ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠲᠤᠬᠠᠢ ᠦᠤᠰᠢᠨ ᠬᠤᠰᠢᠭᠤᠨ ᠤ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2025/3/18
ᠰᠤᠪᠤᠷᠭ᠎ᠠ ᠠᠵᠤ ᠠᠬᠤᠶ ᠶᠢᠨ ᠨᠡᠭᠡᠭᠡᠯᠲᠡ ᠶᠢᠨ ᠣᠷᠣᠨ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠡᠳᠦᠭᠡ ᠪᠥᠬᠦ ᠬᠤᠰᠢᠭᠤᠨ ᠤ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠲᠤᠬᠠᠶ ᠳᠣᠤᠷᠠᠬᠢ ᠮᠡᠲᠦ ᠵᠠᠷᠯᠠᠶ᠎ᠠ᠄      ᠨᠢᠭᠡ᠂ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠭᠦᠷᠢᠶ᠎ᠡ ᠬᠡᠪᠴᠢᠶ᠎ᠡ      ︽ᠦᠦᠰᠢᠨ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵2021 — 2025 ᠣᠨ︶︾ ᠢ ᠦᠨᠳᠦᠰᠦᠯᠡᠨ᠂ ᠪᠥᠬᠦ ᠬᠤᠰᠢᠭᠤᠨ ᠤ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠤ ᠲᠠᠯᠠᠪᠠᠶ 285 ᠲᠦᠮᠡᠨ ᠮᠥ ᠪᠠᠶᠢᠵᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠲᠠᠯᠠᠪᠠᠶ 815 ᠲᠦᠮᠡᠨ ᠮᠥ ᠪᠠᠶᠢᠨ᠎ᠠ᠃ ︵ᠨᠢᠭᠡ︶ ᠪᠡᠯᠴᠢᠭᠡᠷᠯᠡᠭᠦᠯᠬᠦ ᠶᠢ ᠵᠤᠭᠰᠤᠭᠠᠬᠤ ᠬᠡᠪᠴᠢᠶ᠎ᠡ᠄ ᠪᠥᠬᠦ ᠬᠤᠰᠢᠭᠤᠨ ᠤ ᠬᠦᠨᠳᠦ ᠨᠤᠴᠢᠲᠠᠢ ᠮᠠᠭᠤᠳᠠᠵᠤ᠂ ᠡᠯᠡᠰᠦᠷᠬᠡᠭᠵᠢᠭᠰᠡᠨ ᠲᠠᠯ᠎ᠠ ᠨᠤᠲᠤᠭ᠂ ᠪᠡᠯᠴᠢᠭᠡᠷᠯᠡᠭᠦᠯᠬᠦ ᠳᠤ ᠲᠣᠬᠢᠷᠠᠬᠤ ᠦᠭᠡᠢ ᠳᠤᠮᠳᠠ ᠵᠡᠷᠭᠡ ᠶᠢᠨ ᠮᠠᠭᠤᠳᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ ᠪᠠ ᠠᠮᠢ ᠠᠬᠤᠢ ᠬᠡᠪᠡᠷᠡᠭ ᠣᠷᠣᠨ ᠤ ᠨᠤᠲᠤᠭ ᠪᠡᠯᠴᠢᠭᠡᠷ᠃ ᠰᠢᠨ᠎ᠡ ᠪᠠᠷ ᠪᠠᠶᠢᠭᠤᠯᠤᠭᠰᠠᠨ ︽ᠤᠮᠠᠷᠠᠲᠤ ᠶᠢᠨ ᠭᠤᠷᠪᠠᠨ ᠤᠷᠤᠨ︾ ᠵᠢᠴᠢ ᠬᠥᠷᠥᠰᠥ ᠰᠢᠷᠣᠢ ᠶᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠲᠥᠷᠥᠯ ᠵᠦᠢᠯ ᠤᠨ ᠣᠷᠣᠨ᠂ ᠨᠢᠯᠬ᠎ᠠ ᠣᠶ ᠶᠢᠨ ᠭᠠᠵᠠᠷ᠂ ᠨᠡᠶᠢᠲᠡ ᠶᠢᠨ ᠠᠰᠠᠷᠠᠮᠵᠢ ᠶᠢᠨ ᠣᠶᠢᠲᠤ ᠭᠠᠵᠠᠷ ᠪᠠ ᠠᠵᠤ ᠠᠬᠤᠢ ᠶᠢᠨ ᠣᠶᠢᠲᠤ ᠭᠠᠵᠠᠷ᠃ ᠪᠠᠶᠢᠭᠠᠯᠢ ᠶᠢᠨ ᠬᠠᠮᠠᠭᠠᠯᠠᠯᠲᠠ ᠶᠢᠨ ᠭᠤᠤᠯᠳᠠᠯᠭᠠᠲᠤ ᠤᠷᠤᠨ ᠤ ᠵᠠᠪᠰᠠᠷ ᠤᠨ ᠤᠷᠤᠨ᠂ ᠲᠠᠷᠢᠶᠠᠯᠠᠬᠤ ᠤᠷᠤᠨ᠂ ᠪᠡᠯᠴᠢᠭᠡᠷᠯᠡᠬᠦᠯᠬᠦ ᠶᠢ ᠬᠤᠷᠢᠭᠯᠠᠬᠤ ᠴᠢᠬᠤᠯᠠᠲᠠᠢ ᠪᠤᠰᠤᠳ ᠤᠷᠤᠨ ᠪᠦᠰᠡ᠃ ︵ᠬᠤᠶᠠᠷ︶ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠬᠡᠪᠴᠢᠶ᠎ᠡ᠄ ᠪᠥᠬᠦ ᠬᠤᠰᠢᠭᠤᠨ ᠤ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠠᠴᠠ ᠭᠠᠳᠠᠨᠠᠬᠢ ᠪᠠᠶᠢᠭᠠᠯᠢ ᠶᠢᠨ ᠨᠤᠲᠤᠭ ᠪᠡᠯᠴᠢᠭᠡᠷ ᠤᠨ ᠣᠷᠣᠨ᠃      ᠬᠤᠶᠠᠷ᠂ ᠬᠡᠷᠡᠭᠵᠢᠭᠦᠯᠬᠦ ᠴᠠᠭ ᠬᠤᠭᠤᠴᠠᠭ᠎ᠠ      ︵ᠨᠢᠭᠡ︶᠂ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ᠄ ᠪᠦᠬᠦ ᠵᠢᠯ ᠳᠤ ᠮᠠᠯ ᠪᠡᠯᠴᠢᠭᠡᠷᠯᠡᠭᠦᠯᠬᠦ ᠶᠢ ᠵᠤᠭᠰᠤᠭᠠᠨ᠎ᠠ᠃      ︵ᠬᠤᠶᠠᠷ︶ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠣᠷᠣᠨ᠄ ᠣᠷᠳᠣᠰ ᠨᠠᠷᠢᠨ ᠨᠣᠣᠰᠣᠲᠤ ᠬᠤᠨᠢᠨ ᠤ ᠰᠡᠯᠭᠦᠨ ᠮᠠᠯᠵᠢᠬᠤ ᠬᠤᠭᠤᠴᠠᠭ᠎ᠠ ᠨᠢ 4 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 31 ᠤ ᠡᠳᠦᠷ︔ ᠪᠤᠰᠤᠳ ᠡᠪᠡᠰᠤ ᠢᠳᠡᠳᠡᠭ ᠮᠠᠯ ᠲᠡᠵᠢᠭᠡᠪᠦᠷᠢ ᠶᠢᠨ ᠰᠡᠯᠭᠦᠨ ᠮᠠᠯᠵᠢᠬᠤ ᠬᠤᠭᠤᠴᠠᠭ᠎ᠠ ᠨᠢ 4 ᠰᠠᠷ᠎ᠠ ᠶᠢᠨ 1 ᠤ ᠡᠳᠦᠷ ᠠᠴᠠ 6 ᠰᠠᠷ᠎ᠠ ᠶᠢᠨ 30 ᠤ ᠡᠳᠦᠷ᠃      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠵᠢᠴᠢ ᠥᠷᠭᠡᠨ ᠣᠯᠠᠨ ᠮᠠᠯᠴᠢᠨ ᠲᠠᠷᠢᠶᠠᠴᠢᠨ ᠤᠷᠢᠳᠴᠢᠯᠠᠨ ᠲᠦᠯᠦᠪᠵᠢᠬᠦᠯᠦᠨ ᠪᠡᠯᠡᠳᠬᠡᠵᠦ ᠂ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠳᠤ ᠡᠪᠡᠰᠦ ᠪᠣᠷᠳᠤᠭ᠎ᠠ ᠰᠢᠯᠵᠢᠭᠦᠯᠦᠨ ᠬᠤᠳᠠᠯᠳᠤᠨ ᠠᠪᠬᠤ᠂ ᠨᠥᠭᠡᠴᠡᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠡᠯᠴᠢᠭᠡᠷᠯᠡᠭᠦᠯᠬᠦ ᠶᠢ ᠵᠤᠭᠰᠤᠭᠠᠬᠤ ᠬᠤᠭᠤᠴᠠᠭᠠᠨ ᠳᠤ ᠪᠣᠶ ᠪᠥᠬᠦᠶ ᠮᠠᠯ ᠤᠨᠤᠭ᠎ᠠ ᠶᠢ ᠪᠦᠬᠦᠨ ᠢ ᠬᠠᠰᠢᠶᠠᠯᠠᠨ ᠲᠡᠵᠢᠭᠡᠵᠦ᠂ ᠪᠡᠯᠴᠢᠭᠡᠷ ᠳᠡᠭᠡᠷ᠎ᠡ ᠮᠠᠯ ᠬᠠᠷᠢᠭᠤᠯᠵᠤ ᠪᠣᠯᠬᠤ ᠥᠬᠡᠶ᠂ ᠰᠥᠨᠢ ᠪᠠᠷ ᠪᠡᠯᠴᠢᠭᠡᠷᠯᠡᠭᠦᠯᠬᠦ᠂ ᠬᠤᠯᠠᠭᠠᠶᠢᠯᠠᠨ ᠪᠡᠯᠴᠢᠭᠡᠷᠯᠡᠭᠦᠯᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠨ᠎ᠠ᠃      ︵ᠬᠤᠶᠠᠷ︶ ᠡᠯ᠎ᠡ ᠰᠤᠮᠤ ᠪᠠᠯᠭᠠᠰᠤ ᠨᠢ ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠤᠨ ᠬᠠᠳᠤᠯᠠᠩ ᠪᠡᠯᠴᠢᠭᠡᠷ ᠤᠨ ᠲᠠᠯᠠᠪᠠᠶ᠂ ᠪᠡᠯᠴᠢᠭᠡᠷ ᠤᠨ ᠳᠠᠭᠠᠭᠠᠴᠠ ᠶᠢᠨ ᠪᠠᠷᠢᠮᠵᠢᠶ᠎ᠠ ᠵᠢᠴᠢ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠡᠷᠦᠬᠡ ᠪᠠᠷ ᠨᠢᠭᠡᠴᠢ ᠪᠣᠯᠭᠠᠨ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠬᠢᠨᠠᠨ ᠲᠣᠭᠲᠠᠭᠠᠨ᠎ᠠ᠃ ᠭᠠᠴᠠᠭ᠎ᠠ ᠲᠣᠰᠬᠤᠨ ᠵᠢᠴᠢ ᠥᠷᠭᠡᠨ ᠣᠯᠠᠨ ᠮᠠᠯᠴᠢᠨ ᠲᠠᠷᠢᠶᠠᠴᠢᠨ ᠪᠡᠯᠴᠢᠭᠡᠷ ᠤᠨ ᠬᠡᠮᠵᠢᠶ᠎ᠡ ᠪᠠᠷ ᠮᠠᠯ ᠤᠨ ᠲᠤᠭ᠎ᠠ ᠲᠤᠯᠤᠭᠠᠢ ᠪᠠᠨ ᠲᠣᠭᠲᠠᠭᠠᠬᠤ ᠶᠢ ᠪᠠᠷᠢᠮᠲᠠᠯᠠᠵᠤ᠂ ᠬᠢᠨᠠᠨ ᠲᠣᠭᠲᠠᠭᠠᠭᠰᠠᠨ ᠮᠠᠯᠵᠢᠬᠤ ᠳᠠᠭᠠᠭᠠᠴᠠ ᠶᠢᠨ ᠬᠡᠮᠵᠢᠶ᠎ᠡ ᠶᠢ ᠦᠨᠳᠦᠰᠦᠯᠡᠨ ᠮᠠᠯᠵᠢᠬᠤ ᠬᠡᠪᠴᠢᠶ᠎ᠡ ᠪᠠ ᠲᠤᠭ᠎ᠠ ᠬᠡᠮᠵᠢᠶ᠎ᠡ ᠪᠠᠨ ᠵᠦᠢ ᠵᠣᠬᠢᠰᠲᠠᠶ ᠲᠣᠬᠢᠷᠠᠭᠤᠯᠵᠤ ᠬᠠᠰᠢᠶᠠᠯᠠᠨ ᠮᠠᠯᠵᠢᠬᠤ ᠶᠢ ᠢᠳᠡᠪᠬᠢᠲᠡᠶ ᠬᠥᠭᠵᠢᠭᠦᠯᠤᠨ᠎ᠡ᠃ ᠮᠠᠭᠤᠳᠠᠭᠰᠠᠨ᠂ ᠡᠯᠡᠰᠦᠷᠬᠡᠭᠵᠢᠭᠰᠡᠨ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠪᠣᠯ ᠪᠠᠶᠢᠳᠠᠯ ᠢ ᠨᠢ ᠦᠨᠳᠦᠰᠦᠯᠡᠵᠤ ᠪᠠᠶᠢᠭᠠᠳ ᠮᠠᠯᠵᠢᠬᠤ ᠬᠡᠮᠵᠢᠶ᠎ᠡ ᠪᠠᠨ ᠪᠠᠭᠠᠰᠬᠠᠨ᠎ᠠ᠃      ︵ᠭᠤᠷᠪᠠ︶ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠵᠢᠴᠢ ᠥᠷᠭᠡᠨ ᠣᠯᠠᠨ ᠮᠠᠯᠴᠢᠨ ᠲᠠᠷᠢᠶᠠᠴᠢᠨ ᠶᠠᠮᠠᠷᠪᠠ ᠰᠢᠯᠲᠠᠭᠠᠨ ᠪᠤᠶᠤ ᠶᠠᠮᠠᠷᠪᠠ ᠬᠡᠯᠪᠡᠷᠢ ᠪᠠᠷ ᠪᠠᠶᠢᠭᠠᠯᠢ ᠶᠢᠨ ᠨᠤᠲᠤᠭ ᠪᠡᠯᠴᠢᠭᠡᠷ ᠲᠤ ᠭᠠᠳᠠᠷ ᠣᠷᠣᠨ ᠤ ᠮᠠᠯ ᠢ ᠠᠪᠴᠢᠷᠠᠨ ᠲᠡᠵᠢᠬᠡᠨ ᠮᠠᠯᠵᠢᠵᠤ ᠪᠣᠯᠬᠤ ᠦᠭᠡᠢ᠃ ᠭᠠᠳᠠᠷ ᠣᠷᠣᠨ ᠤ ᠮᠠᠯ ᠢ ᠠᠪᠴᠢᠷᠠᠨ ᠬᠠᠷᠢᠭᠤᠯᠤᠭᠰᠠᠨ ᠪᠠᠶᠢᠪᠠᠯ ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 10 ᠡᠳᠦᠷ ᠤᠨ ᠳᠣᠲᠣᠷ᠎ᠠ ᠠᠪᠴᠢᠷᠠᠭᠰᠠᠨ ᠮᠠᠯ ᠢ ᠪᠦᠬᠦᠨ ᠢ ᠰᠢᠢᠳᠪᠦᠷᠢᠯᠡᠨ᠎ᠡ᠃ ᠲᠣᠰ ᠠᠯᠪᠠᠨ ᠵᠠᠷ ᠤᠨ ᠲᠣᠭᠲᠠᠭᠠᠯ ᠢ ᠬᠡᠷᠡᠭᠵᠢᠭᠦᠯᠬᠦ ᠶᠢ ᠲᠡᠪᠴᠢᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠢᠩᠭ᠎ᠠ ᠪᠥᠭᠡᠳ ᠬᠦᠨᠳᠦ ᠪᠠᠷ ᠰᠢᠢᠳᠪᠦᠷᠢᠯᠡᠨ᠎ᠡ᠃      ︵ᠳᠥᠷᠪᠡ︶ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠤᠨ ᠤᠬᠠᠭᠤᠯᠭ᠎ᠠ ᠪᠠᠨ ᠴᠢᠩᠭᠠᠳᠬᠠᠵᠤ᠂ ᠲᠣᠰᠬᠤᠨ ᠡᠷᠦᠬᠡ ᠳᠠᠷᠠᠭᠠᠯᠠᠨ ︽ᠤᠶᠢᠯᠠᠭᠠᠬᠤ ᠺᠠᠷᠲ︾ ︽ᠮᠡᠳᠡᠭᠳᠡᠬᠦ ᠪᠢᠴᠢᠭ︾ ᠲᠠᠷᠬᠠᠭᠠᠵᠤ ᠸᠢᠴᠠᠲ᠂ ᠤᠬᠠᠭᠤᠯᠭ᠎ᠠ ᠶᠢᠨ ᠤᠷᠢᠶ᠎ᠠ ᠪᠠ ᠷᠠᠳᠢᠣ᠋ ᠨᠡᠪᠲᠡᠷᠡᠭᠦᠯᠭᠡ ᠵᠡᠷᠭᠡ ᠵᠠᠭᠤᠴᠢᠯᠠᠭᠤᠷ ᠢ ᠠᠰᠢᠭᠯᠠᠨ ᠮᠠᠯᠴᠢᠨ ᠲᠠᠷᠢᠶᠠᠴᠢᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠢ ᠬᠥᠲᠥᠯᠦᠨ ᠵᠢᠯᠣᠭᠤᠳᠴᠤ ᠪᠠᠶᠢᠭᠠᠳ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠬᠠᠮᠢᠶ᠎ᠠ ᠪᠦᠬᠦᠢ ᠬᠠᠤᠯᠢ ᠲᠦᠷᠢᠮ ᠲᠦᠷᠦ ᠶᠢᠨ ᠪᠤᠳᠤᠯᠭ᠎ᠠ ᠶᠢ ᠤᠬᠠᠮᠰᠠᠷ ᠠᠴᠠ ᠪᠠᠨ ᠵᠢᠷᠤᠮᠯᠠᠨ ᠰᠠᠬᠢᠭᠤᠯᠵᠤ᠂ ᠬᠡᠲᠦᠷᠡᠲᠡᠯ᠎ᠡ ᠪᠡᠯᠴᠢᠭᠡᠷᠯᠡᠬᠦᠯᠬᠦ ᠪᠠ ᠬᠤᠯᠠᠭᠠᠶᠢᠯᠠᠨ ᠪᠡᠯᠴᠢᠭᠡᠷᠯᠡᠬᠦᠯᠬᠦ᠂ ᠰᠦᠨᠢ ᠪᠠᠷ ᠪᠡᠯᠴᠢᠭᠡᠷᠯᠡᠬᠦᠯᠬᠦ ᠵᠡᠷᠭᠡ ᠦᠢᠯᠡ ᠠᠵᠢᠯᠯᠠᠭ᠎ᠠ ᠡᠭᠦᠰᠬᠦ ᠶᠢ ᠴᠢᠩᠭ᠎ᠠ ᠬᠤᠷᠢᠭᠯᠠᠨ᠎ᠠ᠃      ︵ᠲᠠᠪᠤ︶ ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ︵ᠲᠤᠤᠷᠵᠢᠭᠤᠯᠤᠭᠴᠢ︶ ᠪᠥᠬᠦ ᠤᠯᠤᠰ ᠤᠨ ᠠᠮᠢ ᠠᠬᠤᠶ ᠶᠢᠨ ᠣᠶ ᠰᠢᠭᠤᠶ ᠬᠠᠮᠠᠭᠠᠯᠠᠭᠴᠢ ᠶᠢᠨ ᠬᠤᠯᠪᠣᠭᠠᠯᠠᠨ ᠬᠥᠳᠡᠯᠦᠯᠴᠡᠬᠦ ᠬᠠᠮᠢᠶᠠᠷᠤᠯᠲᠠ ᠶᠢᠨ ᠰᠢᠰᠲ᠋ᠧᠮ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠣᠶᠤᠨᠴᠢ ᠬᠠᠮᠢᠶᠠᠷᠤᠯᠲᠠ ᠶᠢᠨ ᠲᠠᠪᠴᠠᠩ᠂ ᠣᠷᠳᠣᠰ ᠬᠤᠲᠠ ᠶᠢᠨ ᠪᠡᠯᠴᠢᠭᠡᠷᠯᠡᠭᠦᠯᠬᠦ ᠶᠢ ᠵᠤᠭᠰᠤᠭᠠᠬᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠵᠡᠷᠭᠡ ᠶᠢ ᠠᠰᠢᠭᠯᠠᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠳᠠᠪᠲᠠᠮᠵᠢ ᠶᠢ ᠨᠡᠮᠡᠭᠳᠡᠭᠦᠯᠵᠦ᠂ ᠬᠤᠯᠠᠭᠠᠶᠢᠯᠠᠨ  ᠪᠡᠯᠴᠢᠭᠡᠷᠯᠡᠬᠦᠯᠬᠦ᠂ ᠰᠥᠨᠢ ᠪᠠᠷ ᠪᠡᠯᠴᠢᠭᠡᠷᠯᠡᠬᠦᠯᠬᠦ ᠵᠡᠷᠭᠡ ᠲᠣᠭᠲᠠᠭᠠᠯ ᠠᠴᠠ ᠵᠥᠷᠢᠴᠡᠨ ᠪᠡᠯᠴᠢᠭᠡᠷᠯᠡᠬᠦᠯᠬᠦ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠪᠤᠰᠤᠳ ᠮᠡᠳᠡᠭᠡ ᠵᠠᠩᠭᠢ ᠶᠢ ᠴᠠᠭ ᠲᠤᠬᠠᠶ ᠳᠤᠨᠢ ᠣᠯᠵᠤ ᠮᠡᠳᠡᠬᠦ ᠪᠠ ᠳᠠᠮᠵᠢᠭᠤᠯᠤᠨ᠎ᠠ᠃ ᠬᠤᠰᠢᠭᠤ ᠣᠶ ᠰᠢᠭᠤᠶ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠵᠦ ᠮᠠᠯ ᠪᠡᠯᠴᠢᠭᠡᠷᠯᠡᠭᠦᠯᠦᠭᠰᠡᠨ ᠠᠴᠠ ᠪᠣᠯᠵᠤ ᠨᠤᠲᠤᠭ ᠪᠡᠯᠴᠢᠭᠡᠷ ᠡᠪᠳᠡᠭᠳᠡᠭᠰᠡᠨ ᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠦᠨᠳᠦᠰᠦᠯᠡᠨ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠭᠰᠣᠭᠠᠬᠤ ᠶᠢᠨ ᠬᠠᠮᠲᠤ ᠬᠤᠯᠪᠣᠭᠳᠠᠯ ᠪᠥᠬᠦᠶ ᠲᠤᠬᠠᠶ ᠶᠢᠨ ᠬᠥᠮᠦᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃       ᠳᠥᠷᠪᠡ᠂ ᠰᠢᠳᠬᠡᠵᠤ ᠲᠤᠷᠭᠠᠬᠤ ᠲᠣᠭᠲᠠᠭᠠᠯ      ︵ᠨᠢᠭᠡ︶ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠪᠦᠰᠡ ᠪᠤᠶᠤ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠮᠠᠯ ᠪᠡᠯᠴᠢᠭᠡᠷᠯᠡᠭᠦᠯᠦᠭᠰᠡᠳ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠲᠦᠷᠢᠮ︾ ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠨ ᠵᠠᠯᠠᠷᠠᠭᠤᠯᠵᠤ᠂ ᠬᠠᠤᠯᠢ ᠠᠴᠠ ᠵᠥᠷᠢᠴᠡᠨ ᠪᠡᠯᠴᠢᠭᠡᠷᠯᠡᠭᠦᠯᠦᠭᠰᠡᠨ ᠬᠤᠨᠢ ᠨᠢᠭᠡᠪᠦᠷᠢ ᠶᠢ 120 ᠲᠥᠭᠦᠷᠢᠭ ᠢᠶᠠᠷ ᠲᠣᠷᠭᠠᠨ᠎ᠠ᠃ ᠣᠶ ᠰᠢᠭᠤᠶ ᠶᠢᠨ ᠭᠠᠵᠠᠷ ᠲᠤ ᠮᠠᠯ ᠮᠠᠯᠵᠢᠭᠰᠠᠨ ᠠᠴᠠ ᠪᠣᠯᠵᠤ ᠣᠶ ᠮᠣᠳᠣ ᠶᠢ ᠰᠦᠢᠳᠬᠡᠭᠰᠡᠨ ᠪᠣᠯ ᠣᠶ ᠰᠢᠭᠤᠶ ᠨᠤᠲᠤᠭ ᠪᠡᠯᠴᠢᠭᠡᠷ ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ᠶᠢᠨ ᠳᠠᠯᠠᠨ ᠳᠥᠷᠪᠡᠳᠦᠭᠡᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠲᠤᠭᠲᠠᠭᠰᠠᠨ ᠬᠤᠭᠤᠴᠠᠭᠠᠨ ᠳᠤ ᠤᠤᠯ ᠭᠠᠵᠠᠷ ᠪᠤᠶᠤ ᠣᠨᠳᠣᠤ ᠭᠠᠵᠠᠷ ᠲᠤ ᠰᠦᠢᠳᠭᠡᠭᠰᠡᠨ ᠰᠠᠭᠤᠷᠢ ᠶᠢᠨ ᠨᠢᠭᠡ ᠳᠠᠬᠢᠨ ᠠᠴᠠ ᠳᠡᠭᠡᠭᠰᠢ ᠭᠤᠷᠪᠠᠨ ᠳᠠᠬᠢᠨ ᠠᠴᠠ ᠲᠤᠷᠤᠭᠰᠢ ᠮᠤᠳᠤ ᠶᠢ ᠨᠥᠬᠦᠵᠦ ᠳᠡᠷᠢᠭᠤᠯᠤᠨ᠎ᠠ᠃      ︵ᠬᠤᠶᠠᠷ︶ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠶᠢ ᠬᠡᠷᠡᠭᠵᠢᠭᠦᠯᠦᠭᠰᠡᠨ ᠨᠤᠲᠤᠭ ᠪᠡᠯᠴᠢᠭᠡᠷ ᠳᠡᠭᠡᠷ᠎ᠡ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠪᠡᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠳᠦᠷᠢᠮ︾ ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ ᠬᠤᠭᠤᠴᠠᠭ᠎ᠠ ᠥᠩᠭᠡᠷᠡᠭᠡᠳ ᠵᠠᠯᠠᠷᠠᠭᠤᠯᠤᠭᠰᠠᠨ ᠦᠭᠡᠶ ᠪᠣᠯ ᠪᠠᠭᠲᠠᠭᠠᠮᠵᠢ ᠠᠴᠠ ᠬᠡᠲᠦᠷᠡᠭᠰᠡᠨ ᠬᠤᠨᠢ ᠨᠢᠭᠡᠪᠦᠷᠢ ᠶᠢ 100 ᠲᠥᠭᠦᠷᠢᠭ ᠢᠶᠠᠷ ᠲᠣᠷᠭᠠᠨ᠎ᠠ᠃      ︵ᠭᠤᠷᠪᠠ︶ ᠬᠠᠤᠯᠢ ᠶᠣᠰᠣᠭᠠᠷ ᠰᠢᠳᠬᠡᠬᠦ ᠲᠣᠭᠲᠠᠭᠠᠯ ᠭᠠᠷᠭᠠᠬᠤ᠂ ᠲᠤᠬᠠᠶ ᠶᠢᠨ ᠬᠥᠮᠦᠨ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠣᠲᠣᠷ᠎ᠠ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠦᠭᠡᠢ ᠪᠤᠶᠤ ᠵᠠᠷᠭᠤᠯᠳᠤᠬᠤ ᠦᠭᠡᠢ᠂ ᠪᠠᠰᠠ ᠭᠦᠢᠴᠡᠳᠬᠡᠬᠦ ᠦᠭᠡᠢ ᠪᠠᠶᠢᠪᠠᠯ᠂ ᠰᠢᠳᠬᠡᠬᠦ ᠪᠠᠶᠢᠭᠤᠯᠭ᠎ᠠ ᠠᠴᠠ ᠬᠤᠰᠢᠭᠤ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠵᠤ ᠠᠯᠪᠠᠳᠠᠨ ᠬᠡᠷᠡᠭᠵᠢᠭᠦᠯᠦᠨ᠎ᠡ᠃ ᠡᠭᠦᠨ ᠤ ᠬᠠᠮᠲᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠥᠬᠡᠶ ᠪᠠᠶᠢᠵᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠮᠠᠯᠵᠢᠯ ᠤᠨ ᠳᠠᠭᠠᠭᠠᠴᠠ ᠠᠴᠠ ᠬᠡᠲᠦᠷᠡᠭᠰᠡᠨ ᠨᠣᠷᠮ᠎ᠠ ᠨᠢ 10% ᠠᠴᠠ ᠬᠡᠲᠦᠷᠡᠭᠰᠡᠨ ᠪᠤᠶᠤ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠳᠤ ᠬᠤᠶᠠᠷ ᠤᠳᠠᠭ᠎ᠠ ᠠᠴᠠ ᠳᠡᠭᠡᠭᠰᠢ ᠪᠡᠯᠴᠢᠭᠡᠷᠯᠡᠭᠦᠯᠦᠭᠰᠡᠨ ᠪᠠᠶᠢᠪᠠᠯ᠂ ᠰᠤᠮᠤ ᠪᠠᠯᠭᠠᠰᠤ ᠠᠴᠠ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠲᠤᠬᠠᠶ ᠶᠢᠨ ᠵᠢᠯ ᠤᠨ ᠪᠥᠬᠦ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠬᠠᠰᠤᠨ᠎ᠠ᠃ ᠬᠠᠰᠤᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠨᠦᠬᠦᠪᠦᠷᠢ ᠶᠢᠨ ᠪᠡᠯᠡ ᠮᠦᠩᠭᠦ ᠶᠢ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠨᠢᠭᠡᠲᠦᠯᠲᠡᠢ ᠲᠦᠯᠦᠪᠯᠡᠨ ᠲᠣᠬᠢᠷᠠᠭᠤᠯᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠲᠤᠰᠬᠠᠢ ᠬᠡᠷᠡᠭᠯᠡᠨ᠎ᠡ᠃      ︵ᠳᠥᠷᠪᠡ︶ ᠣᠯᠠᠨ ᠲᠦᠮᠡᠨ ᠢ ᠵᠣᠷᠢᠭᠤᠳᠠ ᠥᠳᠥᠭᠡᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠦᠴᠦᠷᠬᠡᠭᠯᠡᠯ ᠰᠦᠷᠳᠡᠬᠦᠯᠦᠯ ᠢᠶᠠᠷ ᠬᠠᠷᠰᠢᠯᠠᠭᠰᠠᠨ ᠪᠤᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾ ᠶᠢ ᠦᠨᠳᠦᠰᠦᠯᠡᠨ ᠬᠠᠤᠯᠢ ᠶᠣᠰᠣᠭᠠᠷ ᠪᠠᠶᠢᠴᠠᠭᠠᠨ ᠰᠢᠳᠪᠦᠷᠢᠯᠡᠵᠤ᠂ ᠬᠠᠤᠯᠢ ᠠᠴᠠ ᠵᠥᠷᠢᠴᠡᠨ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠲᠠᠪᠤ᠂ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠬᠦ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠬᠦ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ      ᠦᠦᠰᠢᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠄ 0477 — 7221899      ᠥᠪᠥᠷ ᠮᠣᠩᠭᠤᠯ ᠤᠨ ᠰᠢᠷᠬᠤᠰᠤ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶ᠎ᠠ᠄ 0477 — 2248020      ᠥᠪᠥᠷ ᠮᠣᠩᠭᠤᠯ ᠤᠨ ᠮᠤᠤᠠᠤᠰᠤ ᠡᠯᠡᠰᠦᠷᠬᠡᠭ ᠭᠠᠵᠠᠷ ᠤᠨ ᠠᠷᠴᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠄ 0477 — 7581307      ᠦᠦᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠄ 0477 — 7212233      ᠭᠠᠯᠠᠭᠤᠳᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ 0477 — 7583380      ᠰᠢᠷᠬᠤᠰᠤᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ 0477 — 7560221      ᠰᠦᠯᠳᠡ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ 0477 — 7520007      ᠤᠯᠠᠭᠠᠨᠲᠣᠯᠣᠭᠠᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ 0477 — 7552004      ᠲᠤᠭ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ 0477 — 7510072      ᠦᠤᠰᠢᠨᠵᠤᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠄ 0477 — 2781131      ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠳᠤᠰᠬᠠᠶᠢᠯᠠᠨ ᠵᠠᠷᠯᠠᠪᠠ᠃                ᠦᠦᠰᠢᠨ ᠬᠤᠰᠢᠭᠤᠨ ᠤ ᠣᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠯᠪᠠᠨ ᠭᠡᠷ                             2025 ᠣᠨ ᠤ 3 ᠰᠠᠷ᠎ᠠ ᠶᠢᠨ 14 ᠤ ᠡᠳᠦᠷ 
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ