨᠢ ᠶᠢᠨ ᠦᠦᠰᠢᠨ ᠬᠤᠰᠢᠭᠤᠨ ᠤ ᠰᠠᠯᠬᠢᠨ | ᠬᠦᠴᠦᠨ ᠤ ᠴᠠᠬᠢᠯᠭᠠᠨ ᠬᠡᠷᠡᠯᠴᠢ ᠴᠡᠨᠡᠭ ᠢ ᠨᠢᠭᠡ ᠴᠤᠬᠴᠠᠵᠢᠭᠤᠯᠤᠬᠰᠠᠨ ᠲᠦᠷᠦᠯ ᠵᠦᠢᠯ ᠢ ᠲᠦᠷᠭᠡᠳᠬᠡᠨ ᠠᠬᠢᠭᠤᠯᠪᠠ᠃ ᠨᠡᠭᠦᠷᠡᠰᠦᠨ ᠳᠠᠪᠬᠤᠷᠭ᠎ᠠ ᠶᠢᠨ | ᠬᠡᠢ ᠶᠢ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ ᠶᠢ ᠦᠨᠳᠦᠷ ᠳᠦᠪᠰᠢᠨ ᠢᠶᠠᠷ ᠲᠦᠯᠦᠪᠵᠢᠬᠦᠯᠦᠨ ᠠᠬᠢᠭᠤᠯᠵᠤ ᠪᠥᠬᠦ ᠬᠤᠲᠠ ᠳᠤ ᠲᠦᠷᠦᠬᠦᠯᠡᠨ | ᠨᠡᠭᠦᠷᠡᠰᠦᠨ ᠳᠠᠪᠬᠤᠷᠭ᠎ᠠ ᠶᠢᠨ ᠬᠡᠢ ᠶᠢᠨ ᠬᠠᠶᠢᠨ ᠪᠠᠶᠢᠴᠠᠭᠠᠯᠲᠠ ᠶᠢᠨ ᠲᠤᠷᠰᠢᠯᠲᠠ ᠶᠢᠨ ᠬᠤᠳᠳᠤᠭ ᠢ ᠪᠠᠶᠢᠭᠤᠯᠵᠤ ᠪᠥᠬᠦ ᠬᠤᠰᠢᠭᠤᠨ ᠤ ᠨᠡᠭᠦᠷᠡᠰᠦᠨ | ᠳᠠᠪᠬᠤᠷᠭ᠎ᠠ ᠶᠢᠨ ᠬᠡᠢ ᠶᠢᠨ ᠬᠠᠳᠠᠭᠠᠯᠠᠭᠳᠠᠴᠠ 3 ᠲᠦᠮᠡᠨ ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠪᠡ᠃ ᠪᠦᠬᠦ ᠵᠢᠯ ᠳᠤ 4500 ᠲᠦᠮᠡᠨ | ᠲᠤᠨ ᠨᠡᠭᠦᠷᠡᠰᠤ᠂ 175 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠭᠠᠯᠢ ᠶᠢᠨ ᠰᠢᠲᠠᠮᠠᠬᠠᠢ ᠬᠡᠢ᠂ 1180 ᠲᠦᠮᠡᠨ ᠲᠣᠨ ᠭᠤᠣᠯ ᠪᠣᠯᠬᠤ ᠬᠢᠮᠢ ᠶᠢᠨ | ᠠᠵᠤ ᠦᠢᠯᠡᠳᠪᠦᠷᠢ ᠶᠢᠨ ᠦᠢᠯᠡᠳᠬᠦᠨ ᠢ ᠦᠢᠯᠡᠳᠪᠤᠷᠢᠯᠡᠵᠦ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ 775 ᠳ᠋ᠦᠩᠰᠢᠭᠤᠷ | ᠲᠥᠭᠦᠷᠢᠭ ᠲᠤ ᠬᠦᠷᠪᠡ᠃ 3.4 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ ᠠᠮᠤ ᠪᠤᠳᠠᠭᠠᠨ ᠤ ᠦᠢᠯᠡᠳᠪᠦᠷᠢᠯᠡᠯ ︽ᠬᠤᠷᠢᠨ | ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ︾ ᠶᠢ ᠪᠡᠶᠡᠯᠡᠭᠦᠯᠪᠡ᠃ ᠣᠷᠳᠣᠰ ᠨᠠᠷᠢᠨ ᠨᠣᠣᠰᠣᠲᠤ ᠬᠤᠨᠢᠨ ᠤ ᠰᠢᠯᠢᠳᠡᠭ ᠡᠭᠦᠯᠳᠡᠷ ᠢ ᠬᠠᠮᠠᠭᠠᠯᠠᠨ | ᠳᠡᠯᠭᠡᠷᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ ᠣᠷᠳᠣᠰ ᠨᠠᠷᠢᠨ ᠨᠣᠣᠰᠣᠲᠤ ᠬᠤᠨᠢᠨ ᠤ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠮᠠᠯ | ᠲᠠᠷᠢᠶᠠᠯᠠᠩ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠢ ᠡᠬᠢᠯᠡᠭᠦᠯᠦᠨ ᠪᠠᠶᠢᠭᠤᠯᠵᠤ ᠣᠷᠳᠣᠰ ᠨᠠᠷᠢᠨ ᠨᠣᠣᠰᠣᠲᠤ ᠬᠤᠨᠢ ᠶᠢ ᠵᠢᠯ ᠤᠨ 5000 | ᠪᠤᠷᠤᠯᠠᠭᠤᠯᠵᠤ ᠳᠡᠶᠢᠯᠬᠦ ᠪᠤᠷᠳᠤᠨ ᠲᠠᠷᠭᠤᠯᠠᠭᠤᠯᠬᠤ ᠲᠠᠯᠠᠪᠤᠷ ᠢ 8 ᠪᠠᠶᠢᠭᠤᠯᠵᠤ᠂ ᠨᠠᠷᠢᠨ ᠨᠣᠣᠰᠣᠲᠤ ᠬᠤᠨᠢᠨ ᠤ ᠲᠤᠭ᠎ᠠ 125 ᠲᠦᠮᠡ ᠳᠤ ᠬᠥᠷᠴᠤ | ᠣᠷᠳᠣᠰ ᠨᠠᠷᠢᠨ ᠨᠣᠣᠰᠣᠲᠤ ᠬᠤᠨᠢ ︽ᠥᠪᠥᠷ ᠮᠣᠩᠭᠤᠯ ᠤᠨ ᠨᠠᠷᠠᠲᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠲᠡᠭ︾ ᠢᠶᠠᠷ | ᠦᠨᠡᠯᠡᠭᠳᠡᠵᠤ ᠨᠠᠷᠠᠲᠤ ᠲᠡᠮᠲᠡᠭ ᠤᠨ ᠥᠷᠲᠡᠭ ᠨᠢ 80 ᠳ᠋ᠦᠩᠰᠢᠭᠤᠷ ᠲᠥᠭᠦᠷᠢᠭ ᠢ ᠳᠠᠪᠠᠪᠠ᠃ ᠰᠢᠦ᠋ᠩ ᠠᠨ ᠬᠤᠸᠠ ᠨᠢᠦ ᠠᠮᠢᠳᠤ ᠪᠤᠳᠠᠰ ᠤᠨ ᠭᠧᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠭᠡᠷ᠎ᠡ ᠲᠣᠭᠲᠠᠨ ᠣᠷᠣᠭᠤᠯᠤᠨ ᠠᠪᠴᠢᠷᠠᠵᠤ ᠣᠳᠣᠬᠢᠴᠢᠯᠠᠭᠰᠠᠨ ᠲᠦᠮᠡᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ | ᠪᠠᠶᠢᠭᠤᠯᠵᠤ ᠠᠯᠠᠰᠢᠨ ᠦᠬᠡᠷ ᠤᠨ ᠲᠤᠭ᠎ᠠ 15.3 ᠲᠦᠮᠡ ᠳᠤ ᠬᠦᠷᠪᠡ᠃ ᠯᠢᠤᠢ ᠵᠢᠩ ᠣᠳᠣᠬᠢᠴᠢᠯᠠᠭᠰᠠᠨ 6600 ᠭᠠᠭ᠋ᠠᠶ ᠲᠡᠵᠢᠭᠡᠨ ᠦᠷᠡᠵᠢᠭᠦᠯᠬᠦ | ᠰᠠᠭᠤᠷᠢᠨ ᠭᠠᠵᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ ᠪᠥᠬᠦ ᠣᠷᠣᠨ ᠤ ᠠᠩᠬᠠᠳᠠᠭᠴᠢ ᠭᠠᠭ᠋ᠠᠶ ᠶᠢ ᠬᠤᠭᠤᠴᠠᠭᠠᠲᠤ ᠪᠠᠷᠠᠭᠠᠨ ᠤ ᠦᠨ᠎ᠡ ᠬᠠᠩᠰᠢ ᠶᠢᠨ | ᠳᠠᠭᠠᠳᠬᠠᠯ ᠳᠤ ᠤᠷᠤᠭᠤᠯᠬᠤ ᠲᠥᠷᠥᠯ ᠵᠦᠢᠯ ᠢ ᠰᠢᠨ᠎ᠡ ᠪᠠᠷ ᠡᠭᠦᠳᠦᠨ ᠬᠡᠷᠡᠭᠵᠢᠭᠦᠯᠵᠦ ᠭᠠᠭ᠋ᠠᠶ ᠶᠢᠨ ᠲᠤᠭ᠎ᠠ 12.9 ᠲᠦᠮᠡ ᠳᠤ ᠬᠥᠷᠪᠡ᠃ ᠰᠢᠷᠬᠤᠰᠤ | ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢ ᠡᠭᠦᠳᠦᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠵᠤ ᠪᠠᠲᠤ ᠶᠢᠨ ᠳᠤᠬᠤᠢ ᠶᠢᠨ | ᠬᠤᠪᠢᠰᠬᠠᠯ ᠤᠨ ᠰᠣᠶᠣᠯ ᠤᠨ ᠵᠢᠵᠢᠭ ᠪᠠᠯᠭᠠᠰᠤ ᠨᠢ ᠤᠯᠤᠰ ᠤᠨ 3A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ ︽ᠰᠢᠷᠭ᠎ᠠ | ᠮᠣᠷᠢ ᠶᠠᠨ ᠠᠨ ᠢᠶᠠᠷ ᠳᠠᠬᠢᠨ ᠠᠶᠠᠯᠠᠭᠰᠠᠨ ᠨᠢ︾᠂ ︽ᠥᠪᠥᠷ ᠮᠣᠩᠭᠤᠯ ᠱᠠᠨᠰᠢ ᠶᠢᠨ ᠨᠢᠭᠡ ᠪᠢᠯᠧᠲ ᠢᠶᠠᠷ ᠲᠠᠪᠤᠨ ᠭᠠᠵᠠᠷ ᠵᠢᠭᠤᠯᠴᠢᠯᠠᠬᠤ︾ ᠵᠡᠷᠭᠡ ᠰᠢᠷᠢᠰ | ᠠᠵᠢᠯᠯᠠᠭ᠎ᠠ ᠶᠢ ᠥᠷᠨᠢᠭᠦᠯᠵᠦ ︽ᠤᠯᠠ ᠮᠦᠷ — ᠨᠠᠨᠵᠢᠩ ᠤᠨ ᠰᠡᠬᠡᠬᠡᠲᠡᠳ ᠦᠦᠰᠢᠨ ᠤ ᠲᠠᠯ᠎ᠠ ᠨᠤᠲᠤᠭ ᠲᠤ︾ ᠨᠡᠩ ᠬᠢᠯᠠᠷᠠᠵᠤ ᠭᠠᠯᠠᠭᠤᠳᠤ ᠪᠠᠯᠭᠠᠰᠤ | 2025 ᠤᠨ ᠤ ᠪᠥᠬᠦ ᠤᠯᠤᠰ ᠤᠨ ᠴᠠᠭᠠᠨ ᠰᠠᠷ᠎ᠠ ᠶᠢᠨ ︽ᠲᠣᠰᠬᠤᠨ ᠤ ᠦᠳᠡᠰᠢᠯᠡᠭᠡ︾ ᠶᠢᠨ ᠵᠢᠱᠢᠶ᠎ᠡ ᠦᠵᠡᠭᠦᠯᠬᠦ ᠦᠵᠡᠭᠦᠯᠤᠯᠭᠡ ᠶᠢᠨ ᠴᠡᠭ ᠲᠤ | ᠰᠣᠩᠭᠤᠭᠳᠠᠵᠤ᠂ ᠤᠯᠠᠭᠠᠨᠮᠥ᠋ᠴᠢᠷ ︽ᠳᠤᠮᠳᠠᠳᠤ ᠹᠢᠯᠢᠫᠢᠨ ᠤ ᠰᠣᠶᠣᠯ ᠢᠷᠭᠡᠨᠰᠢᠯ ᠤᠨ ᠥᠷᠲᠡᠭᠡ︾ ᠶᠢᠨ ᠣᠯᠠᠨ ᠤᠯᠤᠰ ᠤᠨ ᠤᠷᠠᠯᠢᠭ ᠤᠨ ᠲᠠᠶᠢᠰᠠᠨ ᠳᠤ | ᠭᠠᠷᠴᠤ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ 41 ᠳ᠋ᠦᠩᠰᠢᠭᠤᠷ ᠲᠥᠭᠦᠷᠢᠭ ᠲᠤ ᠬᠦᠷᠪᠡ᠃ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ᠂ | ᠭᠠᠷ ᠤᠲᠠᠰᠤ ᠵᠡᠷᠭᠡ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ 500 ᠲᠦᠮᠡᠨ ᠲᠥᠭᠦᠷᠢᠭ ᠤᠨ | ᠨᠥᠬᠦᠪᠥᠷᠢ ᠶᠢᠨ ᠪᠠᠯᠠ ᠮᠥᠩᠭᠦ ᠣᠷᠣᠭᠤᠯᠤᠨ ᠨᠡᠶᠢᠭᠡᠮ ᠤᠨ ᠬᠡᠷᠡᠭᠯᠡᠭᠡ ᠶᠢ 1.1 ᠳ᠋ᠦᠩᠰᠢᠭᠤᠷ ᠲᠥᠭᠦᠷᠢᠭ ᠳᠠᠶᠢᠴᠢᠯᠠᠪᠠ᠃ ︽ᠬᠠᠮᠲᠤ ᠪᠠᠷ ᠪᠠᠶᠠᠵᠢᠵᠤ | ᠬᠠᠮᠲᠤ ᠪᠠᠷ ᠡᠳ᠋ᠯᠡᠬᠦ ᠴᠠᠭᠠᠨ ᠰᠠᠷ᠎ᠠ ᠶᠢᠨ ᠪᠠᠷᠠᠭᠠᠨ ᠤ ᠴᠤᠭᠯᠠᠭ᠎ᠠ ᠮᠠᠶᠢᠮᠠᠶ︾ ᠶᠢ ᠡᠷᠬᠢᠯᠡᠵᠦ ︽ᠪᠣᠷᠣᠲᠣᠬᠤᠶ ᠬᠥᠮᠦᠨ ᠤ ᠦᠳᠡᠰᠢ︾᠂ ︽ᠦᠦᠰᠢᠨ | ᠬᠤᠰᠢᠭᠤᠴᠢ ᠵᠡᠭᠡᠯᠢ︾ ᠵᠡᠷᠭᠡ ᠰᠥᠨᠢ ᠶᠢᠨ ᠬᠡᠷᠡᠭᠯᠡᠭᠡᠨ ᠤ ᠲᠠᠯᠠᠪᠤᠷ ᠭᠠᠵᠠᠷ ᠢ ᠪᠠᠶᠢᠭᠤᠯᠵᠤ ᠨᠢᠭᠡ ᠪᠦᠯᠦᠭ ᠨᠡᠷᠡᠲᠦ ᠬᠤᠭᠤᠯᠠᠨ ᠭᠡᠷ᠂ ᠰᠦᠯᠵᠢᠶᠡᠨ ᠤᠳᠤᠨ | ᠳᠡᠯᠭᠡᠭᠦᠷ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ ᠨᠢᠭᠡ ᠪᠦᠯᠦᠭ ᠬᠡᠯᠬᠢᠶᠡᠵᠢᠭᠰᠡᠨ ᠪᠠᠭᠤᠳᠠᠯ ᠪᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ | ᠪᠠᠶᠢᠭᠤᠯᠤᠨ ᠠᠰᠢᠭᠯᠠᠯᠲᠠ ᠳᠤ ᠣᠷᠣᠭᠤᠯᠵᠤ ᠰᠢᠶᠠᠨ ᠤ ᠪᠦᠰᠡ ᠶᠢᠨ ᠬᠤᠳᠠᠯᠳᠤᠭᠠᠨ ᠤ ᠠᠮᠢᠵᠢᠷᠠᠯ ᠤᠨ ᠬᠦᠴᠦᠨ ᠪᠠ ᠬᠡᠷᠡᠭᠯᠡᠭᠡᠨ ᠤ ᠳᠠᠯᠳᠠ ᠬᠦᠴᠦᠨ ᠢ | ᠤᠯᠠᠮ ᠨᠢᠭᠡ ᠠᠯᠬᠤᠮ ᠬᠥᠭᠵᠢᠭᠡᠪᠡ᠃ | ︵ᠭᠤᠷᠪᠠ︶ ᠬᠠᠷᠠᠯᠲᠠ ᠲᠠᠢ ᠪᠠᠷ ᠬᠦᠴᠦᠯᠡᠨ ᠥᠭᠡᠷᠡᠴᠢᠯᠡᠯᠲᠡ ᠶᠢ ᠴᠢᠩᠭᠠᠳᠬᠠᠵᠤ ᠬᠥᠭᠵᠢᠯᠲᠡ ᠶᠢᠨ ᠠᠮᠢᠵᠢᠷᠠᠯ ᠤᠨ ᠬᠦᠴᠦᠨ ᠤ ᠰᠢᠨ᠎ᠡ ᠶᠢ ᠡᠭᠦᠳᠬᠦ | ᠰᠢᠨ᠎ᠡ ᠳᠡᠭᠡᠭᠰᠢᠯᠡᠯᠲᠡ ᠶᠢ ᠪᠡᠶᠡᠯᠡᠭᠦᠯᠪᠡ᠃ ᠪᠦᠬᠦ ᠤᠯᠤᠰ ᠤᠨ ᠠᠩᠬᠠᠳᠠᠭᠴᠢ ᠬᠤᠲᠠ ᠶᠢᠨ ᠱᠠᠲᠤᠨ ᠤ ︽ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠡᠬᠦ ᠰᠢᠶᠠᠩ | ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ︾ ᠤᠨ ᠣᠷᠣᠨ ᠨᠤᠲᠤᠭ ᠤᠨ ᠪᠠᠷᠢᠮᠵᠢᠶ᠎ᠠ ᠶᠢ ᠠᠮᠵᠢᠯᠲᠠ ᠲᠠᠢ ᠨᠡᠶᠢᠲᠡᠯᠡᠪᠡ᠃ ᠬᠥᠳᠡᠭᠡ ᠲᠣᠰᠬᠤᠨ ᠤ | ᠭᠠᠵᠠᠷ ᠰᠢᠷᠤᠢ ᠶᠢᠨ ᠳᠠᠭᠠᠭᠠᠴᠢᠯᠠᠯᠲᠠ ᠶᠢᠨ ︽ᠭᠤᠷᠪᠠᠨ ᠡᠷᠬᠡ ᠶᠢ ᠰᠠᠯᠭᠠᠬᠤ︾ ᠥᠭᠡᠷᠡᠴᠢᠯᠡᠯᠲᠡ ᠶᠢ ᠬᠦᠨᠵᠡᠭᠡᠶᠢᠷᠡᠬᠦᠯᠦᠨ 4 ᠲᠦᠮᠡᠨ ᠮᠦ ᠭᠠᠵᠠᠷ ᠰᠢᠷᠣᠶ ᠶᠢ | ᠡᠷᠬᠢᠯᠳᠦᠬᠦᠯᠪᠡ᠃ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠵᠢᠯ ᠤᠨ ᠪᠦᠲᠦᠮᠵᠢ ᠶᠢᠨ ᠴᠠᠯᠢᠩ ᠬᠥᠯᠥᠰᠥ ᠶᠢᠨ ᠳᠦᠷᠢᠮ ᠤᠨ | ᠥᠭᠡᠷᠡᠴᠢᠯᠡᠯᠲᠡ ᠶᠢ ᠠᠮᠵᠢᠯᠲᠠ ᠲᠠᠢ ᠠᠬᠢᠭᠤᠯᠪᠠ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠪᠡ᠃ ᠰᠢᠨ᠎ᠡ ᠨᠢᠭᠡ ᠡᠭᠡᠯᠵᠢ ᠶᠢᠨ ᠤᠯᠤᠰ ᠤᠨ ᠥᠮᠴᠢᠯᠡᠯᠲᠤ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ | ᠠᠵᠢᠯᠯᠠᠭ᠎ᠠ ᠶᠢ ᠡᠮᠬᠢ ᠵᠢᠷᠤᠮ ᠲᠠᠢ ᠬᠡᠷᠡᠭᠵᠢᠭᠦᠯᠪᠡ᠃ 4.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠦᠪᠡᠷᠳᠡᠭᠡᠨ ᠵᠠᠰᠠᠬᠤ ᠤᠷᠤᠨ ᠤ ᠠᠩᠬᠠᠳᠠᠭᠴᠢ | ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ ᠮᠡᠷᠭᠡᠵᠢᠯ ᠤᠨ ᠲᠤᠷᠰᠢᠯᠲᠠ ᠶᠢᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠵᠤ ᠲᠤᠷᠰᠢᠯᠲᠠ ᠶᠢᠨ ᠲᠥᠷᠥᠯ ᠵᠦᠢᠯ ᠢ 9 ᠣᠷᠣᠭᠤᠯᠤᠨ ᠠᠪᠴᠢᠷᠠᠵᠤ 2 ᠲᠥᠷᠥᠯ ᠵᠦᠢᠯ ᠤᠨ ᠲᠤᠷᠰᠢᠯᠲᠠ ᠶᠢᠨ ᠠᠵᠢᠯ ᠢ ᠥᠷᠨᠢᠭᠦᠯᠤᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ | ᠲᠤᠯᠭᠠᠭᠤᠷᠢᠯᠠᠯ ᠬᠠᠩᠭᠠᠪᠠ᠃ ᠪᠦᠬᠦ ᠬᠤᠰᠢᠭᠤᠨ ᠤ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠳ᠋ᠣᠺᠲ᠋ᠣᠷ ᠤᠨ ᠠᠵᠢᠯ ᠤᠨ ᠥᠷᠲᠡᠭᠡ | ᠪᠤᠯᠤᠨ ᠵᠥᠩ ᠲᠢᠶᠠᠨ ᠾᠧ ᠴᠤᠸᠠᠩ ᠬᠢᠮᠢ ᠶᠢᠨ ᠠᠵᠤ ᠦᠢᠯᠡᠳᠪᠦᠷᠢ ᠶᠢᠨ ᠬᠤᠪᠢᠶᠠᠷᠢ ᠺᠣᠮᠫᠠᠨᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠪ ᠢ | ᠫᠠᠶᠢᠰᠠ ᠡᠯᠭᠦᠨ ᠪᠠᠶᠢᠭᠤᠯᠪᠠ᠃ ︽ᠦᠦᠰᠢᠨ ᠤᠯᠠᠭᠠᠨ ᠴᠢᠪᠠᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠵᠢᠭ ᠬᠦᠷᠢᠶᠡᠯᠡᠩ︾ ᠨᠢ ᠤᠯᠤᠰ ᠤᠨ | ᠳᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠵᠢᠭ ᠬᠦᠷᠢᠶᠡᠯᠡᠩ ᠢᠶᠠᠷ ᠦᠨᠡᠯᠡᠭᠳᠡᠪᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 19᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 4 ᠰᠢᠨ᠎ᠡ ᠪᠠᠷ ᠨᠡᠮᠡᠭᠳᠡᠬᠦᠯᠵᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠶᠢ 6.2 ᠳ᠋ᠦᠩᠰᠢᠭᠤᠷ | ᠲᠥᠭᠦᠷᠢᠭ ᠲᠤ ᠬᠦᠷᠭᠡᠵᠤ᠂ 40.7% ᠪᠠᠷ ᠨᠡᠮᠡᠭᠳᠡᠪᠡ᠃ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠴᠢᠳᠠᠪᠤᠷᠢᠲᠠᠨ ᠤ ᠠᠴᠢᠶᠠᠯᠠᠪᠤᠷᠢ ᠶᠢ 12 | ᠨᠡᠮᠡᠭᠳᠡᠭᠦᠯᠵᠦ ᠳᠡᠭᠡᠳᠦ ᠳᠡᠰ ᠤᠨ ᠪᠠ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠢ 937 ᠨᠡᠷ᠎ᠡ ᠣᠷᠣᠭᠤᠯᠤᠨ ᠠᠪᠴᠢᠷᠠᠪᠠ᠃ ︽ᠦᠶᠦᠭ ᠦᠦᠰᠢᠨ | ᠤᠷᠴᠢᠨ︾ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠨᠡᠷᠡᠲᠦ ᠲᠡᠮᠳᠡᠭ ᠢ ᠦᠷᠭᠦᠯᠵᠢᠯᠡᠨ ᠪᠠᠳᠠᠷᠠᠭᠤᠯᠵᠤ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠤᠨ ᠠᠵᠤ ᠠᠬᠤᠶᠢᠯᠠᠯ ᠤᠨ ᠳᠠᠷᠤᠭᠠᠰᠤ ᠶᠢ 34.8 ᠳ᠋ᠦᠩᠰᠢᠭᠤᠷ ᠲᠥᠭᠦᠷᠢᠭ | ᠬᠥᠩᠭᠡᠷᠡᠭᠦᠯᠵᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ 3606 ᠡᠷᠦᠬᠡ᠂ ᠳᠥᠷᠪᠡᠨ ᠲᠦᠷᠦᠯ ᠤᠨ ᠬᠡᠪᠴᠢᠶᠡᠵᠢᠯ ᠠᠴᠠ ᠳᠡᠭᠡᠭᠰᠢᠬᠢ | ᠠᠵᠤ ᠠᠬᠤᠶᠢᠯᠠᠯ ᠢ 17 ᠰᠢᠨ᠎ᠡ ᠪᠠᠷ ᠨᠡᠮᠡᠭᠳᠡᠬᠦᠯᠵᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠪᠠ᠃ | ︵ᠲᠦᠷᠪᠡ︶ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠠᠭᠤᠰᠤᠯᠴᠠᠭ᠎ᠠ ᠶᠢ ᠠᠬᠢᠭᠤᠯᠤᠨ ᠬᠤᠳᠠ ᠬᠥᠳᠡᠭᠡ ᠶᠢᠨ ᠬᠥᠭᠵᠢᠯᠲᠡ ᠰᠢᠨ᠎ᠡ | ᠳᠡᠭᠡᠭᠰᠢᠯᠡᠯᠲᠡ ᠶᠢ ᠪᠡᠶᠡᠯᠡᠬᠦᠯᠪᠡ᠃ ᠬᠦᠷᠢᠶᠡᠯᠡᠩ ᠲᠣᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠭᠤᠷᠪᠠᠨ ᠵᠢᠯ ᠤᠨ | ᠳᠡᠭᠡᠭᠰᠢᠯᠡᠯᠲᠡ ᠶᠢᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ 8.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠪᠦᠦ ᠹᠧᠩ ᠪᠦᠯᠦᠭᠯᠡᠯ ᠤᠨ ᠤᠰᠤ | ᠬᠠᠩᠭᠠᠬᠤ ᠢᠨᠵᠧᠨᠧᠷᠢᠩ᠂ ᠲᠤᠭ ᠲᠥᠷᠥᠯ ᠵᠦᠢᠯ ᠤᠨ ᠲᠣᠭᠤᠷᠢᠭ ᠤᠨ ᠬᠦᠨᠳᠡᠯᠡᠨ ᠲᠤᠯᠤᠳᠤᠭᠠᠷ ᠵᠠᠮ ᠵᠡᠷᠭᠡ 12 ᠲᠥᠷᠥᠯ ᠵᠦᠢᠯ ᠢ ᠬᠡᠷᠡᠭᠵᠢᠬᠦᠯᠪᠡ᠃ | ᠣᠶᠤᠨᠲᠤ ᠬᠦᠷᠢᠶᠡᠯᠡᠩ ᠲᠣᠭᠤᠷᠢᠭ ᠤᠨ ᠨᠢᠭᠡ ᠴᠤᠭᠴᠠᠵᠢᠭᠰᠠᠨ ᠲᠠᠪᠴᠠᠩ ᠢ ᠪᠥᠬᠦ ᠲᠠᠯ᠎ᠠ ᠪᠠᠷ ᠠᠵᠢᠯᠯᠠᠭᠤᠯᠵᠤ ᠠᠮᠤᠷ ᠲᠦᠪᠰᠢᠨ ᠤ ᠲᠦᠭᠰᠢᠭᠦᠷᠢ ᠶᠢᠨ D | ᠳᠡᠰ ᠤᠨ ᠬᠦᠷᠢᠶᠡᠯᠡᠩ ᠲᠣᠭᠤᠷᠢᠭ ᠢ ᠨᠢᠭᠡ ᠵᠢᠯ ᠤᠷᠢᠳᠴᠢᠯᠠᠨ ᠠᠮᠵᠢᠯᠲᠠ ᠲᠠᠢ ᠪᠠᠶᠢᠭᠤᠯᠵᠤ ᠬᠦᠷᠢᠶᠡᠯᠡᠩ ᠲᠣᠭᠤᠷᠢᠭ ᠤᠨ ᠠᠴᠢᠶᠠᠯᠠᠪᠤᠷᠢ ᠶᠢᠨ ᠴᠢᠳᠠᠪᠤᠷᠢ ᠶᠢ | ᠳᠠᠰᠤᠷᠠᠯᠳᠠ ᠦᠭᠡᠢ ᠳᠡᠭᠡᠭᠰᠢᠯᠡᠭᠦᠯᠪᠡ᠃ ︽ᠳᠤᠯᠠᠭᠠᠨ ᠢᠨᠵᠧᠨᠧᠷᠢᠩ︾ ᠢ ᠶᠡᠬᠡᠪᠡᠷ ᠠᠬᠢᠭᠤᠯᠵᠤ ᠳᠠᠰᠤᠷᠠᠯᠳᠠ ᠦᠬᠡᠢ ᠴᠢᠷᠮᠠᠶᠢᠯᠭ᠎ᠠ ᠪᠠᠷ ᠳᠠᠮᠵᠢᠨ ᠭᠠᠯᠠᠭᠤᠲᠤ | ᠪᠠᠯᠭᠠᠰᠤᠨ ᠤ ᠰᠠᠭᠤᠭᠠᠯᠢ ᠠᠷᠠᠳ ᠤᠨ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ ᠶᠢ ᠪᠦᠷᠢᠮᠦᠰᠦᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠡᠵᠡᠩᠨᠡᠯᠲᠡ ᠳᠤ ᠣᠷᠣᠭᠤᠯᠪᠡ᠃ ᠬᠤᠲᠠ ᠪᠠᠯᠭᠠᠰᠤᠨ ᠤ ᠳᠤᠯᠠᠭᠠᠯᠠᠭ᠎ᠠ ᠬᠠᠩᠭᠠᠬᠤ ᠬᠤᠭᠤᠯᠠᠶ ᠲᠣᠤᠷ ᠢ 84.5 ᠺᠢᠯᠣᠮᠧᠲᠷ᠂ ᠢᠯᠴᠢ ᠰᠣᠯᠢᠯᠴᠠᠬᠤ | ᠥᠷᠲᠡᠭᠡ ᠶᠢ 22 ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ 15 ᠰᠠᠭᠤᠭᠠᠯᠢ ᠠᠷᠠᠳ ᠤᠨ ᠲᠣᠭᠤᠷᠢᠭ ᠤᠨ ᠳᠤᠯᠠᠭᠠᠯᠠᠭ᠎ᠠ ᠬᠠᠩᠭᠠᠬᠤ ᠲᠦᠬᠦᠭᠡᠷᠦᠮᠵᠢ ᠶᠢ | ᠪᠦᠬᠦᠨ ᠢ ᠰᠢᠨᠡᠳᠬᠡᠵᠤ 1561 ᠡᠷᠦᠬᠡ ᠳᠤ ᠨᠡᠭᠦᠷᠡᠰᠦ ᠰᠢᠲᠠᠭᠠᠬᠤ ᠵᠤᠤᠬ᠎ᠠ ᠶᠢ ᠴᠠᠬᠢᠯᠭᠠᠨ ᠳᠤᠯᠠᠭᠠᠯᠠᠭ᠎ᠠ ᠶᠢᠨ ᠲᠦᠬᠦᠭᠡᠷᠦᠮᠵᠢ ᠪᠠᠷ ᠤᠷᠤᠯᠠᠭᠤᠯᠬᠤ | ᠥᠭᠡᠷᠡᠴᠢᠯᠡᠯᠲᠡ ᠶᠢ ᠬᠡᠷᠡᠭᠵᠢᠭᠦᠯᠵᠦ᠂ 3 ᠲᠦᠮᠡᠨ ᠲᠣᠨ ︽ᠬᠠᠶᠢᠷ᠎ᠠ ᠬᠠᠯᠠᠮᠵᠢ ᠶᠢᠨ ᠨᠡᠭᠦᠷᠡᠰᠦ︾ ᠶᠢ ᠲᠠᠷᠬᠠᠭᠠᠪᠠ᠃ ᠬᠤᠲᠠ ᠬᠥᠳᠡᠭᠡ ᠶᠢᠨ ᠤᠰᠤ | ᠬᠠᠩᠭᠠᠬᠤ ᠬᠤᠭᠤᠯᠠᠶ ᠲᠣᠤᠷ ᠢ 538 ᠺᠢᠯᠣᠮᠧᠲᠷ ᠰᠢᠨ᠎ᠡ ᠪᠠᠷ ᠦᠭᠡᠷᠡᠴᠢᠯᠡᠨ ᠪᠠᠶᠢᠭᠤᠯᠵᠤ ᠤᠰᠤ ᠬᠠᠩᠭᠠᠬᠤ ᠪᠠᠲᠤᠯᠠᠭ᠎ᠠ ᠪᠠ ᠤᠰᠤᠨ ᠤ ᠴᠢᠨᠠᠷ ᠢ | ᠳᠡᠭᠡᠭᠰᠢᠯᠡᠭᠦᠯᠬᠦ ᠢᠨᠵᠧᠨᠧᠷᠢᠩ ᠢ 21 ᠭᠠᠵᠠᠷ ᠪᠡᠶᠡᠯᠡᠭᠦᠯᠪᠡ᠃ 3 ᠰᠠᠭᠤᠷᠢ ᠴᠠᠬᠢᠯᠭᠠᠨ ᠬᠤᠪᠢᠰᠬᠠᠬᠤ ᠥᠷᠲᠡᠭᠡ ᠳᠤ ᠪᠠᠭᠲᠠᠭᠠᠮᠵᠢ ᠶᠢ ᠨᠡᠮᠡᠭᠳᠡᠬᠦᠯᠬᠦ | ᠦᠬᠡᠷᠡᠴᠢᠯᠡᠯᠲᠡ ᠬᠢᠵᠤ ᠴᠠᠬᠢᠯᠭᠠᠨ ᠬᠦᠷᠭᠡᠬᠦ ᠤᠲᠠᠰᠤ ᠶᠢ 1254 ᠺᠢᠯᠣᠮᠧᠲᠷ ᠥᠭᠡᠷᠡᠴᠢᠯᠡᠨ ᠪᠠᠶᠢᠭᠤᠯᠪᠠ᠃ ᠮᠤᠵᠢ ᠶᠢᠨ ᠵᠠᠮ 215 ᠱᠤᠭᠤᠮ ᠢ ᠪᠥᠬᠦᠨ ᠢ | ᠨᠡᠪᠲᠡᠷᠡᠬᠦᠯᠵᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 16 ᠵᠤᠷᠪᠤᠰ 167 ᠺᠢᠯᠣᠮᠧᠲᠷ ᠰᠢᠨ᠎ᠡ ᠪᠠᠷ ᠦᠭᠡᠷᠡᠴᠢᠯᠡᠨ ᠪᠠᠶᠢᠭᠤᠯᠪᠠ᠃ ︽ᠪᠠᠶᠢᠭᠠᠯᠢ | ᠶᠢᠨ ᠰᠢᠲᠠᠮᠠᠬᠠᠢ ᠬᠡᠢ ᠶᠢ ᠦᠷᠭᠡᠨ ᠢᠶᠠᠷ ᠨᠡᠭᠡᠭᠡᠨ ᠠᠰᠢᠭᠯᠠᠬᠤ ᠦᠦᠰᠢᠨ︾ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠰᠢᠲᠠᠮᠠᠬᠠᠢ ᠬᠡᠢ ᠶᠢᠨ | ᠬᠤᠭᠤᠯᠠᠢ ᠲᠣᠣᠷ ᠢ 112.6 ᠺᠢᠯᠣᠮᠧᠲᠷ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠪᠠᠶᠢᠭᠠᠯᠢ ᠶᠢᠨ ᠰᠢᠲᠠᠮᠠᠬᠠᠶ ᠬᠡᠢ ᠬᠡᠷᠡᠭᠯᠡᠭᠰᠡᠨ ᠮᠠᠯᠴᠢᠨ ᠲᠠᠷᠢᠶᠠᠴᠢᠨ | ᠡᠷᠦᠬᠡ ᠶᠢ 889 ᠰᠢᠨ᠎ᠡ ᠪᠠᠷ ᠨᠡᠮᠡᠭᠳᠡᠬᠦᠯᠪᠡ᠃ ᠵᠠᠰᠠᠭ ᠤᠨ ᠣᠷᠳᠣᠨ ᠠᠴᠠ 2000 ᠲᠦᠮᠡᠨ ᠲᠥᠭᠦᠷᠢᠭ ᠤᠨ ᠪᠡᠯᠡ ᠤᠷᠤᠭᠤᠯᠵᠤ᠂ ᠡᠵᠡᠩᠨᠡᠯᠲᠡ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ 4000 ᠲᠦᠮᠡᠨ ᠲᠥᠭᠦᠷᠢᠭ ᠳᠠᠶᠢᠴᠢᠯᠠᠵᠤ᠂ ᠴᠢᠮᠡᠭᠡ ᠬᠤᠯᠪᠣᠭᠠᠨ ᠤ ᠰᠠᠭᠤᠷᠢ ᠥᠷᠲᠡᠭᠡ ᠶᠢ 115 | ᠰᠢᠨ᠎ᠡ ᠪᠠᠷ ᠪᠠᠶᠢᠭᠤᠯᠵᠤ ᠪᠥᠬᠦ ᠬᠤᠰᠢᠭᠤᠨ ᠳᠤ ᠴᠢᠮᠡᠭᠡ ᠬᠤᠯᠪᠣᠭᠠᠨ ᠤ ᠳᠤᠬᠢᠶ᠎ᠠ ᠶᠢ ᠦᠨᠳᠦᠰᠦᠨ ᠳᠤ ᠪᠠᠨ ᠨᠡᠶᠢᠲᠡᠮᠵᠢᠬᠦᠯᠪᠡ᠃ ᠰᠤᠮᠤ ᠪᠠᠯᠭᠠᠰᠤ ᠭᠠᠴᠠᠭ᠎ᠠ | ᠲᠣᠰᠬᠤᠨ ᠤ ᠶᠡᠷᠦᠩᠬᠡᠶᠢᠯᠡᠭᠰᠡᠨ ︽ᠠᠶᠠᠨᠴᠢᠨ ᠪᠠᠷᠠᠭ᠎ᠠ ᠰᠢᠤᠳᠠᠨ︾ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢ 56 ᠪᠠᠶᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠳᠤ ᠲᠦᠷᠭᠡᠨ ᠬᠦᠷᠭᠡᠯᠲᠡ ᠪᠠᠷᠠᠭᠠᠨ ᠬᠦᠢᠯᠭᠡᠭᠡᠨ ᠤ ᠦᠢᠯᠡᠴᠢᠯᠡᠭᠡ ᠶᠢ ᠨᠡᠶᠢᠲᠡᠮᠵᠢᠬᠦᠯᠪᠡ᠃ 5560 ᠲᠦᠮᠡᠨ ᠲᠥᠭᠦᠷᠢᠭ ᠤᠨ | ᠪᠡᠯᠡ ᠣᠷᠣᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠢ ᠲᠡᠳᠬᠦᠬᠦ 38 ᠲᠥᠷᠥᠯ ᠵᠦᠢᠯ ᠢ ᠬᠡᠷᠡᠭᠵᠢᠭᠦᠯᠵᠦ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠶ ᠣᠷᠣᠯᠭ᠎ᠠ 1.5 ᠳ᠋ᠦᠩᠰᠢᠭᠤᠷ ᠲᠥᠭᠦᠷᠢᠭ ᠢ ᠳᠠᠪᠠᠪᠡ᠃ ︽ᠲᠠᠷᠢᠶᠠᠯᠠᠩ ᠲᠠᠢ | ᠬᠤᠯᠪᠤᠭᠠᠯᠠᠨ ᠬᠠᠮᠲᠤ ᠪᠠᠷ ᠪᠠᠶᠠᠵᠢᠵᠤ᠂ ᠨᠠᠶᠢᠳᠠᠨ ᠬᠠᠮᠢᠶᠠᠷᠤᠭᠤᠯᠵᠤ ᠬᠠᠮᠲᠤ ᠪᠠᠷ ᠡᠳ᠋ᠯᠡᠬᠦ︾ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ | ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠬᠦᠯᠵᠤ ᠰᠢᠷᠬᠤᠰᠤᠨ ᠪᠠᠯᠭᠠᠰᠤ 10 ᠲᠦᠮᠡᠨ ᠮᠦ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠵᠤ ᠠᠰᠢᠭ | ᠬᠤᠪᠢᠶᠠᠷᠢᠯᠠᠯᠲᠠ 2 ᠳ᠋ᠦᠩᠰᠢᠭᠤᠷ ᠲᠥᠭᠦᠷᠢᠭ ᠢ ᠳᠠᠪᠠᠪᠠ᠃ ᠭᠠᠯᠠᠭᠤᠳᠤ ᠪᠠᠯᠭᠠᠰᠤ ︽ᠪᠥᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠱᠢᠶ᠎ᠡ ᠦᠵᠡᠭᠦᠯᠬᠦ ᠪᠠᠯᠭᠠᠰᠤ︾ ᠪᠠᠷ ᠦᠨᠡᠯᠡᠭᠳᠡᠵᠦ᠂ 8 ᠭᠠᠴᠠᠭ᠎ᠠ ᠲᠣᠰᠬᠤᠨ ᠨᠢ ᠥᠪᠡᠷᠲᠡᠭᠡᠨ ᠵᠠᠰᠠᠬᠤ ᠣᠷᠣᠨ ᠤ ᠠᠩᠬᠠᠨ ᠤ ᠪᠦᠯᠦᠭ ᠡᠶ᠎ᠡ | ᠨᠠᠶᠢᠷᠰᠠᠭ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠲᠤᠷᠰᠢᠯᠲᠠ ᠶᠢᠨ ᠴᠡᠭ ᠲᠤ ᠠᠮᠵᠢᠯᠲᠠ ᠲᠠᠢ ᠰᠣᠩᠭᠤᠭᠳᠠᠪᠠ᠃ | ︵ᠲᠠᠪᠤ︶ ᠤᠷᠳᠤ ᠬᠤᠭᠤᠴᠠᠭ᠎ᠠ ᠪᠠᠷ ᠴᠢᠩᠭ᠎ᠠ ᠵᠠᠰᠠᠵᠦ ᠠᠮᠢ ᠠᠬᠤᠢ ᠣᠷᠴᠢᠨ ᠲᠤᠭᠤᠷᠢᠨ ᠤ ᠶᠠᠰᠣ ᠴᠢᠨᠠᠷ ᠤᠨ ᠰᠢᠨ᠎ᠡ ᠳᠡᠭᠡᠭᠰᠢᠯᠡᠯᠲᠡ ᠶᠢ | ᠪᠡᠶᠡᠯᠡᠬᠦᠯᠪᠡ᠃ ᠬᠠᠲᠤᠨ ᠭᠤᠤᠯ ᠤᠨ ︽ᠶᠡᠭᠡ ᠲᠤᠬᠤᠢ︾ ᠶᠢᠨ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠢ ᠪᠥᠬᠦ ᠬᠦᠴᠦᠨ ᠢᠶᠠᠷ | ᠠᠬᠢᠭᠤᠯᠣᠨ ︽ᠭᠤᠷᠪᠠᠨ ᠡᠰᠢᠲᠦ ᠡᠯᠡᠰᠦ ᠵᠠᠰᠠᠬᠤ︾ ᠵᠠᠰᠠᠯᠲᠠ ᠶᠢᠨ ᠵᠠᠭᠪᠤᠷ ᠢ ᠰᠢᠨ᠎ᠡ ᠶᠢ ᠡᠭᠦᠳᠦᠨ ᠬᠡᠷᠡᠭᠵᠢᠭᠦᠯᠵᠦ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢᠨ ᠡᠭᠦᠷᠭᠡ ᠶᠢ 503 ᠲᠦᠮᠡᠨ ᠮᠥ ᠪᠡᠶᠡᠯᠡᠭᠦᠯᠤᠨ ᠬᠠᠲᠤᠨ ᠭᠤᠤᠯ ᠤᠨ ᠰᠠᠪᠠ ᠭᠠᠵᠠᠷ ᠤᠨ ᠭᠤᠤᠯᠳᠠᠯᠭ᠎ᠠ ᠲᠠᠢ ᠠᠮᠢ ᠠᠬᠤᠶ ᠶᠢᠨ ᠣᠷᠣᠨ ᠤ | ᠲᠡᠤᠬᠡᠨ ᠠᠴᠠ ᠦᠯᠡᠳᠡᠭᠳᠡᠵᠦ ᠢᠷᠡᠭᠰᠡᠨ 33 ᠬᠠᠶᠠᠭᠳᠠᠮᠠᠯ ᠠᠭᠤᠷᠬᠠᠶ 3600 ᠮᠤ᠋ ᠶᠢ ᠪᠥᠬᠦ ᠲᠠᠯ᠎ᠠ ᠪᠠᠷ ᠰᠡᠷᠭᠦᠭᠡᠨ ᠵᠠᠰᠠᠪᠠ᠃ ᠲᠤᠭ ᠠᠵᠤ | ᠦᠢᠯᠡᠳᠪᠦᠷᠢ ᠶᠢᠨ ᠲᠥᠷᠥᠯ ᠵᠦᠢᠯ ᠤᠨ ᠲᠣᠭᠤᠷᠢᠭ ᠤᠨ ᠰᠢᠭᠠᠷᠤ ᠶᠢᠨ ᠲᠠᠯᠠᠪᠠᠢ ᠶᠢᠨ ᠳᠤᠮᠳᠠ ᠲᠣᠭᠤᠷᠢᠭ ᠢ ᠦᠷᠭᠡᠳᠬᠡᠨ ᠪᠠᠶᠢᠭᠤᠯᠬᠤ᠂ ᠪᠤᠤ ᠹᠧᠩ | ᠪᠦᠯᠦᠭᠯᠡᠯ ᠤᠨ ᠲᠦᠷᠦᠯ ᠵᠦᠢᠯ ᠤᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠵᠡᠷᠭᠡ ᠲᠥᠷᠥᠯ ᠵᠦᠢᠯ ᠢ ᠪᠠᠶᠢᠭᠤᠯᠵᠦ ᠳᠠᠭᠤᠰᠬᠠᠨ ᠠᠰᠢᠭᠯᠠᠯᠲᠠ ᠳᠤ | ᠣᠷᠣᠭᠤᠯᠵᠤ ᠨᠢᠭᠡ ᠪᠦᠯᠦᠭ ᠥᠩᠭᠡᠷᠡᠭᠰᠡᠨ ᠵᠢᠯ ᠤᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠥᠷᠢ ᠰᠢᠷᠢ ᠶᠢᠨ ᠠᠰᠠᠭᠤᠳᠠᠯ ᠢ ᠲᠣᠬᠢᠲᠠᠢ ᠴᠡᠭᠴᠡᠯᠡᠨ | ᠰᠠᠶᠢᠵᠢᠷᠠᠭᠤᠯᠪᠠ᠃ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠨᠢ ᠤᠯᠤᠰ ᠤᠨ ᠪᠣᠬᠢᠷᠲᠤᠯ ᠦᠭᠡᠢ ᠬᠢᠮᠢ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠨᠡᠷᠡᠰ ᠲᠤ ᠠᠮᠵᠢᠯᠲᠠᠲᠠᠢ ᠵᠢᠭᠰᠠᠭᠠᠭᠳᠠᠪᠠ᠃ ᠭᠠᠯᠠᠭᠤᠳᠤ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠰᠢᠳᠠᠭᠠᠵᠤ | ᠴᠠᠬᠢᠯᠭᠠᠨ ᠭᠠᠷᠭᠠᠬᠤ ᠲᠥᠷᠥᠯ ᠵᠦᠢᠯ ᠪᠠ ᠰᠢᠷᠬᠤᠰᠤᠨ ᠭᠤᠤᠯ ᠤᠨ ᠰᠠᠪᠠ ᠭᠠᠵᠠᠷ ᠤᠨ ᠠᠭᠤᠷᠬᠠᠶ ᠶᠢᠨ ᠬᠤᠳᠳᠤᠭ ᠤᠨ ᠤᠰᠤ ᠶᠢ ᠠᠷᠪᠢᠯᠠᠨ ᠠᠰᠢᠭᠯᠠᠬᠤ | ᠢᠨᠵᠧᠨᠧᠷᠢᠩ ᠤᠨ ᠭᠤᠤᠯ ᠴᠣᠭᠴᠠ ᠶᠢᠨ ᠠᠵᠢᠯ ᠢ ᠳᠠᠭᠤᠰᠬᠠᠪᠠ᠃ ᠪᠠᠲᠤ ᠶᠢᠨ ᠲᠣᠬᠤᠢ᠂ ᠳ᠋ᠠ ᠼᠤᠤ ᠸᠠᠨ᠂ ᠪᠠᠶᠠᠨᠭᠤᠣᠯ ᠨᠢ ᠤᠯᠤᠰ ᠤᠨ ᠱᠠᠲᠤᠨ ᠤ | ᠬᠢᠨᠠᠯᠳᠠ ᠦᠨᠡᠯᠡᠯᠳᠡ ᠳᠠᠬᠢ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠪᠡ᠃ ᠪᠥᠬᠦ ᠬᠤᠰᠢᠭᠤᠨ ᠤ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠨᠣᠷᠮ᠎ᠠ | 90% ᠠᠴᠠ ᠳᠡᠭᠡᠭᠰᠢ ᠪᠠᠶᠢᠵᠦ᠂ ᠤᠰᠤᠨ ᠰᠤᠷᠪᠤᠯᠵᠢ ᠶᠢᠨ ᠤᠷᠤᠨ ᠤ ᠤᠰᠤᠨ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ 100% ᠳᠤ ᠬᠦᠷᠴᠤ᠂ | ᠬᠥᠷᠥᠰᠥ ᠰᠢᠷᠣᠶ ᠶᠢᠨ ᠣᠷᠴᠢᠨ ᠲᠣᠭᠤᠷᠢᠨ ᠲᠣᠭᠲᠠᠭᠤᠨ ᠪᠠᠶᠢᠳᠠᠯ ᠢᠶᠠᠨ ᠪᠠᠲᠤᠯᠠᠪᠠ᠃ ᠲᠣᠭᠲᠠᠭᠠᠯ ᠠᠴᠠ ᠵᠥᠷᠢᠴᠡᠨ ᠭᠠᠵᠠᠷ ᠡᠵᠡᠯᠡᠬᠦ ᠭᠠᠵᠠᠷ | ᠬᠠᠭᠠᠯᠪᠤᠷᠢᠯᠠᠬᠤ᠂ ᠣᠶ ᠰᠢᠭᠤᠶ ᠨᠤᠲᠤᠭ ᠪᠡᠯᠴᠢᠭᠡᠷ ᠢ ᠰᠦᠢᠳᠬᠡᠬᠦ ᠵᠡᠷᠭᠡ ᠳᠠᠬᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ ᠬᠠᠤᠯᠢ | ᠲᠣᠭᠲᠠᠭᠠᠯ ᠠᠴᠠ ᠵᠥᠷᠢᠴᠡᠨ ᠣᠶ ᠰᠢᠭᠤᠶ ᠨᠤᠲᠤᠭ ᠪᠡᠯᠴᠢᠭᠡᠷ ᠢ ᠬᠠᠭᠠᠯᠪᠤᠷᠢᠯᠠᠬᠰᠠᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠰᠠᠬᠢᠨ ᠬᠠᠮᠠᠭᠠᠯᠠᠪᠠ᠃ | ︵ᠵᠢᠷᠭᠤᠭ᠎ᠠ︶ ᠦᠨᠡᠨᠴᠢ ᠰᠡᠳᠬᠢᠯ ᠢᠶᠠᠷ ᠢᠶᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠰᠢᠨ᠎ᠡ | ᠳᠡᠭᠡᠭᠰᠢᠯᠡᠯᠲᠡ ᠶᠢ ᠪᠡᠶᠡᠯᠡᠭᠦᠯᠪᠡ᠃ ᠪᠦᠬᠦ ᠵᠢᠯ ᠳᠤ ᠠᠷᠠᠳ ᠤᠨ ᠠᠮᠢᠳᠤᠷᠠᠯ ᠳᠤ 69.4 ᠳ᠋ᠦᠩᠰᠢᠭᠤᠷ ᠲᠦᠬᠦᠷᠢᠭ ᠵᠠᠷᠤᠴᠠᠭᠤᠯᠪᠠ᠃ ᠢᠳᠡᠭᠡᠨ ᠤᠮᠳᠠᠭᠠᠨ ᠤ | ᠠᠮᠤᠷ ᠲᠦᠪᠰᠢᠨ ᠢ ᠰᠢᠯᠭᠠᠨ ᠪᠠᠶᠢᠴᠠᠭᠠᠬᠤ᠂ ᠲᠠᠷᠢᠬᠢᠨ ᠤ ᠰᠠ ᠡᠪᠡᠳᠴᠢᠨ ᠢ ᠰᠢᠭᠰᠢᠨ ᠪᠠᠶᠢᠴᠠᠭᠠᠬᠤ ᠤᠷᠢᠳᠴᠢᠯᠠᠨ ᠰᠡᠷᠭᠡᠶᠢᠯᠡᠬᠦ ᠵᠡᠷᠭᠡ ᠨᠢᠭᠡ ᠪᠦᠯᠦᠭ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠦᠬᠦ ᠲᠠᠯ᠎ᠠ ᠪᠠᠷ ᠪᠡᠶᠡᠯᠡᠭᠦᠯᠵᠦ 27 ᠰᠠᠭᠤᠭᠠᠯᠢ ᠠᠷᠠᠳ ᠤᠨ ᠲᠤᠭᠤᠷᠢᠭ ᠤᠨ ︽ | ᠦᠨᠡᠮᠯᠡᠯ ᠠᠪᠬᠤ ᠳᠤ ᠬᠦᠴᠢᠷᠲᠡᠢ︾ ᠠᠰᠠᠭᠤᠳᠠᠯ ᠤᠨ ᠲᠦᠭᠵᠢᠷᠡᠯ ᠢ ᠪᠦᠬᠦᠨ ᠢ ᠨᠡᠪᠲᠡᠷᠡᠭᠦᠯᠪᠡ᠃ ᠬᠤᠲᠠ ᠪᠠᠯᠭᠠᠰᠤᠨ ᠳᠤ ᠰᠢᠨ᠎ᠡ ᠪᠠᠷ ᠠᠵᠢᠯ ᠣᠯᠣᠭᠰᠠᠨ | ᠬᠥᠮᠥᠨ ᠠᠮᠠ 1178 ᠬᠦᠷᠴᠤ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ 3600 ᠰᠢᠯᠵᠢᠭᠦᠯᠪᠡ᠃ ᠠᠵᠢᠯᠲᠠᠨ ᠠᠵᠢᠯᠴᠢᠨ ᠤ ᠠᠵᠢᠯ | ᠮᠡᠷᠭᠡᠵᠢᠯ ᠤᠨ ᠬᠥᠮᠦᠵᠢᠯ ᠪᠣᠯᠪᠠᠰᠤᠷᠠᠯ ᠤᠨ ᠲᠥᠪ᠂ ᠮᠦᠽᠧᠶ᠂ ᠨᠣᠮ ᠤᠨ ᠰᠠᠩ᠂ ᠳᠣᠯᠣᠳᠤᠭᠠᠷ ᠬᠡᠦᠬᠡᠳ ᠤᠨ ᠴᠡᠴᠡᠷᠯᠢᠭ ᠵᠡᠷᠭᠡ ᠲᠥᠷᠥᠯ ᠵᠦᠢᠯ ᠤᠨ | ᠪᠠᠷᠢᠯᠭ᠎ᠠ ᠶᠢ ᠳᠠᠭᠤᠰᠬᠠᠵᠦ ᠠᠰᠢᠭᠯᠠᠯᠲᠠ ᠳᠤ ᠣᠷᠣᠭᠤᠯᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢ ᠨᠡᠭᠦᠯᠭᠡᠨ ᠪᠠᠶᠢᠭᠤᠯᠬᠤ ᠲᠥᠷᠥᠯ ᠵᠦᠢᠯ ᠤᠨ | ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ᠬᠢᠶ᠎ᠠ ᠪᠠᠭᠰᠢ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠲᠤᠭ ᠰᠤᠷᠭᠠᠭᠤᠯᠢ ᠶᠢᠨ | ᠲᠤᠭᠤᠷᠢᠭ ᠫᠠᠶᠢᠰᠠ ᠡᠯᠭᠦᠨ ᠪᠠᠶᠢᠭᠤᠯᠤᠭᠳᠠᠪᠠ᠃ ᠳᠡᠭᠡᠲᠤ ᠳᠤᠮᠳᠠᠳᠤ ᠳᠤ ᠡᠯᠰᠡᠬᠦ ᠪᠠ ᠣᠯᠣᠰ ᠤᠨ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠰᠢᠨ᠎ᠡ | ᠰᠢᠪᠲᠤᠯᠤᠯᠲᠠ ᠲᠠᠢ ᠪᠣᠯᠵᠣ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠢᠭᠡᠳᠦᠯᠲᠡᠶ ᠡᠯᠰᠡᠯᠳᠡ ᠳᠤ ᠣᠷᠣᠭᠰᠠᠨ ᠨᠣᠷᠮ᠎ᠠ ᠪᠥᠬᠦ ᠬᠤᠲᠠ ᠶᠢᠨ | ᠡᠮᠦᠨ᠎ᠡ ᠡᠩᠨᠡᠭᠡᠨ ᠳᠤ ᠣᠷᠣᠪᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠣᠷᠣᠨ ᠪᠦᠰᠡ ᠶᠢᠨ ᠰᠢᠯᠭᠠᠨ ᠪᠠᠶᠢᠴᠠᠭᠠᠬᠤ ᠲᠥᠪ ᠪᠠ ᠬᠠᠮᠵᠢᠯᠴᠠᠬᠤ ᠡᠭᠦᠳᠡᠨ | ᠡᠮᠨᠡᠯᠭᠡ ᠶᠢ ᠪᠠᠶᠢᠭᠤᠯᠵᠤ ᠬᠤᠰᠢᠭᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠤᠶᠢᠲᠤ ᠡᠮᠨᠡᠯᠭᠡ ᠶᠢᠨ ᠬᠤᠷᠢᠶ᠎ᠠ ᠶᠢ | ᠥᠭᠡᠷᠡᠴᠢᠯᠡᠵᠦ ᠥᠷᠭᠡᠳᠬᠡᠨ ᠪᠠᠶᠢᠭᠤᠯᠵᠤ ᠬᠤᠶᠠᠳᠤᠭᠠᠷ᠂ ᠭᠤᠷᠪᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠨᠢ ᠲᠡᠮᠡᠭᠡᠲᠦ ᠬᠤᠲᠠ ᠶᠢᠨ ᠨᠢᠭᠡᠳᠦᠭᠡᠷ | ᠡᠮᠨᠡᠯᠭᠡ ᠶᠢᠨ ᠬᠤᠷᠢᠶ᠎ᠠ ᠲᠠᠢ ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠠᠮᠲᠤᠷᠠᠯᠴᠠᠭᠠᠨ ᠤ ᠭᠡᠷ᠎ᠡ ᠲᠤᠭᠲᠠᠵᠤ ︽ᠳᠤᠯᠠᠭᠠᠨ ᠬᠤᠲᠠ ᠶᠢᠨ ᠡᠮᠴᠢᠯᠡᠭᠡ︾ ᠶᠢᠨ | ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵ᠥᠷᠲᠡᠭᠡ︶ ᠢ | 10 ᠰᠢᠨ᠎ᠡ ᠪᠠᠷ ᠪᠠᠶᠢᠭᠤᠯᠵᠦ᠂ ᠣᠨᠴᠠ ᠬᠦᠴᠢᠷᠳᠡᠯᠲᠡᠶ ᠨᠠᠰᠤᠲᠠᠶᠢᠴᠤᠳ ᠤᠨ ᠬᠡᠷ ᠪᠦᠯᠢ ᠳᠤ ᠨᠠᠰᠤᠲᠠᠶᠢᠴᠤᠳ ᠲᠤ ᠳᠣᠭᠢᠷᠠᠬᠤ ᠥᠭᠡᠷᠡᠴᠢᠯᠡᠯᠲᠡ ᠶᠢ 110 | ᠡᠷᠤᠭᠡ ᠪᠡᠶᠡᠯᠡᠭᠦᠯᠪᠡ᠃ ᠬᠤᠲᠠ ᠬᠥᠳᠡᠭᠡ ᠶᠢᠨ ᠠᠮᠢᠳᠤᠷᠠᠯ ᠤᠨ ᠬᠠᠮᠤᠭ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ | ᠲᠡᠵᠢᠭᠡᠬᠦ ᠵᠡᠷᠭᠡ ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ 8000 ᠲᠦᠮᠡᠨ ᠲᠥᠭᠦᠷᠢᠭ ᠲᠠᠷᠬᠠᠭᠠᠪᠠ᠃ ᠠᠷᠠᠳ ᠤᠯᠠᠨ ᠤ ᠠᠰᠢᠭ | ᠬᠦᠷᠳᠡᠭᠰᠡᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠨᠡᠩ ᠲᠡᠭᠦᠯᠳᠡᠷᠵᠢᠬᠦᠯᠦᠨ ᠨᠡᠩ ᠪᠠᠲᠤᠯᠠᠭ᠎ᠠ ᠲᠠᠢ ᠪᠣᠯᠭᠠᠪᠡ᠃ | ︵ᠳᠤᠯᠤᠭ᠎ᠠ︶ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠭᠤᠶᠢᠪᠢᠰᠢ ᠦᠬᠡᠢ ᠪᠠᠷᠢᠮᠳᠠᠯᠠᠵᠦ ᠠᠮᠤᠷ ᠲᠦᠪᠰᠢᠨ ᠢᠶᠠᠷ ᠬᠥᠭᠵᠢᠭᠦᠯᠬᠦ ᠪᠠᠲᠤᠯᠠᠭ᠎ᠠ ᠶᠢᠨ | ᠰᠢᠨ᠎ᠡ ᠳᠡᠭᠡᠭᠰᠢᠯᠡᠯᠲᠡ ᠶᠢ ᠪᠡᠶᠡᠯᠡᠬᠦᠯᠪᠡ᠃ᠦᠨᠳᠦᠰᠦᠲᠡᠨ ᠤ ᠪᠦᠯᠬᠦᠮᠳᠡᠯ ᠤᠨ ᠠᠮᠢᠨ ᠰᠤᠳᠠᠰᠤ ᠶᠢ ᠰᠠᠶᠢᠲᠤᠷ ᠰᠠᠬᠢᠨ ︽ᠨᠠᠮ ᠳᠠᠭᠠᠨ ᠲᠠᠯᠠᠷᠬᠠᠵᠦ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠰᠢᠷᠢᠰ ᠠᠵᠢᠯᠯᠠᠭ᠎ᠠ ᠶᠢ ᠪᠠᠶᠢᠩᠭᠤ ᠥᠷᠨᠢᠭᠦᠯᠵᠦ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠠᠵᠢᠯ ᠤᠨ ᠦᠷ᠎ᠡ ᠪᠦᠲᠦᠮᠵᠢ ᠶᠢ ᠨᠠᠶᠢᠳᠠᠪᠤᠷᠢᠵᠢᠭᠤᠯᠤᠨ ᠬᠤᠰᠢᠭᠤ ᠨᠣᠭᠤᠭᠠᠷᠠᠭᠤᠯᠤᠯᠲᠠ ᠶᠢᠨ ᠵᠥᠪᠯᠡᠯ ᠨᠢ ᠨᠠᠮ ᠤᠨ ᠲᠥᠪ ᠬᠤᠷᠢᠶ᠎ᠠ | ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ︾ ᠶᠢᠨ | ᠢᠷᠠᠭᠤ ᠠᠯᠳᠠᠷ ᠢ ᠬᠦᠷᠳᠡᠪᠡ᠃ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠵᠠᠰᠠᠬᠤ ᠶᠢ ᠬᠦᠴᠦᠯᠡᠨ ᠠᠬᠢᠭᠤᠯᠵᠤ ︽ᠵᠦᠷᠢᠴᠡᠯ ᠵᠢᠭᠤᠷᠠᠯᠳᠤᠭᠠᠨ ᠢ | ᠮᠡᠳᠡᠭᠰᠡᠨ ᠳᠠᠷᠤᠢ ᠳᠤᠨᠢ ᠡᠶᠡᠳᠡᠬᠦᠯᠬᠦ᠂ ᠲᠦᠷᠦᠯ ᠬᠤᠪᠢᠶᠠᠨ ᠡᠶᠡᠳᠡᠬᠦᠯᠬᠦ᠂ ᠬᠠᠮᠳᠤᠷᠠᠨ ᠬᠠᠮᠢᠶᠠᠷᠴᠤ ᠡᠶᠡᠳᠡᠭᠦᠯᠬᠦ ᠠᠷᠭ᠎ᠠ︾ ᠶᠢ ᠬᠤᠷᠢᠶᠠᠩᠭᠤᠶᠢᠯᠠᠨ | ᠳᠡᠯᠭᠡᠷᠡᠭᠦᠯᠦᠭᠰᠡᠨ ᠨᠢ 2024 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠢᠴᠢᠭᠳᠡᠪᠡ᠃ ᠵᠠᠬᠢᠳᠠᠯ | ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠤᠨ ᠲᠣᠭᠲᠠᠴᠠ ᠶᠢ ᠪᠠᠷᠢᠮᠲᠠᠯᠠᠵᠤ 28 ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠪᠦᠬᠦ | ᠲᠠᠯ᠎ᠠ ᠪᠠᠷ ᠰᠢᠢᠳᠪᠦᠷᠢᠯᠡᠵᠦ ᠠᠩᠬ᠎ᠠ ᠤᠳᠠᠭᠠᠨ ᠤ ᠵᠠᠬᠢᠳᠠᠯ ᠰᠤᠷᠪᠤᠯᠵᠢᠯᠠᠯ ᠤᠨ ᠵᠦᠢᠯᠡᠰ ᠢ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠰᠢᠢᠳᠪᠦᠷᠢᠯᠡᠭᠰᠡᠨ ᠨᠤᠷᠮ᠎ᠠ | 97.3% ᠳᠤ ᠬᠦᠷᠪᠡ᠃ ᠠᠮᠤᠭᠤᠯᠠᠩᠲᠤ ᠦᠤᠰᠢᠨ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠡᠮᠡᠴᠡᠯ ᠢ ᠰᠠᠶᠢᠲᠤᠷ ᠠᠬᠢᠭᠤᠯᠵᠤ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠨ ᠶᠠᠯᠠᠲᠤ ᠬᠡᠷᠡᠭ ᠤᠨ ᠣᠯᠠᠨᠲᠠ ᠡᠭᠦᠰᠬᠦ ᠨᠤᠷᠮ᠎ᠠ ᠶᠢ ᠶᠡᠭᠡ ᠬᠡᠮᠵᠢᠶ᠎ᠡ ᠪᠠᠷ ᠪᠠᠭᠤᠷᠠᠭᠤᠯᠪᠠ᠃ ᠠᠶᠤᠯᠭᠦᠢ ᠦᠢᠯᠡᠳᠪᠦᠷᠢᠯᠡᠯ ᠤᠨ | ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ ᠠᠶᠤᠯᠲᠠᠢ ᠬᠢᠮᠢ ᠶᠢᠨ ᠪᠣᠳᠠᠰ᠂ | ᠠᠭᠤᠷᠬᠠᠢ᠂ ᠰᠢᠲᠠᠮᠠᠬᠠᠢ ᠬᠡᠢ ᠶᠢᠨ ᠬᠤᠭᠤᠯᠠᠢ ᠵᠡᠷᠭᠡ ᠭᠤᠣᠯᠳᠠᠯᠭ᠎ᠠ ᠲᠠᠢ ᠬᠦᠷᠢᠶᠡᠨ ᠴᠠᠷᠠᠭᠠᠨ ᠤ ᠲᠤᠰᠬᠠᠢ ᠴᠡᠭᠴᠡᠯᠡᠨ ᠵᠠᠰᠠᠯᠲᠠ ᠶᠢ ᠪᠠᠶᠢᠩᠭᠤᠵᠢᠭᠤᠯᠤᠨ | ᠥᠷᠨᠢᠭᠦᠯᠵᠦ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ | ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠢᠮᠠᠭᠲᠠ ᠲᠣᠪᠤᠶᠢᠮ᠎ᠠ ᠪᠠᠶᠢᠷᠢᠨ ᠳᠤ ᠲᠠᠯᠪᠢᠵᠤ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠴᠢᠬᠤᠯᠠ ᠠᠵᠢᠯ ᠴᠢᠬᠤᠯᠠ ᠶᠡᠭᠡ ᠤᠴᠢᠷ ᠶᠠᠪᠤᠳᠠᠯ ᠢ | ᠴᠠᠭ ᠲᠤᠬᠠᠶ ᠳᠤᠨᠢ ᠬᠤᠰᠢᠭᠤ ᠨᠠᠮ ᠤᠨ ᠬᠤᠷᠢᠶ᠎ᠠ ᠳᠤ ᠮᠡᠳᠡᠭᠦᠯᠦᠨ ᠵᠢᠭᠠᠪᠤᠷᠢ ᠠᠪᠬᠤ ᠶᠢ ᠪᠠᠷᠢᠮᠲᠠᠯᠠᠨ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ | ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠴᠠᠷᠠᠭ᠎ᠠ᠂ ᠪᠥᠬᠦ ᠶᠠᠪᠤᠴᠠ ᠳᠤ ᠲᠤᠭᠤᠰᠢᠯᠠᠭᠤᠯᠵᠤ ᠡᠯ᠎ᠡ ᠲᠠᠯ᠎ᠠ ᠶᠢᠨ ᠢᠳᠡᠪᠬᠢᠵᠢᠯ᠂ ᠰᠠᠨᠠᠭᠠᠴᠢᠯᠠᠭᠠᠲᠤ | ᠴᠢᠨᠠᠷ ᠢ ᠭᠦᠢᠴᠡᠳ ᠳᠠᠶᠢᠴᠢᠯᠠᠨ ᠠᠵᠢᠯ ᠬᠢᠵᠦ ᠤᠶᠢᠯᠡᠰ ᠴᠣᠭᠴᠠᠯᠠᠬᠤ ᠴᠤᠭ ᠰᠦᠯᠳᠡ ᠶᠢ ᠤᠯᠠᠮ ᠢᠶᠠᠷ ᠬᠥᠭᠵᠢᠭᠡᠪᠡ᠃ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ | ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ 59 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 79 ᠬᠤᠪᠢ | ᠭᠦᠢᠴᠡᠳᠬᠡᠪᠡ᠃ ᠠᠷᠪᠢᠯᠠᠨ ᠭᠠᠮᠨᠠᠬᠤ ᠶᠢ ᠪᠠᠷᠢᠮᠲᠠᠯᠠᠵᠤ ︽ᠭᠤᠷᠪᠠᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠨ ᠡᠩ ᠤᠨ ᠴᠢᠨᠠᠷᠲᠠᠶ ᠵᠠᠷᠤᠯᠭ᠎ᠠ ᠶᠢ ᠤᠯᠠᠮ | ᠪᠠᠭᠠᠰᠬᠠᠪᠠ᠃ ᠡᠯ᠎ᠡ ᠱᠠᠲᠤᠨ ᠤ ᠲᠣᠭᠤᠷᠢᠨ ᠪᠠᠶᠢᠴᠠᠭᠠᠯᠳᠠ᠂ ᠬᠢᠨᠠᠨ ᠪᠤᠳᠤᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠳᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠵᠦ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ᠂ ᠣᠷᠣᠰᠢᠭᠤᠯᠭ᠎ᠠ ᠶᠢᠨ | ᠭᠦᠷᠢᠶ᠎ᠠ ᠴᠠᠷᠠᠭᠠᠨ ᠳᠠᠬᠢ ᠡᠮᠬᠢ ᠲᠢᠭᠯᠢᠮ ᠥᠬᠡᠶ ᠦᠵᠡᠭᠳᠡᠯ ᠢ ᠴᠢᠩᠭ᠎ᠠ ᠴᠡᠭᠴᠡᠯᠡᠨ ᠵᠠᠰᠠᠵᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠦᠷᠢᠶ᠎ᠠ | ᠴᠠᠷᠠᠭᠠᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠤᠨ ᠤᠯᠤᠰ ᠲᠥᠷᠥ ᠶᠢᠨ ᠠᠮᠢ ᠠᠬᠤᠶ ᠶᠢ ᠦᠷᠭᠦᠯᠵᠢᠯᠡᠨ | ᠴᠡᠪᠡᠷᠰᠢᠭᠦᠯᠪᠠ᠃ | ᠡᠭᠦᠨ ᠤ ᠬᠠᠮᠲᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠡᠷᠢᠭ ᠠᠴᠠ | ᠬᠠᠯᠠᠬᠳᠠᠬᠰᠠᠳ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠭᠠᠵᠠᠷ ᠬᠦᠳᠡᠯᠦᠯᠲᠡ ᠴᠠᠭ ᠠᠭᠤᠷ᠂ ᠨᠡᠶᠢᠭᠡᠮ ᠤᠨ ᠰᠢᠨᠵᠢᠯᠡᠬᠦ ᠤᠬᠠᠭᠠᠨ᠂ ᠳᠠᠩᠰᠠ ᠡᠪᠬᠡᠮᠡᠯ | ᠲᠡᠦᠬᠡ ᠣᠶᠢᠯᠠᠯᠭ᠎ᠠ ᠵᠡᠷᠭᠡ ᠠᠵᠢᠯ ᠰᠢᠨ᠎ᠡ ᠠᠮᠵᠢᠯᠲᠠ ᠣᠯᠵᠤ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠤᠭᠠᠳᠤ ᠬᠤᠷᠠᠯ ᠪᠠ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ | ᠵᠡᠷᠭᠡ ᠠᠵᠢᠯ ᠰᠢᠨ᠎ᠡ ᠳᠠᠪᠰᠢᠯᠲᠠ ᠲᠠᠢ ᠪᠣᠯᠪᠠ᠃ | ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠳᠤ᠂ ᠪᠢᠳᠡ ᠲᠥᠪᠯᠡᠷᠡᠭᠦᠯᠦᠨ ᠪᠣᠭᠤᠮᠲᠠ ᠰᠢᠪᠲᠤᠯᠵᠤ ᠬᠦᠴᠢᠷ ᠪᠡᠷᠬᠡᠰᠢᠶᠡᠯ ᠤᠨ ᠳᠤᠮᠳᠠ | ᠠᠮᠵᠢᠯᠲᠠ ᠣᠯᠵᠤ ᠨᠤᠮᠢᠨ ᠲᠠᠩᠰᠤᠭ ᠦᠦᠰᠢᠨ ᠤ ᠴᠢᠨᠠᠷ ᠰᠠᠶᠢᠲᠠᠶ ᠬᠥᠭᠵᠢᠯᠲᠡ ᠰᠢᠨ᠎ᠡ ᠳᠡᠭᠲᠡᠷ ᠲᠤ ᠭᠠᠷᠴᠤ ᠰᠢᠨ᠎ᠡ ᠭᠠᠷᠤᠭ᠎ᠠ ᠳᠡᠭᠡᠷ᠎ᠡ ᠵᠣᠭᠰᠣᠪᠠ︕ | ᠡᠲᠡᠭᠡᠷ ᠠᠮᠵᠢᠯᠲᠠ ᠶᠢ ᠣᠯᠤᠭᠰᠠᠨ ᠨᠢ᠂ ᠬᠤᠰᠢᠭᠤ ᠨᠠᠮ ᠤᠨ ᠬᠤᠷᠢᠶ᠎ᠠ ᠶᠢᠨ ᠪᠥᠬᠦ ᠲᠠᠯ᠎ᠠ ᠶᠢ ᠶᠡᠷᠦᠩᠬᠡᠶᠢᠯᠡᠨ ᠵᠢᠯᠤᠭᠤᠳᠴᠦ ᠡᠯ᠎ᠡ ᠲᠠᠯ᠎ᠠ ᠶᠢ | ᠵᠣᠬᠢᠴᠠᠭᠤᠯᠤᠭᠰᠠᠨ ᠠᠴᠠ ᠪᠣᠯᠵᠣ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠪᠠ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠳᠤ ᠪᠠᠶᠢᠵᠤ᠂ ᠪᠢᠳᠡ ᠬᠥᠭᠵᠢᠯᠲᠡ ᠪᠠᠷ ᠢᠲᠡᠭᠡᠯ ᠵᠣᠷᠢᠭ ᠢᠶᠠᠨ ᠬᠥᠪᠴᠢᠯᠡᠵᠦ ᠰᠢᠨ᠎ᠡ | ᠠᠮᠢᠵᠢᠷᠠᠯ ᠤᠨ ᠬᠦᠴᠦᠨ ᠳᠡᠭᠡᠨ ᠲᠦᠰᠢᠭᠯᠡᠨ ᠪᠠᠶᠢᠳᠠᠯ ᠢ ᠲᠠᠭᠠᠨ ᠠᠵᠢᠯᠯᠠᠵᠤ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ ᠨᠢᠭᠡ ᠬᠤᠪᠢ ᠤᠷᠮ᠎ᠠ | ᠵᠤᠷᠢᠭ ᠢ ᠬᠦᠭᠵᠢᠭᠡᠭᠰᠡᠨ ᠰᠡᠳᠬᠢᠯ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠵᠠᠢ︕ | ᠡᠲᠡᠭᠡᠷ ᠠᠮᠵᠢᠯᠲᠠ ᠪᠦᠲᠦᠮᠵᠢ ᠶᠢ ᠤᠯᠤᠬᠰᠠᠨ ᠨᠢ ᠪᠥᠬᠦ ᠬᠤᠰᠢᠭᠤᠨ ᠤ ᠠᠷᠠᠳ ᠲᠦᠮᠡᠨ ᠤ ᠪᠦᠯᠬᠦᠮᠳᠡᠨ ᠨᠢᠭᠡᠳᠴᠦ ᠰᠢᠷᠭᠠᠭᠤ ᠬᠠᠲᠠᠭᠤᠵᠢᠯᠲᠠᠶ | ᠪᠣᠳᠠᠲᠠᠶ ᠠᠵᠢᠯᠯᠠᠭᠰᠠᠨ ᠳᠤ ᠪᠠᠶᠢᠵᠤ᠂ ᠡᠯ᠎ᠡ ᠱᠠᠲᠤᠨ ᠤ ᠺᠠᠳ᠋ᠷᠴᠤᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ ᠬᠦᠴᠢᠷ ᠪᠡᠷᠬᠡ ᠶᠢ ᠲᠠᠪᠠᠭᠰᠠᠨ ᠳᠤ | ᠪᠠᠶᠢᠨ᠎ᠠ᠂ ᠪᠢᠳᠠ ᠡᠷᠡᠯᠬᠡᠭᠯᠡᠨ ᠤᠷᠤᠭᠰᠢᠯᠠᠵᠤ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠲᠡᠮᠡᠴᠡᠵᠦ ᠴᠤᠭ ᠵᠢᠪᠬᠤᠭ᠎ᠠ ᠪᠠᠨ ᠪᠠᠳᠠᠷᠠᠭᠤᠯᠵᠤ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠬᠦᠴᠢᠷ ᠪᠡᠷᠬᠡᠰᠢᠶᠡᠯ ᠢ ᠢᠯᠠᠨ ᠳᠠᠪᠠᠵᠤ ᠨᠢᠭᠡ ᠬᠤᠪᠢ ᠡᠷᠡᠮᠡᠬᠡᠶᠢᠯᠡᠨ ᠤᠷᠤᠭᠰᠢᠯᠠᠭᠰᠠᠨ ᠴᠠᠭ | ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠵᠡᠢ︕ | ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ | ᠪᠦᠯᠦᠭ᠂ ᠨᠠᠮ ᠪᠦᠯᠦᠭ ᠤᠨ ᠪᠤᠰᠤ ᠬᠥᠮᠦᠰ᠂ ᠠᠷᠠᠳ ᠤᠨ ᠪᠦᠯᠬᠦᠮ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠵᠢᠴᠢ ᠦᠤᠰᠢᠨ ᠬᠤᠰᠢᠭᠤᠨ ᠤ ᠠᠵᠤ | ᠠᠬᠤᠶ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ | ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠶᠤᠯ ᠳᠦᠭᠰᠢᠬᠦᠷᠢ ᠶᠢ ᠰᠡᠷᠡᠮᠵᠢᠯᠡᠪᠡᠯ ᠠᠮᠤᠷ ᠳᠦᠪᠰᠢᠨ ᠪᠠᠶᠢᠵᠤ᠂ ᠬᠠᠯᠠ ᠵᠤᠪᠠᠯᠠᠩ ᠢ ᠮᠡᠳᠡᠪᠡᠯ ᠬᠦᠴᠢᠷ ᠪᠡᠷᠭᠡᠰᠢᠶᠡᠯ ᠢ ᠢᠯᠡᠨ ᠳᠠᠪᠠᠨ᠎ᠠ᠃ | ᠠᠵᠢᠯ ᠤᠨ ᠦᠢᠯᠡᠳᠦᠯᠭᠡ ᠳᠤᠮᠳᠠ ᠪᠢᠳᠡ ᠪᠦᠭᠦ ᠬᠤᠰᠢᠭᠤᠨ ᠤ ᠬᠥᠭᠵᠢᠯᠲᠡ ᠳᠤ ᠴᠥᠭᠡᠨ ᠪᠤᠰᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ | ᠰᠡᠷᠭᠡᠭ ᠢᠶᠠᠷ ᠲᠠᠨᠢᠵᠤ ᠤᠯᠪᠠ᠃ ᠮᠠᠯ ᠲᠠᠷᠢᠶᠠᠯᠠᠩ ᠠᠵᠤ ᠠᠬᠤᠶ ᠶᠢᠨ ᠠᠵᠤ ᠦᠢᠯᠡᠰᠵᠢᠬᠦᠯᠦᠯᠲᠡ᠂ ᠬᠡᠪᠴᠢᠶᠡᠵᠢᠬᠦᠯᠦᠯᠲᠡ᠂ ᠨᠠᠷᠠᠲᠤ ᠲᠡᠮᠲᠡᠭᠵᠢᠬᠦᠯᠦᠯᠲᠡ ᠶᠢᠨ | ᠬᠢᠷᠢ ᠳᠦᠪᠰᠢᠨ ᠢ ᠳᠡᠭᠡᠭᠰᠢᠯᠡᠬᠦᠯᠬᠦ ᠴᠢᠬᠤᠯᠠᠲᠠᠢ᠃ ᠠᠵᠤ ᠦᠢᠯᠡᠳᠪᠤᠷᠢ ᠶᠢᠨ ᠠᠵᠤ ᠦᠢᠯᠡᠰ ᠤᠨ ᠭᠡᠯᠬᠢᠶ᠎ᠡ ᠣᠬᠤᠷ᠂ ᠨᠡᠮᠡᠯᠲᠡ ᠥᠷᠲᠡᠭ ᠥᠨᠳᠥᠷ ᠪᠢᠰᠢ | ᠠᠰᠠᠭᠤᠳᠠᠯ ᠨᠡᠯᠢᠶᠡᠳ ᠳᠤᠪᠤᠶᠢᠮ᠎ᠠ ᠪᠠᠶᠢᠨ᠎ᠠ᠃ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠤᠶᠤᠯ ᠵᠡᠷᠭᠡ ᠠᠷᠠᠳ ᠤᠨ ᠠᠮᠢᠳᠤᠷᠠᠯ ᠤᠨ ᠬᠦᠷᠢᠶ᠎ᠡ | ᠴᠠᠷᠠᠭᠠᠨ ᠳᠤ ᠪᠠᠰᠠ ᠨᠡᠯᠢᠶᠡᠳ ᠤᠯᠠᠨ ᠳᠤᠲᠠᠭᠤᠳᠠᠯ ᠲᠠᠢ ᠪᠠᠭᠤᠷᠠᠶ ᠲᠠᠯ᠎ᠠ ᠤᠷᠤᠰᠢᠵᠦ ᠪᠠᠶᠢᠨ᠎ᠠ᠃ ᠠᠵᠤ ᠠᠬᠤᠶ ᠶᠢᠨ ᠬᠥᠭᠵᠢᠯᠲᠡ ᠶᠢᠨ ᠬᠢᠷᠢ ᠲᠦᠪᠰᠢᠨ | ᠪᠤᠯᠤᠨ ᠠᠷᠠᠳ ᠣᠯᠠᠨ ᠤ ᠣᠷᠣᠯᠭ᠎ᠠ ᠶᠢᠨ ᠬᠠᠷᠢᠴᠠᠭᠤᠯᠤᠯ ᠲᠡᠭᠰᠢ ᠪᠤᠰᠤ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠠᠰᠠ ᠰᠢᠯᠢᠳᠡᠭᠵᠢᠭᠦᠯᠬᠦ | ᠴᠢᠬᠤᠯᠠᠲᠠᠶ ᠪᠠᠶᠢᠵᠤ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠤᠯᠠᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠵᠠᠶᠢᠯᠠᠬᠤ | ᠦᠭᠡᠢ᠂ ᠨᠢᠭᠤᠬᠤ ᠦᠭᠡᠢ᠂ ᠤᠬᠤᠷᠢᠬᠤ ᠦᠭᠡᠢ ᠪᠠᠶᠢᠵᠦ ᠬᠦᠴᠦᠳᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠤᠷᠢᠯᠡᠵᠦ ᠵᠠᠰᠠᠭ ᠤᠨ ᠤᠷᠳᠤᠨ ᠤ ᠠᠵᠢᠯ ᠢ | ᠨᠡᠩ ᠰᠠᠶᠢᠨ ᠬᠢᠬᠦ ᠪᠠᠷ ᠴᠢᠷᠮᠠᠶᠢᠨ᠎ᠠ︕ | ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠲᠠ | 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠡᠯ ᠤᠨ ᠵᠢᠯ ᠪᠣᠯᠤᠨ᠎ᠠ᠂ ᠮᠥᠨᠴᠦ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠦᠯᠦᠪᠵᠢᠬᠦᠯᠦᠨ ᠪᠠᠶᠢᠷᠢᠯᠠᠭᠤᠯᠬᠤ ᠵᠢᠯ ᠪᠣᠯᠤᠨ᠎ᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶᠠᠨ ᠤ | ᠲᠠᠪᠤᠳᠤᠭᠠᠷ ᠬᠤᠭᠤᠴᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ | ᠭᠦᠨᠵᠡᠭᠡᠶ ᠨᠠᠶᠢᠳᠠᠪᠤᠷᠢᠵᠢᠭᠤᠯᠵᠤ ᠬᠤᠰᠢᠭᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠵᠢᠴᠢ | ᠪᠦᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠠᠴᠠ ᠲᠤᠭᠲᠠᠭᠠᠭᠰᠠᠨ ᠬᠠᠷᠠᠯᠲᠠ ᠡᠬᠦᠷᠬᠡ ᠶᠤᠰᠤᠭᠠᠷ ᠲᠦᠯᠦᠪᠵᠢᠬᠦᠯᠬᠦ ᠴᠢᠳᠠᠪᠤᠷᠢ᠂ | ᠨᠠᠶᠢᠳᠠᠪᠤᠷᠢᠵᠢᠭᠤᠯᠬᠤ ᠴᠢᠳᠠᠪᠤᠷᠢ᠂ ᠬᠡᠷᠡᠭᠵᠢᠬᠦᠯᠬᠦ ᠴᠢᠳᠠᠪᠤᠷᠢ ᠪᠠᠨ ᠳᠡᠭᠡᠭᠰᠢᠯᠡᠬᠦᠯᠵᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠴᠦ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ | ᠨᠢᠭᠡᠳᠦᠯᠲᠡᠶ ᠲᠦᠯᠦᠪᠵᠢᠬᠦᠯᠦᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ | ᠰᠢᠵᠢᠮ ᠪᠣᠯᠭᠠᠵᠤ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ ︽ | ᠵᠢᠷᠭᠤᠭᠠᠨ ᠠᠵᠢᠯᠯᠠᠭ᠎ᠠ︾ ᠶᠢ ᠪᠠᠲᠤᠳᠠᠢ ᠦᠷᠨᠢᠬᠦᠯᠤᠨ ᠪᠥᠬᠦ ᠬᠤᠲᠠ ᠶᠢᠨ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠤᠨ ᠭᠤᠤᠯᠳᠠᠯᠭᠠᠲᠤ ᠣᠷᠣᠨ ᠢ ᠪᠥᠲᠥᠭᠡᠨ ᠪᠠᠶᠢᠭᠤᠯᠵᠤ ᠵᠠᠭᠤᠨ ᠬᠦᠴᠦᠷᠬᠡᠭ ᠰᠢᠶᠠᠨ ᠤ ᠵᠢᠭᠰᠠᠭᠠᠯᠲᠠ ᠳᠤ ᠤᠷᠤᠬᠤ ᠪᠠᠷ ᠴᠢᠷᠮᠠᠶᠢᠨ ︽ | ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠠᠷᠠᠯᠲᠠ ᠡᠬᠦᠷᠭᠡ ᠶᠢ ᠴᠢᠨᠠᠷ ᠰᠠᠶᠢᠲᠠᠢ ᠪᠡᠶᠡᠯᠡᠬᠦᠯᠦᠨ ︽ᠠᠷᠪᠠᠨ ᠲᠠᠪᠤᠳᠤᠭᠠᠷ ᠲᠠᠪᠤᠨ | ᠵᠢᠯ︾ ᠤᠨ ᠲᠥᠯᠥᠪᠵᠢᠭᠦᠯᠭᠡ ᠶᠢ ᠰᠠᠶᠢᠨ ᠰᠠᠶᠢᠬᠠᠨ ᠢᠶᠠᠷ ᠡᠬᠢᠯᠡᠬᠦᠯᠬᠦ ᠳᠤ ᠪᠠᠲᠤ ᠪᠠᠬᠢ ᠰᠠᠭᠤᠷᠢ ᠲᠠᠯᠪᠢᠬᠤ ᠶᠠᠪᠤᠳᠠᠯ ᠪᠤᠯᠤᠨ᠎ᠠ᠃ | ᠭᠤᠤᠯ ᠵᠢᠱᠢᠭᠰᠡᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 7.5% ᠣᠷᠴᠢᠮ ᠨᠡᠮᠡᠭᠳᠡᠭᠦᠯᠵᠦ᠂ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 75.5 ᠳ᠋ᠦᠩᠰᠢᠭᠤᠷ ᠲᠥᠭᠦᠷᠢᠭ ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠢ 12% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 8% ᠠᠴᠠ ᠳᠡᠭᠡᠭᠰᠢ | ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 5.5% ᠣᠷᠴᠢᠮ ᠨᠡᠮᠡᠭᠳᠡᠭᠦᠯᠵᠦ᠂ ᠪᠦᠭᠦ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 5.5% ᠣᠷᠴᠢᠮ ᠨᠡᠮᠡᠭᠳᠡᠭᠦᠯᠦᠨ᠎ᠡ᠃ ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ | ᠳᠣᠤᠷᠠᠬᠢ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠠᠷᠠᠯᠵᠢᠶᠠᠴᠢᠨ ᠤᠷᠢᠬᠤ ᠶᠢ ᠠᠳᠬᠤᠵᠤ ᠲᠦᠷᠦᠯ ᠵᠦᠢᠯ ᠢ ᠲᠦᠯᠦᠪᠵᠢᠬᠦᠯᠦᠨ ᠬᠦᠷᠢᠶᠡᠯᠡᠩ ᠲᠣᠭᠤᠷᠢᠭ ᠢ ᠬᠦᠴᠦᠷᠬᠡᠭᠵᠢᠭᠦᠯᠵᠦ | ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠲᠠᠯ᠎ᠠ ᠪᠠᠷ ᠲᠡᠷᠢᠬᠦᠨ ᠳᠤ ᠤᠷᠤᠬᠤ ᠪᠠᠷ ᠬᠦᠴᠦᠯᠡᠨ ᠲᠡᠮᠡᠴᠡᠨ᠎ᠡ᠃ ᠴᠢᠨᠠᠷ ᠰᠠᠶᠢᠲᠠᠢ ᠲᠥᠷᠥᠯ ᠵᠦᠢᠯ ᠢ | ᠡᠯᠰᠡᠵᠦ ᠠᠪᠴᠢᠷᠠᠨᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠰᠢᠨ᠎ᠡ ᠠᠷᠭ᠎ᠠ ᠵᠠᠮ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ ︽ᠬᠡᠯᠬᠢᠶ᠎ᠡ ᠶᠢ | ᠤᠷᠲᠤᠳᠬᠠᠨ ᠰᠦᠷᠦᠭᠵᠢᠯ ᠢ ᠪᠦᠷᠢᠯᠳᠦᠬᠦᠯᠬᠦ︾ ᠶᠢ ᠭᠤᠤᠯ ᠰᠢᠪᠲᠤᠯᠤᠯᠲᠠ ᠶᠢᠨ ᠴᠢᠭᠯᠡᠯ ᠪᠤᠯᠭᠠᠨ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ | ᠲᠤᠶᠢᠮᠦ ᠵᠢᠷᠤᠭ ᠢ ᠪᠦᠷᠢᠨᠰᠢᠭᠦᠯᠤᠨ ᠭᠤᠤᠯᠳᠠᠭᠤ ᠠᠯᠺᠧᠨ ᠤ ᠳᠠᠭᠠᠯᠲᠠ ᠠᠵᠤ ᠦᠢᠯᠡᠰ᠂ ᠰᠢᠨ᠎ᠡ ᠮᠠᠲ᠋ᠧᠷᠢᠶᠠᠯ᠂ ᠤᠳᠤ ᠦᠶ᠎ᠡ ᠶᠢᠨ ᠮᠠᠯ ᠲᠠᠷᠢᠶᠠᠯᠠᠩ ᠠᠵᠤ | ᠠᠬᠤᠢ᠂ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠭᠦᠢᠯᠭᠡᠭᠡ ᠵᠡᠷᠭᠡ ᠬᠦᠷᠢᠶ᠎ᠡ ᠴᠠᠷᠠᠭᠠᠨ ᠤ ᠲᠣᠭᠤᠷᠢᠨ ᠳᠤ ᠤᠨᠢᠨ ᠳᠡᠭᠡᠷ᠎ᠡ ᠨᠢ | ᠠᠷᠠᠯᠵᠢᠶᠠᠴᠢᠨ ᠤᠷᠢᠬᠤ ᠶᠢ ᠥᠷᠨᠢᠭᠦᠯᠵᠦ ᠤᠳᠤ ᠶᠢᠨ ᠪᠠᠶᠢᠭ᠎ᠠ ᠲᠣᠮᠣ ᠬᠡᠯᠪᠡᠷᠢ ᠶᠢᠨ ᠲᠥᠪ ᠤᠨ ᠠᠵᠤ ᠠᠬᠤᠶᠢᠯᠠᠯ᠂ ᠤᠯᠤᠰ ᠤᠨ ᠥᠮᠴᠢᠯᠡᠯᠲᠤ ᠠᠵᠤ | ᠠᠬᠤᠶᠢᠯᠠᠯ ᠳᠤ ᠲᠦᠰᠢᠭᠯᠡᠨ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠠᠬᠤᠶᠢᠯᠠᠯ ᠢᠶᠠᠷ ᠠᠵᠤ ᠠᠬᠤᠶᠢᠯᠠᠯ ᠢ ᠣᠷᠣᠭᠤᠯᠬᠤ ᠪᠠᠷ ᠳᠠᠮᠵᠢᠨ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠬᠦᠴᠦᠷᠬᠡᠭᠵᠢᠬᠦᠯᠬᠦ ᠳᠡᠭᠡᠷ᠎ᠡ ᠦᠷᠭᠦᠯᠵᠢᠯᠡᠨ ᠬᠦᠴᠦᠯᠡᠵᠦ ᠠᠵᠤ | ᠦᠢᠯᠡᠰ ᠤᠨ ᠠᠩᠬᠢᠯᠠᠯ ᠢ ᠤᠯᠠᠮ ᠪᠠᠶᠠᠯᠢᠭᠵᠢᠭᠤᠯᠤᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠦᠷᠦᠭᠵᠢᠯ ᠤᠨ | ᠳᠠᠪᠠᠭᠤᠯᠢᠭ ᠢ ᠲᠦᠷᠭᠡᠨ ᠪᠦᠷᠢᠯᠳᠦᠭᠦᠯᠦᠨ᠎ᠡ᠃ ᠤᠯᠤᠰ ᠤᠨ ᠳᠣᠲᠣᠭᠠᠳᠤ ᠣᠷᠣᠨ ᠤ ᠭᠠᠳᠠᠨ᠎ᠠ ᠠᠴᠠ 160 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ | ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃ ᠥᠨᠳᠥᠷ ᠭᠠᠷᠤᠭ᠎ᠠ ᠠᠴᠠ ᠲᠥᠷᠥᠯ ᠵᠦᠢᠯ ᠢ ᠲᠥᠯᠥᠪᠵᠢᠭᠦᠯᠦᠨ᠎ᠡ᠃ ︽ᠴᠢᠬᠤᠯᠠ ᠶᠡᠭᠡ ᠲᠥᠷᠥᠯ ᠵᠦᠢᠯ ᠢ | ᠲᠥᠯᠥᠪᠵᠢᠭᠦᠯᠬᠦ ᠠᠵᠢᠯᠯᠠᠭ᠎ᠠ︾ ᠶᠢ ᠥᠷᠨᠢᠭᠦᠯᠵᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ | ᠲᠤᠭᠲᠠᠭᠠᠵᠤ ᠡᠪᠦᠯ ᠤᠨ ᠤᠯᠠᠷᠢᠯ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ ︽ᠴᠣᠩᠬᠤᠪᠴᠢ ᠶᠢᠨ ᠬᠤᠭᠤᠴᠠᠭ᠎ᠠ︾ ᠶᠢ ᠠᠰᠢᠭᠯᠠᠨ ᠬᠤᠲᠠ ᠶᠢᠨ ᠱᠠᠲᠤᠨ | ᠠᠴᠠ ᠳᠤᠬᠢᠷᠠᠭᠤᠯᠵᠤ ᠪᠠᠶᠢᠭ᠎ᠠ ᠭᠤᠤᠯᠳᠠᠯᠭ᠎ᠠ ᠲᠠᠢ 33 ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠭᠡᠬᠦ ᠶᠢ ᠲᠦᠷᠭᠡᠳᠬᠡᠵᠦ | ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠰᠠᠯᠠᠭ᠎ᠠ ᠮᠥᠴᠢᠷ ᠳᠠᠭᠠᠭᠤᠯᠤᠨ ᠬᠦᠢᠴᠡᠳᠬᠡᠬᠦ᠂ ᠨᠡᠶᠢᠯᠡᠭᠦᠯᠦᠨ ᠬᠢᠨᠠᠨ ᠵᠥᠪᠰᠢᠶᠡᠷᠡᠬᠦ ᠶᠢ ᠴᠢᠩᠭᠠᠳᠬᠠᠨ | ᠲᠥᠷᠥᠯ ᠵᠦᠢᠯ ᠤᠨ ᠭᠠᠷᠳᠠᠮ ᠢ 3 ᠳ᠋ᠤᠭᠠᠷ ᠰᠠᠷ᠎ᠠ ᠳᠤ ᠪᠦᠬᠦᠨ ᠢ ᠬᠦᠢᠴᠡᠳᠬᠡᠨ ᠳᠠᠭᠤᠰᠬᠠᠵᠤ 4 ᠳ᠋ᠤᠭᠡᠷ ᠰᠠᠷ᠎ᠠ ᠳᠤ ᠪᠥᠬᠦ ᠲᠠᠯ᠎ᠠ ᠪᠠᠷ ᠠᠵᠢᠯ ᠡᠬᠢᠯᠡᠭᠦᠯᠬᠦ ᠶᠢ | ᠪᠠᠲᠤᠯᠠᠨ ᠵᠢᠯ ᠤᠨ ᠳᠣᠲᠣᠷ᠎ᠠ 260 ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ ᠪᠦᠦ ᠹᠧᠩ ᠪᠦᠯᠦᠭᠯᠡᠯ | ᠤᠨ ᠠᠯᠺᠧᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠩᠬᠠᠷᠴᠤ 3 ᠳ᠋ᠤᠭᠠᠷ ᠰᠠᠷ᠎ᠠ ᠪᠦᠬᠦ ᠲᠠᠯ᠎ᠠ ᠪᠠᠷ ᠲᠤᠷᠰᠢᠨ ᠦᠢᠯᠡᠳᠪᠤᠷᠢᠯᠡᠬᠦ ᠶᠢ | ᠪᠠᠲᠤᠯᠠᠨ᠎ᠠ᠃ ᠬᠤᠢ ᠨᠧᠩ ᠪᠦᠯᠦᠭᠯᠡᠯ ᠤᠨ ᠵᠦᠸᠧ ᠵᠧᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠤᠮᠫᠠᠨᠢ᠂ ᠵᠦᠩ ᠮᠸᠢ ᠪᠦᠯᠦᠭᠯᠡᠯ ᠤᠨ 10 ᠲᠦᠮᠡᠨ ᠲᠣᠨ | ︽ᠨᠠᠷᠠᠨ ᠡᠨᠧᠷᠬᠢ ᠶᠢ ᠰᠢᠩᠭᠡᠨ ᠲᠦᠯᠦᠪᠲᠤ ᠪᠠᠷ ᠬᠠᠳᠠᠭᠠᠯᠠᠬᠤ︾ ᠵᠡᠷᠭᠡ ᠨᠢᠭᠡᠨᠲᠡ ᠠᠵᠢᠯ ᠡᠬᠢᠯᠡᠭᠦᠯᠦᠭᠰᠡᠨ ᠭᠤᠣᠯᠳᠠᠯᠭ᠎ᠠ ᠲᠠᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠰᠢᠨ᠎ᠡ ᠡᠨᠧᠷᠭᠢ ᠶᠢ ᠠᠰᠢᠭᠯᠠᠬᠤ ᠶᠢ ᠴᠢᠩᠭ᠎ᠠ ᠠᠩᠬᠠᠷᠴᠤ ᠪᠦᠦ ᠹᠧᠩ ᠪᠦᠯᠦᠭᠯᠡᠯ ᠤᠨ ᠰᠠᠯᠬᠢ | ᠬᠡᠷᠡᠯ ᠤᠨ ᠡᠨᠧᠷᠬᠢ ᠪᠠᠷ ᠤᠰᠤᠲᠥ᠋ᠷᠥᠭᠴᠢ ᠦᠢᠯᠡᠳᠬᠦ᠂ ᠵᠦᠩ ᠮᠸᠢ ᠯᠢᠤᠢ ᠨᠧᠩ ᠡᠨᠧᠷᠬᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ | ᠺᠤᠮᠫᠠᠨᠢ ᠶᠢᠨ ᠰᠠᠯᠬᠢ ᠭᠡᠷᠡᠯ ᠤᠨ ᠡᠨᠧᠷᠬᠢ ᠪᠠᠷ ᠤᠰᠤᠲᠥ᠋ᠷᠥᠭᠴᠢ ᠦᠢᠯᠡᠳᠭᠦ ᠶᠢ ᠨᠢᠬᠡ ᠴᠤᠬᠴᠠᠵᠢᠭᠤᠯᠬᠤ ᠲᠦᠷᠦᠯ ᠵᠤᠶᠢᠯ ᠵᠡᠷᠭᠡ ᠰᠢᠨ᠎ᠡ ᠡᠨᠧᠷᠭᠢ ᠶᠢᠨ | ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠬᠢᠭᠡᠳ ᠰᠢᠨ᠎ᠡ | ᠡᠨᠧᠷᠭᠢ ᠶᠢᠨ ᠠᠭᠤᠰᠤᠯᠴᠠᠯ ᠢ ᠪᠣᠳᠠᠲᠠᠶ ᠠᠬᠢᠴᠠ ᠲᠠᠢ ᠪᠣᠯᠬᠤ ᠶᠢ ᠠᠬᠢᠭᠤᠯᠤᠨ᠎ᠠ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ | ᠦᠷᠭᠦᠯᠵᠢᠯᠡᠨ ᠬᠡᠷᠡᠭᠵᠢᠭᠦᠯᠵᠦ ᠤᠯᠤᠰ᠂ ᠥᠪᠡᠷᠲᠡᠭᠡᠨ ᠵᠠᠰᠠᠬᠤ ᠣᠷᠣᠨ ᠤ ᠲᠤᠰᠬᠠᠢ ᠲᠦᠷᠦᠯ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢᠨ | ᠲᠣᠭᠤᠷᠢᠨ ᠳᠤ ᠨᠢᠭᠡ ᠪᠦᠯᠦᠭ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠢ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠲᠥᠯᠥᠪᠯᠡᠨ ᠨᠥᠭᠡᠴᠡᠯᠡᠵᠦ | ᠳᠡᠭᠡᠳᠦ ᠱᠠᠲᠤᠨ ᠤ ᠡᠯ᠎ᠡ ᠲᠥᠷᠥᠯ ᠤᠨ ᠳᠡᠮᠵᠢᠯᠭᠡ ᠶᠢᠨ ᠪᠡᠯᠡ ᠮᠥᠩᠭᠦ ᠶᠢ 40 ᠳ᠋ᠦᠩᠰᠢᠭᠤᠷ ᠲᠥᠭᠦᠷᠢᠭ ᠠᠴᠠ ᠳᠡᠭᠡᠭᠰᠢ ᠲᠡᠮᠡᠴᠡᠨ ᠣᠯᠬᠤ ᠪᠠᠷ ᠴᠢᠷᠮᠠᠶᠢᠨ᠎ᠠ᠃ | ᠬᠦᠷᠢᠶᠡᠯᠡᠩ ᠲᠣᠭᠤᠷᠢᠭ ᠢ ᠥᠨᠳᠥᠷ ᠲᠦᠪᠰᠢᠨ ᠢᠶᠠᠷ ᠪᠦᠲᠦᠭᠡᠨ ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠤᠨ ᠰᠠᠭᠤᠷᠢ ᠲᠦᠭᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢᠨ ᠭᠤᠷᠪᠠᠨ ᠵᠢᠯ ᠤᠨ ᠳᠡᠭᠡᠭᠰᠢᠯᠡᠯᠲᠠ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠵᠤ 12 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ | ᠤᠰᠤ ᠬᠠᠩᠭᠠᠬᠤ᠂ ᠵᠠᠮ ᠬᠠᠷᠢᠯᠴᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠭᠠᠯ ᠤᠨᠳᠠᠷᠠᠭᠠᠬᠤ ᠵᠡᠷᠭᠡ ᠲᠥᠷᠥᠯ ᠵᠦᠢᠯ ᠢ ᠬᠡᠷᠡᠭᠵᠢᠭᠦᠯᠦᠨ | ᠬᠦᠷᠢᠶᠡᠯᠡᠩ ᠲᠣᠭᠤᠷᠢᠭ ᠤᠨ ᠤᠯᠠᠨ ᠨᠡᠶᠢᠲᠡ ᠶᠢᠨ ᠦᠢᠯᠡᠴᠢᠯᠡᠭᠡ ᠪᠠ ᠲᠤᠰᠠᠯᠠᠬᠤ ᠲᠥᠬᠦᠭᠡᠷᠦᠮᠵᠢ ᠶᠢ ᠨᠢᠭᠡ ᠴᠣᠭᠴᠠᠵᠢᠭᠤᠯᠤᠨ ᠡᠵᠡᠩᠨᠡᠬᠦ ᠬᠠᠮᠢᠶᠠᠷᠤᠯᠲᠠ ᠶᠢ | ᠰᠦᠪᠡᠭᠴᠢᠯᠡᠵᠦ ᠵᠦᠩ ᠮᠧᠢ ᠪᠦᠯᠦᠭᠯᠡᠯ ᠤᠨ ᠲᠤᠭ ᠤᠨ ᠪᠤᠬᠢᠷᠳᠤᠯ ᠦᠬᠡᠢ ᠳᠤᠤᠷ᠎ᠠ ᠨᠡᠬᠦᠷᠡᠰᠦᠳᠦ᠋ᠷᠦᠭᠴᠢᠲᠤ ᠵᠢᠱᠢᠶ᠎ᠡ ᠦᠵᠡᠬᠦᠯᠬᠦ ᠠᠵᠤ ᠦᠢᠯᠡᠰ ᠤᠨ | ᠬᠦᠷᠢᠶᠡᠯᠡᠩ᠂ ᠨᠠᠷᠢᠨᠭᠤᠤᠯ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠢᠷᠡᠭᠡᠳᠦᠶ ᠶᠢᠨ ᠡᠨᠧᠷᠭᠢ ᠶᠢᠨ ᠠᠷᠠᠯ ᠵᠡᠷᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ ᠬᠦᠷᠢᠶᠡᠯᠡᠩ ᠲᠣᠭᠤᠷᠢᠭ ᠲᠤ ᠤᠷᠤᠭᠰᠠᠨ ᠠᠵᠤ ᠠᠬᠤᠶᠢᠯᠠᠯ ᠤᠨ ᠡᠯ᠎ᠡ ᠲᠥᠷᠥᠯ ᠤᠨ ᠡᠷᠬᠢᠯᠳᠡ | ᠶᠢᠨ ᠥᠪᠡᠷ ᠤᠨ ᠥᠷᠲᠡᠭ ᠢ ᠪᠠᠭᠤᠷᠠᠭᠤᠯᠤᠨ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠪᠠ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠠᠲᠠᠬᠤ ᠬᠦᠴᠦᠨ ᠢ ᠳᠡᠭᠡᠭᠰᠢᠯᠡᠭᠦᠯᠵᠦ ᠥᠨᠳᠥᠷ ᠬᠢᠷᠢ ᠲᠦᠪᠰᠢᠨ ᠢᠶᠠᠷ ᠪᠠᠲᠤᠯᠠᠨ ᠬᠦᠷᠢᠶᠡᠯᠡᠩ ᠲᠣᠭᠤᠷᠢᠭ ᠤᠨ | ᠴᠢᠨᠠᠷ ᠰᠠᠶᠢᠲᠠᠶ ᠬᠥᠭᠵᠢᠯᠲᠡ ᠳᠤ ᠲᠤᠯᠭᠠᠭᠤᠷᠢᠯᠠᠨ᠎ᠠ᠃ | ︵ᠬᠤᠶᠠᠷ︶ ᠳᠠᠪᠠᠭᠤᠯᠢᠭ ᠢᠶᠠᠨ ᠪᠠᠳᠠᠷᠠᠭᠤᠯᠵᠤ ᠳᠤᠲᠠᠭᠤᠳᠠᠯ ᠢᠶᠠᠨ ᠨᠥᠬᠦᠪᠥᠷᠢᠯᠡᠨ ᠴᠢᠳᠠᠪᠤᠷᠢ ᠪᠠᠨ ᠳᠡᠭᠡᠭᠰᠢᠯᠡᠭᠦᠯᠵᠤ ᠳᠠᠪᠠᠭᠤᠯᠢᠭ ᠠᠵᠤ ᠦᠢᠯᠡᠰ ᠢ | ᠬᠦᠴᠦᠷᠬᠡᠭᠵᠢᠭᠦᠯᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠬᠦᠴᠦᠯᠡᠨ ᠲᠡᠮᠡᠴᠡᠨ᠎ᠡ᠃ ᠳᠠᠪᠠᠭᠤᠯᠢᠭ ᠠᠵᠤ ᠦᠢᠯᠡᠳᠪᠦᠷᠢ ᠪᠠᠨ ᠦᠷᠭᠦᠯᠵᠢᠯᠡᠨ | ᠪᠤᠵᠠᠭᠠᠶᠢᠷᠠᠭᠤᠯᠤᠨ᠎ᠠ᠃ ︽ᠠᠵᠤ ᠦᠢᠯᠡᠰ ᠢ ᠶᠡᠬᠡᠪᠡᠷ ᠠᠳᠬᠤᠵᠤ᠂ ᠠᠵᠤ ᠦᠢᠯᠡᠳᠪᠦᠷᠢ ᠶᠢ ᠭᠤᠣᠯᠳᠠᠯᠭ᠎ᠠ ᠲᠠᠢ ᠰᠢᠪᠲᠤᠯᠬᠤ︾ ᠤᠳᠤᠷᠢᠳᠤᠮᠵᠢ ᠶᠢ | ᠪᠠᠷᠢᠮᠲᠠᠯᠠᠨ ᠵᠢᠯ ᠤᠨ ᠳᠣᠲᠣᠷ᠎ᠠ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠭᠡᠢ ᠥᠷᠲᠡᠭ ᠢ 1000 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ | ᠴᠢᠷᠮᠠᠶᠢᠨ᠎ᠠ᠃ ᠲᠤᠭᠤᠭᠠᠲᠤ ᠨᠡᠭᠦᠷᠡᠰᠦᠨ ᠠᠭᠤᠷᠬᠠᠢ᠂ ᠵᠦᠩ ᠮᠧᠢ ᠪᠦᠯᠦᠭᠯᠡᠯ ᠤᠨ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠬᠤ᠂ ᠯᠤ᠋ ᠾᠧ ᠪᠠᠶᠢᠭᠠᠯᠢ | ᠶᠢᠨ ᠰᠢᠲᠠᠮᠠᠬᠠᠢ ᠬᠡᠢ ᠶᠢᠨ ᠬᠢᠵᠠᠭᠠᠷᠲᠤ ᠺᠤᠮᠫᠠᠨᠢ ᠶᠢᠨ ᠪᠠᠶᠢᠭᠠᠯᠢ ᠶᠢᠨ ᠰᠢᠲᠠᠮᠠᠬᠠᠶ ᠬᠡᠢ ᠶᠢ ᠶᠡᠷᠦᠩᠬᠡᠶᠢᠯᠡᠨ ᠠᠰᠢᠭᠯᠠᠬᠤ ᠵᠡᠷᠭᠡ ᠲᠥᠷᠥᠯ ᠵᠦᠢᠯ ᠢ ᠲᠦᠷᠭᠡᠳᠬᠡᠨ | ᠪᠠᠶᠢᠭᠤᠯᠤᠨ᠎ᠠ᠃ ᠨᠡᠭᠦᠷᠡᠰᠦᠨ ᠳᠠᠪᠬᠤᠷᠭ᠎ᠠ ᠶᠢᠨ ᠬᠡᠢ ᠶᠢ ᠨᠡᠭᠡᠭᠡᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠪᠠ | ᠠᠵᠤ ᠦᠢᠯᠡᠰᠵᠢᠭᠦᠯᠦᠨ ᠠᠰᠢᠭᠯᠠᠬᠤ ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠶ ᠦᠷ᠎ᠡ ᠪᠦᠲᠦᠭᠡᠯ ᠣᠯᠬᠤ ᠶᠢ ᠪᠠᠲᠤᠯᠠᠨ᠎ᠠ᠃ ᠨᠠᠷᠢᠠᠭᠤᠤᠯ ᠠᠭᠤᠷᠬᠠᠢ ᠶᠢᠨ | ᠣᠷᠣᠨ ᠤ ᠶᠡᠷᠦᠩᠬᠡᠶ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠪᠠ ᠪᠠᠶᠠᠨᠴᠠᠶᠢᠳᠠᠮ᠂ ᠮᠡᠶᠢᠷᠡᠨᠰᠦ᠋ᠮ᠎ᠡ ᠶᠢᠨ 2 ᠬᠤᠳᠳᠤᠭ ᠤᠨ ᠠᠢ ᠰᠠᠪᠠ ᠶᠢᠨ ᠬᠠᠶᠢᠨ | ᠰᠢᠨᠵᠢᠯᠡᠬᠦ ᠠᠴᠠ ᠮᠠᠯᠲᠠᠬᠤ ᠪᠤᠯᠭᠠᠨ ᠰᠢᠯᠵᠢᠭᠦᠯᠬᠦ ᠭᠠᠷᠳᠠᠮ ᠢ ᠭᠦᠢᠴᠡᠳᠬᠡᠬᠦ ᠵᠡᠷᠭᠡ ᠠᠵᠢᠯ ᠢ ᠰᠠᠶᠢᠲᠤᠷ ᠬᠢᠵᠦ ᠮᠠᠩᠭᠢᠰᠤᠨ ᠵᠠᠳᠠᠭᠠᠢ ᠨᠡᠭᠦᠷᠡᠰᠦᠨ ᠠᠭᠤᠷᠬᠠᠢ ᠶᠢ | ᠵᠢᠯ ᠤᠨ ᠳᠣᠲᠣᠷ᠎ᠠ ᠬᠠᠮᠲᠤᠷᠠᠨ ᠲᠤᠷᠰᠢᠨ ᠠᠵᠢᠯᠯᠠᠭᠤᠯᠬᠤ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠬᠤᠢ ᠨᠧᠩ ᠪᠦᠯᠦᠭᠯᠡᠯ ᠤᠨ ᠵᠦᠸᠧ ᠵᠧᠩ ᠰᠢᠨ᠎ᠡ | ᠮᠠᠲ᠋ᠧᠷᠢᠶᠠᠯ ᠤᠨ ᠺᠤᠮᠫᠠᠨᠢ ᠪᠠ ᠵᠦᠩ ᠮᠧᠢ ᠪᠦᠯᠦᠭᠯᠡᠯ ᠤᠨ 6 ᠲᠦᠮᠡᠨ ᠲᠣᠨ ᠭᠤᠷᠪᠠᠨ ᠼᠢᠶᠠᠨᠳᠣ ᠠᠮᠢᠨ᠂ 5.5 ᠲᠦᠮᠡᠨ ᠲᠣᠨ ᠪᠦᠳᠦᠬᠦᠯᠢᠭ ᠪᠧᠨ᠋ᠽᠧᠨ ᠳᠤ | ᠣᠰᠣᠳᠦ᠋ᠷᠦᠭᠴᠢ ᠨᠡᠮᠡᠬᠦ᠂ 1.2 ᠲᠦᠮᠡᠨ ᠲᠤᠨ ᠪᠦᠳᠦᠬᠦᠯᠢᠭ ᠹᠧᠨᠣᠯ ᠢ ᠨᠠᠷᠢᠯᠢᠭ ᠦᠢᠯᠡᠳᠬᠦ ᠵᠡᠷᠭᠡ ᠲᠥᠷᠥᠯ ᠵᠦᠢᠯ ᠢ ᠲᠦᠷᠭᠡᠳᠭᠡᠨ ᠪᠥᠲᠥᠭᠡᠨ ᠪᠠᠶᠢᠭᠤᠯᠵᠤ | ᠠᠵᠤ ᠦᠢᠯᠡᠳᠪᠦᠷᠢ ᠶᠢᠨ ᠠᠵᠢᠯ ᠲᠥᠷᠥᠯ ᠤᠨ ᠠᠩᠬᠢᠯᠠᠯ ᠢ ᠲᠠᠰᠤᠷᠠᠯᠲᠠ ᠥᠬᠡᠶ ᠪᠠᠶᠠᠯᠢᠭᠵᠢᠭᠤᠯᠤᠨ᠎ᠠ᠃ ᠵᠥᠩ ᠲᠢᠶᠠᠨ ᠾᠧ ᠴᠤᠸᠠᠩ ᠺᠤᠮᠫᠠᠨᠢ ᠶᠢᠨ | ᠪᠣᠬᠢᠷᠲᠤᠯ ᠥᠬᠡᠶ ᠪᠠᠷ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠤᠨ ᠲᠠᠰ ᠳᠡᠪᠰᠢᠭᠦᠯᠬᠦ ᠥᠭᠡᠷᠡᠴᠢᠯᠡᠯᠲᠡ ᠪᠠ ᠰᠠᠯᠬᠢ ᠭᠡᠷᠡᠯ ᠤᠨ | ᠡᠨᠧᠷᠬᠢ ᠶᠢ ᠨᠢᠭᠡ ᠴᠣᠭᠴᠠᠵᠢᠭᠤᠯᠬᠤ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠡᠯᠡᠰᠦ ᠮᠠᠩᠬ᠎ᠠ ᠶᠢ ᠰᠡᠷᠭᠡᠶᠢᠯᠡᠨ | ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠬᠦᠯᠬᠦ ᠳᠤ ᠬᠦᠴᠦᠨ ᠨᠡᠮᠡᠷᠢᠯᠡᠨ᠎ᠡ᠃ ᠬᠤᠢ | ᠨᠧᠩ ᠪᠦᠯᠦᠭᠯᠡᠯ ᠤᠨ ᠵᠦᠸᠧ ᠵᠧᠩ ᠺᠤᠮᠫᠠᠨᠢ ᠶᠢᠨ 800 ᠲᠦᠮᠡᠨ ᠲᠣᠨ ᠨᠡᠭᠦᠷᠡᠰᠦ ᠶᠢ ᠴᠢᠨᠠᠷ ᠬᠤᠪᠢᠶᠠᠨ ᠠᠰᠢᠭᠯᠠᠬᠤ᠂ ᠰᠤᠪᠤᠷᠭ᠎ᠠ ᠪᠠᠶᠢᠭᠠᠯᠢ ᠶᠢᠨ | ᠰᠢᠲᠠᠮᠠᠬᠠᠢ ᠬᠡᠢ ᠶᠢ ᠭᠦᠨᠵᠡᠭᠡᠢ ᠰᠢᠢᠳᠪᠦᠷᠢᠯᠡᠬᠦ ᠶᠡᠷᠦᠩᠬᠡᠢ ᠦᠢᠯᠡᠳᠪᠦᠷᠢ᠂ ᠳᠤᠮᠳᠠᠳᠤ ᠤᠯᠤᠰ ᠤᠨ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠢ ᠬᠡᠢ ᠶᠢᠨ | ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ 120 ᠲᠦᠮᠡᠨ ᠲᠣᠨ ᠡᠲ᠋ᠠᠨ ᠢᠶᠠᠷ ᠡᠲ᠋ᠧᠨ ᠦᠢᠯᠡᠳᠬᠦ᠂ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ | ᠪᠦᠯᠦᠭᠯᠡᠯ ᠤᠨ 3 ᠲᠦᠮᠡᠨ ᠲᠣᠨ ᠨᠡᠭᠦᠷᠡᠰᠦᠲᠥ᠋ᠷᠥᠭᠴᠢ ᠶᠢᠨ ᠰᠢᠷᠬᠡᠭᠯᠢᠭ ᠵᠡᠷᠭᠡ ᠲᠦᠷᠦᠯ ᠵᠦᠢᠯ ᠢ ᠦᠷᠭᠦᠯᠵᠢᠯᠡᠨ ᠠᠬᠢᠭᠤᠯᠵᠤ ᠲᠦᠷᠦᠯ ᠵᠦᠢᠯ ᠢ ᠡᠷᠲᠡ | ᠨᠠᠶᠢᠳᠠᠪᠤᠷᠢᠵᠢᠭᠤᠯᠤᠨ ᠡᠷᠲᠡ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠣᠳᠣ ᠦᠶ᠎ᠡ ᠶᠢᠨ ᠮᠠᠯ ᠲᠠᠷᠢᠶᠠᠯᠠᠩ ᠠᠵᠤ ᠠᠬᠤᠢ ᠶᠢ ᠲᠦᠷᠭᠡᠳᠬᠡᠨ ᠬᠥᠭᠵᠢᠭᠦᠯᠤᠨ᠎ᠡ᠃ | 8.2 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠵᠤ ᠠᠮᠤ ᠪᠤᠳᠠᠭᠠᠨ ᠤ ᠤᠨᠠᠯᠲᠠ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠤᠨ ᠠᠮᠤ ᠪᠤᠳᠠᠭᠠᠨ ᠤ ᠤᠨᠠᠯᠲᠠ ᠶᠢ 5.3 ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠬᠤ ᠶᠢ | ᠪᠠᠲᠤᠯᠠᠨ᠎ᠠ᠃ ᠳᠡᠭᠡᠳᠦ ᠲᠠᠰ ᠤᠨ ᠠᠯᠠᠰᠢᠨ ᠦᠬᠡᠷ ᠤᠨ ᠠᠵᠤ ᠦᠢᠯᠡᠰ ᠤᠨ ᠬᠦᠷᠢᠶᠡᠯᠡᠩ᠂ ᠣᠷᠳᠣᠰ ᠨᠠᠷᠢᠨ ᠨᠣᠣᠰᠣᠲᠤ ᠬᠤᠨᠢᠨ ᠤ ᠥᠪᠡᠷᠲᠡᠭᠡᠨ ᠵᠠᠰᠠᠬᠤ | ᠣᠷᠣᠨ ᠤ ᠣᠲᠣ ᠦᠶ᠎ᠡ ᠶᠢᠨ ᠮᠠᠯ ᠲᠠᠷᠢᠶᠠᠯᠠᠩ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ | ᠣᠳᠣᠬᠢᠴᠢᠯᠠᠭᠰᠠᠨ ᠲᠦᠮᠡᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠡᠬᠢᠯᠡᠭᠦᠯᠦᠨ ᠡᠵᠡᠩᠨᠡᠵᠦ ᠭᠠᠭ᠋ᠠᠢ ᠶᠢ ᠬᠤᠭᠤᠴᠠᠭᠠᠲᠤ ᠪᠠᠷᠠᠭᠠᠨ ᠤ | ᠦᠨ᠎ᠡ ᠬᠠᠩᠰᠢ ᠶᠢᠨ ᠳᠠᠭᠠᠳᠬᠠᠯ ᠳᠤ ᠤᠷᠤᠭᠤᠯᠬᠤ ᠲᠦᠷᠦᠯ ᠵᠦᠢᠯ ᠢ ᠪᠦᠭᠦ ᠲᠠᠯ᠎ᠠ ᠪᠠᠷ ᠳᠡᠯᠭᠡᠷᠡᠭᠦᠯᠵᠤ᠂ ᠬᠦᠯᠳᠡᠭᠡᠵᠤ ᠬᠦᠷᠦᠭᠡᠬᠦ ᠬᠡᠯᠬᠢᠶᠡᠵᠢᠯ ᠤᠨ | ᠪᠠᠷᠠᠭᠠᠨ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠵᠤ ︽ᠦᠢᠯᠡᠳᠪᠦᠷᠢᠯᠡᠬᠦ — ᠡᠳ᠋ᠰᠢᠭᠦᠯᠬᠦ — | ᠪᠣᠷᠣᠯᠠᠭᠤᠯᠬᠤ︾ ᠶᠢ ᠨᠢᠭᠡ ᠴᠣᠭᠴᠠᠵᠢᠭᠤᠯᠤᠭᠰᠠᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠵᠠᠭᠪᠤᠷ ᠢ ᠬᠦᠴᠦᠯᠡᠨ ᠪᠠᠶᠢᠭᠤᠯᠤᠨ᠎ᠠ᠃ | ᠭᠤᠤᠯᠳᠠᠭᠤ ᠦᠬᠡᠷ ᠬᠤᠪᠢᠳᠠᠨ ᠮᠠᠯᠵᠢᠬᠤ᠂ ᠼᠤᠤ ᠶᠢᠨ ᠲᠡᠵᠢᠭᠡᠨ ᠦᠷᠡᠵᠢᠭᠦᠯᠬᠦ ᠵᠡᠷᠭᠡ ᠬᠥᠲᠥᠴᠢ ᠠᠵᠤ ᠠᠬᠤᠶᠢᠯᠠᠯ ᠳᠤ ᠲᠦᠰᠢᠭᠯᠡᠨ ᠡᠭᠦᠯᠳᠡᠷ | ᠰᠠᠶᠢᠵᠢᠷᠠᠭᠤᠯᠬᠤ ᠠᠬᠢᠴᠠ ᠶᠢ ᠲᠦᠷᠭᠡᠳᠬᠡᠵᠦ ᠳᠡᠭᠡᠳᠦ ᠲᠠᠰ ᠤᠨ ᠠᠯᠠᠰᠢᠨ ᠦᠬᠡᠷ ᠤᠨ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠲᠡᠭ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ︽ᠬᠤᠸᠠᠩ ᠰᠢᠶᠠᠩ ᠭᠠᠭ᠋ᠠᠶ | ︾᠂ ︽ᠨᠤᠲᠤᠭ ᠤᠨ ᠤᠯᠠᠭᠠᠨ ᠦᠬᠡᠷ︾᠂ ︽ᠣᠷᠳᠣᠰ ᠨᠠᠷᠢᠨ ᠨᠣᠣᠰᠣᠲᠤ ᠬᠤᠨᠢ︾᠂ ︽ᠰᠢᠷᠬᠤᠰᠤᠨ ᠲᠤᠲᠤᠷᠭ᠎ᠠ︾ ᠵᠡᠷᠭᠡ ︽ᠨᠠᠷᠠᠲᠤ ᠣᠨᠴᠠ | ᠰᠢᠯᠢᠳᠡᠭ ᠰᠢᠨ᠎ᠡ︾ ᠨᠠᠷᠠᠲᠤ ᠲᠡᠮᠲᠡᠭ ᠢ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠤᠨ ︽ᠷᠠᠰᠢᠶᠠᠨ ᠳᠤᠬᠤᠢ ᠶᠢᠨ ᠨᠤᠲᠤᠭ ᠤᠨ ᠲᠠᠬᠢᠶ᠎ᠠ︾᠂ ︽ | ᠤᠯᠠᠮᠵᠢᠯᠠᠯᠲᠤ ᠴᠠᠭᠠᠨ ᠢᠳᠡᠭᠡᠨ︾᠂ ︽ᠬᠡᠷᠭᠡᠨᠡᠭ ᠮᠦᠬᠦ︾᠂ ︽ᠡᠯᠳᠡᠪ ᠠᠮᠤ︾᠂ ︽ᠡᠪᠡᠰᠦᠨ ᠡᠮ︾ ᠵᠡᠷᠭᠡ ᠣᠨᠴᠠᠯᠢᠭᠲᠤ ᠠᠵᠤ ᠦᠢᠯᠡᠰ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠰᠢᠷᠬᠤᠰᠤ | ᠰᠣᠶᠣᠯ ᠵᠢᠭᠤᠯᠴᠢᠯᠠᠯ ᠤᠨ ᠪᠦᠰᠡ ᠶᠢ ᠨᠢᠭᠡ ᠴᠤᠭᠴᠠᠵᠢᠭᠤᠯᠤᠨ ᠡᠵᠡᠩᠨᠡᠵᠦ ᠰᠢᠷᠬᠤᠰᠤ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ | ᠫᠠᠶᠢᠰᠠ ᠡᠯᠭᠦᠬᠦ ᠠᠬᠢᠴᠠ ᠶᠢ ᠲᠦᠷᠭᠡᠳᠬᠡᠨ ᠰᠢᠷᠬᠤᠰᠤ 5A ᠳᠡᠰ ᠪᠠ ᠬᠤᠷ᠎ᠠ ᠤᠰᠤ 4A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ | ᠠᠬᠢᠭᠤᠯᠵᠤ ᠨᠢᠭᠡ ᠪᠦᠯᠦᠭ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠲᠦᠰᠦᠪᠯᠡᠨ᠎ᠡ᠃ ᠬᠤᠪᠢᠰᠬᠠᠯ ᠤᠨ ᠰᠤᠶᠤᠯ ᠤᠨ | ᠰᠤᠳᠤᠯᠤᠨ ᠰᠤᠷᠤᠯᠴᠠᠯᠭ᠎ᠠ᠂ ᠬᠠᠭᠤᠴᠢ ᠰᠤᠳᠤᠯᠤᠯ ᠤᠨ ᠰᠣᠶᠣᠯ᠂ ᠠᠮᠢ ᠠᠬᠤᠶ ᠶᠢᠨ ᠡᠷᠡᠭᠦᠯᠵᠢᠯ ᠰᠤᠪᠢᠯᠠᠯᠲᠠ᠂ ᠪᠠᠶᠢᠭᠠᠯᠢ ᠶᠢᠨ ᠥᠩᠭᠡ ᠦᠵᠡᠮᠵᠢ᠂ ᠠᠵᠤ | ᠦᠢᠯᠡᠳᠪᠦᠷᠢ ᠶᠢᠨ ᠦᠵᠡᠮᠵᠢ ᠵᠡᠷᠭᠡ 5 ᠵᠤᠷᠪᠤᠰ ᠵᠢᠭᠤᠯᠴᠢᠯᠠᠯ ᠤᠨ ᠰᠤᠳᠤᠨ ᠱᠤᠭᠤᠮ ᠢ ᠨᠡᠭᠡᠭᠡᠨ ᠬᠥᠭᠵᠢᠭᠦᠯᠵᠦ ᠮᠠᠨ ᠤ ᠬᠤᠰᠢᠭᠤ ᠶᠢ ᠪᠥᠬᠦ ᠤᠯᠤᠰ ᠤᠨ | ᠬᠥᠮᠦᠨ ᠲᠥᠷᠥᠯᠬᠢᠲᠡᠨ ᠤ ᠪᠣᠯᠪᠠᠰᠤᠨ ᠤ ᠢᠷᠡᠯᠲᠡ ᠶᠢᠨ ᠭᠠᠵᠠᠷ᠂ ᠪᠥᠬᠦ ᠣᠷᠣᠨ ᠤ ᠬᠤᠪᠢᠰᠬᠠᠯ ᠤᠨ ᠤᠯᠠᠮᠵᠢᠯᠠᠯ ᠢ ᠪᠡᠶᠡᠴᠢᠯᠡᠨ ᠣᠶᠢᠯᠠᠭᠠᠬᠤ ᠭᠠᠵᠠᠷ ᠪᠠ | ᠪᠥᠬᠦ ᠣᠷᠣᠨ ᠤ ᠡᠷᠡᠭᠦᠯᠵᠢᠯ ᠰᠤᠪᠢᠯᠠᠯᠲᠠ ᠰᠡᠯᠡᠭᠦᠴᠡᠯ ᠤᠨ ᠬᠠᠷᠠᠯᠳᠠᠲᠤ ᠭᠠᠵᠠᠷ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ ᠬᠡᠷᠡᠭᠯᠡᠭᠡ ᠶᠢ ᠬᠥᠭᠵᠢᠭᠡᠬᠦ ᠲᠤᠰᠬᠠᠶ | ᠠᠵᠢᠯᠯᠠᠭ᠎ᠠ ᠶᠢ ᠶᠠᠪᠤᠭᠳᠠᠭᠤᠯᠵᠦ ᠬᠡᠷᠡᠭᠯᠡᠭᠡ ᠶᠢᠨ ᠲᠡᠮᠲᠡᠭᠲᠤ ᠲᠠᠷᠬᠠᠭᠠᠬᠤ ᠵᠠᠭᠪᠤᠷ ᠢ ᠰᠢᠯᠢᠳᠡᠭᠵᠢᠭᠦᠯᠤᠨ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ | ᠶᠡᠭᠡ ᠬᠡᠮᠵᠢᠶᠡᠨ ᠤ ᠬᠡᠷᠡᠭᠯᠡᠭᠡ ᠶᠢᠨ ᠵᠦᠢᠯᠡᠰ ᠢ ᠬᠥᠳᠡᠭᠡ ᠪᠠᠭᠤᠯᠭᠠᠬᠤ ᠪᠠ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠥᠷᠨᠢᠭᠦᠯᠦᠨ᠎ᠡ᠃ ᠪᠠᠭᠤᠳᠠᠯ | ᠬᠤᠭᠤᠯᠠ ᠤᠮᠳᠠ᠂ ᠰᠤᠶᠤᠯ ᠲᠠᠮᠢᠷ᠂ ᠬᠤᠷᠠᠯ ᠦᠵᠡᠰᠭᠦᠯᠡᠩ ᠵᠡᠷᠭᠡ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠪᠤᠢ ᠪᠤᠯᠭᠠᠨ᠎ᠠ᠃ ︽ᠦᠥᠰᠢᠨ ᠤ ᠠᠮᠲᠠᠳᠤ | ᠢᠳᠡᠭᠡᠨ ᠢ ᠡᠷᠢᠬᠦ︾ ᠵᠡᠷᠭᠡ ᠰᠢᠷᠢᠰ ᠠᠵᠢᠯᠯᠠᠭ᠎ᠠ ᠶᠢ ᠪᠠᠶᠢᠩᠭᠤᠵᠢᠭᠤᠯᠤᠨ ᠡᠷᠬᠢᠯᠡᠵᠦ ᠰᠥᠨᠢ ᠶᠢᠨ ᠠᠵᠤ ᠠᠬᠤᠶ᠂ ᠳᠡᠯᠬᠡᠬᠡ ᠮᠠᠶᠢᠮᠠᠢ ᠶᠢᠨ ᠠᠵᠤ ᠠᠬᠤᠶ ᠶᠢ | ᠵᠣᠷᠢᠭᠵᠢᠭᠤᠯᠤᠨ ᠬᠥᠭᠵᠢᠭᠦᠯᠵᠦ ᠬᠤᠳᠠᠯᠳᠤᠭᠠᠨ ᠤ ᠠᠮᠢᠵᠢᠷᠠᠯ ᠤᠨ ᠬᠦᠴᠦᠨ ᠪᠠ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠬᠥᠭᠵᠢᠭᠡᠨ᠎ᠡ᠃ | ︵ᠭᠤᠷᠪᠠ︶ ᠲᠤᠭᠲᠠᠭᠤᠨ ᠢᠶᠠᠷ ᠥᠭᠡᠷᠡᠴᠢᠯᠡᠯᠲᠡ ᠬᠢᠵᠤ ᠰᠢᠨ᠎ᠡ ᠶᠢ ᠡᠭᠦᠳᠬᠦ ᠶᠢ ᠡᠷᠢᠯᠬᠢᠯᠡᠨ ᠣᠷᠴᠢᠨ ᠲᠣᠭᠤᠷᠢᠨ ᠢ ᠰᠢᠯᠢᠳᠡᠭᠵᠢᠬᠦᠯᠵᠤ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠲᠠᠯ᠎ᠠ ᠪᠠᠷ ᠲᠡᠷᠢᠬᠦᠨ ᠳᠤ ᠤᠷᠤᠬᠤ ᠪᠠᠷ ᠬᠦᠴᠦᠯᠡᠨ ᠲᠡᠮᠡᠴᠡᠨ᠎ᠡ᠃ ᠭᠤᠣᠯᠳᠠᠯᠭ᠎ᠠ ᠲᠠᠢ ᠬᠦᠷᠢᠶ᠎ᠡ | ᠴᠠᠷᠠᠭᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ ᠡᠵᠡᠩᠨᠡᠯᠲᠡ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠬᠤᠯᠠᠴᠢᠯᠠᠨ ᠤᠯᠤᠰ ᠤᠨ ᠥᠮᠴᠢᠯᠡᠯᠲᠦ ᠬᠥᠷᠥᠩᠭᠡ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠤᠯᠤᠰ ᠤᠨ ᠥᠮᠴᠢᠯᠡᠯᠲᠦ ᠬᠥᠷᠥᠩᠭᠡ ᠶᠢᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ ᠵᠡᠷᠭᠡ | ᠬᠦᠷᠢᠶ᠎ᠡ ᠴᠠᠷᠠᠭ᠎ᠠ ᠪᠠ ᠰᠠᠭᠤᠭ᠎ᠠ ᠭᠠᠵᠠᠷ ᠤᠨ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠯᠤᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ | ᠠᠬᠢᠭᠤᠯᠤᠨ᠎ᠠ᠃ ᠲᠡᠭ ᠢᠶᠠᠷ ᠰᠠᠭᠤᠷᠢᠯᠠᠭᠰᠠᠨ ᠲᠥᠰᠦᠪ ᠢ ᠰᠦᠪᠡᠭᠴᠢᠯᠡᠵᠦ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ | ᠬᠥᠮᠥᠷᠭᠡ ᠶᠢᠨ ᠬᠠᠮᠢᠶᠠᠷᠤᠯᠲᠠ ᠶᠢ ᠭᠦᠨᠵᠡᠭᠡᠶᠢᠷᠡᠭᠦᠯᠦᠨ ᠰᠤᠮᠤ ᠪᠠᠯᠭᠠᠰᠤᠨ ᠤ ᠵᠠᠷᠤᠯᠭ᠎ᠠ ᠶᠢᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠳᠬᠠᠵᠤ | ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠵᠠᠰᠠᠯᠲᠠ᠂ ᠬᠦᠷᠢᠶᠡᠯᠡᠩ | ᠲᠣᠭᠤᠷᠢᠭ ᠤᠨ ᠬᠦᠴᠦᠨ ᠨᠡᠮᠡᠷᠢᠯᠡᠬᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ᠂ ᠣᠷᠣᠰᠢᠭᠤᠯᠭ᠎ᠠ ᠵᠡᠷᠭᠡ ᠬᠦᠷᠢᠶᠡᠨ ᠴᠠᠷᠠᠭᠠᠨ | ᠳᠠᠬᠢ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠨᠡᠶᠢᠲᠡᠯᠢᠭ ᠲᠤᠷᠰᠢᠯᠭ᠎ᠠ ᠶᠢ ᠲᠤᠶᠢᠯᠪᠤᠷᠢᠲᠠᠢ ᠠᠭᠤᠳᠠᠯᠬᠤ ᠠᠵᠢᠯᠯᠠᠭ᠎ᠠ ᠶᠢ ᠥᠷᠨᠢᠭᠦᠯᠵᠦ ᠨᠡᠩ | ᠤᠯᠠᠨ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ︽ᠦᠦᠰᠢᠨ ᠲᠤᠷᠰᠢᠯᠭ᠎ᠠ︾ ᠶᠢ ᠬᠠᠶᠢᠨ ᠰᠦᠪᠡᠭᠴᠢᠯᠡᠨ᠎ᠡ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ | ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ ᠣᠷᠳᠣᠰ ᠲᠠᠬᠢ ᠤᠯᠤᠰ ᠤᠨ ᠣᠲᠣ ᠦᠶ᠎ᠡ ᠶᠢᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ ᠮᠡᠷᠭᠡᠵᠢᠯ ᠤᠨ ᠲᠤᠷᠰᠢᠯᠲᠠ ᠶᠢᠨ ᠰᠠᠭᠤᠷᠢᠨ ᠭᠠᠵᠠᠷ ᠢ ᠰᠠᠶᠢᠲᠤᠷ ᠡᠵᠡᠩᠨᠡᠨ ᠨᠢᠭᠡ ᠪᠦᠯᠦᠭ ᠰᠢᠨ᠎ᠡ | ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠮᠡᠷᠭᠡᠵᠢᠯ᠂ ᠨᠡᠬᠦᠷᠡᠰᠦ ᠪᠠᠷ ᠰᠠᠭᠤᠷᠢᠯᠠᠭᠰᠠᠨ ᠳᠡᠭᠡᠳᠦ ᠲᠠᠰ ᠤᠨ ᠬᠢᠮᠢ ᠶᠢᠨ ᠪᠣᠳᠠᠰ᠂ ᠡᠬᠢ | ᠪᠠᠶᠠᠯᠢᠭ ᠢ ᠳᠠᠬᠢᠨ ᠠᠰᠢᠭᠯᠠᠬᠤ᠂ ᠰᠢᠨ᠎ᠡ ᠡᠨᠧᠷᠭᠢ ᠶᠢᠨ ᠢᠵᠢ ᠪᠦᠷᠢᠳᠦᠯ ᠤᠨ ᠮᠠᠲ᠋ᠧᠷᠢᠶᠠᠯ ᠵᠡᠷᠭᠡ ᠬᠦᠷᠢᠶ᠎ᠡ ᠴᠠᠷᠠᠭᠠᠨ ᠳᠠᠬᠢ ᠲᠤᠷᠰᠢᠯᠲᠠ ᠶᠢᠨ ᠲᠥᠷᠥᠯ | ᠵᠦᠢᠯ ᠢ ᠳᠠᠬᠢᠨ ᠣᠷᠣᠭᠤᠯᠤᠨ ᠠᠪᠴᠢᠷᠠᠨ᠎ᠠ᠃ ᠵᠦᠩ ᠮᠧᠢ ᠪᠦᠯᠦᠭᠯᠡᠯ᠂ ᠪᠦᠦ ᠹᠧᠩ ᠪᠦᠯᠦᠭᠯᠡᠯ ᠵᠡᠷᠭᠡ ᠰᠠᠭᠤᠭ᠎ᠠ ᠭᠠᠵᠠᠷ ᠤᠨ ᠠᠵᠤ ᠠᠬᠤᠶᠢᠯᠠᠯ ᠤᠳ | ᠬᠠᠮᠵᠢᠯᠴᠠᠨ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠣᠨᠳᠣᠤ ᠭᠠᠵᠠᠷ ᠤᠨ ᠰᠤᠳᠤᠯᠤᠨ ᠨᠡᠭᠡᠭᠡᠯᠲᠡ ᠶᠢᠨ ᠲᠥᠪ᠂ ᠭᠤᠤᠯᠳᠠᠯᠭ᠎ᠠ ᠲᠠᠢ ᠲᠤᠷᠰᠢᠯᠲᠠ ᠶᠢᠨ | ᠲᠠᠰᠤᠭ ᠵᠡᠷᠭᠡ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠪᠠᠶᠢᠭᠤᠯᠬᠤ ᠶᠢ ᠵᠣᠷᠢᠭᠵᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠭᠤᠤᠯ ᠴᠤᠭᠴᠠ ᠶᠢᠨ ᠪᠠᠶᠢᠷᠢ ᠰᠠᠭᠤᠷᠢ ᠶᠢ ᠳᠤᠪᠤᠶᠢᠯᠭᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ ᠢ 30᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 3᠂ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ | ᠠᠬᠤᠶᠢᠯᠠᠯ ᠢ 3 ᠠᠴᠠ ᠳᠡᠭᠡᠭᠰᠢ ᠮᠡᠳᠡᠭᠦᠯᠤᠨ ᠬᠦᠮᠦᠷᠭᠡ ᠳᠤ ᠤᠷᠤᠭᠤᠯᠤᠨ᠎ᠠ᠃ ᠴᠢᠳᠠᠪᠤᠷᠢᠲᠠᠨ ᠤᠷᠢᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ ᠡᠯ᠎ᠡ | ᠲᠥᠷᠥᠯ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ ᠦᠨᠳᠦᠷ ᠬᠢᠷᠢ ᠲᠦᠪᠰᠢᠨ ᠪᠦᠬᠦᠢ ᠰᠢᠨ᠎ᠡ ᠶᠢ ᠡᠬᠦᠳᠬᠦ ᠴᠢᠳᠠᠪᠤᠷᠢᠳᠠᠨ᠂ ᠦᠨᠳᠦᠷ ᠬᠡᠪ ᠴᠢᠨᠠᠷ ᠲᠠᠢ ᠺᠠᠳ᠋ᠷ᠂ ᠦᠨᠳᠦᠷ ᠬᠡᠪ ᠪᠤᠯᠪᠠᠰᠤᠷᠠᠯ | ᠲᠠᠢ ᠬᠦᠳᠡᠯᠮᠦᠷᠢᠴᠢᠳ ᠤᠨ ︽ᠭᠤᠷᠪᠠᠨ ᠡᠩᠨᠡᠭᠡ︾ ᠶᠢ ᠪᠤᠢ ᠪᠤᠯᠭᠠᠵᠤ ᠨᠢᠭᠡ ᠪᠦᠯᠦᠭ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠷᠡᠲᠦ ᠬᠥᠮᠦᠰ︾᠂ | ︽ᠠᠵᠤ ᠠᠬᠤᠶᠢᠯᠠᠯ ᠤᠨ ᠨᠡᠷᠡᠲᠦ ᠭᠠᠪᠰᠢᠭᠠᠶᠢᠯᠠᠭᠴᠢ︾᠂ ︽ᠰᠤᠷᠭᠠᠨ ᠬᠦᠮᠦᠵᠢᠯ ᠤᠨ ᠨᠡᠷᠡᠲᠤ ᠪᠠᠭᠰᠢ︾᠂ ︽ᠡᠷᠡᠭᠦᠯ ᠬᠠᠮᠠᠭᠠᠯᠠᠯ ᠤᠨ ᠨᠡᠷᠡᠲᠦ ᠡᠮᠴᠢ︾ ᠶᠢ | ᠬᠥᠮᠦᠵᠢᠭᠦᠯᠤᠨᠡ᠃ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠪᠠᠶᠢᠭᠤᠯᠤᠯᠲᠠ ᠶᠢ ᠰᠢᠯᠢᠳᠡᠭᠵᠢᠭᠦᠯᠦᠨ᠎ᠡ᠃ ︽ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ︾ ᠶᠢ ᠪᠥᠬᠦ ᠬᠦᠴᠦᠨ ᠢᠶᠠᠷ ᠢᠶᠠᠨ ᠥᠷᠨᠢᠭᠦᠯᠵᠦ ᠲᠣᠮᠣ ᠳᠤᠮᠳᠠ ᠵᠢᠵᠢᠭ ᠠᠵᠤ ᠠᠬᠤᠶᠢᠯᠠᠯ ᠳᠤ ᠡᠷᠬᠡ ᠳᠡᠭᠰᠢ ᠪᠠᠶᠢᠬᠤ ᠶᠢ ᠪᠠᠷᠢᠮᠲᠠᠯᠠᠨ ᠠᠵᠤ | ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠢ ᠠᠬᠢᠭᠤᠯᠤᠨ ︽ᠳᠤᠯᠠᠭᠠᠨ ᠬᠤᠲᠠ · ᠳᠤᠯᠠᠭᠠᠨ ᠠᠵᠤ ᠠᠬᠤᠶᠢᠯᠠᠯ︾ ᠤᠨ ᠲᠤᠰᠬᠠᠶ ᠠᠵᠢᠯᠯᠠᠭ᠎ᠠ ᠶᠢ ᠥᠷᠨᠢᠭᠦᠯᠵᠦ ᠲᠣᠭᠠᠴᠢᠯᠠᠭᠰᠠᠨ | ᠵᠠᠰᠠᠭ ᠤᠨ ᠣᠷᠳᠣᠨ᠂ ᠳᠠᠭᠠᠭᠠᠴᠢᠯᠠᠯᠲᠠ ᠵᠠᠷᠯᠠᠬᠤ ᠥᠭᠡᠷᠡᠴᠢᠯᠡᠯᠲᠡ ᠵᠡᠷᠭᠡ ᠠᠵᠢᠯ ᠢ ᠰᠠᠶᠢᠲᠤᠷ ᠠᠳᠬᠤᠵᠤ ᠠᠵᠤ ᠠᠬᠤᠶᠢᠯᠠᠯ ᠳᠤ ᠢᠯᠡᠭᠦᠬᠡᠨ ᠬᠦᠴᠦ | ᠨᠡᠮᠡᠷᠢᠯᠡᠨ᠎ᠡ᠃ ᠪᠠᠷᠠᠳᠠᠨ ᠪᠠᠶᠢᠴᠠᠭᠠᠨ ᠰᠤᠳᠤᠯᠬᠤ᠂ ᠪᠠᠶᠢᠴᠠᠭᠠᠵᠤ ᠬᠢᠨᠠᠨ ᠰᠢᠯᠭᠠᠬᠤ᠂ ᠣᠯᠠᠨ ᠲᠠᠯ᠎ᠠ ᠠᠴᠠ ᠲᠣᠬᠢᠷᠠᠭᠤᠯᠬᠤ ᠵᠡᠷᠭᠡ ᠠᠵᠤ ᠠᠬᠤᠶᠢᠯᠠᠯ ᠳᠤ | ᠬᠤᠯᠪᠣᠭᠳᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠪᠠ ᠴᠣᠮᠬᠠᠳᠬᠠᠵᠤ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ | ᠠᠵᠢᠯᠯᠠᠭ᠎ᠠ ᠶᠢᠨ ᠬᠠᠷᠰᠢᠯᠠᠯ ᠢ ᠪᠠᠭᠠᠰᠬᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ | ᠬᠦᠨᠳᠦᠳᠬᠡᠬᠦ ᠰᠠᠶᠢᠨ ᠰᠠᠶᠢᠬᠠᠨ ᠣᠷᠴᠢᠨ ᠨᠦᠬᠦᠴᠡᠯ ᠢ ᠪᠣᠶ ᠪᠣᠯᠭᠠᠵᠤ ᠭᠤᠤᠯᠴᠢ ᠪᠠᠷ ᠥᠷᠢᠰᠥᠯᠳᠦᠬᠦ ᠳᠦᠷᠢᠮ ᠢ ᠨᠠᠶᠢᠳᠠᠪᠤᠷᠢᠵᠢᠭᠤᠯᠤᠨ ᠡᠯ᠎ᠡ ᠲᠥᠷᠥᠯ ᠤᠨ | ᠠᠵᠤ ᠠᠬᠤᠶᠢᠯᠠᠯ ᠳᠤ ᠡᠷᠬᠡ ᠲᠡᠭᠰᠢ ᠪᠠᠷ ᠬᠠᠨᠳᠤᠬᠤ ᠶᠢ ᠪᠠᠷᠢᠮᠲᠠᠯᠠᠨ ᠥᠮᠴᠢᠯᠡᠯᠲᠦ ᠠᠵᠤ ᠠᠬᠤᠶᠢᠯᠠᠯ ᠳᠤ ᠦᠢᠯᠡᠳᠪᠦᠷᠢᠯᠡᠯ ᠤᠨ ᠬᠦᠴᠦᠨ ᠵᠦᠢᠯ ᠢ ᠬᠠᠤᠯᠢ | ᠶᠣᠰᠣᠭᠠᠷ ᠡᠷᠬᠡ ᠲᠡᠭᠰᠢ ᠪᠠᠷ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠡᠷᠬᠡ ᠲᠡᠭᠰᠢ ᠪᠠᠷ ᠣᠷᠣᠯᠴᠠᠬᠤ᠂ ᠬᠠᠤᠯᠢ ᠴᠠᠭᠠᠵᠠ ᠶᠢᠨ ᠬᠠᠮᠠᠭᠠᠯᠠᠯ ᠢ | ᠡᠷᠬᠡ ᠳᠡᠭᠰᠢ ᠬᠦᠷᠲᠡᠬᠦ ᠶᠢ ᠪᠠᠲᠤᠯᠠᠨ᠎ᠠ᠃ ᠲᠤᠰ ᠭᠠᠵᠠᠷ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠣᠷᠢᠭᠲᠠᠢ ᠪᠠᠷ ᠬᠥᠭᠵᠢᠬᠦ ᠶᠢ | ᠵᠣᠷᠢᠭᠵᠢᠭᠤᠯᠤᠨ ᠳᠡᠮᠵᠢᠵᠦ ᠲᠥᠪ ᠤᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠲᠤᠮᠤ ᠬᠡᠯᠪᠡᠷᠢ ᠶᠢᠨ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ ᠨᠢᠬᠡ ᠪᠦᠯᠦᠭ ᠪᠦᠬᠦ ᠣᠷᠣᠨ᠂ ᠪᠦᠬᠦ ᠬᠤᠳᠠ ᠶᠢᠨ ᠦᠢᠯᠡᠳᠬᠦᠨ ᠤ ᠦᠷᠳᠡᠭ ᠤᠨ | ᠵᠢᠬᠰᠠᠭᠠᠯ ᠳᠤ ᠵᠢᠭᠰᠠᠭᠠᠭᠳᠠᠭᠰᠠᠨ᠂ ᠨᠡᠷ᠎ᠡ ᠠᠯᠳᠠᠷᠰᠢᠬᠰᠠᠨ ︽ᠦᠦᠰᠢᠨ ᠲᠡᠮᠲᠡᠭᠲᠤ︾ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠪᠤᠢ ᠪᠤᠯᠭᠠᠨ᠎ᠠ᠃ | ︵ᠳᠥᠷᠪᠡ︶ ᠰᠡᠷᠭᠦᠭᠡᠯᠳᠡ ᠶᠢ ᠭᠦᠨᠵᠡᠭᠡᠶᠢᠷᠡᠭᠦᠯᠵᠦ ᠰᠠᠷᠭᠡᠶᠢᠯᠡᠯᠳᠡ ᠶᠢ ᠴᠢᠩᠭᠠᠳᠬᠠᠨ ᠪᠤᠳᠠᠳᠠᠢ ᠠᠵᠢᠯᠯᠠᠵᠤ ᠠᠮᠢ ᠠᠬᠤᠢ ᠶᠢᠨ ᠠᠷᠠᠳ ᠲᠤ ᠠᠰᠢᠭ | ᠬᠦᠷᠲᠡᠭᠡᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠭᠦᠴᠦᠯᠡᠨ ᠲᠡᠮᠡᠴᠡᠨ᠎ᠡ᠃ ᠠᠮᠢ ᠠᠬᠤᠢ ᠶᠢᠨ ᠰᠡᠷᠭᠦᠭᠡᠨ ᠵᠠᠰᠠᠯᠳᠠ ᠶᠢ ᠠᠬᠢᠭᠤᠯᠤᠨ᠎ᠠ᠃ ᠬᠠᠲᠤᠨ | ᠭᠤᠣᠯ ᠤᠨ ︽ᠶᠡᠭᠡ ᠲᠤᠬᠤᠢ︾ ᠶᠢᠨ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠲᠠᠶᠢᠯᠠᠯᠳᠤᠭᠠᠨ ᠢ ᠪᠦᠭᠦ ᠭᠦᠴᠦᠨ ᠢᠶᠠᠷ ᠢᠶᠠᠨ ᠰᠠᠶᠢᠲᠤᠷ ᠬᠢᠵᠦ ︽ | ᠤᠮᠠᠷᠠᠲᠤ ᠶᠢᠨ ᠭᠤᠷᠪᠠᠨ ᠤᠷᠤᠨ︾ ᠤ ᠵᠢᠷᠭᠤᠳᠤᠭᠠᠷ ᠬᠤᠭᠤᠴᠠᠭ᠎ᠠ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ 360 ᠲᠦᠮᠡᠨ ᠮᠦ ᠠᠴᠠ | ᠳᠡᠭᠡᠭᠰᠢ ᠪᠡᠶᠡᠯᠡᠭᠦᠯᠬᠦ ᠶᠢᠨ ᠬᠠᠮᠲᠤ ᠠᠮᠢ ᠠᠬᠤᠢ ᠶᠢ ᠰᠡᠷᠭᠦᠭᠡᠨ ᠵᠠᠰᠠᠬᠤ ᠲᠥᠷᠥᠯ ᠵᠦᠢᠯ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ᠂ | ᠰᠢᠯᠭᠠᠨ ᠬᠤᠷᠢᠶᠡᠬᠤ ᠵᠡᠷᠭᠡ ᠠᠵᠢᠯ ᠢ ᠵᠡᠷᠭᠡ ᠳᠤᠨᠢ ᠰᠠᠶᠢᠲᠤᠷ ᠬᠢᠨ᠎ᠡ᠃ ᠣᠶ ᠰᠢᠭᠤᠢ ᠶᠢᠨ ᠳᠠᠷᠤᠭ᠎ᠠ ᠶᠢᠨ ᠳᠦᠷᠢᠮ᠂ ᠭᠤᠣᠯ ᠮᠥᠷᠡᠨ ᠨᠠᠭᠤᠷ ᠴᠥᠭᠦᠷᠥᠮ | ᠵᠡᠷᠭᠡ ᠳᠠᠷᠤᠭ᠎ᠠ ᠶᠢᠨ ᠳᠦᠷᠢᠮ ᠪᠠ ᠨᠤᠲᠤᠭ ᠪᠡᠯᠴᠢᠭᠡᠷ ᠤᠨ ᠪᠡᠯᠴᠢᠭᠡᠷᠯᠡᠭᠦᠯᠭᠦ ᠶᠢ ᠬᠤᠷᠢᠬᠯᠠᠵᠤ ᠰᠡᠯᠬᠦᠨ ᠮᠠᠯᠵᠢᠬᠤ᠂ ᠪᠡᠯᠴᠢᠭᠡᠷ ᠮᠠᠯ ᠢ ᠲᠡᠩᠴᠡᠭᠦᠷᠢ ᠲᠠᠢ | ᠪᠠᠶᠢᠯᠭᠠᠬᠤ ᠵᠡᠷᠭᠡ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠬᠠᠰᠢᠶᠠᠯᠠᠨ ᠲᠡᠵᠢᠭᠡᠬᠦ ᠶᠢ ᠶᠡᠬᠡᠪᠡᠷ ᠬᠥᠭᠵᠢᠭᠦᠯᠦᠨ | ᠨᠤᠲᠤᠭ ᠪᠡᠯᠴᠢᠭᠡᠷ ᠤᠨ ᠬᠡᠲᠦ ᠪᠡᠯᠴᠢᠭᠡᠷᠯᠡᠭᠦᠯᠬᠦ ᠠᠰᠠᠭᠤᠳᠠᠯ ᠢ ᠦᠨᠡᠨᠬᠦ ᠰᠢᠢᠳᠪᠦᠷᠢᠯᠡᠵᠦ ᠤᠢ ᠰᠢᠭᠤᠢ ᠨᠤᠲᠤᠭ ᠪᠡᠯᠴᠢᠭᠡᠷ ᠢ ᠡᠪᠳᠡᠬᠦ᠂ ᠬᠠᠤᠯᠢ ᠪᠤᠰᠤ ᠪᠠᠷ | ᠬᠠᠶᠢᠷ ᠴᠢᠯᠠᠭᠤ ᠮᠠᠯᠳᠠᠬᠤ ᠵᠡᠷᠭᠡ ᠣᠷᠴᠢᠨ ᠲᠣᠭᠤᠷᠢᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ | ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠣᠷᠴᠢᠨ ᠲᠤᠭᠤᠷᠢᠨ ᠤ ᠪᠣᠬᠢᠷᠲᠤᠯ ᠤᠨ ᠰᠡᠷᠭᠡᠶᠢᠯᠡᠨ ᠵᠠᠰᠠᠯᠳᠠ ᠶᠢ ᠠᠬᠢᠭᠤᠯᠤᠨ᠎ᠠ᠃ ᠡᠨᠡ ᠵᠢᠯ | ᠪᠢᠳᠡ ᠰᠢᠨ᠎ᠡ ᠨᠢᠭᠡ ᠡᠬᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠤᠭᠲᠤᠬᠤ ᠪᠠᠷ | ᠪᠠᠶᠢᠵᠦ ᠵᠠᠩᠭᠢᠯᠠᠭ᠎ᠠ ᠶᠢᠨ ᠭᠤᠭᠴᠤᠭ᠎ᠠ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠰᠠᠶᠢᠲᠤᠷ ᠠᠩᠬᠠᠷᠴᠤ ᠡᠯ᠎ᠡ ᠲᠦᠷᠦᠯ | ᠤᠨ ᠣᠷᠴᠢᠨ ᠲᠤᠭᠤᠷᠢᠨ ᠤ ᠱᠠᠯᠠᠪᠳᠠᠭᠤᠯᠤᠨ ᠪᠠᠶᠢᠴᠠᠭᠠᠯᠳᠠ᠂ ᠬᠢᠨᠠᠨ ᠪᠤᠳᠤᠯᠳᠠ ᠳᠤ ᠬᠠᠷᠢᠭᠤ ᠲᠤᠰᠬᠠᠭᠰᠠᠨ ᠠᠰᠠᠭᠤᠳᠠᠯ ᠢ ᠡᠷᠳᠡᠭᠡᠨ ᠠᠴᠠ ᠰᠠᠶᠢᠲᠤᠷ | ᠠᠳᠬᠤᠵᠦ ᠬᠥᠬᠡ ᠲᠡᠭᠷᠢ᠂ ᠴᠡᠩᠭᠡᠭ ᠤᠰᠤ᠂ ᠴᠡᠪᠡᠷ ᠬᠥᠷᠥᠰᠥ ᠶᠢ ᠡᠷᠡᠰ ᠰᠠᠬᠢᠨ᠎ᠠ᠃ ︽ᠬᠠᠶᠠᠭᠳᠠᠮᠠᠯ ᠪᠤᠳᠠᠰ ᠦᠭᠡᠢ ᠬᠤᠲᠠ︾ ᠪᠠ | ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠡ ᠣᠷᠭᠢᠯ ᠬᠡᠮᠵᠢᠭᠳᠡᠯ ᠳᠤ ᠭᠦᠷᠭᠦ ᠲᠤᠷᠰᠢᠯᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠲᠣᠭᠤᠷᠢᠨ ᠳᠤ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠪᠣᠬᠢᠷᠲᠤᠯ ᠢ ᠪᠠᠭᠠᠰᠬᠠᠨ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠡ ᠶᠢ | ᠪᠠᠭᠤᠷᠠᠭᠤᠯᠵᠤ ᠬᠠᠮᠵᠢᠯᠴᠠᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠬᠤ ᠪᠠ ᠦᠪᠡᠷᠳᠡᠭᠡᠨ ᠵᠠᠰᠠᠬᠤ ᠤᠷᠤᠨ ᠤ | ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠡ ᠣᠷᠭᠢᠯ ᠬᠡᠮᠵᠢᠭᠳᠡᠯ ᠳᠤ ᠭᠦᠷᠭᠦ ᠲᠤᠷᠰᠢᠯᠲᠠ ᠶᠢᠨ ᠴᠡᠭ ᠤᠨ ᠭᠦᠷᠢᠶᠠᠯᠠᠩ ᠲᠤᠭᠤᠷᠢᠭ ᠢ ᠡᠭᠦᠳᠦᠨ | ᠪᠠᠶᠢᠭᠤᠯᠬᠤ ᠶᠢ ᠠᠬᠢᠭᠤᠯᠤᠨ᠎ᠠ᠃ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠢᠴᠢ ᠡᠬᠢ ᠪᠠᠶᠠᠯᠢᠭᠵᠢᠭᠤᠯᠤᠨ ᠬᠠᠳᠠᠭᠠᠯᠠᠬᠤ ᠲᠠᠯᠠᠪᠠᠢ᠂ ᠨᠠᠷᠢᠭᠤᠤᠯ ᠠᠵᠤ ᠦᠢᠯᠡᠰ ᠤᠨ ᠬᠦᠷᠢᠶᠡᠯᠡᠩ ᠤᠨ ᠡᠩ ᠤᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠢᠢᠳᠪᠦᠷᠢᠯᠡᠬᠦ ᠲᠠᠯᠠᠪᠠᠶ ᠵᠡᠷᠭᠡ ᠶᠡᠷᠦᠩᠭᠡᠶᠢᠯᠡᠨ ᠠᠰᠢᠬᠯᠠᠬᠤ ᠲᠦᠷᠦᠯ ᠵᠤᠶᠢᠯ ᠢ ᠲᠦᠷᠭᠡᠳᠬᠡᠨ | ᠪᠠᠶᠢᠭᠤᠯᠵᠦ ᠠᠵᠤ ᠦᠢᠯᠡᠳᠪᠦᠷᠢ ᠶᠢᠨ ︽ᠭᠤᠷᠪᠠᠨ ᠬᠠᠶᠠᠭᠳᠠᠮᠠᠯ︾ ᠢ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ᠂ ᠭᠤᠮ ᠰᠦᠯᠢᠶᠥᠦ ᠨᠡᠮᠡᠯᠲᠡ | ᠮᠠᠲ᠋ᠧᠷᠢᠶᠠᠯ ᠵᠡᠷᠭᠡ ᠪᠣᠬᠢᠷᠲᠤᠯ ᠦᠭᠡᠢ ᠠᠵᠤ ᠦᠢᠯᠡᠰ ᠲᠡᠰᠢ ᠬᠥᠭᠵᠢᠭᠦᠯᠬᠦ ᠶᠢ ᠬᠦᠴᠦᠯᠡᠨ ᠠᠬᠢᠭᠤᠯᠤᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠡᠢ ᠡᠭᠦᠳᠦᠨ ᠪᠠᠶᠢᠭᠤᠯᠤᠨ᠎ᠠ᠃ ︽ᠤᠰᠤ ᠠᠷᠪᠢᠯᠠᠬᠤ ᠠᠵᠢᠯᠯᠠᠭ᠎ᠠ︾ ᠶᠢ ᠥᠷᠨᠢᠭᠦᠯᠦᠨ᠎ᠡ᠃ | ᠠᠵᠤ ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ᠂ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ᠂ ᠰᠠᠭᠤᠭᠠᠯᠢ ᠠᠷᠠᠳ ᠤᠨ ᠤᠰᠤ ᠠᠷᠪᠢᠯᠠᠨ | ᠬᠡᠷᠡᠭᠯᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ ᠬᠥᠭᠵᠢᠯᠲᠡ ᠪᠣᠯᠤᠨ ᠠᠷᠠᠳ ᠤᠨ ᠠᠮᠢᠳᠤᠷᠠᠯ ᠤᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ | ᠪᠠᠲᠤᠯᠠᠨ᠎ᠠ᠃ ᠮᠠᠩᠬᠢᠰᠤᠨ ᠵᠠᠳᠠᠭᠠᠢ ᠨᠡᠭᠦᠷᠡᠰᠦᠨ ᠠᠭᠤᠷᠬᠠᠢ ᠠᠴᠠ ᠨᠠᠷᠢᠠᠭᠤᠤᠯ ᠠᠵᠤ ᠦᠢᠯᠡᠰ ᠤᠨ ᠬᠦᠷᠢᠶᠡᠯᠡᠩ᠂ ᠮᠤᠳᠤᠨᠴᠠᠶᠢᠳᠠᠮ ᠨᠡᠭᠦᠷᠡᠰᠦᠨ ᠠᠭᠤᠷᠬᠠᠢ | ᠠᠴᠠ ᠵᠦᠩ ᠮᠸᠢ ᠪᠦᠯᠦᠭᠯᠡᠯ ᠤᠨ ᠤᠷᠳᠤᠰ ᠡᠨᠧᠷᠭᠢ ᠬᠢᠮᠢ ᠶᠢᠨ ᠠᠵᠤ ᠦᠢᠯᠡᠳᠪᠦᠷᠢ ᠭᠦᠷᠭᠦ ᠤᠰᠤ ᠳᠠᠮᠵᠢᠭᠤᠯᠬᠤ ᠬᠤᠭᠤᠯᠠᠢ᠂ ᠲᠤᠭ ᠠᠭᠤᠷᠬᠠᠢ ᠶᠢᠨ | ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠤᠰᠤ ᠬᠠᠳᠠᠭᠠᠯᠠᠬᠤ ᠴᠥᠭᠦᠷᠥᠮ ᠵᠡᠷᠭᠡ ᠢᠨᠵᠧᠨᠧᠷᠢᠩ ᠢ ᠡᠬᠢᠯᠡᠭᠦᠯᠦᠨ ᠪᠠᠶᠢᠭᠤᠯᠵᠤ ᠪᠥᠬᠦ | ᠬᠤᠰᠢᠭᠤᠨ ᠤ ︽ᠬᠤᠶᠠᠷ ᠭᠤᠤᠯᠳᠦ ᠳᠥᠷᠪᠡᠨ ᠬᠥᠨᠳᠡᠯᠡᠨ︾ ᠤᠰᠤ ᠬᠠᠩᠭᠠᠬᠤ ᠬᠤᠭᠤᠯᠠᠢ ᠲᠣᠣᠷ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠦ ᠪᠥᠬᠦ | ᠬᠤᠲᠠ ᠶᠢᠨ ︽ᠲᠣᠮᠣ ᠤᠰᠤᠨ ᠲᠣᠣᠷ︾ ᠲᠤ ᠢᠳᠡᠪᠬᠢᠲᠡᠢ ᠠᠭᠤᠰᠤᠯᠴᠠᠵᠤ ᠡᠩ ᠤᠨ ᠪᠤᠰᠤ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠳᠤᠰᠤᠯᠭᠠᠨ ᠤᠰᠤᠯᠠᠭᠤᠷ᠂ ᠪᠢᠴᠢᠯ ᠤᠰᠤᠯᠠᠭᠤᠷ ᠵᠡᠷᠭᠡ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠪᠥᠬᠦ | ᠲᠠᠯ᠎ᠠ ᠪᠠᠷ ᠳᠡᠯᠭᠡᠷᠡᠭᠦᠯᠵᠦ ᠮᠠᠯᠴᠢᠨ ᠲᠠᠷᠢᠶᠠᠴᠢᠨ ᠢ ᠵᠤᠷᠢᠭᠵᠢᠭᠤᠯᠤᠨ ᠭᠠᠩ ᠳᠤ ᠲᠡᠰᠪᠦᠷᠢᠲᠡᠢ᠂ ᠤᠰᠤ ᠠᠷᠪᠢᠯᠠᠬᠤ ᠲᠠᠷᠢᠮᠠᠯ ᠤᠨ ᠲᠦᠷᠦᠯ ᠢ ᠲᠠᠷᠢᠭᠤᠯᠵᠤ | ᠤᠰᠤ ᠶᠡᠭᠡ ᠬᠤᠷᠣᠭᠳᠠᠭᠤᠯᠬᠤ ᠲᠠᠷᠢᠮᠠᠯ ᠤᠨ ᠲᠠᠯᠠᠪᠠᠶ ᠶᠢ ᠪᠠᠭᠠᠰᠬᠠᠨ᠎ᠠ᠃ ᠨᠡᠭᠦᠷᠡᠰᠦᠨ ᠠᠭᠤᠷᠬᠠᠢ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ | ᠮᠠᠲ᠋ᠧᠷᠢᠶᠠᠯ ᠵᠡᠷᠭᠡ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠤᠨ ᠲᠡᠷᠢᠭᠦᠨ ᠤ ᠤᠰᠤ ᠠᠷᠪᠢᠯᠠᠬᠤ ᠮᠡᠷᠭᠡᠵᠢᠯ ᠢ ᠪᠦᠭᠦ ᠲᠠᠯ᠎ᠠ ᠪᠠᠷ ᠭᠡᠷᠡᠭᠵᠢᠭᠦᠯᠵᠦ | ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠤᠰᠤᠨ ᠤ ᠠᠰᠢᠭᠯᠠᠮᠵᠢ ᠶᠢ ᠤᠯᠤᠰ ᠤᠨ ᠠᠵᠢᠯ ᠲᠥᠷᠥᠯ ᠤᠨ ᠤᠰᠤ ᠬᠡᠷᠡᠭᠯᠡᠬᠦ ᠲᠡᠷᠢᠭᠦᠨ ᠤ ᠭᠡᠮᠵᠢᠭᠳᠡᠯ ᠠᠴᠠ | ᠳᠣᠣᠷ᠎ᠠ ᠪᠠᠶᠢᠯᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ ᠡᠨᠡ ᠵᠢᠯ ᠤᠨ ᠤᠰᠤ ᠠᠷᠪᠢᠯᠠᠬᠤ ᠬᠡᠮᠵᠢᠶ᠎ᠡ ᠶᠢ 600 ᠲᠦᠮᠡᠨ ᠪᠣᠰᠤᠭ᠎ᠠ ᠳᠥᠷᠪᠡᠯᠵᠢᠨ | ᠮᠧᠲᠷ ᠰᠢᠨ᠎ᠡ ᠪᠠᠷ ᠨᠡᠮᠡᠭᠳᠡᠭᠦᠯᠦᠨ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 5% ᠠᠴᠠ ᠳᠡᠭᠡᠭᠰᠢ | ᠪᠠᠭᠤᠷᠠᠭᠤᠯᠬᠤ ᠬᠠᠷᠠᠯᠳᠠ ᠶᠢ ᠪᠡᠶᠡᠯᠡᠭᠦᠯᠦᠨ᠎ᠡ᠃ | ︵ᠲᠠᠪᠤ︶ ᠪᠦᠷᠬᠦᠴᠡ ᠶᠢ ᠥᠷᠭᠡᠳᠬᠡᠨ ᠬᠠᠯᠠᠮᠵᠢ ᠪᠠᠨ ᠨᠡᠮᠡᠭᠳᠡᠭᠦᠯᠵᠦ ᠬᠠᠮᠲᠤᠪᠠᠷ ᠡᠳ᠋ᠯᠡᠬᠦ ᠶᠢ ᠴᠢᠬᠤᠯᠠᠴᠢᠯᠠᠨ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠭᠦᠴᠦᠯᠡᠨ ᠲᠡᠮᠡᠴᠡᠨ᠎ᠡ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ | ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠥᠷᠨᠢᠭᠦᠯᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢ ᠪᠦᠬᠦ | ᠬᠦᠴᠦᠨ ᠢᠶᠠᠷ ᠠᠬᠢᠭᠤᠯᠵᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠦᠷᠦᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ ᠪᠦᠬᠦ ᠵᠢᠯ ᠳᠤ ᠬᠤᠳᠠ ᠪᠠᠯᠭᠠᠰᠤᠨ ᠤ 1000 ᠠᠴᠠ ᠳᠡᠭᠡᠭᠰᠢ ᠬᠥᠮᠥᠨ ᠳᠤ ᠰᠢᠨ᠎ᠡ ᠪᠠᠷ | ᠠᠵᠢᠯ ᠣᠯᠭᠤᠨ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ 3500 ᠣᠷᠴᠢᠮ ᠬᠥᠮᠥᠨ ᠳᠤ ᠰᠢᠯᠵᠢᠭᠦᠯᠦᠨ ᠠᠵᠢᠯ ᠤᠯᠭᠤᠨ᠎ᠠ᠃ ᠬᠤᠪᠢ ᠬᠥᠮᠥᠨ ᠤ | ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠢᠳᠡᠪᠬᠢᠲᠡᠢ ᠬᠡᠷᠡᠭᠵᠢᠭᠦᠯᠵᠦ ᠪᠥᠬᠦ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ | ᠲᠥᠯᠥᠪᠯᠡᠭᠡ ᠶᠢ ᠨᠠᠶᠢᠳᠠᠪᠤᠷᠢᠵᠢᠭᠤᠯᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠭᠡᠷᠡᠭᠯᠡᠭᠦ | ᠦᠷ᠎ᠡ ᠪᠦᠳᠦᠮᠵᠢ ᠶᠢ ᠲᠡᠭᠡᠭᠰᠢᠯᠡᠭᠦᠯᠦᠨ᠎ᠡ᠃ ᠭᠡᠷ ᠲᠡᠭᠡᠨ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ | ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠵᠦ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠬᠥᠭᠵᠢᠭᠦᠯᠦᠨ ᠠᠯᠪᠠᠨ ᠠᠴᠠ ᠪᠠᠶᠢᠭᠤᠯᠤᠭᠰᠠᠨ ᠬᠡᠦᠬᠡᠳ | ᠰᠠᠭᠠᠲᠠᠭᠤᠯᠬᠤ ᠪᠠᠶᠢᠭᠤᠯᠤᠮᠵᠢ ᠪᠠ ᠰᠢᠨᠵᠢᠯᠡᠬᠦ ᠤᠬᠠᠭᠠᠨᠴᠢ ᠪᠠᠷ ᠬᠡᠦᠬᠡᠳ ᠬᠥᠮᠥᠵᠢᠭᠦᠯᠬᠦ ᠵᠢᠯᠤᠭᠤᠳᠬᠤ ᠲᠥᠪ ᠢ ᠪᠠᠶᠢᠭᠤᠯᠤᠨ᠎ᠠ᠃ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠥᠨ ︽ᠵᠢᠷᠭᠤᠭ᠎ᠠ ᠶᠢ ᠲᠤᠰᠠᠯᠠᠵᠤ ᠨᠢᠭᠡ ᠶᠢ ᠰᠤᠪᠢᠯᠠᠬᠤ︾ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠷᠦᠯ ᠵᠤᠶᠢᠯ ᠢ ᠬᠡᠷᠡᠭᠵᠢᠭᠦᠯᠵᠦ ᠥᠤᠰᠢᠨᠵᠦᠦ ᠠᠰᠠᠷᠠᠨ ᠬᠠᠷᠠᠭᠠᠯᠵᠠᠬᠤ ᠬᠦᠷᠢᠶᠡᠯᠡᠩ ᠢ ᠡᠵᠡᠩᠨᠡᠯᠳᠡ ᠳᠤ | ᠤᠷᠤᠭᠤᠯᠵᠦ ᠡᠷᠡᠬᠦᠯᠵᠢᠯ ᠰᠤᠪᠢᠯᠠᠯᠲᠠ ᠶᠢᠨ ᠰᠤᠳᠤᠯᠭᠠᠨ ᠤ ᠪᠣᠯᠪᠠᠰᠤᠷᠠᠯ ᠦᠢᠯᠡᠳᠦᠯᠭᠡ ᠶᠢᠨ ᠰᠠᠭᠤᠷᠢᠨ ᠢ ᠪᠠᠶᠢᠭᠤᠯᠣᠨ ᠰᠦᠯᠳᠡ ᠰᠤᠮᠤᠨ ᠤ ᠣᠷᠣᠨ | ᠪᠦᠰᠡ ᠶᠢᠨ ᠴᠢᠨᠠᠷᠲᠠᠢ ᠨᠠᠰᠤᠵᠢᠯ ᠤᠨ ᠦᠢᠯᠡᠴᠢᠯᠡᠭᠡᠨ ᠤ ᠲᠥᠪ ᠢ ᠪᠠᠶᠢᠭᠤᠯᠤᠨ ᠲᠠᠭᠤᠰᠬᠠᠵᠦ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠬᠢᠷᠢ ᠲᠦᠪᠰᠢᠨ ᠢ ᠳᠠᠰᠤᠷᠠᠯᠲᠠ ᠦᠬᠡᠢ ᠲᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠤᠨ ᠦᠢᠯᠡᠴᠢᠯᠡᠭᠡᠨ ᠤ ᠶᠠᠰᠤ ᠴᠢᠨᠡᠷ ᠢ ᠲᠡᠭᠡᠭᠰᠢᠯᠡᠭᠦᠯᠦᠨ᠎ᠠ᠃ ᠰᠤᠷᠭᠠᠨ | ᠬᠥᠮᠦᠵᠢᠯ ᠢ ᠠᠷᠠᠳ ᠤᠨ ᠠᠮᠢᠳᠤᠷᠠᠯ ᠤᠨ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠵᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠰᠢᠶᠠᠨ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠨ ︽ᠨᠠᠷᠠᠲᠤ ᠲᠡᠮᠳᠡᠭ ᠢ ᠡᠭᠦᠳᠬᠦ᠂ ᠶᠠᠰᠤ ᠴᠢᠨᠠᠷ ᠢ | ᠳᠡᠭᠡᠭᠰᠢᠯᠡᠭᠦᠯᠬᠦ᠂ ᠨᠠᠷᠠᠲᠤ ᠰᠤᠷᠭᠠᠭᠤᠯᠢ ᠪᠠᠶᠢᠭᠤᠯᠬᠤ᠂ ᠨᠠᠷᠠᠲᠤ ᠪᠠᠭᠰᠢ ᠶᠢ ᠪᠤᠯᠪᠠᠰᠤᠷᠠᠭᠤᠯᠬᠤ᠂ ᠨᠠᠷᠠᠲᠤ ᠰᠣᠷᠣᠭᠴᠢ ᠶᠢ ᠭᠦᠮᠦᠵᠢᠭᠦᠯᠭᠦ︾ ᠪᠠᠷ ᠰᠡᠳᠬᠢᠴᠡ | ᠪᠣᠯᠭᠠᠵᠤ ᠪᠦᠯᠦᠭᠯᠡᠯᠵᠢᠭᠦᠯᠦᠨ ᠰᠤᠷᠭᠠᠭᠤᠯᠢ ᠡᠷᠭᠢᠯᠡᠬᠦ ᠪᠠᠷ ᠭᠠᠷᠳᠠᠴᠠ ᠪᠣᠯᠭᠠᠨ ᠪᠦᠬᠦ ᠤᠯᠤᠰ ᠤᠨ ᠨᠡᠷᠡᠲᠦ ᠰᠤᠷᠭᠠᠭᠤᠯᠢ ᠯᠤᠭ᠎ᠠ ᠬᠠᠮᠲᠤᠷᠠᠨ ᠰᠤᠷᠭᠠᠭᠤᠯᠢ | ᠡᠷᠬᠢᠯᠡᠬᠦ ᠶᠢ ᠰᠦᠪᠡᠭᠴᠢᠯᠡᠵᠦ ᠰᠠᠭᠤᠷᠢ ᠰᠤᠷᠭᠠᠨ ᠬᠥᠮᠦᠵᠢᠯ ᠢᠶᠠᠷ ᠰᠠᠶᠢᠨ ᠬᠢᠶ᠎ᠠ ᠪᠠᠭᠰᠢ ᠲᠣᠭᠤᠷᠢᠭ ᠲᠠᠢ ᠪᠦᠬᠦ ᠲᠠᠯ᠎ᠠ ᠪᠠᠷ ᠬᠠᠮᠲᠤᠷᠠᠯᠴᠠᠬᠤ ᠶᠢ | ᠴᠢᠩᠭᠠᠳᠬᠠᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠢ ᠥᠨᠳᠥᠷ ᠪᠠᠷᠢᠮᠵᠢᠶ᠎ᠠ ᠪᠠᠷ ᠠᠰᠢᠭᠯᠠᠯᠲᠠ ᠳᠤ | ᠤᠷᠤᠭᠤᠯᠵᠦ ᠲᠤᠬ ᠪᠠᠯᠭᠠᠰᠤᠨ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠤᠬᠢᠷᠠᠭᠤᠯᠤᠨ᠎ᠠ᠃ ᠰᠤᠷᠭᠠᠨ ᠬᠥᠮᠦᠵᠢᠯ ᠤᠨ ᠰᠠᠭᠤᠷᠢ ᠮᠥᠩᠭᠦ ᠶᠢᠨ | ᠲᠠᠲᠠᠭᠠᠯ ᠢ ᠲᠡᠭᠦᠯᠳᠡᠷᠵᠢᠭᠦᠯᠵᠦ ᠰᠢᠯᠢᠳᠡᠭ ᠪᠠᠭᠰᠢ ᠶᠢ ᠲᠡᠳᠡᠨ ᠠᠪᠴᠢᠷᠠᠵᠤ ᠰᠢᠯᠢᠳᠡᠭ ᠰᠤᠷᠤᠭᠴᠢ ᠶᠢ ᠦᠯᠡᠳᠡᠭᠡᠨ ᠦᠦᠰᠢᠨ ᠰᠤᠷᠭᠠᠨ ᠬᠥᠮᠦᠵᠢᠯ ᠢ | ᠥᠪᠡᠷᠮᠢᠴᠡ ᠣᠨᠴᠠᠯᠢᠭ ᠲᠠᠢ᠂ ᠬᠢᠷᠢ ᠲᠦᠪᠰᠢᠨ ᠲᠠᠢ᠂ ᠨᠡᠷ᠎ᠡ ᠠᠯᠳᠠᠷ ᠲᠠᠢ ᠡᠷᠭᠢᠯᠡᠵᠦ ᠥᠪᠥᠷ ᠮᠣᠩᠭᠤᠯ ᠤᠨ ᠪᠠᠷᠠᠭᠤᠨ ᠤᠷᠤᠨ ᠤ ᠰᠤᠷᠭᠠᠨ ᠬᠥᠮᠦᠵᠢᠯ ᠤᠨ | ᠬᠦᠴᠦᠷᠬᠡᠭ ᠬᠤᠰᠢᠭᠤ ᠶᠢ ᠬᠦᠴᠦᠯᠡᠨ ᠪᠠᠶᠢᠭᠤᠯᠤᠨ᠎ᠠ᠃ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠦᠢᠷ᠎ᠠ ᠬᠠᠪᠢ ᠶᠢᠨ | ᠭᠠᠵᠡᠷ ᠣᠷᠣᠨ᠂ ᠬᠦᠭᠵᠢᠭᠰᠡᠨ ᠬᠤᠳᠡ ᠶᠢᠨ ᠨᠡᠷ᠎ᠡ ᠠᠯᠳᠡᠷᠰᠢᠠᠠᠰᠠᠨ ᠡᠮᠴᠢᠯᠡᠭᠡᠨ ᠤ ᠪᠠᠶᠢᠭᠤᠯᠥᠮᠵᠢ ᠯᠤᠭ᠎ᠠ ᠶᠢᠨ ᠬᠠᠮᠳᠣᠷᠡᠯᠴᠠᠭ᠎ᠠ ᠪᠠᠨ ᠴᠢᠩᠭᠠᠳᠬᠠᠵᠦ ᠨᠢᠠᠠᠳᠡ | ᠭᠡᠯᠪᠡᠷᠢ ᠶᠢᠨ ᠡᠮᠴᠢᠯᠡᠭᠡᠨ ᠤ ᠬᠤᠯᠪᠣᠭᠠᠳᠣ ᠴᠣᠠᠠᠴᠠ ᠶᠢ ᠪᠠᠶᠢᠭᠤᠯᠥᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ︽ᠮᠡᠳᠡᠷᠡᠯ ᠤᠨ ᠳᠣᠲᠣᠷ ᠰᠠᠯᠠᠭ᠎ᠠ︾᠂ ︽ᠭᠠᠳᠠᠷ ᠰᠠᠯᠠᠭ᠎ᠠ︾᠂ ︽ᠬᠤᠳᠣᠭᠤᠳᠤ ᠭᠡᠳᠡᠰᠦᠨ ᠤ ᠰᠠᠯᠠᠭ᠎ᠠ︾ ᠵᠡᠷᠭᠡ | ᠣᠨᠴᠠᠯᠢᠭᠲᠤ ᠲᠤᠰᠬᠠᠢ ᠰᠠᠯᠠᠭ᠎ᠠ ᠶᠢ ᠪᠠᠶᠢᠭᠤᠯᠤᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠡᠮᠴᠢᠯᠡᠭᠡ ᠰᠡᠷᠭᠡᠶᠢᠯᠡᠯᠲᠡ ᠶᠢ ᠠᠭᠤᠰᠤᠯᠴᠠᠭᠤᠯᠬᠤ᠂ ᠠᠯᠤᠰ | ᠠᠴᠠ ᠣᠨᠣᠰᠢᠯᠠᠬᠤ ᠲᠥᠪ ᠢ ᠪᠠᠶᠢᠭᠤᠯᠤᠨ ᠠᠷᠠᠳ ᠢᠷᠭᠡᠳ ᠲᠤ ᠭᠡᠷ ᠤᠨ ᠡᠭᠦᠳᠡᠨ ᠳᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠶᠢ ᠡᠳ᠋ᠯᠡᠭᠦᠯᠦᠨ᠎ᠡ᠃ | ᠬᠤᠵᠢᠷᠳᠦ ᠡᠷᠡᠭᠦᠯ ᠬᠠᠮᠠᠭᠠᠯᠠᠯ ᠤᠨ ᠬᠤᠷᠢᠶ᠎ᠠ᠂ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠤᠶᠠᠳᠤᠭᠠᠷ ᠬᠤᠭᠤᠴᠠᠭᠠᠨ ᠤ ᠡᠮᠨᠡᠯᠭᠡ ᠳᠤ ᠰᠠᠭᠤᠬᠤ ᠭᠠᠵᠠᠷ ᠵᠡᠷᠭᠡ | ᠲᠥᠷᠥᠯ ᠵᠦᠢᠯ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ 3800 ᠲᠦᠮᠡᠨ ᠲᠥᠭᠦᠷᠢᠭ ᠤᠨ ᠪᠡᠯᠡ ᠣᠷᠣᠭᠤᠯᠵᠤ ᠠᠯᠪᠠᠨ | ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠣᠯᠣᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠲᠤ ᠨᠢᠭᠡ ᠪᠦᠯᠦᠭ ᠴᠢᠬᠤᠯᠠ ᠪᠦᠬᠦᠢ ᠡᠮᠴᠢᠯᠡᠭᠡᠨ ᠤ ᠲᠥᠬᠦᠭᠡᠷᠦᠮᠵᠢ ᠶᠢ ᠰᠢᠨ᠎ᠡ ᠪᠠᠷ ᠬᠤᠳᠠᠯᠳᠤᠨ ᠠᠪᠴᠤ ᠥᠭᠭᠦᠨ᠎ᠡ᠃ ︽ᠨᠠᠷᠠᠲᠤ | ᠡᠮᠴᠢ︾ ᠶᠢ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠪᠠᠭᠤᠯᠭᠠᠵᠤ ᠠᠷᠠᠳ ᠲᠤ ᠠᠰᠢᠭ ᠬᠦᠷᠲᠡᠭᠡᠬᠦ ᠣᠨᠣᠰᠢᠯᠠᠨ ᠡᠮᠨᠡᠬᠦ | ᠦᠢᠯᠡᠴᠢᠯᠡᠭᠡ ᠥᠷᠨᠢᠭᠦᠯᠬᠦ ᠶᠢ ᠪᠠᠶᠢᠩᠭᠤᠵᠢᠭᠤᠯᠤᠨ ᠠᠬᠢᠭᠤᠯᠵᠤ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ | ᠪᠠᠷ ᠳᠡᠭᠡᠭᠰᠢᠯᠡᠭᠦᠯᠦᠨ᠎ᠠ᠃ ᠤᠯᠠᠨ ᠨᠡᠶᠢᠲᠡ ᠶᠢᠨ ᠰᠣᠶᠣᠯ ᠤᠨ ᠠᠵᠢᠯ ᠦᠢᠯᠡᠰ ᠢ ᠴᠡᠴᠡᠭᠯᠡᠭᠦᠯᠦᠨ᠎ᠡ᠃ ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠳᠡᠭᠡᠭᠰᠢᠯᠡᠭᠦᠯᠬᠦ ᠠᠵᠢᠯᠯᠠᠭ᠎ᠠ︾ ᠶᠢ ᠥᠷᠨᠢᠭᠦᠯᠥᠨ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠳᠡ︾ ᠶᠢᠨ | ᠡᠷᠬᠢᠮ ᠳᠡᠭᠡᠳᠦ ᠢᠷᠠᠭᠤ ᠠᠯᠳᠠᠷ ᠢ ᠨᠠᠨᠳᠢᠩᠨᠠᠵᠤ ᠨᠠᠨᠵᠢᠩ ᠤᠨ ᠰᠡᠬᠡᠭᠡᠲᠡᠨ ᠵᠠᠯᠠᠭᠤᠴᠤᠳ ᠤᠨ ᠦᠦᠰᠢᠨ ᠳᠠᠬᠢ ᠦᠯᠢᠭᠡᠷ ᠢ ᠰᠠᠶᠢᠲᠤᠷ ᠶᠠᠷᠢᠵᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠦᠢᠯᠡᠰ ᠤᠨ ᠬᠥᠭᠵᠢᠯᠲᠡ ᠶᠢ ᠭᠦᠨ ᠰᠠᠭᠤᠬᠳᠠᠯ ᠲᠠᠢ ᠪᠥᠭᠡᠳ ᠪᠦᠲᠦᠮᠵᠢᠲᠡᠢ ᠪᠠᠷ ᠠᠬᠢᠭᠤᠯᠦᠨ᠎ᠠ᠃ | ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ ᠡᠨᠡ ᠵᠢᠯ ᠠᠴᠠ ᠡᠬᠢᠯᠡᠨ ᠬᠤᠰᠢᠭᠤ ᠡᠳ᠋ ᠤᠨ ᠵᠠᠰᠠᠭ ᠠᠴᠠ ᠵᠢᠯ ᠪᠦᠷᠢ | 500 ᠲᠦᠮᠡᠨ ᠲᠥᠭᠦᠷᠢᠭ ᠤᠨ ᠲᠤᠰᠬᠠᠢ ᠲᠦᠷᠦᠯ ᠤᠨ ᠪᠡᠯᠡ ᠮᠥᠩᠭᠦ ᠭᠠᠷᠭᠠᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠪᠠ | ᠬᠦᠭᠵᠢᠬᠦᠯᠬᠦ ᠭᠤᠷᠪᠠᠨ ᠵᠢᠯ ᠤᠨ ᠠᠵᠢᠯᠯᠠᠭ᠎ᠠ ᠳᠤ ᠬᠡᠷᠡᠭᠯᠡᠨ᠎ᠡ᠃ ᠪᠦᠭᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ | ᠲᠥᠯᠦᠪᠵᠢᠭᠦᠯᠭᠡ ᠶᠢ ᠨᠠᠶᠢᠷᠠᠭᠤᠯᠤᠨ ᠲᠤᠬᠳᠠᠭᠠᠵᠤ ᠲᠡᠦᠬᠡ ᠶᠢᠨ ᠳᠤᠷᠠᠰᠬᠠᠯᠲᠤ ᠵᠦᠢᠯᠡᠰ ᠤᠨ ᠦᠨ᠎ᠡ ᠦᠷᠲᠡᠭ ᠢ ᠭᠦᠢᠴᠡᠳ ᠠᠭᠤᠳᠠᠯᠵᠦ᠂ ᠬᠠᠮᠠᠭᠠᠯᠠᠬᠤ ᠪᠠ | ᠨᠡᠭᠡᠭᠡᠨ ᠠᠰᠢᠭᠯᠠᠬᠤ ᠶᠢ ᠵᠡᠷᠭᠡ ᠪᠠᠷ ᠠᠬᠢᠭᠤᠯᠬᠤ ᠶᠢ ᠦᠨᠡᠨᠬᠦ ᠪᠡᠶᠡᠯᠡᠭᠦᠯᠦᠨ᠎ᠡ᠃ ᠦᠦᠰᠢᠨ ᠬᠤᠰᠢᠭᠤᠨ ᠤ ᠤᠯᠠᠭᠠᠨᠮᠥ᠋ᠴᠢᠷ᠂ ᠮᠣᠷᠢᠨ ᠬᠤᠭᠤᠷ ᠤᠨ ᠨᠠᠶᠢᠷᠠᠯ | ᠬᠥᠭᠵᠢᠮ ᠤᠨ ᠪᠦᠯᠬᠦᠮ ᠤᠨ ᠨᠡᠷᠡᠳᠦ ᠲᠡᠮᠳᠡᠭ ᠢ ᠦᠷᠭᠦᠯᠵᠢᠯᠡᠨ ᠴᠤᠤᠷᠢᠶᠠᠳᠤᠭᠤᠯᠤᠨ᠎ᠠ᠃ ᠨᠠᠭᠠᠳᠤᠮ ᠤᠨ ᠬᠤᠷᠠᠯ᠂ ᠤᠯᠠᠨ ᠬᠤᠷᠠᠬᠤ᠂ ︽ᠦᠤᠰᠢᠨ | ᠵᠢᠷᠤᠭ᠎ᠠ ᠬᠥᠭᠵᠢᠮ ᠤᠨ ᠴᠡᠩᠭᠡᠭᠦᠨ︾ ᠵᠡᠷᠭᠡ ᠰᠣᠶᠣᠯ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠡᠷᠭᠢᠯᠡᠵᠦ ᠣᠯᠠᠨ ᠲᠦᠮᠡᠨ ᠤ | ᠰᠣᠶᠣᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠤᠨ᠎ᠠ᠃ | ︵ᠵᠢᠷᠭᠤᠭ᠎ᠠ︶ ᠴᠢᠨᠠᠷ ᠴᠢᠨᠰᠠᠭ᠎ᠠ ᠶᠢ ᠰᠢᠯᠢᠳᠡᠭᠵᠢᠭᠦᠯᠵᠦ ᠰᠠᠭᠤᠷᠢ ᠶᠢ ᠪᠠᠲᠤᠳᠬᠠᠨ ᠵᠣᠬᠢᠴᠠᠭᠤᠯᠭ᠎ᠠ ᠶᠢ ᠠᠬᠢᠭᠤᠯᠵᠤ ᠬᠤᠳᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠲᠠᠯ᠎ᠠ ᠪᠠᠷ ᠲᠡᠷᠢᠬᠦᠨ ᠳᠤ ᠤᠷᠤᠬᠤ ᠪᠠᠷ ᠬᠦᠴᠦᠯᠡᠨ ᠲᠡᠮᠡᠴᠡᠨ᠎ᠡ᠃ ᠬᠤᠲᠠ ᠬᠥᠳᠡᠭᠡ ᠶᠢ ᠬᠠᠮᠲᠤ ᠪᠠᠷ | ᠪᠦᠲᠦᠭᠡᠨ ᠪᠠᠶᠢᠭᠤᠯᠬᠤ ᠶᠢ ᠦᠷᠭᠦᠯᠵᠢᠯᠡᠨ ᠴᠢᠩᠭᠠᠳᠬᠠᠨ᠎ᠠ᠃ ᠠᠵᠤ ᠦᠢᠯᠡᠰ ᠪᠠ ᠬᠤᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠬᠦᠴᠦᠯᠡᠨ ᠠᠬᠢᠭᠤᠯᠤᠨ᠎ᠠ | ᠃ ᠭᠠᠯᠠᠭᠤᠳᠤ ᠪᠠᠯᠭᠠᠰᠤ ᠪᠠᠷ ᠲᠦᠪ ᠪᠣᠯᠭᠠᠨ ︽ᠬᠠᠭᠤᠴᠢᠨ ᠬᠤᠳᠠ ᠶᠢ ᠥᠭᠡᠷᠡᠴᠢᠯᠡᠬᠦ᠂ ᠰᠢᠨ᠎ᠡ ᠬᠤᠳᠠ ᠶᠢ ᠴᠡᠴᠡᠭᠯᠡᠭᠦᠯᠬᠦ᠂ ᠴᠢᠳᠠᠪᠬᠢ ᠶᠢ ᠲᠡᠭᠦᠯᠳᠡᠷᠵᠢᠭᠦᠯᠬᠦ | ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ︾ ᠰᠡᠳᠬᠢᠴᠡ ᠪᠠᠷ ᠬᠤᠳᠠ ᠶᠢᠨ ᠰᠢᠨᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠤᠨ᠎ᠠ᠃ ︽ᠳᠤᠯᠠᠭᠠᠨ ᠢᠨᠵᠧᠨᠧᠷᠢᠩ︾ | ᠢ ᠪᠠᠬᠢᠵᠢᠭᠦᠯᠦᠨ ᠥᠷᠭᠡᠳᠬᠡᠵᠦ ᠨᠢᠭᠡ ᠪᠦᠯᠦᠭ ᠤᠰᠤ᠂ ᠳᠤᠯᠠᠭᠠᠯᠠᠭ᠎ᠠ᠂ ᠬᠡᠢ ᠬᠠᠩᠭᠠᠬᠤ ᠶᠢ ᠣᠶᠤᠨᠴᠢᠯᠠᠨ ᠥᠭᠡᠷᠡᠴᠢᠯᠡᠵᠦ ᠲᠠᠰ ᠳᠡᠪᠰᠢᠭᠦᠯᠬᠦ ᠲᠥᠷᠥᠯ | ᠵᠦᠢᠯ ᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ ᠴᠡᠴᠡᠷᠯᠢᠭ ᠢᠶᠠᠷ ᠵᠤᠭᠠᠴᠠᠬᠤ ᠵᠦᠯᠭᠡ ᠭᠠᠵᠠᠷ᠂ ᠬᠥᠳᠡᠯᠭᠡᠭᠡᠨ ᠤ ᠣᠷᠣᠨ ᠵᠠᠢ᠂ ᠬᠥᠷᠰᠢ ᠵᠡᠷᠭᠡᠯᠡᠳᠡᠭᠡ ᠶᠢᠨ | ᠲᠥᠪ ᠵᠡᠷᠭᠡ ᠲᠠᠯᠠᠪᠤᠷ ᠤᠨ ᠲᠦᠭᠦᠭᠡᠷᠦᠮᠵᠢ ᠶᠢ ᠲᠡᠭᠦᠯᠳᠡᠷᠵᠢᠭᠦᠯᠦᠨ ᠬᠤᠲᠠ ᠪᠠᠯᠭᠠᠰᠤᠨ ᠤ ᠣᠯᠠᠨ ᠨᠡᠶᠢᠲᠡ ᠶᠢᠨ ᠲᠦᠬᠦᠭᠡᠷᠦᠮᠵᠢ ᠶᠢᠨ ᠴᠢᠨᠠᠷ ᠰᠠᠶᠢᠲᠠᠢ | ᠬᠠᠩᠭᠠᠯᠭ᠎ᠠ ᠶᠢ ᠰᠢᠯᠢᠳᠡᠭᠵᠢᠭᠦᠯᠤᠨ᠎ᠡ᠃ ᠲᠤᠯᠠᠭᠠᠯᠠᠭ᠎ᠠ ᠶᠢᠨ ᠬᠤᠭᠤᠯᠠᠶ ᠲᠣᠣᠷ ᠢ 52 ᠺᠢᠯᠣᠮᠧᠲᠷ᠂ ᠤᠰᠤ ᠬᠠᠩᠭᠠᠬᠤ ᠬᠤᠭᠤᠯᠠᠶ ᠲᠣᠤᠷ ᠢ 39 ᠺᠢᠯᠣᠮᠧᠲᠷ᠂ | ᠪᠣᠷᠣᠭᠠᠨ ᠤᠰᠤᠨ ᠤ ᠬᠤᠭᠤᠯᠠᠶ ᠲᠣᠤᠷ ᠢ 7.2 ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠨ᠎ᠠ᠃ 16 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ | ᠥᠭᠡᠷᠡᠴᠢᠯᠡᠯᠲᠡ ᠶᠢ ᠪᠡᠶᠡᠯᠡᠬᠦᠯᠦᠨ ᠴᠠᠬᠢᠯᠭᠠᠨ ᠴᠡᠨᠡᠭᠯᠡᠬᠦ ᠰᠠᠷᠠᠪᠴᠢ ᠶᠢ 50 ᠰᠢᠨ᠎ᠡ ᠪᠠᠷ ᠪᠠᠶᠢᠭᠤᠯᠵᠤ ᠲᠡᠷᠭᠡᠨ ᠬᠠᠭᠤᠴᠢᠨ ᠰᠠᠷᠠᠪᠴᠢ ᠶᠢ 115 | ᠰᠠᠶᠢᠵᠢᠷᠠᠭᠤᠯᠤᠨ ᠥᠭᠡᠷᠡᠴᠢᠯᠡᠵᠦ 4.6 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠢ ᠨᠣᠭᠤᠭᠠᠷᠠᠭᠤᠯᠵᠤ ᠬᠠᠲᠠᠭᠤᠷᠠᠭᠤᠯᠤᠨ ᠥᠭᠡᠷᠡᠴᠢᠯᠡᠨ᠎ᠡ᠃ ᠲᠤᠭ | ᠪᠠᠯᠭᠠᠰᠤ ᠪᠠᠷ ᠤᠳᠤᠷᠢᠳᠤᠮᠵᠢ ᠪᠣᠯᠭᠠᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ ᠬᠤᠳᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠦᠨ ᠴᠢᠨᠠᠷ ᠳᠡᠰᠲᠤ ᠬᠤᠳᠠᠯᠳᠤᠭᠠᠨ ᠤ ᠵᠡᠭᠡᠯᠢ ᠲᠣᠭᠤᠷᠢᠭ ᠪᠠ ᠰᠠᠭᠤᠭᠠᠯᠢ ᠠᠷᠠᠳ ᠤᠨ ᠲᠣᠭᠤᠷᠢᠭ ᠢ ᠪᠠᠶᠢᠭᠤᠯᠵᠤ ᠠᠷᠠᠯᠵᠢᠶ᠎ᠠ ᠬᠤᠳᠠᠯᠳᠤᠭ᠎ᠠ | ᠪᠠᠷᠠᠭ᠎ᠠ ᠬᠤᠳᠠᠯᠳᠤᠨ ᠠᠪᠬᠤ᠂ ᠬᠤᠭᠤᠯᠠ ᠤᠮᠳᠠ ᠬᠤᠨᠤᠭ ᠪᠠᠭᠤᠳᠠᠯ᠂ ᠰᠣᠶᠣᠯ ᠪᠡᠶ᠎ᠡ ᠲᠠᠮᠢᠷ ᠰᠡᠯᠡᠭᠦᠴᠡᠯ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠬᠥᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠦᠭᠦᠭᠡᠷᠦᠮᠵᠢ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ ᠠᠶᠤᠯᠬᠦᠢ ᠤᠤᠭᠤᠬᠤ | ᠤᠰᠤᠨ ᠤ ᠢᠨᠵᠧᠨᠧᠷᠢᠩ ᠢ 12 ᠭᠠᠵᠠᠷ ᠲᠤ ᠬᠡᠷᠡᠭᠵᠢᠭᠦᠯᠦᠨ ᠴᠡᠪᠡᠷ ᠲᠤᠯᠠᠭᠠᠯᠠᠭ᠎ᠠ ᠶᠢᠨ ᠥᠭᠡᠷᠡᠴᠢᠯᠡᠯᠲᠡ ᠶᠢ 2100 ᠡᠷᠦᠬᠡ ᠠᠴᠠ ᠳᠡᠭᠡᠭᠰᠢ ᠬᠡᠷᠡᠭᠵᠢᠭᠦᠯᠵᠦ | ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠥᠭᠡᠷᠡᠴᠢᠯᠡᠯᠲᠡ ᠶᠢ 1405 ᠺᠢᠯᠣᠮᠧᠲᠷ ᠪᠡᠶᠡᠯᠡᠭᠦᠯᠤᠨ ᠬᠥᠳᠡᠭᠡ ᠲᠣᠰᠬᠤᠨ ᠤ ᠵᠠᠰᠠᠮᠠᠯ ᠵᠠᠮ ᠢ 300 | ᠺᠢᠯᠣᠮᠧᠲᠷ ᠰᠢᠨ᠎ᠡ ᠪᠠᠷ ᠵᠠᠰᠠᠵᠤ ᠰᠠᠶᠢᠵᠢᠷᠠᠭᠤᠯᠤᠨ᠎ᠠ᠃ ᠬᠤᠰᠢᠭᠤ ᠪᠠᠷᠠᠭᠠᠨ ᠭᠦᠢᠯᠭᠡᠭᠡᠨ ᠤ ᠶᠡᠷᠦᠩᠬᠡᠶᠢᠯᠡᠭᠰᠡᠨ ᠲᠣᠬᠢᠷᠠᠭᠤᠯᠤᠨ ᠬᠦᠷᠭᠡᠬᠦ ᠲᠥᠪ ᠢ ᠪᠠᠶᠢᠭᠤᠯᠵᠤ | ᠬᠥᠳᠡᠭᠡ ᠲᠣᠰᠬᠤᠨ ᠤ ᠭᠤᠪᠢᠭᠤᠯᠤᠨ ᠬᠦᠷᠭᠡᠭᠦ ᠪᠠᠷᠠᠭᠠᠨ ᠭᠦᠢᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠣᠷᠣᠰᠢᠨ | ᠰᠠᠭᠤᠷᠢᠰᠢᠬᠤ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ ᠠᠮᠢᠳᠤᠷᠠᠯ ᠤᠨ ᠬᠤᠭ ᠨᠣᠪᠰᠢ ᠶᠢ | ᠰᠢᠢᠳᠪᠦᠷᠢᠯᠡᠬᠦ ᠦᠢᠯᠡᠳᠪᠦᠷᠢ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠤᠷ ᠵᠡᠷᠭᠡ ᠶᠢ 7 ᠭᠠᠵᠠᠷ ᠰᠢᠨ᠎ᠡ ᠪᠠᠷ ᠥᠭᠡᠷᠡᠴᠢᠯᠡᠨ ᠪᠠᠶᠢᠭᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ | ᠰᠤᠷᠤᠯᠴᠠᠨ ᠬᠡᠷᠡᠭᠯᠡᠵᠦ ︽ᠲᠠᠪᠤ ᠶᠢ ᠨᠢᠭᠡ ᠴᠣᠭᠴᠠᠵᠢᠭᠤᠯᠬᠤ︾ ᠬᠤᠯᠪᠤᠭᠠᠯᠠᠨ ᠡᠵᠡᠩᠨᠡᠬᠦ ᠵᠠᠭᠪᠤᠷ ᠢ ᠰᠦᠪᠡᠭᠴᠢᠯᠡᠨ ᠭᠠᠷᠭᠠᠵᠤ ︽ᠭᠤᠷᠪᠠ ᠶᠢ ᠬᠤᠪᠢᠷᠠᠭᠤᠯᠬᠤ | ︾ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ︽ᠭᠠᠴᠠᠭ᠎ᠠ ᠲᠣᠰᠬᠤᠨ ᠤ ᠪᠡᠯᠡ ᠣᠷᠣᠭᠤᠯᠤᠯᠲᠠ ᠶᠢᠨ ᠺᠣᠮᠫᠠᠨᠢ︾ ︽ᠲᠠᠷᠢᠶᠠᠴᠢᠨ ᠲᠠᠢ | ᠬᠤᠯᠪᠣᠭᠠᠯᠠᠵᠤ ᠬᠠᠮᠲᠤ ᠪᠠᠷ ᠪᠠᠶᠠᠵᠢᠬᠤ᠂ ᠨᠠᠶᠢᠳᠠᠨ ᠬᠠᠮᠢᠶᠠᠷᠤᠭᠤᠯᠵᠤ ᠬᠠᠮᠲᠤ ᠪᠠᠷ ᠡᠳ᠋ᠯᠡᠬᠦ︾ ︽ᠡᠷᠦᠬᠡ ᠠᠴᠠ ᠦᠷᠡᠵᠢᠭᠦᠯᠵᠦ ᠠᠵᠤ ᠠᠬᠤᠶᠢᠯᠠᠯ ᠠᠴᠠ | ᠪᠤᠷᠳᠤᠨ ᠲᠠᠷᠭᠤᠯᠠᠭᠤᠯᠬᠤ︾ ᠵᠡᠷᠭᠡ ᠲᠠᠷᠢᠶᠠᠴᠢᠨ ᠲᠠᠢ ᠬᠤᠯᠪᠣᠭᠠᠯᠠᠵᠤ ᠲᠠᠷᠢᠶᠠᠴᠢᠨ ᠢ ᠲᠠᠶᠢᠴᠢᠯᠡᠨ ᠲᠠᠷᠢᠶᠠᠴᠢᠨ ᠢ ᠪᠠᠶᠠᠵᠢᠭᠤᠯᠬᠤ ᠠᠷᠭ᠎ᠠ ᠬᠡᠮᠵᠢᠶ᠎ᠡ ᠶᠢ | ᠳᠡᠯᠭᠡᠷᠡᠭᠦᠯᠦᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ 2᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ | ᠲᠣᠰᠬᠤᠨ ᠢ 2᠂ ᠣᠷᠣᠰᠢᠨ ᠰᠠᠭᠤᠬᠤ ᠠᠵᠢᠯ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ 8 ᠥᠨᠳᠥᠷ | ᠪᠠᠷᠢᠮᠵᠢᠶ᠎ᠠ ᠪᠠᠷ ᠪᠣᠶ ᠪᠣᠯᠭᠠᠵᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠨ᠎ᠡ᠃ ︽ | ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠲᠠᠶᠢᠴᠢᠯᠡᠭᠤᠯᠬᠤ︾ ᠶᠢ ᠶᠡᠬᠡᠪᠡᠷ ᠠᠬᠢᠭᠤᠯᠵᠤ ︽ᠮᠠᠯᠴᠢᠨ ᠲᠠᠷᠢᠶᠠᠴᠢᠨ ᠤ ᠪᠦᠲᠦᠮᠵᠢᠲᠡᠶ | ᠬᠠᠩᠭᠠᠯᠭ᠎ᠠ + ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ᠰᠢᠭᠦᠯᠦᠨ ᠪᠣᠭᠤᠳᠠᠯᠯᠠᠬᠤ + ᠬᠠᠷᠢᠶ᠎ᠠ ᠭᠠᠵᠠᠷ ᠤᠨ ᠠᠵᠤ ᠠᠬᠤᠶᠢᠯᠠᠯ ᠤᠨ ᠲᠤᠬᠠᠢ ᠶᠢᠨ | ᠭᠠᠵᠠᠷ ᠲᠤᠨᠢ ᠬᠡᠷᠡᠭᠯᠡᠨ ᠠᠰᠢᠭᠯᠠᠬᠤ︾ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ ᠰᠠᠭᠤᠭ᠎ᠠ ᠭᠠᠵᠠᠷ ᠤᠨ ᠠᠵᠤ | ᠠᠬᠤᠶᠢᠯᠠᠯ ᠤᠨ ᠮᠠᠯ ᠲᠠᠷᠢᠶᠠᠯᠠᠩ ᠠᠵᠤ ᠠᠬᠤᠢ ᠳᠤ ᠪᠡᠯᠡ ᠣᠷᠣᠭᠤᠯᠬᠤ᠂ ᠮᠠᠯᠵᠢᠬᠤ ᠲᠠᠷᠢᠶᠠᠯᠠᠬᠤ ᠣᠷᠣᠨ ᠢ ᠲᠡᠮᠵᠢᠬᠦ ᠶᠢ ᠬᠥᠲᠥᠯᠥᠨ ᠵᠢᠯᠤᠭᠤᠳᠤᠨ᠎ᠠ᠃ | ᠣᠲᠣ ᠶᠢᠨ ᠪᠠᠶᠢᠭ᠎ᠠ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠭᠰᠠᠨ ᠰᠠᠭᠤᠷᠢᠨ ᠳᠡᠭᠡᠷ᠎ᠡ ᠲᠥᠪ ᠠᠴᠠ ᠰᠢᠭᠤᠳ ᠬᠦᠷᠬᠦ᠂ ᠥᠪᠡᠷᠲᠡᠭᠡᠨ ᠵᠠᠰᠠᠬᠤ ᠣᠷᠣᠨ᠂ ᠬᠤᠲᠠ ᠭᠤᠷᠪᠠᠨ ᠱᠠᠲᠤ ᠶᠢ | ᠵᠣᠯᠭᠠᠭᠤᠯᠬᠤ ᠪᠡᠯᠡ ᠮᠥᠩᠭᠦ ᠶᠢ 4600 ᠲᠦᠮᠡᠨ ᠲᠥᠭᠦᠷᠢᠭ ᠠᠴᠠ ᠲᠡᠭᠡᠭᠰᠢ ᠪᠥᠬᠦ ᠬᠦᠴᠦᠨ ᠢᠶᠠᠷ ᠢᠶᠠᠨ ᠲᠠᠮᠡᠴᠡᠨ ᠤᠯᠬᠤ ᠪᠠᠷ ᠴᠢᠷᠮᠠᠶᠢᠵᠤ ᠪᠡᠯᠡ | ᠣᠷᠣᠭᠤᠯᠤᠯᠲᠠ ᠶᠢᠨ ᠬᠡᠪᠴᠢᠶ᠎ᠡ ᠨᠢ ᠲᠣᠬᠢᠷᠠᠮᠵᠢᠲᠠᠢ᠂ ᠲᠠᠷᠢᠶᠠᠯᠠᠩ ᠲᠠᠢ ᠬᠤᠯᠪᠤᠭᠠᠯᠠᠨ ᠲᠠᠷᠢᠶᠠᠯᠠᠩ ᠢ ᠳᠠᠶᠢᠴᠢᠯᠠᠬᠤ ᠦᠷ᠎ᠡ ᠠᠰᠢᠭ ᠨᠢ ᠢᠯᠡᠷᠬᠡᠢ᠂ ᠨᠡᠯᠢᠶᠡᠳ | ᠰᠠᠶᠢᠨ ᠡᠵᠡᠩᠨᠡᠯᠲᠡ ᠶᠢᠨ ᠢᠷᠡᠭᠡᠳᠦᠢ ᠲᠠᠢ ᠲᠥᠷᠥᠯ ᠵᠦᠢᠯ ᠢ ᠨᠦᠭᠡᠴᠡᠯᠡᠬᠦ ᠶᠢ ᠨᠢᠮᠪᠠᠢ ᠲᠦᠯᠦᠪᠵᠢᠬᠦᠯᠵᠤ ᠬᠠᠮᠲᠤ ᠶᠢᠨ ᠠᠵᠤ ᠠᠬᠤᠢ ᠶᠢ ᠬᠦᠴᠦᠷᠭᠡᠭᠵᠢᠬᠦᠯᠬᠦ | ᠪᠠᠷ ᠮᠠᠯᠴᠢᠨ ᠲᠠᠷᠢᠶᠠᠴᠢᠨ ᠢ ᠪᠠᠶᠠᠵᠢᠭᠤᠯᠬᠤ ᠶᠢ ᠳᠠᠶᠢᠴᠢᠯᠠᠨ᠎ᠠ᠃ ᠦᠬᠡᠷ ᠬᠤᠨᠢᠨ ᠮᠢᠬ᠎ᠠ ᠵᠡᠷᠭᠡ ᠮᠠᠯ ᠤᠨ ᠠᠰᠢᠭ ᠰᠢᠮ᠎ᠡ ᠶᠢᠨ ᠥᠢᠯᠡᠳᠭᠦᠨ ᠤ ᠦᠨ᠎ᠡ ᠬᠠᠩᠰᠢ | ᠦᠷᠭᠦᠯᠵᠢᠯᠡᠨ ᠮᠠᠭᠤᠳᠠᠵᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠮᠡᠬᠦᠰᠳᠡᠵᠦ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ | ᠬᠤᠰᠢᠭᠤ ᠡᠳ᠋ ᠤᠨ ᠵᠠᠰᠠᠭ ᠠᠴᠠ ᠳᠠᠬᠢᠨ 500 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠭᠠᠷᠭᠠᠵᠤ ᠣᠳᠣᠬᠠᠨ ᠤ ᠮᠠᠯ ᠤᠨ ᠠᠰᠢᠭ ᠰᠢᠮ᠎ᠡ ᠶᠢᠨ | ᠦᠢᠯᠡᠳᠭᠦᠨ ᠤ ᠪᠣᠷᠤᠯᠠᠭᠤᠯᠭ᠎ᠠ ᠶᠢᠨ ᠬᠦᠴᠢᠷᠳᠡᠯ ᠪᠠ ᠮᠠᠯᠴᠢᠨ ᠲᠠᠷᠢᠶᠠᠴᠢᠨ ᠤ ᠣᠷᠣᠯᠭ᠎ᠠ ᠪᠠᠭᠤᠷᠠᠵᠤ ᠪᠠᠶᠢᠭ᠎ᠠ ᠵᠡᠷᠭᠡ ᠲᠣᠪᠣᠶᠢᠮ᠎ᠠ ᠠᠰᠠᠭᠤᠳᠠᠯ ᠢ | ᠰᠢᠢᠳᠪᠦᠷᠢᠯᠡᠬᠦ ᠳᠤ ᠬᠡᠷᠡᠭᠯᠡᠨ᠎ᠡ᠃ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠭᠦᠭᠵᠢᠯᠳᠡ ᠶᠢ ᠨᠢᠭᠡᠳᠦᠯᠳᠡᠢ ᠲᠦᠯᠦᠪᠵᠢᠭᠦᠯᠦᠨ᠎ᠠ᠃ ︽ᠣᠷᠣᠨ ᠪᠦᠰᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ︾ ᠶᠢ ᠥᠷᠨᠢᠭᠦᠯᠵᠦ ᠨᠢᠩᠰᠢᠶᠠ᠂ ᠱᠠᠨᠰᠢ ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ | ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠨ ᠰᠤᠷᠭᠠᠨ ᠬᠦᠮᠦᠵᠢᠯ᠂ ᠡᠮ ᠡᠮᠨᠡᠯᠭᠡ᠂ ᠰᠠᠭᠤᠷᠢ ᠲᠦᠭᠦᠭᠡᠷᠦᠮᠵᠢ᠂ ᠮᠠᠯ ᠲᠠᠷᠢᠶᠠᠯᠠᠩ ᠤᠨ ᠪᠦᠲᠦᠭᠡᠭᠳᠡᠬᠦᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠤᠳᠤ ᠦᠶ᠎ᠡ ᠶᠢᠨ ᠨᠡᠬᠦᠷᠡᠰᠦ ᠬᠢᠮᠢ ᠶᠢᠨ ᠦᠢᠯᠡᠳᠪᠦᠷᠢ ᠵᠡᠷᠭᠡ ᠬᠦᠷᠢᠶ᠎ᠡ ᠴᠠᠷᠠᠭᠠᠨ ᠳᠠᠬᠢ | ᠬᠠᠮᠳᠤᠷᠠᠯᠴᠠᠭᠠᠨ ᠤ ᠰᠢᠨ᠎ᠡ ᠰᠢᠪᠲᠤᠯᠤᠯᠲᠠ ᠤᠯᠬᠤ ᠶᠢ ᠠᠬᠢᠭᠤᠯᠤᠨ᠎ᠠ᠃ ᠠᠮᠠᠨᠴᠢᠷᠭ᠎ᠠ ᠠᠴᠠ ᠪᠠᠭ᠎ᠠ ᠬᠤᠭᠤᠯᠠᠶᠢᠲᠤ᠂ ᠥᠥᠰᠢᠨ ᠠᠴᠠ ᠬᠦᠨᠦᠭ ᠬᠦᠷᠬᠦ | ᠵᠠᠰᠠᠮᠠᠯ ᠵᠠᠮ ᠪᠠ ᠵᠡᠭᠦᠠᠭᠠᠷ ᠠᠴᠠ ᠢᠷᠭᠠᠢ᠂ ᠭᠠᠯᠠᠭᠤᠲᠤ ᠠᠴᠠ ᠲᠡᠮᠡᠭᠡᠲᠤ ᠬᠦᠷᠬᠦ ᠦᠨᠳᠦᠷ ᠬᠤᠷᠳᠤᠴᠠᠲᠤ ᠵᠠᠰᠠᠮᠠᠯ ᠵᠠᠮ ᠵᠡᠷᠭᠡ ᠶᠢᠨ ᠡᠮᠦᠨᠡᠬᠢ ᠬᠤᠭᠤᠴᠠᠭᠠᠨ ᠤ | ᠠᠵᠢᠯ ᠢ ᠪᠦᠬᠦ ᠬᠦᠴᠦᠨ ᠢᠶᠠᠷ ᠠᠬᠢᠭᠤᠯᠵᠤ ᠨᠠᠷᠢᠨᠭᠤᠤᠯ᠂ ᠳ᠋ᠠ ᠬᠠᠢ ᠽᠧ ᠵᠡᠷᠭᠡ ᠲᠡᠮᠦᠷ ᠵᠠᠮ ᠤᠨ ᠲᠤᠰᠬᠠᠶ ᠱᠤᠭᠤᠮ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠭᠡᠨ᠎ᠡ᠃ ᠲᠤᠭ ᠪᠠᠯᠭᠠᠰᠤᠨ ᠲᠤᠭᠤᠷᠢᠭ ᠠᠴᠠ ᠲᠤᠭ ᠲᠦᠷᠦᠯ ᠵᠦᠢᠯ ᠤᠨ ᠲᠤᠭᠤᠷᠢᠭ ᠬᠦᠷᠬᠦ ᠬᠤᠶᠠᠳᠣᠭᠠᠷ ᠳᠡᠰ ᠤᠨ ᠵᠠᠰᠠᠮᠠᠯ ᠵᠠᠮ ᠢ ᠪᠠᠶᠢᠭᠤᠯᠤᠨ | ᠲᠠᠭᠤᠰᠬᠠᠵᠤ ᠲᠤᠭ ᠪᠠᠯᠭᠠᠰᠤᠨ ᠤ ᠪᠠᠯᠭᠠᠰᠤᠨ ᠲᠤᠭᠤᠷᠢᠭ ᠠᠴᠠ ᠲᠤᠭ ᠲᠦᠷᠦᠯ ᠵᠤᠶᠢᠯ ᠤᠨ ᠤᠷᠤᠨ ᠭᠦᠷᠭᠦ ᠭᠤᠷᠪᠠᠨ ᠵᠤᠷᠪᠤᠰ ᠨᠠᠶᠢᠳᠡ ᠶᠢᠨ ᠮᠠᠰᠢᠨ | ᠲᠡᠷᠭᠡᠨ ᠤ ᠵᠠᠮ ᠱᠤᠭᠤᠮ ᠢ ᠨᠡᠪᠳᠡᠷᠡᠭᠦᠯᠦᠨ᠎ᠡ᠃ ᠤᠶᠢᠷ᠎ᠠ ᠤᠭᠲᠠᠷᠭᠤᠢ ᠶᠢᠨ ᠠᠵᠤ ᠠᠬᠤᠶ ᠶᠢ ᠢᠳᠡᠪᠬᠢᠲᠡᠶ ᠬᠥᠭᠵᠢᠭᠦᠯᠦᠨ ᠳᠤᠮᠳᠠᠳᠤ ᠤᠯᠤᠰ ᠤᠨ | ᠨᠢᠰᠦᠯᠲᠡ ᠶᠢᠨ ᠲᠤᠷᠰᠢᠯᠲᠠ ᠶᠢᠨ ᠰᠤᠳᠤᠯᠭᠠᠨ ᠤ ᠬᠦᠷᠢᠶᠡᠯᠡᠩ᠂ ᠣᠷᠳᠣᠰ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠯᠦᠭᠡ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ ᠵᠢᠯᠣᠭᠤᠴᠢ ᠥᠬᠡᠶ ᠨᠢᠰᠬᠡᠯ ᠤᠨ ᠰᠣᠷᠢᠯᠲᠠ᠂ ᠠᠭᠠᠷ ᠠᠶᠠᠯᠠᠯ ᠤᠨ ᠪᠣᠯᠪᠠᠰᠤᠷᠠᠯ᠂ ᠤᠶᠢᠷ᠎ᠠ ᠤᠭᠲᠠᠷᠭᠤᠢ ᠶᠢᠨ ᠵᠢᠭᠤᠯᠴᠢᠯᠠᠯ᠂ ᠣᠶᠢᠷ᠎ᠠ | ᠵᠠᠮ ᠤᠨ ᠲᠡᠭᠡᠭᠡᠪᠦᠷᠢ ᠵᠡᠷᠭᠡ ᠲᠤᠬᠠᠶᠢᠯᠠᠭᠰᠠᠨ ᠠᠵᠢᠯ ᠢ ᠥᠷᠭᠡᠳᠬᠡᠨ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠢ ᠪᠤᠯᠭᠠᠨ᠎ᠠ᠃ | ︵ᠳᠤᠯᠤᠭ᠎ᠠ︶ ᠰᠡᠷᠭᠡᠶᠢᠯᠡᠯᠲᠡ ᠶᠢᠨ ᠱᠤᠭᠤᠮ ᠪᠠᠶᠢᠭᠤᠯᠵᠤ ᠬᠤᠷᠢᠭ᠎ᠠ ᠱᠤᠭᠤᠮ ᠢ ᠰᠠᠬᠢᠨ ᠠᠶᠤᠯ ᠲᠦᠭᠰᠢᠭᠦᠷᠢ ᠶᠢ ᠰᠡᠷᠭᠡᠶᠢᠯᠡᠵᠦ ᠬᠥᠭᠵᠢᠯᠲᠡ ᠶᠢᠨ | ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠲᠠᠯ᠎ᠠ ᠪᠠᠷ ᠲᠡᠷᠢᠬᠦᠨ ᠳᠤ ᠤᠷᠤᠬᠤ ᠪᠠᠷ ᠬᠦᠴᠦᠯᠡᠨ ᠲᠡᠮᠡᠴᠡᠨ᠎ᠡ᠃ ᠨᠡᠶᠢᠭᠡᠮ ᠤᠨ ᠵᠠᠰᠠᠯᠲᠠ ᠶᠢᠨ | ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ | ︽ᠵᠦᠷᠢᠴᠡᠯ ᠵᠢᠭᠤᠷᠠᠯᠳᠤᠭᠠᠨ ᠢ ᠮᠡᠳᠡᠭᠰᠡᠨ ᠳᠠᠷᠤᠢ ᠳᠤᠨᠢ ᠡᠶᠡᠳᠡᠬᠦᠯᠬᠦ᠂ ᠲᠦᠷᠦᠯ ᠬᠤᠪᠢᠶᠠᠨ ᠡᠶᠡᠳᠡᠬᠦᠯᠬᠦ᠂ ᠬᠠᠮᠲᠤᠷᠠᠨ ᠬᠠᠮᠢᠶᠠᠷᠴᠤ ᠡᠶᠡᠳᠡᠬᠦᠯᠬᠦ ᠠᠷᠭ᠎ᠠ︾ | ᠶᠢ ᠤᠯᠠᠮ ᠨᠢᠭᠡ ᠠᠯᠬᠤᠮ ᠲᠡᠰ ᠲᠡᠪᠰᠢᠬᠦᠯᠦᠨ ︽ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠲᠦᠷᠢᠮ︾ ᠢ ᠦᠷᠭᠦᠯᠵᠢᠯᠡᠨ ᠬᠡᠷᠡᠭᠵᠢᠭᠦᠯᠵᠦ ︽ | ᠳ᠋ᠥᠸᠧ ᠳ᠋ᠥᠸᠧ ᠫᠢᠩ︾ ᠲᠠᠪᠴᠠᠩ ᠤᠨ ᠣᠶᠤᠨᠴᠢ ᠵᠠᠰᠠᠯᠲᠠ ᠶᠢᠨ ᠬᠡᠷᠡᠭᠯᠡᠯᠲᠡ ᠶᠢ ᠬᠠᠶᠢᠨ ᠰᠦᠪᠡᠭᠴᠢᠯᠡᠨ᠎ᠡ᠃ ᠵᠠᠬᠢᠳᠠᠯ ᠰᠤᠷᠪᠤᠯᠵᠢᠯᠠᠯ ᠤᠨ | ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ | ᠪᠠᠶᠢᠩᠭᠤᠵᠢᠭᠤᠯᠤᠨ ᠥᠷᠨᠢᠭᠦᠯᠵᠦ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ᠂ ᠮᠥᠩᠭᠦᠨ ᠭᠦᠢᠯᠭᠡᠭᠡᠨ ᠤ ᠮᠡᠬᠡᠯᠡᠯ ᠵᠡᠷᠭᠡ ᠡᠯ᠎ᠡ ᠲᠦᠷᠦᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ | ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨᠬᠦ ᠪᠠᠲᠤᠯᠠᠨ᠎ᠠ᠃ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠶᠤᠯᠭᠦᠶ | ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠤ ᠬᠤᠰᠢᠭᠤ | ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠵᠢᠯᠣᠭᠤᠳᠬᠤ ᠲᠥᠪ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ | ᠰᠠᠭᠤᠷᠢᠨ ᠭᠠᠵᠠᠷ ᠪᠠ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠤᠯᠠᠭᠠᠨᠲᠤᠯᠤᠭᠠᠢ ᠲᠦᠷᠦᠯ ᠵᠦᠢᠯ ᠤᠨ ᠲᠤᠭᠤᠷᠢᠭ᠂ ᠰᠦᠯᠳᠡ ᠰᠤᠮᠤ | ᠵᠡᠷᠭᠡ 4 ᠭᠠᠯ ᠤᠨᠲᠠᠷᠠᠭᠠᠬᠤ ᠦᠷᠳᠡᠭᠡᠨ ᠤ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠨ ᠦᠶᠡᠷ ᠢ ᠰᠡᠷᠭᠡᠶᠢᠯᠡᠵᠦ ᠭᠠᠯ ᠰᠡᠷᠭᠡᠶᠢᠯᠡᠬᠦ ᠪᠠ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ ᠬᠠᠤᠯᠢ | ᠬᠡᠷᠡᠭᠵᠢᠭᠦᠯᠵᠦ ᠪᠠᠶᠢᠴᠠᠭᠠᠬᠤ ᠡᠷᠴᠢᠮ ᠢᠶᠠᠨ ᠦᠷᠬᠦᠯᠵᠢᠯᠡᠨ ᠨᠡᠮᠡᠭᠳᠡᠬᠦᠯᠵᠤ ᠬᠦᠨᠳᠦ ᠶᠡᠭᠡ ᠠᠳᠡᠯ ᠭᠠᠷᠬᠤ ᠦᠭᠡᠢ ᠪᠠᠶᠢᠬᠤ ᠶᠢ ᠪᠠᠲᠤᠯᠠᠨ᠎ᠠ᠃ ᠠᠶᠤᠯ | ᠲᠦᠭᠰᠢᠭᠦᠷᠢ ᠶᠢᠨ ᠳᠠᠯᠳᠠ ᠭᠡᠮ ᠢ ᠡᠷᠡᠰ ᠰᠡᠷᠭᠡᠶᠢᠯᠡᠨ ᠠᠷᠢᠯᠭᠠᠨ᠎ᠠ᠃ ᠤᠯᠤᠰ ᠤᠨ ᠥᠷᠢ ᠰᠢᠷᠢ ᠶᠢ ᠢᠯᠭᠠᠷᠠᠭᠤᠯᠬᠤ ᠳᠡᠮᠵᠢᠯᠭᠡ ᠶᠢᠨ ᠲᠥᠷᠥ ᠶᠢᠨ | ᠪᠣᠳᠣᠯᠭ᠎ᠠ ᠶᠢ ᠵᠠᠪᠳᠤᠨ ᠠᠳᠬᠤᠵᠤ ᠦᠯᠡᠳᠡᠭᠳᠡᠮᠡᠯ ᠥᠷᠢ ᠰᠢᠷᠢ ᠶᠢ ᠢᠳᠡᠪᠬᠢᠲᠡᠶ ᠪᠠᠷ ᠢᠯᠭᠠᠷᠠᠭᠤᠯᠤᠨ ᠳᠠᠯᠳᠠ ᠥᠷᠢ ᠰᠢᠷᠢ ᠰᠢᠨ᠎ᠡ ᠪᠠᠷ ᠨᠡᠮᠡᠭᠳᠡᠬᠦ ᠶᠢ ᠡᠷᠡᠰ | ᠬᠤᠷᠢᠭᠯᠠᠨ᠎ᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠬᠢᠨᠠᠯᠲᠠ ᠲᠠᠯᠪᠢᠯᠲᠠ ᠶᠢ ᠴᠢᠩᠭᠠᠳᠬᠠᠵᠤ ᠤᠯᠤᠰ ᠤᠨ ᠥᠮᠴᠢᠯᠡᠯᠲᠦ ᠠᠵᠤ | ᠠᠬᠤᠶᠢᠯᠠᠯ ᠪᠡᠯᠡ ᠨᠡᠶᠢᠯᠡᠬᠦᠯᠬᠦ ᠲᠠᠪᠴᠠᠩ ᠠᠴᠠ ᠪᠦᠬᠦ ᠲᠠᠯ᠎ᠠ ᠪᠠᠷ ᠤᠬᠤᠷᠢᠵᠦ ᠭᠠᠷᠤᠨ᠎ᠠ᠃ ᠭᠡᠷ ᠲᠤᠰᠢᠶᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ | ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ ᠦᠨᠳᠦᠰᠦᠨ ᠴᠢᠨᠠᠷᠲᠠᠢ ᠪᠠ | ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃ ᠠᠶᠤᠯ ᠲᠦᠭᠰᠢᠭᠦᠷᠢ ᠶᠡᠬᠡᠲᠡᠢ ᠮᠦᠩᠭᠦᠨ ᠬᠦᠢᠯᠭᠡᠭᠡᠨ ᠤ | ᠪᠠᠶᠢᠭᠤᠯᠤᠮᠵᠢ ᠶᠢᠨ ᠠᠶᠤᠯ ᠢ ᠠᠷᠢᠯᠭᠠᠬᠤ ᠶᠢ ᠬᠦᠴᠦᠲᠡᠢ ᠠᠬᠢᠭᠤᠯᠵᠤ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ | ᠭᠠᠷᠭᠠᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠲᠥᠯᠥᠭᠡᠯᠡᠭᠴᠢᠳ ᠡ︕ ᠰᠢᠨ᠎ᠡ ᠡᠭᠦᠷᠭᠡ ᠬᠠᠷᠢᠭᠤᠴᠠᠯᠭ᠎ᠠ ᠮᠦᠷᠦᠨ ᠳᠡᠭᠡᠷ᠎ᠡ ᠲᠠᠯᠪᠢᠭᠳᠠᠵᠤ᠂ ᠰᠢᠨ᠎ᠡ ᠠᠶᠠᠨ ᠵᠠᠮ ᠬᠥᠮᠦᠰ ᠢ ᠤᠷᠮᠠᠰᠢᠭᠤᠯᠤᠨ | ᠤᠷᠤᠭᠰᠢᠯᠠᠭᠤᠯᠤᠨ᠎ᠠ᠂ ᠰᠢᠨ᠎ᠡ ᠨᠢᠭᠡ ᠵᠢᠯ ᠳᠤ᠂ ᠪᠢᠳᠡ ᠰᠢᠯᠢᠳᠡᠭ ᠰᠤᠷᠲᠠᠯ ᠢᠶᠠᠨ ᠦᠷᠭᠦᠯᠵᠢᠯᠡᠭᠦᠯᠤᠨ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢᠶᠠᠨ | ᠨᠢᠭᠲᠠᠷᠠᠭᠤᠯᠵᠤ ᠠᠷᠠᠳ ᠲᠦᠮᠡᠨ ᠳᠤ ᠨᠢᠭᠡᠨ ᠬᠤᠪᠢ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠬᠤ ᠪᠠᠷ ᠪᠦᠬᠦ ᠬᠦᠴᠦᠨ ᠢᠶᠠᠷ ᠢᠶᠠᠨ | ᠴᠢᠷᠮᠠᠶᠢᠨ᠎ᠠ᠃ | ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ ᠬᠠᠷᠢᠴᠠᠯᠠᠰᠢᠭᠦᠢ ᠦᠨᠡᠨᠴᠢ ᠰᠢᠳᠤᠷᠭᠤ ᠵᠠᠩ ᠰᠤᠷᠲᠠᠯ ᠢ ᠪᠠᠲᠤ ᠴᠣᠭᠴᠠᠯᠠᠨ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠲᠠᠯᠠᠨ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ︽ᠳᠥᠷᠪᠡᠨ | ᠤᠬᠠᠮᠰᠠᠷ︾ ᠢᠶᠠᠨ ᠴᠢᠩᠭᠠᠳᠬᠠᠨ ︽ᠳᠥᠷᠪᠡᠨ ᠢᠲᠡᠭᠡᠯ︾ ᠢᠶᠠᠨ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠤᠨ᠎ᠡ᠃ ︽ᠵᠢᠷᠭᠤᠭᠠᠨ | ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠤᠨ ᠬᠤᠰᠢᠭᠤ ᠨᠠᠮ ᠤᠨ ᠬᠤᠷᠢᠶᠠᠨ ᠤ ︽ | ᠶᠢᠰᠦᠨ ᠠᠩᠬᠠᠷᠤᠯ ᠢᠶᠠᠨ ᠲᠦᠪᠯᠡᠷᠡᠬᠦᠯᠬᠦ︾ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ ᠦᠵᠡᠯ ᠰᠠᠨᠠᠭ᠎ᠠ᠂ ᠦᠢᠯᠡ ᠠᠵᠢᠯᠯᠠᠭ᠎ᠠ ᠪᠠᠨ ᠬᠤᠰᠢᠭᠤ | ᠨᠠᠮ ᠤᠨ ᠬᠤᠷᠢᠶ᠎ᠠ ᠲᠠᠢ ᠨᠢᠭᠡᠳᠬᠡᠨ ᠬᠤᠰᠢᠭᠤ ᠨᠠᠮ ᠤᠨ ᠬᠤᠷᠢᠶ᠎ᠠ ᠤᠷᠢᠶᠠᠯᠠᠭ᠎ᠠ ᠲᠠᠢ᠂ ᠵᠠᠰᠠᠭ ᠤᠨ ᠣᠷᠳᠣᠨ ᠦᠢᠯᠡ ᠠᠵᠢᠯᠯᠠᠭ᠎ᠠ ᠲᠠᠢ᠂ ᠺᠠᠳ᠋ᠷ ᠵᠢᠳᠬᠦᠯ | ᠴᠢᠷᠮᠠᠶᠢᠯᠭ᠎ᠠ ᠲᠠᠢ᠂ ᠠᠵᠢᠯ ᠦᠷ᠎ᠡ ᠪᠦᠲᠦᠮᠵᠢ ᠲᠠᠢ ᠪᠠᠶᠢᠬᠤ ᠶᠢ ᠪᠡᠶᠡᠯᠡᠭᠦᠯᠤᠨ᠎ᠡ᠃ | ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ ᠠᠷᠠᠳ ᠲᠦᠮᠡᠨ ᠳᠤ ᠪᠤᠶᠠᠨ ᠦᠢᠯᠡᠳᠬᠦ ᠬᠠᠷᠢᠭᠤᠴᠠᠯᠭ᠎ᠠ ᠶᠢ ᠪᠠᠲᠤ ᠡᠭᠦᠷᠭᠡᠯᠡᠨ᠎ᠡ᠃ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠤᠯᠠᠨ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠶᠢ ᠠᠯᠢᠪᠠ | ᠠᠵᠢᠯ ᠤᠨ ᠢᠶᠠᠨ ᠵᠣᠷᠢᠯᠲᠠ ᠪᠠ ᠲᠤᠰᠤᠯᠲᠠ ᠪᠣᠯᠭᠠᠵᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠨᠢᠭᠡᠪᠦᠷᠢ ᠶᠢ ᠴᠢᠨᠠᠷ ᠰᠠᠶᠢᠲᠠᠢ | ᠪᠡᠶᠡᠯᠡᠭᠦᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠳᠤᠷᠠᠳᠤᠯᠭ᠎ᠠ ᠨᠢᠭᠡᠪᠦᠷᠢ ᠶᠢ ᠰᠠᠶᠢᠲᠤᠷ ᠬᠢᠵᠤ ᠠᠵᠢᠯ ᠣᠯᠭᠤᠯᠲᠠ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ | ᠨᠠᠰᠤᠵᠢᠯ ᠤᠨ ᠠᠰᠠᠷᠠᠮᠵᠢ ᠵᠡᠷᠭᠡ ᠳᠤ ᠬᠤᠯᠪᠣᠭᠳᠠᠬᠤ ᠪᠠᠴᠢᠮ᠂ ᠬᠦᠴᠢᠷ᠂ ᠰᠠᠨᠠᠭᠠᠰᠢᠷᠠᠭᠰᠠᠨ᠂ ᠬᠦᠰᠡᠭᠰᠡᠨ ᠠᠰᠠᠭᠤᠳᠠᠯ ᠨᠢᠭᠡᠪᠦᠷᠢ ᠶᠢ ᠰᠠᠶᠢᠲᠤᠷ | ᠰᠢᠢᠳᠪᠦᠷᠢᠯᠡᠵᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠪᠠ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠤᠨ ᠪᠣᠳᠠᠲᠤ | ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡ ᠵᠢᠳᠬᠦᠬᠦ ᠤᠭ ᠰᠠᠨᠠᠭ᠎ᠠ ᠪᠠᠨ ᠦᠢᠯᠡᠳᠦᠯᠭᠡᠵᠢᠭᠦᠯᠤᠨᠡ᠃ | ᠬᠠᠤᠯᠢ ᠪᠠᠷ ᠵᠠᠰᠠᠬᠤ ᠶᠢ ᠪᠠᠷᠢᠮᠲᠠᠯᠠᠵᠤ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠷᠴᠢᠮ ᠢ ᠪᠠᠲᠤ ᠡᠵᠡᠮᠳᠡᠨ᠎ᠡ᠃ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢᠨ ᠡᠷᠬᠡ ᠮᠡᠳᠡᠯ ᠤᠨ ᠬᠡᠪᠴᠢᠶ᠎ᠡ᠂ ᠰᠢᠢᠳᠪᠦᠷᠢ ᠭᠠᠷᠭᠠᠬᠤ ᠳᠡᠰ ᠳᠠᠷᠠᠭᠠᠯᠠᠯ᠂ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ ᠪᠠ ᠡᠯ᠎ᠡ ᠵᠦᠢᠯ ᠤᠨ | ᠠᠵᠢᠯ ᠤᠨ ᠬᠠᠤᠯᠢᠵᠢᠯ ᠢ ᠭᠦᠨᠵᠡᠭᠡᠶ ᠠᠬᠢᠭᠤᠯᠤᠨ᠎ᠠ᠃ ᠪᠠᠶᠢᠩᠭᠤ ᠶᠢᠨ ᠬᠤᠷᠠᠯ ᠤᠨ ᠬᠠᠤᠯᠢ ᠰᠤᠷᠬᠤ ᠳᠦᠷᠢᠮ ᠢ ᠨᠠᠶᠢᠲᠠᠪᠤᠷᠢᠵᠢᠭᠤᠯᠤᠨ ᠤᠬᠠᠮᠰᠠᠷ ᠠᠴᠠ ᠪᠠᠨ | ᠬᠠᠤᠯᠢ ᠶᠢ ᠬᠦᠨᠳᠦᠳᠭᠡᠨ ᠬᠠᠤᠯᠢ ᠶᠢ ᠰᠤᠷᠤᠯᠴᠠᠵᠤ ᠬᠠᠤᠯᠢ ᠶᠢ ᠰᠠᠬᠢᠵᠤ ᠬᠠᠤᠯᠢ ᠶᠢ ᠬᠡᠷᠡᠭᠯᠡᠵᠦ ︽ᠭᠤᠷᠪᠠᠨ ᠴᠢᠬᠤᠯᠠ ᠨᠢᠭᠡ ᠶᠡᠭᠡ︾ ᠳᠦᠷᠢᠮ ᠢ ᠴᠢᠩᠭ᠎ᠠ | ᠬᠡᠷᠡᠭᠵᠢᠭᠦᠯᠵᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠢᠨᠠᠨ ᠪᠤᠳᠤᠬᠤ᠂ | ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠢᠯᠡ ᠪᠠᠷ ᠵᠠᠰᠠᠭ ᠶᠠᠪᠤᠭᠤᠯᠬᠤ ᠶᠢ ᠪᠡᠶᠡᠯᠡᠭᠦᠯᠦᠨ᠎ᠡ᠃ | ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ ᠦᠨᠡᠨ ᠠᠴᠠ ᠵᠦᠪ ᠢ ᠡᠷᠢᠬᠦ ᠰᠤᠷᠲᠠᠯ ᠢ ᠪᠠᠲᠤ ᠪᠠᠬᠢ ᠪᠤᠢ ᠪᠣᠯᠭᠠᠨ᠎ᠠ᠃ ︽ | ᠤᠴᠢᠷ ᠶᠠᠪᠤᠳᠠᠯ ᠢ ᠰᠢᠢᠳᠪᠦᠷᠢᠯᠡᠬᠦ︾ ᠠᠵᠢᠯ ᠤᠨ ᠰᠡᠳᠬᠢᠬᠦᠢ ᠶᠢ ᠪᠤᠢ ᠪᠣᠯᠭᠠᠨ᠎ᠠ᠃ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠶᠢᠨ | ᠴᠣᠬᠤᠯᠠᠪᠤᠷᠢ᠂ ᠦᠦᠰᠢᠨ ᠠᠴᠠ ᠬᠦᠨᠦᠭ ᠬᠦᠷᠬᠦ᠂ ᠠᠮᠠᠨᠴᠢᠷᠭ᠎ᠠ ᠠᠴᠠ ᠪᠠᠭ᠎ᠠ ᠬᠤᠭᠤᠯᠠᠶᠢᠲᠤ ᠬᠦᠷᠬᠦ ᠬᠤᠶᠠᠷ ᠵᠠᠮ ᠢ ᠨᠡᠪᠲᠡᠷᠡᠭᠦᠯᠬᠦ᠂ ᠮᠠᠯ ᠲᠠᠷᠢᠶᠠᠯᠠᠩ ᠠᠵᠤ | ᠠᠬᠤᠶ ᠶᠢᠨ ᠠᠵᠤ ᠦᠢᠯᠡᠰ ᠢ ᠨᠠᠷᠠᠲᠤ ᠲᠡᠮᠳᠡᠭᠵᠢᠭᠦᠯᠦᠨ ᠴᠣᠭᠴᠠᠯᠠᠬᠤ᠂ ᠲᠥᠷᠥᠯ ᠵᠦᠢᠯ ᠤᠨ ᠡᠯᠧᠮᠧᠨ᠋ᠲ ᠤᠨ ᠲᠤᠯᠭᠠᠭᠤᠷᠢᠯᠠᠯ ᠢ ᠪᠠᠲᠤᠯᠠᠬᠤ᠂ ᠠᠷᠠᠳ ᠤᠨ | ᠠᠮᠢᠳᠤᠷᠠᠯ ᠤᠨ ᠬᠦᠷᠢᠶ᠎ᠡ ᠴᠠᠷᠠᠭᠠᠨ ᠳᠠᠬᠢ ᠳᠤᠲᠠᠭᠤᠳᠠᠯ ᠢ ᠨᠥᠬᠦᠪᠥᠷᠢᠯᠡᠬᠦ ᠵᠡᠷᠭᠡ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠤᠶᠢᠮ᠎ᠠ ᠠᠰᠠᠭᠤᠳᠠᠯ ᠵᠢᠴᠢ | ᠳᠡᠭᠡᠳᠦ ᠱᠠᠲᠤᠨ ᠤ ᠪᠠᠯᠠ ᠮᠥᠩᠭᠦ ᠶᠢ ᠳᠡᠮᠡᠴᠡᠨ ᠤᠯᠬᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠬᠦ ᠵᠡᠷᠭᠡ ᠲᠠᠯ᠎ᠠ ᠶᠢᠨ ᠨᠡᠶᠢᠳᠡᠯᠢᠭ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠡᠩ ᠤᠨ ᠠᠷᠭ᠎ᠠ ᠵᠠᠮ ᠪᠠ ᠰᠡᠳᠬᠢᠬᠦᠶ ᠶᠢᠨ ᠲᠣᠭᠲᠠᠮᠠᠯ ᠬᠡᠯᠪᠡᠷᠢ ᠶᠢ ᠵᠣᠷᠢᠭᠲᠠᠶ ᠡᠪᠳᠡᠵᠦ᠂ ᠰᠢᠢᠳᠪᠦᠷᠢᠯᠡᠬᠦ | ᠠᠷᠭ᠎ᠠ ᠵᠠᠮ ᠪᠠ ᠠᠷᠭ᠎ᠠ ᠬᠡᠮᠵᠢᠶ᠎ᠡ ᠶᠢ ᠦᠨᠡᠨᠬᠦ ᠡᠷᠢᠨ ᠣᠯᠵᠤ ᠨᠢᠭᠡᠳ ᠨᠢᠭᠡ ᠪᠠᠷ ᠰᠢᠪᠲᠤᠯᠤᠯᠲᠠ ᠭᠠᠷᠭᠠᠵᠤ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠶ | ᠥᠨᠳᠥᠷ ᠪᠦᠲᠦᠮᠵᠢᠲᠡᠶ ᠪᠠᠷ ᠠᠬᠢᠭᠤᠯᠬᠤ ᠶᠢ ᠦᠨᠡᠨᠬᠦ ᠪᠠᠲᠤᠯᠠᠨ᠎ᠠ᠃ | ᠠᠷᠠᠳ ᠤᠨ ᠲᠥᠯᠥᠭᠡ ᠵᠢᠳᠬᠦᠬᠦ ᠶᠢ ᠪᠠᠷᠢᠮᠲᠠᠯᠠᠵᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠨ᠎ᠠ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ | ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ ᠲᠥᠪ ᠤᠨ ᠨᠠᠢᠮᠠᠨ | ᠲᠦᠷᠦᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ ᠬᠡᠷᠡᠭ ᠢᠶᠠᠷ ᠦᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠨ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠴᠥᠬᠦᠷᠡᠰᠢ ᠦᠭᠡᠢ ᠠᠬᠢᠭᠤᠯᠤᠨ ᠰᠤᠷᠲᠠᠯ ᠴᠢᠬᠡᠴᠢ ᠣᠪᠣᠷ ᠲᠥᠪ ᠤᠯᠤᠰ | ᠲᠦᠷᠦ ᠶᠢᠨ ᠠᠮᠢ ᠠᠬᠤᠢ ᠶᠢ ᠪᠤᠢ ᠪᠣᠯᠭᠠᠨ᠎ᠠ᠃ ᠲᠦᠷᠦᠭᠦᠯᠡᠨ ᠠᠷᠪᠢᠯᠠᠨ ᠭᠠᠮᠨᠠᠵᠤ ︽ᠭᠤᠷᠪᠠᠨ ᠠᠯᠪᠠᠨ ᠤ ᠵᠠᠷᠤᠳᠠᠯ︾ ᠪᠣᠯᠤᠨ ᠡᠩ ᠤᠨ ᠴᠢᠨᠠᠷᠲᠠᠶ | ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ ᠨᠡᠩ ᠤᠯᠠᠨ ᠡᠳ᠋ ᠤᠨ ᠬᠦᠴᠦᠨ ᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠳᠤᠲᠠᠭᠤᠳᠠᠯ ᠢ ᠨᠥᠬᠦᠪᠥᠷᠢᠯᠡᠬᠦ | ᠳᠡᠰᠢ ᠬᠡᠯᠪᠠᠶᠢᠯᠭᠡᠵᠦ ᠬᠢᠵᠠᠭᠠᠷ ᠲᠠᠢ ᠪᠡᠯᠡ ᠮᠥᠩᠭᠦ ᠶᠢ ᠬᠥᠭᠵᠢᠯᠲᠡ ᠶᠢᠨ ᠴᠢᠬᠤᠯᠠ ᠭᠠᠵᠠᠷ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠳᠤ ᠬᠡᠷᠡᠭᠯᠡᠨ᠎ᠡ᠃ | | ᠲᠥᠯᠥᠭᠡᠯᠡᠭᠴᠢᠳ ᠡ︕ ᠦᠦᠰᠢᠨ ᠠᠷᠠᠳ ᠲᠦᠮᠡᠨ ᠠᠵᠢᠯᠴᠢ ᠬᠥᠳᠡᠯᠮᠦᠷᠢᠴᠢ ᠠᠷᠭ᠎ᠠ ᠤᠬᠠᠭᠠᠨ ᠲᠠᠢ ᠪᠦᠭᠡᠳ ᠡᠷᠡᠰ ᠪᠠᠲᠤ ᠬᠠᠳᠠᠨ ᠵᠤᠷᠢᠭ ᠲᠠᠢ | ᠪᠠᠶᠢᠵᠤ᠂ ᠦᠦᠰᠢᠨ ᠤ ᠡᠬᠡ ᠭᠠᠵᠠᠷ ᠯᠤᠲᠤ ᠶᠡᠭᠡ ᠳᠠᠯᠳᠠ ᠬᠦᠴᠦᠨ ᠲᠠᠢ ᠪᠦᠭᠡᠳ ᠭᠡᠭᠡᠨ ᠰᠠᠷᠠᠭᠤᠯ ᠢᠷᠡᠭᠡᠳᠦᠢ ᠲᠠᠢ ᠪᠠᠶᠢᠨ᠎ᠠ᠃ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠬᠤᠳᠠ ᠶᠢᠨ ᠨᠠᠮ ᠤᠨ ᠬᠤᠷᠢᠶ᠎ᠠ᠂ | ᠬᠤᠳᠠ ᠶᠢᠨ ᠵᠠᠰᠠᠭ ᠤᠨ ᠣᠷᠳᠣᠨ ᠪᠣᠯᠤᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠦᠨᠡᠨᠴᠢ ᠰᠢᠳᠤᠷᠭᠤ ᠪᠠᠷ ᠪᠣᠳᠠᠲᠠᠢ | ᠠᠵᠢᠯᠯᠠᠨ ᠴᠢᠳᠠᠮᠠᠭᠠᠢ ᠪᠠᠷ ᠬᠢᠵᠦ ᠴᠢᠳᠠᠮᠠᠭᠠᠢ ᠪᠦᠲᠦᠭᠡᠵᠦ ᠢᠯᠠᠯᠲᠠ ᠶᠢᠨ ᠡᠷᠴᠢᠨ ᠳᠡᠭᠡᠷ᠎ᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠨᠤᠮᠢᠨ | ᠲᠠᠩᠰᠤᠭ ᠦᠦᠰᠢᠨ ᠤ ᠰᠢᠨ᠎ᠡ ᠦᠢᠯᠡᠳᠦᠯᠭᠡ ᠶᠢ ᠠᠬᠢᠭᠤᠯᠵᠠᠭᠠᠶ᠎ᠠ᠃ | | | | ᠨᠡᠷᠡᠰ ᠤᠨ ᠲᠠᠶᠢᠯᠪᠤᠷᠢ | ᠲᠠᠪᠤᠨ ᠶᠡᠭᠡ ᠡᠭᠦᠷᠭᠡ᠄ ᠥᠪᠥᠷ ᠮᠣᠩᠭᠤᠯ ᠢ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ | ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠡᠨᠧᠷᠭᠢ ᠶᠢᠨ ᠰᠤᠷᠪᠤᠯᠵᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ᠂ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠴᠢᠬᠤᠯᠠ ᠰᠠᠭᠤᠷᠢᠨ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠥᠲᠥᠭᠡᠨ ᠪᠠᠶᠢᠭᠤᠯᠬᠤ ᠶᠢ ᠵᠢᠭᠠᠵᠤ ᠪᠠᠶᠢᠨ᠎ᠠ᠃ | ᠵᠢᠷᠭᠤᠭᠠᠨ ᠢᠨᠵᠧᠨᠧᠷᠢᠩ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ | ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠳᠤᠷᠠᠳᠤᠭᠰᠠᠨ ᠭᠤᠣᠯᠳᠠᠯᠭ᠎ᠠ ᠲᠠᠢ ᠡᠭᠦᠷᠭᠡ ᠪᠣᠯᠣᠨ᠎ᠠ᠂ ᠲᠤᠬᠠᠶᠢᠯᠠᠪᠠᠯ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯᠴᠢ | ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠳᠤᠯᠠᠭᠠᠯᠠᠬᠤ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ | ᠢ ᠵᠢᠭᠠᠵᠤ ᠪᠠᠶᠢᠨ᠎ᠠ᠃ | ᠬᠥᠳᠡᠭᠡ ᠲᠣᠰᠬᠤᠨ ᠤ ᠭᠠᠵᠠᠷ ᠰᠢᠷᠤᠢ ᠶᠢᠨ ᠳᠠᠭᠠᠭᠠᠴᠢᠯᠠᠯᠲᠠ ᠶᠢᠨ ︽ᠭᠤᠷᠪᠠᠨ ᠡᠷᠬᠡ︾ ᠶᠢ ᠰᠠᠯᠭᠠᠬᠤ ᠦᠭᠡᠷᠡᠴᠢᠯᠡᠯᠲᠡ᠄ ᠬᠥᠳᠡᠭᠡ ᠲᠣᠰᠬᠤᠨ ᠤ | ᠭᠠᠵᠠᠷ ᠰᠢᠷᠣᠶ ᠶᠢᠨ ᠬᠠᠮᠲᠤ ᠶᠢᠨ ᠥᠮᠴᠢᠯᠡᠯ ᠤᠨ ᠡᠷᠬᠡ᠂ ᠮᠠᠯᠵᠢᠬᠤ ᠲᠠᠷᠢᠶᠠᠯᠠᠬᠤ ᠡᠷᠦᠭᠡ ᠶᠢᠨ ᠲᠠᠭᠠᠭᠠᠴᠢᠯᠠᠯᠲᠠ ᠶᠢᠨ ᠡᠷᠬᠡ᠂ ᠭᠠᠵᠠᠷ ᠰᠢᠷᠤᠢ ᠶᠢᠨ | ᠡᠵᠡᠩᠨᠡᠯᠲᠡ ᠶᠢᠨ ᠡᠷᠬᠡ ᠶᠢ ᠰᠠᠯᠭᠠᠬᠤ ᠶᠢ ᠵᠢᠭᠠᠵᠤ ᠪᠠᠶᠢᠨ᠎ᠠ᠃ | ︽ᠲᠦᠷᠪᠡᠨ ᠲᠦᠷᠦᠯ ᠤᠨ ᠭᠡᠪᠴᠢᠶᠡᠵᠢᠯ ᠠᠴᠠ ᠲᠡᠭᠡᠭᠰᠢᠬᠢ︾ ᠠᠵᠤ ᠠᠬᠤᠶᠢᠯᠠᠯ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ᠂ ᠬᠢᠷᠢ ᠬᠡᠮ ᠤᠨ ᠵᠡᠷᠭᠡ ᠲᠠᠰ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠬᠢᠵᠠᠭᠠᠷᠯᠠᠭᠰᠠᠨ ᠲᠤᠭ᠎ᠠ ᠠᠴᠠ ᠲᠡᠭᠡᠭᠰᠢ ᠪᠥᠭᠡᠮ ᠢᠶᠠᠷ | ᠬᠤᠳᠠᠯᠳᠤᠬᠤ ᠵᠢᠵᠢᠭᠯᠡᠨ ᠬᠤᠳᠠᠯᠳᠤᠬᠤ ᠪᠠ ᠬᠤᠨᠤᠭᠯᠠᠬᠤ ᠪᠠᠭᠤᠳᠠᠯᠯᠠᠬᠤ ᠢᠳᠡᠭᠡᠨ ᠤᠮᠳᠠᠭᠠᠨ ᠤ ᠠᠵᠤ ᠠᠬᠤᠶᠢᠯᠠᠯ᠂ ᠤᠯᠤᠰ ᠤᠨ ᠭᠤᠣᠯᠳᠠᠯᠭ᠎ᠠ ᠲᠠᠢ | ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠵᠡᠷᠭᠡ ᠳᠥᠷᠪᠡᠨ ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠶᠡᠷᠦᠩᠬᠡᠢ | ᠨᠡᠷᠡᠶᠢᠳᠦᠯ ᠢ ᠵᠢᠭᠠᠵᠤ ᠪᠠᠶᠢᠨ᠎ᠠ᠃ | ︽ᠭᠤᠷᠪᠠᠨ ᠡᠰᠢᠲᠦ ᠡᠯᠡᠰᠦ ᠵᠠᠰᠠᠬᠤ︾ ᠵᠠᠰᠠᠯᠲᠠ ᠶᠢᠨ ᠵᠠᠭᠪᠤᠷ᠄ ᠨᠡᠭᠦᠳᠡᠯ ᠡᠯᠡᠰᠦᠨ ᠳᠣᠪᠤ ᠳᠡᠭᠡᠷ᠎ᠡ ᠪᠤᠰᠤᠭ᠎ᠠ ᠬᠡᠯᠪᠡᠷᠢ ᠶᠢᠨ ᠡᠯᠡᠰᠦᠨ ᠬᠠᠯᠬᠠᠪᠴᠢ | ᠪᠤᠰᠬᠠᠵᠤ ᠲᠤᠷᠤᠭ ᠮᠤᠲᠤ ᠪᠤᠳᠠ ᠮᠣᠳᠣ ᠲᠠᠷᠢᠬᠤ ᠶᠢ ᠤᠶᠠᠯᠳᠤᠭᠤᠯᠤᠨ ᠡᠯᠡᠰᠦ ᠶᠢ ᠲᠤᠭᠲᠠᠪᠤᠷᠢᠵᠢᠭᠤᠯᠤᠨ᠎ᠠ᠂ ᠲᠣᠭᠲᠠᠪᠤᠷᠢᠵᠢᠭᠰᠠᠨ ᠪᠤᠶᠤ ᠬᠠᠭᠠᠰ | ᠲᠣᠭᠲᠠᠪᠤᠷᠢᠵᠢᠭᠰᠠᠨ ᠡᠯᠡᠰᠦᠨ ᠳᠣᠪᠤ ᠳᠤ ᠳᠡᠪᠢᠰᠬᠦ ᠬᠡᠯᠪᠡᠷᠢ ᠶᠢᠨ ᠡᠯᠡᠰᠦᠨ ᠬᠠᠯᠬᠠᠪᠴᠢ ᠲᠣᠬᠢᠷᠠᠭᠤᠯᠤᠨ ᠪᠤᠲᠠᠯᠢᠭ ᠡᠪᠡᠰᠦ ᠬᠤᠯᠢᠮᠠᠭ ᠣᠢ | ᠶᠢ ᠤᠶᠠᠯᠳᠤᠭᠤᠯᠤᠨ ᠨᠥᠬᠦᠵᠦ ᠲᠠᠷᠢᠭᠰᠠᠨ ᠤ ᠳᠠᠷᠠᠭ᠎ᠠ ᠡᠯᠡᠰᠦᠨ ᠲᠣᠪᠤ ᠶᠢ ᠲᠣᠭᠲᠠᠪᠤᠷᠢᠵᠢᠭᠤᠯᠤᠨ᠎ᠠ᠂ ᠴᠢᠭᠢᠭᠯᠢᠭ ᠡᠯᠡᠰᠦᠨ ᠲᠠᠩ ᠬᠤᠲᠣᠭᠤᠷ ᠭᠠᠵᠠᠷ ᠲᠤ | ᠪᠢᠲᠡᠭᠦᠮᠵᠢᠯᠡᠨ ᠣᠶᠢᠵᠢᠭᠤᠯᠬᠤ ᠪᠠ ᠪᠤᠲᠠᠯᠢᠭ ᠡᠪᠡᠰᠦ ᠶᠢ ᠨᠥᠬᠦᠵᠦ ᠳᠠᠷᠢᠨ᠎ᠠ᠃ ᠭᠤᠷᠪᠠᠨ ᠵᠦᠢᠯ ᠤᠨ ᠠᠳᠠᠯᠢ ᠪᠤᠰᠤ ᠠᠷᠭ᠎ᠠ ᠬᠡᠮᠵᠢᠶ᠎ᠡ ᠪᠠᠷ ᠲᠠᠮᠵᠢᠭᠤᠯᠵᠤ | ᠠᠳᠠᠯᠢ ᠪᠤᠰᠤ ᠲᠥᠷᠥᠯ ᠤᠨ ᠡᠯᠡᠰᠦᠷᠬᠡᠭᠵᠢᠬᠦ ᠠᠰᠠᠭᠤᠳᠠᠯ ᠢ ᠰᠢᠢᠳᠪᠦᠷᠢᠯᠡᠬᠦ ᠶᠢ ᠵᠢᠭᠠᠵᠤ ᠪᠠᠶᠢᠨ᠎ᠠ᠃ | ᠲᠤᠯᠠᠭᠠᠨ ᠬᠤᠲᠠ ᠶᠢᠨ ᠡᠮᠴᠢᠯᠡᠭᠡ᠄ ᠮᠡᠳᠡᠭᠡ ᠵᠠᠩᠭᠢᠴᠢᠯᠠᠯᠲᠠ ᠶᠢᠨ ᠵᠥᠭᠡᠯᠡᠨ ᠲᠣᠨᠤᠭ ᠤᠨ ᠰᠢᠰᠲ᠋ᠧᠮ ᠢᠶᠠᠷ ᠳᠠᠮᠵᠢᠭᠤᠯᠤᠨ ᠠᠯᠤᠰ ᠠᠴᠠ ᠣᠨᠣᠰᠢᠯᠠᠨ | ᠡᠮᠨᠡᠬᠦ ᠲᠠᠪᠴᠠᠩ ᠢ ᠪᠠᠶᠢᠭᠤᠯᠵᠤ ︽ᠢᠨᠲ᠋ᠧᠷ ᠰᠦᠯᠵᠢᠶ᠎ᠡ + ᠠᠯᠤᠰ ᠠᠴᠠ ᠣᠨᠣᠰᠢᠯᠠᠨ ᠡᠮᠨᠡᠬᠦ︾ ᠵᠠᠭᠪᠤᠷ ᠢ ᠬᠡᠷᠡᠭᠯᠡᠨ ᠡᠯ᠎ᠡ ᠰᠤᠮᠤ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠤᠯᠤᠨ ᠤᠯᠤᠰ ᠤᠨ ᠲᠤᠳᠤᠭᠠᠲᠤ ᠶᠢᠨ ᠨᠡᠷᠡᠲᠤ ᠭᠤᠷᠪᠠᠨ ᠬᠦᠭᠡ ᠲᠡᠰ | ᠤᠨ ᠡᠮᠨᠡᠯᠭᠡ ᠶᠢᠨ ᠬᠤᠷᠢᠶ᠎ᠠ ᠲᠠᠢ ᠬᠠᠷᠢᠯᠴᠠᠨ ᠬᠤᠯᠪᠤᠭᠠᠯᠠᠨ ᠬᠠᠷᠢᠯᠴᠠᠨ ᠨᠡᠪᠳᠡᠷᠡᠯᠴᠡᠬᠦ ᠶᠢ ᠵᠢᠭᠠᠵᠤ ᠪᠠᠶᠢᠨ᠎ᠠ᠃ | ᠵᠢᠷᠭᠤᠭᠠᠨ ᠠᠵᠢᠯᠯᠠᠭ᠎ᠠ᠄ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠦᠯᠦᠪᠯᠡᠬᠦ ᠠᠵᠢᠯᠯᠠᠭ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠂ | ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ᠂ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠵᠢᠭᠠᠵᠤ ᠪᠠᠶᠢᠨ᠎ᠠ᠃ | ᠲᠡᠭ ᠢᠶᠠᠷ ᠰᠠᠭᠤᠷᠢᠯᠠᠭᠰᠠᠨ ᠲᠥᠰᠥᠪ᠄ ᠡᠨᠡ ᠨᠢ ᠨᠢᠭᠡ ᠵᠦᠢᠯ ᠤᠨ ᠲᠥᠰᠥᠪ ᠲᠤᠭᠲᠠᠭᠠᠬᠤ ᠠᠷᠭ᠎ᠠ ᠪᠠᠶᠢᠵᠤ᠂ ᠥᠩᠭᠡᠷᠡᠭᠰᠡᠨ ᠤ ᠲᠥᠰᠥᠪ ᠤᠨ ᠵᠦᠢᠯ | ᠪᠣᠯᠤᠨ ᠣᠷᠣᠯᠭ᠎ᠠ ᠵᠠᠷᠤᠯᠭ᠎ᠠ ᠶᠢᠨ ᠲᠦᠪᠰᠢᠨ ᠢ ᠪᠣᠳᠣᠯᠬᠢᠯᠠᠬᠤ ᠦᠭᠡᠢ᠂ ᠬᠠᠷᠢᠨ ᠲᠡᠭ ᠠᠴᠠ ᠡᠬᠢᠯᠡᠵᠦ ᠣᠳᠣᠬᠠᠨ ᠤ ᠲᠥᠰᠥᠪ ᠤᠨ ᠣᠨ ᠤ ᠪᠡᠯᠡ | ᠮᠦᠩᠭᠦ ᠶᠢᠨ ᠶᠡᠷᠦᠩᠬᠡᠢ ᠬᠡᠮᠵᠢᠶᠡᠨ ᠳᠤ ᠰᠠᠭᠤᠷᠢᠯᠠᠵᠤ ᠪᠠᠶᠢᠭᠠᠳ ᠲᠥᠰᠥᠪ ᠲᠤᠭᠲᠠᠭᠠᠬᠤ ᠶᠢ ᠵᠢᠭᠠᠵᠤ ᠪᠠᠶᠢᠨ᠎ᠠ᠃ | ︽ᠲᠤᠯᠠᠭᠠᠨ ᠬᠤᠲᠠ·ᠲᠤᠯᠠᠭᠠᠨ ᠠᠵᠤ ᠠᠬᠤᠶᠢᠯᠠᠯ︾ ᠤᠨ ᠲᠤᠰᠬᠠᠶ ᠠᠵᠢᠯᠯᠠᠭ᠎ᠠ᠄ ᠠᠵᠤ ᠠᠬᠤᠶᠢᠯᠠᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ | ᠰᠠᠶᠢᠵᠢᠷᠠᠭᠤᠯᠤᠨ ᠰᠢᠯᠢᠳᠡᠭᠵᠢᠭᠦᠯᠬᠦ ᠶᠢᠨ ᠲᠦᠯᠦᠭᠡ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ᠂ ᠤᠷᠢᠳᠴᠢᠯᠠᠨ ᠦᠢᠯᠡᠴᠢᠯᠡᠭᠡ ᠬᠠᠩᠭᠠᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠤᠨ ᠡᠵᠡᠩᠨᠡᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ | ᠰᠢᠢᠳᠪᠦᠷᠢᠯᠡᠬᠦ ᠶᠢ ᠵᠢᠭᠠᠵᠤ ᠪᠠᠶᠢᠨ᠎ᠠ᠃ | ︽ᠵᠢᠷᠭᠤᠭ᠎ᠠ ᠶᠢ ᠲᠤᠰᠠᠯᠠᠵᠤ ᠨᠢᠭᠡ ᠶᠢ ᠰᠤᠪᠢᠯᠠᠬᠤ︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠄ ᠡᠨᠡ ᠨᠢ ᠬᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠲᠤ ᠴᠢᠭᠯᠡᠭᠦᠯᠤᠨ ᠬᠠᠩᠭᠠᠭᠰᠠᠨ ᠰᠢᠷᠢᠰ ᠦᠢᠯᠡᠴᠢᠯᠡᠭᠡ ᠪᠠᠶᠢᠵᠤ ᠬᠤᠭᠤᠯᠠ ᠤᠮᠳᠠ ᠳᠤ ᠲᠤᠰᠠᠯᠠᠬᠤ᠂ ᠤᠬᠢᠶᠠᠯᠭ᠎ᠠ ᠳᠤ ᠲᠤᠰᠠᠯᠠᠬᠤ᠂ | ᠴᠡᠪᠡᠷᠯᠡᠭᠡ ᠳᠤ ᠲᠤᠰᠠᠯᠠᠬᠤ᠂ ᠡᠮᠨᠡᠯᠭᠡ ᠳᠤ ᠲᠤᠰᠠᠯᠠᠬᠤ᠂ ᠪᠠᠴᠢᠮ ᠪᠠᠶᠢᠳᠠᠯ ᠳᠤ ᠲᠤᠰᠠᠯᠠᠬᠤ᠂ ᠤᠷᠤᠵᠤ ᠭᠠᠷᠬᠤ ᠳᠤ ᠨᠢ ᠲᠤᠰᠠᠯᠠᠬᠤ ᠵᠢᠴᠢ ᠬᠡᠷ ᠲᠤᠨᠢ ᠬᠦᠷᠴᠦ | ᠬᠠᠷᠠᠭᠠᠯᠵᠠᠨ ᠠᠰᠠᠷᠠᠬᠤ ᠪᠠ ᠪᠠᠴᠢᠮ ᠪᠠᠶᠢᠳᠠᠯ ᠳᠤ ᠠᠪᠤᠷᠠᠨ ᠲᠤᠰᠠᠯᠠᠬᠤ ᠵᠡᠷᠭᠡ ᠪᠠᠭᠲᠠᠨ᠎ᠠ᠃ | ︽ᠮᠢᠩᠭ᠎ᠠ ᠲᠦᠮᠨ ᠶᠢᠨ ᠢᠨᠵᠧᠨᠧᠷᠢᠩ︾ ᠤᠨ ᠳᠤᠷᠰᠢᠯᠭ᠎ᠠ᠄ ᠲᠠᠷᠤᠢ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ | ᠴᠡᠭᠴᠡᠯᠡᠨ ᠵᠠᠰᠠᠬᠤ︾ ᠢᠨᠵᠧᠨᠧᠷᠢᠩ ᠪᠤᠯᠤᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠷ ᠭᠠᠷᠳᠠᠴᠠ | ᠪᠣᠯᠭᠠᠵᠤ ᠵᠢᠱᠢᠶ᠎ᠡ ᠦᠵᠡᠭᠦᠯᠬᠦ ᠲᠣᠰᠬᠤᠨ ᠤ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ ᠣᠷᠴᠢᠨ ᠲᠣᠭᠤᠷᠢᠨ ᠤ ᠳᠡᠭᠡᠭᠰᠢᠯᠡᠯᠲᠡ᠂ ᠠᠵᠤ | ᠦᠢᠯᠡᠰ ᠤᠨ ᠬᠥᠭᠵᠢᠯᠲᠡ᠂ ᠦᠢᠯᠡᠴᠢᠯᠡᠭᠡᠨ ᠤ ᠰᠢᠯᠢᠳᠡᠭᠵᠢᠬᠦᠯᠦᠯᠲᠡ᠂ ᠰᠣᠶᠣᠯ ᠤᠨ ᠤᠯᠠᠮᠵᠢᠯᠠᠯ ᠪᠠ ᠠᠶᠢᠯ ᠲᠣᠰᠬᠤᠨ ᠤ ᠵᠠᠰᠠᠯᠲᠠ ᠶᠢ ᠭᠦᠨᠵᠡᠭᠡᠢ | ᠠᠬᠢᠭᠤᠯᠵᠤ ᠲᠦᠮᠡ ᠮᠢᠩᠭᠠᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠦᠷᠭᠦᠯᠵᠢᠯᠡᠨ ᠪᠠᠶᠢᠭᠤᠯᠵᠤ᠂ ᠲᠦᠮᠡ ᠮᠢᠩᠭᠠᠨ ᠲᠠᠷᠢᠶᠠᠴᠢᠳ ᠲᠤ ᠪᠤᠶᠠᠨ | ᠦᠢᠯᠡᠳᠴᠦ ᠪᠦᠬᠦ ᠣᠷᠣᠨ ᠪᠦᠰᠡ ᠪᠠᠷ ᠢᠶᠠᠨ ᠬᠠᠮᠲᠤ ᠪᠠᠷ ᠪᠠᠶᠠᠵᠢᠵᠤ᠂ ᠬᠤᠳᠠ ᠬᠥᠳᠡᠭᠡ ᠡᠶ᠎ᠡ ᠨᠠᠶᠢᠷᠰᠠᠭ ᠦᠵᠡᠰᠬᠦᠯᠡᠩᠲᠤ ᠰᠠᠶᠢᠬᠠᠨ ᠪᠠᠶᠢᠬᠤ ᠶᠢ | ᠪᠡᠶᠡᠯᠡᠭᠦᠯᠬᠦ ᠰᠢᠰᠲ᠋ᠧᠮᠲᠦ ᠴᠢᠨᠠᠷᠲᠠᠢ᠂ ᠲᠠᠪᠬᠤᠴᠠᠯ ᠤᠨ ᠴᠢᠨᠠᠷᠲᠠᠢ ᠢᠨᠵᠧᠨᠧᠷᠢᠩ ᠢ ᠵᠢᠭᠠᠵᠤ ᠪᠠᠶᠢᠨ᠎ᠠ᠃ | ︽ᠲᠠᠪᠤ ᠶᠢ ᠨᠢᠭᠡ ᠴᠤᠭᠴᠠᠵᠢᠭᠤᠯᠬᠤ︾ ᠬᠤᠯᠪᠣᠭᠠᠯᠠᠨ ᠡᠵᠡᠩᠨᠡᠬᠦ ᠵᠠᠭᠪᠤᠷ᠄ ︽ᠬᠥᠲᠥᠴᠢ ᠠᠵᠤ ᠠᠬᠤᠶᠢᠯᠠᠯ + ᠲᠠᠷᠢᠶᠠᠯᠠᠩ ᠤᠨ ᠣᠨᠴᠠ | ᠭᠠᠷᠤᠯᠲᠠ ᠶᠢᠨ ᠠᠵᠤ ᠠᠬᠤᠶᠢᠯᠠᠯ + ᠬᠤᠷᠰᠢᠶᠠᠵᠢᠯ + ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ + ᠲᠠᠷᠢᠮᠠᠯ ᠤᠨ ᠲᠣᠮᠣ ᠡᠷᠦᠬᠡ︾ ᠶᠢᠨ ᠬᠤᠯᠪᠣᠭᠠᠲᠤ | ᠴᠣᠭᠴᠠ ᠶᠢᠨ ᠡᠵᠡᠩᠨᠡᠯᠲᠡ ᠶᠢᠨ ᠵᠠᠭᠪᠤᠷ ᠢ ᠵᠢᠭᠠᠵᠤ ᠪᠠᠶᠢᠨ᠎ᠠ᠃ | ︽ᠡᠷᠦᠬᠡ ᠠᠴᠠ ᠦᠷᠡᠵᠢᠬᠦᠯᠵᠤ ᠠᠵᠤ ᠠᠬᠤᠶᠢᠯᠠᠯ ᠠᠴᠠ ᠪᠤᠷᠳᠤᠨ ᠲᠠᠷᠭᠤᠯᠠᠭᠤᠯᠬᠤ︾ ᠵᠠᠭᠪᠤᠷ᠄ ᠡᠨᠡ ᠪᠣᠯ ᠨᠢᠭᠡ ᠵᠦᠢᠯ ᠤᠨ ᠰᠢᠨ᠎ᠡ ᠶᠢ ᠡᠭᠦᠳᠬᠦ | ᠲᠡᠵᠢᠭᠡᠨ ᠦᠷᠡᠵᠢᠭᠦᠯᠬᠦ ᠵᠠᠭᠪᠤᠷ ᠮᠥᠨ᠂ ᠡᠨᠡ ᠨᠢ ᠠᠵᠤ ᠠᠬᠤᠶᠢᠯᠠᠯ ᠪᠣᠯᠤᠨ ᠲᠠᠷᠢᠶᠠᠴᠢᠨ ᠡᠷᠦᠬᠡ ᠶᠢᠨ ᠬᠠᠮᠲᠤᠷᠠᠯᠴᠠᠭ᠎ᠠ ᠪᠠᠷ ᠳᠠᠮᠵᠢᠭᠤᠯᠤᠨ ᠲᠡᠵᠢᠭᠡᠨ | ᠦᠷᠡᠵᠢᠭᠦᠯᠬᠦ ᠦᠷ᠎ᠡ ᠪᠦᠲᠦᠮᠵᠢ ᠪᠣᠯᠤᠨ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠪᠣᠳᠠᠲᠠᠶ ᠪᠠᠷ ᠠᠵᠤ ᠠᠬᠤᠶᠢᠯᠠᠯ ᠨᠢ | ᠬᠠᠷ᠎ᠠ ᠦᠬᠡᠷ ᠤᠨ ᠦᠷ᠎ᠡ ᠪᠠᠷ ᠲᠡᠵᠢᠭᠡᠨ ᠦᠷᠡᠵᠢᠬᠦᠯᠬᠦ ᠡᠷᠦᠬᠡ ᠶᠢᠨ ᠠᠩᠭᠧᠰ ᠦᠨᠢᠶ᠎ᠡ ᠳᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠵᠤ ᠠᠵᠤ | ᠠᠬᠤᠶᠢᠯᠠᠯ ᠠᠴᠠ ᠲᠡᠵᠢᠭᠡᠨ ᠦᠷᠡᠵᠢᠭᠦᠯᠬᠦ ᠡᠷᠦᠬᠡ ᠶᠢᠨ 6 ᠰᠠᠷ᠎ᠠ ᠲᠠᠢ ᠲᠤᠭᠤᠯ ᠢ ᠬᠤᠷᠢᠶᠠᠨ ᠠᠪᠴᠤ᠂ ᠪᠠᠷᠢᠮᠵᠢᠶᠠᠵᠢᠭᠤᠯᠤᠨ ᠪᠣᠷᠳᠣᠵᠤ ᠲᠠᠷᠭᠤᠯᠠᠭᠤᠯᠤᠭᠠᠳ | 28 ᠰᠠᠷ᠎ᠠ ᠳᠤ ᠨᠢ ᠪᠣᠷᠣᠯᠠᠭᠤᠯᠵᠤ ᠠᠰᠢᠭ ᠤᠷᠤᠯᠭ᠎ᠠ ᠶᠢ ᠬᠠᠮᠲᠤ ᠪᠠᠷ ᠡᠳ᠋ᠯᠡᠬᠦ᠂ ᠬᠥᠭᠵᠢᠵᠦ ᠬᠠᠮᠲᠤ ᠪᠠᠷ ᠤᠷᠤᠰᠢᠭᠰᠠᠨ ︽ᠲᠡᠵᠢᠭᠡᠨ ᠦᠷᠡᠵᠢᠭᠦᠯᠬᠦ ᠡᠷᠦᠬᠡ | + ᠠᠵᠤ ᠠᠬᠤᠶᠢᠯᠠᠯ︾ ᠤᠨ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠣᠶ ᠪᠣᠯᠭᠠᠬᠤ ᠶᠢ ᠵᠢᠭᠠᠵᠤ ᠪᠠᠶᠢᠨ᠎ᠠ᠃ | ᠤᠶᠢᠷ᠎ᠠ ᠤᠭᠲᠠᠷᠭᠤᠢ ᠶᠢᠨ ᠠᠵᠤ ᠠᠬᠤᠶ᠄ ᠡᠨᠡ ᠨᠢ ᠤᠶᠢᠷ᠎ᠠ ᠤᠭᠳᠠᠷᠭᠤᠢ ᠶᠢᠨ ᠣᠷᠣᠨ ︵ᠶᠡᠷᠦᠳᠡᠭᠡᠨ ᠭᠠᠵᠠᠷ ᠤᠨ ᠭᠠᠳᠠᠷᠭᠤ ᠠᠴᠠ 1000 ᠮᠧᠲᠷ | ᠤᠨ ᠵᠠᠢ ᠶᠢᠨ ᠲᠤᠳᠤᠷᠠᠬᠢ ᠠᠭᠠᠷ ᠤᠨ ᠣᠷᠣᠨ︶ ᠢᠶᠠᠷ ᠭᠤᠤᠯ ᠪᠣᠯᠭᠠᠵᠤ ᠦᠷᠨᠢᠬᠦᠯᠦᠭᠰᠡᠨ ᠨᠢᠭᠡ ᠰᠢᠷᠢᠰ ᠬᠤᠳᠠᠯᠳᠤᠭ᠎ᠠ᠂ ᠦᠢᠯᠡᠴᠢᠯᠡᠭᠡ ᠪᠠ ᠠᠵᠤ | ᠦᠢᠯᠡᠰ ᠤᠨ ᠠᠵᠢᠯᠯᠠᠭ᠎ᠠ ᠶᠢ ᠵᠢᠭᠠᠵᠤ᠂ ᠵᠢᠯᠤᠭᠤᠴᠢ ᠦᠭᠡᠢ ᠨᠢᠰᠬᠡᠯ ᠢᠶᠠᠷ ᠬᠦᠷᠭᠡᠬᠦ᠂ ᠤᠶᠢᠷ᠎ᠠ ᠤᠭᠳᠠᠷᠭᠤᠢ ᠶᠢᠨ ᠵᠢᠭᠤᠯᠴᠢᠯᠠᠯ᠂ ᠪᠠᠴᠢᠮ ᠪᠠᠶᠢᠳᠠᠯ ᠢ | ᠠᠷᠭᠠᠴᠠᠭᠠᠬᠤ᠂ ᠲᠠᠷᠢᠮᠠᠯ ᠢ ᠬᠠᠮᠠᠭᠠᠯᠠᠬᠤ᠂ ᠡᠨᠧᠷᠬᠢ ᠶᠢᠨ ᠲᠤᠭᠤᠷᠢᠨ ᠪᠠᠶᠢᠴᠠᠭᠠᠯᠲᠠ᠂ ᠤᠶᠤᠨᠴᠢ ᠬᠤᠲᠠ ᠶᠢᠨ ᠬᠠᠮᠢᠶᠠᠷᠤᠯᠲᠠ ᠵᠡᠷᠭᠡ ᠤᠯᠠᠨ ᠬᠦᠷᠢᠶ᠎ᠡ | ᠴᠠᠷᠠᠭᠠᠨ ᠳᠠᠬᠢ ᠰᠢᠨ᠎ᠡ ᠶᠢ ᠡᠬᠦᠳᠦᠭᠰᠡᠨ ᠬᠡᠷᠡᠭᠯᠡᠭᠡ ᠶᠢ ᠪᠠᠭᠲᠠᠭᠠᠵᠤ ᠪᠠᠶᠢᠨ᠎ᠠ᠃ | ᠶᠢᠰᠤᠨ ᠠᠩᠬᠠᠷᠤᠯ ᠢᠶᠠᠨ ᠲᠦᠪᠯᠡᠷᠡᠬᠦᠯᠬᠦ᠄ ᠡᠨᠡ ᠨᠢ ᠬᠤᠰᠢᠭᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ | ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠳᠡᠭᠡᠷ᠎ᠡ ᠲᠤᠷᠠᠳᠤᠭᠰᠠᠨ ᠠᠵᠢᠯ ᠤᠨ ᠪᠠᠶᠢᠷᠢᠯᠠᠭᠤᠯᠤᠯᠲᠠ ᠪᠠᠶᠢᠵᠤ᠂ | ᠳᠠᠷᠤᠶ ︽ᠲᠥᠷᠥᠯ ᠵᠦᠢᠯ ᠢ ᠲᠥᠯᠥᠪᠵᠢᠭᠦᠯᠬᠦ︾ ᠳᠤ ᠠᠩᠬᠠᠷᠤᠯ ᠢᠶᠠᠨ ᠲᠥᠪᠯᠡᠷᠡᠭᠦᠯᠵᠦ ᠲᠤᠭᠳᠠᠭᠤᠨ ᠨᠡᠮᠡᠭᠳᠡᠯ ᠢ ᠪᠠᠲᠤᠵᠢᠭᠤᠯᠬᠤ ᠳᠤ ᠪᠠᠲᠤ ᠪᠠᠬᠢ | ᠲᠤᠯᠭᠠᠭᠤᠷᠢᠯᠠᠯ ᠪᠤᠯᠤᠨ᠎ᠠ︔ ︽ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠭᠡᠭᠵᠢᠬᠦᠯᠬᠦ︾ ᠳᠤ ᠠᠩᠬᠠᠷᠤᠯ ᠢᠶᠠᠨ ᠲᠦᠪᠯᠡᠷᠡᠬᠦᠯᠵᠤ ᠰᠢᠨ᠎ᠡ ᠬᠡᠯᠪᠡᠷᠢ ᠶᠢᠨ | ᠠᠵᠤ ᠦᠢᠯᠡᠳᠪᠦᠷᠢᠵᠢᠯᠲᠡ ᠶᠢᠨ ᠠᠬᠢᠴᠠ ᠶᠢ ᠲᠦᠷᠭᠡᠳᠬᠡᠬᠦ ᠳᠤ ᠡᠮᠦᠨ᠎ᠡ ᠡᠩᠨᠡᠭᠡᠨ ᠳᠤ ᠤᠷᠤᠬᠤ ᠪᠠᠷ ᠴᠢᠷᠮᠠᠶᠢᠨ᠎ᠠ︔ ︽ᠠᠵᠤ ᠦᠢᠯᠡᠰ ᠢᠶᠠᠷ ᠠᠷᠠᠳ ᠢᠶᠠᠨ | ᠪᠠᠶᠠᠵᠢᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ ᠠᠷᠠᠳ ᠣᠯᠠᠨ ᠳᠤ ᠨᠠᠩ ᠣᠯᠠᠨ ᠠᠵᠤ ᠦᠢᠯᠡᠰ ᠤᠨ ᠥᠷᠲᠡᠭ ᠤᠨ ᠨᠡᠮᠡᠭᠳᠡᠯ ᠤᠨ ᠠᠰᠢᠭ | ᠤᠷᠤᠯᠭ᠎ᠠ ᠶᠢ ᠡᠳ᠋ᠯᠡᠭᠦᠯᠤᠨᠡ︔ ︽ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠬᠤᠰᠢᠭᠤ ᠪᠠᠨ ᠮᠠᠨᠳᠤᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠠᠵᠢᠯ ᠤᠨ ᠰᠢᠨ᠎ᠡ ᠳᠡᠭᠡᠭᠰᠢᠯᠡᠯᠲᠡ ᠶᠢ ᠠᠬᠢᠭᠤᠯᠤᠨ᠎ᠠ︔ ︽ᠠᠮᠢ | ᠠᠬᠤᠶ ᠪᠠᠷ ᠠᠷᠠᠳ ᠲᠤ ᠠᠰᠢᠭ ᠬᠦᠷᠲᠡᠭᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ ᠰᠢᠯᠢᠳᠡᠭ ᠰᠠᠶᠢᠨ ᠠᠮᠢ ᠠᠬᠤᠢ ᠶᠢ ᠬᠦᠭᠵᠢᠯᠲᠡ ᠶᠢᠨ ᠬᠠᠮᠤᠭ ᠤᠨ | ᠡᠷᠬᠢᠮ ᠨᠠᠨᠳᠢᠨ ᠡᠳ᠋ ᠬᠦᠷᠦᠩᠭᠡ ᠪᠤᠯᠭᠠᠨ᠎ᠠ︔ ︽ᠠᠵᠤ ᠠᠬᠤᠶᠢᠯᠠᠯ ᠳᠤ ᠬᠠᠪᠰᠤᠷᠤᠨ ᠬᠦᠴᠦᠨ ᠨᠡᠮᠡᠷᠢᠯᠡᠬᠦ︾ ᠳᠤ ᠠᠩᠬᠠᠷᠤᠯ ᠢᠶᠠᠨ ᠲᠦᠪᠯᠡᠷᠡᠬᠦᠯᠵᠤ ᠴᠢᠨᠠᠷ | ᠰᠠᠶᠢᠲᠠᠶ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠦᠨ᠎ᠡ︔ ︽ᠬᠤᠲᠠ ᠪᠠᠯᠭᠠᠰᠤᠨ ᠤ ᠶᠠᠰᠤ ᠴᠢᠨᠠᠷ ᠢ ᠳᠡᠭᠡᠭᠰᠢᠯᠡᠭᠦᠯᠬᠦ︾ | ᠳᠤ ᠠᠩᠬᠠᠷᠤᠯ ᠢᠶᠠᠨ ᠲᠥᠪᠯᠡᠷᠡᠭᠦᠯᠵᠦ ᠣᠷᠣᠰᠢᠨ ᠰᠠᠭᠤᠵᠤ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠶ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ | ᠪᠣᠯᠭᠠᠨ᠎ᠠ︔ ︽ᠨᠡᠭᠡᠭᠡᠯᠲᠡ ᠬᠢᠵᠦ ᠬᠠᠮᠲᠤᠷᠠᠯᠴᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ ᠬᠦᠭᠵᠢᠯᠲᠡ ᠶᠢᠨ ᠤᠷᠤᠨ ᠵᠠᠢ ᠶᠢ ᠦᠷᠭᠡᠳᠬᠡᠬᠦ ᠪᠠᠷ ᠨᠡᠩ | ᠬᠦᠴᠦᠯᠡᠨ᠎ᠡ᠃ ︽ᠵᠠᠰᠠᠯᠲᠠ ᠶᠢᠨ ᠦᠷ᠎ᠡ ᠠᠰᠢᠭ ᠢ ᠨᠡᠮᠡᠭᠳᠡᠬᠦᠯᠬᠦ︾ ᠳᠤ ᠠᠩᠬᠠᠷᠤᠯ ᠢᠶᠠᠨ ᠲᠦᠪᠯᠡᠷᠡᠬᠦᠯᠵᠤ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ | ᠰᠠᠭᠤᠷᠢ ᠶᠢ ᠪᠠᠬᠢᠵᠢᠭᠦᠯᠦᠨ᠎ᠡ᠃ | | | |