| ᠦᠦᠰᠢᠨ ᠵᠠᠰᠠᠭ ᠳᠠᠷᠬᠠᠭᠠᠭᠰᠠᠨ〔2025〕1 ᠳ᠋ᠦ᠋ᠭᠡᠷ ᠲᠤᠭᠠᠲᠤ | | ᠬᠠᠩᠰᠢ ᠶᠢᠨ ᠡᠳᠦᠷ ᠵᠢᠴᠢ ᠬᠠᠪᠤᠷ ᠤᠨ ᠲᠠᠷᠢᠶᠠᠯᠠᠭ᠎ᠠ ᠤᠶᠢᠷᠠᠲᠤᠵᠤ᠂ ᠮᠠᠨ ᠤ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠣᠯᠠᠨ | ᠡᠭᠦᠰᠬᠦ ᠬᠤᠭᠤᠴᠠᠭᠠᠨ ᠳᠤ ᠤᠷᠤᠭᠰᠠᠨ ᠪᠠᠶᠢᠨ᠎ᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠡᠵᠡᠮᠳᠡᠵᠤ | ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠤᠯᠤᠰ ᠤᠨ ᠭᠠᠵᠠᠷ ᠰᠢᠷᠣᠶ ᠶᠢᠨ ᠠᠮᠢ ᠠᠬᠤᠶ ᠶᠢᠨ ᠠᠮᠤᠷ ᠲᠦᠪᠰᠢᠨ ᠢ ᠦᠨᠡᠨᠬᠦ | ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ | ᠮᠠᠨ ᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠲᠠᠷᠬᠠᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠡᠳᠦᠬᠡ ᠣᠶ ᠰᠢᠭᠤᠶ | ᠨᠤᠲᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠬᠦ ᠵᠠᠷᠯᠢᠭ ᠢ ᠨᠡᠶᠢᠲᠡᠯᠡᠯ᠎ᠡ᠄ | ᠨᠢᠭᠡ᠂ ᠴᠢᠩᠭ᠎ᠠ ᠰᠡᠷᠭᠡᠶᠢᠯᠡᠬᠦ ᠬᠤᠭᠤᠴᠠᠭ᠎ᠠ᠄ 2025 ᠣᠨ ᠤ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠤᠯᠲᠠᠯ᠎ᠠ᠃ | ᠬᠤᠶᠠᠷ᠂ ᠴᠢᠩᠭ᠎ᠠ ᠰᠡᠷᠭᠡᠶᠢᠯᠡᠬᠦ ᠤᠷᠤᠨ ᠪᠦᠰᠡ᠄ ᠦᠦᠰᠢᠨ ᠬᠤᠰᠢᠭᠤᠨ ᠤ ᠵᠠᠰᠠᠭ ᠵᠠᠬᠢᠷᠭᠠᠨ ᠤ ᠬᠠᠷᠢᠶ᠎ᠠ ᠣᠷᠣᠨ ᠤ ᠳᠣᠲᠣᠷᠠᠬᠢ ᠪᠤᠢ ᠪᠦᠬᠦᠢ | ᠰᠢᠭᠤᠶᠢᠲᠤ ᠣᠷᠣᠨ᠂ ᠨᠤᠲᠤᠭ ᠪᠡᠯᠴᠢᠭᠡᠷ ᠤᠨ ᠣᠷᠣᠨ ᠬᠢᠭᠡᠳ ᠤᠢ ᠰᠢᠭᠤᠢ ᠶᠢᠨ ᠬᠥᠪᠡᠭᠡ ᠵᠠᠬ᠎ᠠ ᠶᠢᠨ 10 ᠮᠧᠲᠷ ᠤᠨ ᠬᠡᠪᠴᠢᠶᠡᠨ ᠳᠠᠬᠢ ᠣᠷᠣᠨ ᠪᠦᠰᠡ᠃ | | ᠭᠤᠷᠪᠠ᠂ ᠭᠠᠯ ᠲᠦᠢᠮᠡᠷ ᠢ ᠴᠢᠩᠭ᠎ᠠ ᠰᠡᠷᠭᠡᠶᠢᠯᠡᠬᠦ ᠬᠤᠭᠤᠴᠠᠭᠠᠨ ᠳᠤ ᠳᠣᠣᠷᠠᠬᠢ ᠲᠣᠭᠲᠠᠭᠠᠯ ᠤᠳ ᠢ ᠡᠷᠬᠡᠪᠰᠢ ᠴᠢᠩᠭ᠎ᠠ ᠵᠢᠷᠤᠮᠯᠠᠬᠤ ᠬᠡᠷᠡᠭᠲᠡᠢ᠄ | | ︵ᠨᠢᠭᠡ︶ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠴᠢᠩᠭ᠎ᠠ ᠰᠡᠷᠭᠡᠶᠢᠯᠡᠬᠦ ᠣᠷᠣᠨ ᠤ ᠳᠣᠲᠣᠷ᠎ᠠ ᠬᠡᠭᠦᠷ ᠣᠩᠭᠤᠨ ᠳᠤ ᠲᠦᠯᠡᠰᠢ ᠥᠭᠴᠦ | ᠳᠣᠶ᠋ᠢᠩ ᠰᠢᠲᠠᠭᠠᠬᠤ᠂ ᠲᠠᠮᠠᠬᠢ ᠲᠠᠲᠠᠬᠤ᠂ ᠬᠤᠸᠠᠷ ᠫᠤᠤᠵᠢᠩ ᠲᠠᠯᠪᠢᠬᠤ᠂ ᠬᠠᠭᠤᠷᠠᠢ ᠡᠪᠡᠰᠦ ᠡᠰᠢ ᠰᠦᠷᠡᠯ ᠢ ᠰᠢᠲᠠᠭᠠᠬᠤ᠂ ᠰᠢᠷᠠᠮᠠᠯ ᠬᠢᠬᠦ ᠵᠡᠷᠭᠡ ᠥᠢᠯᠡ | ᠠᠵᠢᠯᠯᠠᠭ᠎ᠠ ᠶᠢ ᠴᠢᠩᠭ᠎ᠠ ᠬᠤᠷᠢᠭᠯᠠᠨ᠎ᠠ᠃ | ︵ᠬᠤᠶᠠᠷ︶ ᠴᠢᠩᠭ᠎ᠠ ᠰᠡᠷᠭᠡᠶᠢᠯᠡᠯᠲᠡ ᠶᠢᠨ ᠣᠷᠣᠨ ᠤ ᠳᠣᠲᠣᠷ᠎ᠠ ᠦᠨᠡᠨᠬᠦ ᠦᠢᠯᠡᠳᠪᠦᠷᠢᠯᠡᠯ᠂ ᠠᠮᠢᠳᠤᠷᠠᠯ ᠤᠨ ᠭᠠᠯ ᠬᠡᠷᠡᠭᠯᠡᠬᠦ ᠴᠢᠬᠤᠯᠠᠲᠠᠢ ᠪᠠᠶᠢᠭᠤᠯᠭ᠎ᠠ | ᠨᠢᠭᠡᠴᠢ ᠪᠠ ᠬᠤᠪᠢ ᠬᠦᠮᠦᠨ ᠲᠤᠬᠠᠢ ᠶᠢᠨ ᠭᠠᠵᠠᠷ ᠤᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ | ᠪᠠᠶᠢᠭᠤᠯᠤᠮᠵᠢ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠭᠠᠯ ᠬᠡᠷᠡᠭᠯᠡᠵᠦ ᠪᠣᠯᠣᠨ᠎ᠠ᠃ ᠳᠥᠷᠪᠡᠳᠦᠭᠡᠷ ᠳᠡᠰ ᠠᠴᠠ ᠳᠡᠭᠡᠭᠰᠢᠬᠢ ᠳᠡᠰ ᠤᠨ ᠰᠠᠯᠬᠢᠨ ᠲᠠᠢ ᠴᠠᠭ | ᠠᠭᠤᠷ ᠤᠨ ᠨᠥᠬᠦᠴᠡᠯ ᠳᠣᠣᠷ᠎ᠠ ᠬᠡᠭᠡᠷ᠎ᠡ ᠭᠠᠳᠠᠨ᠎ᠠ ᠶᠠᠮᠠᠷᠪᠠ ᠭᠠᠯ ᠬᠡᠷᠡᠭᠯᠡᠬᠦ ᠦᠢᠯᠡ ᠠᠵᠢᠯᠯᠠᠭ᠎ᠠ ᠬᠢᠬᠦ ᠶᠢ ᠴᠢᠩᠭ᠎ᠠ ᠬᠤᠷᠢᠭᠯᠠᠨ᠎ᠠ᠃ | ︵ᠭᠤᠷᠪᠠ︶ ᠡᠯ᠎ᠡ ᠰᠤᠮᠤ ᠪᠠᠯᠭᠠᠰᠤ᠂ ᠡᠯ᠎ᠡ ᠬᠠᠷᠢᠭᠤᠴᠠᠯᠭᠠᠲᠤ ᠨᠢᠭᠡᠴᠢ ᠨᠦᠭᠦᠳ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ | ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠠᠢ᠃ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ | ᠠᠮᠤᠷ ᠲᠦᠪᠰᠢᠨ ᠢᠶᠠᠷ ᠭᠠᠯ ᠬᠡᠷᠡᠭᠯᠡᠨ᠂ ᠪᠣᠯᠪᠠᠰᠤᠨ ᠢᠶᠠᠷ ᠲᠠᠬᠢᠯᠭ᠎ᠠ ᠬᠢᠯᠭᠡᠵᠦ᠂ ᠤᠬᠠᠭᠤᠯᠭ᠎ᠠ ᠬᠥᠮᠦᠵᠢᠯ ᠢᠶᠠᠷ ᠳᠠᠮᠵᠢᠭᠤᠯᠤᠨ ᠣᠯᠠᠨ ᠲᠦᠮᠡᠨ ᠳᠤ ᠬᠠᠤᠯᠢ | ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠶᠢᠨ ᠬᠤᠣᠷ ᠬᠥᠨᠥᠭᠡᠯ ᠵᠢᠴᠢ ᠡᠭᠦᠷᠭᠡᠯᠡᠬᠦ ᠴᠢᠬᠤᠯᠠᠲᠠᠢ ᠬᠠᠤᠯᠢ ᠴᠠᠭᠠᠵᠠ ᠪᠠ ᠠᠵᠤ ᠠᠬᠤᠢ ᠶᠢᠨ | ᠬᠠᠷᠢᠭᠤᠴᠠᠯᠭ᠎ᠠ ᠶᠢ ᠭᠦᠢᠴᠡᠳ ᠲᠠᠨᠢᠭᠤᠯᠵᠤ ᠰᠣᠷᠭᠤᠭ ᠴᠡᠴᠡᠭ᠂ ᠰᠦᠯᠵᠢᠶᠡᠨ ᠤ ᠲᠠᠬᠢᠯᠭ᠎ᠠ᠂ ᠭᠡᠷ ᠪᠦᠯᠢ ᠶᠢᠨ ᠭᠠᠰᠢᠭᠤᠳᠠᠯ ᠤᠨ ᠬᠤᠷᠠᠯ ᠬᠢᠬᠦ ᠵᠡᠷᠭᠡ | ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠪᠣᠯᠪᠠᠰᠤᠨ ᠲᠠᠬᠢᠯᠭ᠎ᠠ ᠶᠢᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ | ︵ᠳᠥᠷᠪᠡ︶ ᠭᠤᠤᠯᠳᠠᠯᠭ᠎ᠠ ᠲᠠᠢ ᠭᠠᠵᠠᠷ ᠲᠤ ᠪᠠᠶᠢᠴᠠᠭᠠᠬᠤ ᠴᠡᠭ ᠳᠤᠬᠢᠷᠠᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ ᠲᠣᠭᠤᠷᠢᠨ ᠪᠠᠶᠢᠴᠠᠭᠠᠵᠤ | ᠲᠣᠭᠤᠷᠢᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ ᠪᠠᠶᠢᠴᠠᠭᠠᠬᠤ ᠥᠷᠲᠡᠭᠡ ᠴᠡᠭ ᠪᠠ ᠭᠠᠯ ᠰᠡᠷᠭᠡᠶᠢᠯᠡᠬᠦ ᠰᠡᠷᠡᠮᠵᠢ ᠶᠢᠨ ᠫᠠᠶᠢᠰᠠ ᠲᠣᠬᠢᠷᠠᠭᠤᠯᠤᠨ | ᠭᠠᠯ ᠤᠨ ᠢᠷᠡᠯᠲᠡ ᠭᠠᠯ ᠤᠨ ᠡᠭᠦᠰᠪᠦᠷᠢ᠂ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠵᠡᠷᠭᠡ ᠶᠢ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ | ᠣᠷᠣᠨ ᠳᠤ ᠣᠷᠣᠭᠤᠯᠬᠤ ᠶᠢ ᠴᠠᠭᠠᠵᠠᠯᠠᠨ ᠣᠷᠣᠵᠤ ᠭᠠᠷᠬᠤ ᠲᠡᠷᠭᠡ ᠬᠥᠰᠬᠡ ᠪᠠ ᠬᠥᠮᠥᠰ ᠲᠣᠭᠲᠠᠭᠠᠯ ᠶᠣᠰᠣᠭᠠᠷ ᠦᠨᠡᠨ ᠨᠡᠷ᠎ᠡ ᠪᠠᠨ ᠳᠡᠩᠰᠡᠯᠡᠨ ᠲᠡᠮᠳᠡᠭᠯᠡᠬᠦ | ᠬᠡᠷᠡᠭᠲᠡᠢ᠃ ᠶᠠᠮᠠᠷᠪᠠ ᠪᠠᠶᠢᠭᠤᠯᠭ᠎ᠠ ᠨᠢᠭᠡᠴᠢ ᠪᠠ ᠬᠤᠪᠢ ᠬᠥᠮᠥᠨ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠬᠠᠷᠰᠢᠯᠠᠬᠤ ᠪᠠ ᠲᠡᠪᠴᠢᠵᠦ | ᠪᠣᠯᠬᠤ ᠦᠭᠡᠢ᠃ | ︵ᠲᠠᠪᠤ︶ ᠡᠯ᠎ᠡ ᠭᠠᠯ ᠤᠨᠲᠠᠷᠠᠭᠠᠬᠤ ᠡᠩᠨᠡᠭᠡ ᠨᠢ ᠴᠠᠭ ᠢᠮᠠᠭᠲᠠ ᠲᠠᠶᠢᠨ ᠳᠤ ᠣᠷᠤᠯᠴᠠᠬᠤ ᠪᠡᠯᠡᠳᠬᠡᠯ ᠲᠠᠢ ᠪᠠᠶᠢᠵᠤ ᠭᠠᠯ ᠤᠨ ᠠᠶᠤᠯ ᠤᠨ ᠪᠠᠶᠢᠳᠠᠯ ᠢ | ᠣᠯᠵᠤ ᠮᠡᠳᠡᠭᠰᠡᠨ ᠳᠠᠷᠤᠢ ᠳᠤᠨᠢ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠵᠤ ︽ᠡᠷᠲᠡ ᠴᠣᠬᠢᠬᠤ᠂ ᠪᠠᠭ᠎ᠠ ᠳᠡᠭᠡᠷ᠎ᠡ ᠨᠢ | ᠴᠣᠬᠢᠬᠤ᠂ ᠪᠦᠬᠦᠨ ᠢ ᠴᠣᠬᠢᠬᠤ︾ ᠶᠢ ᠪᠡᠶᠡᠯᠡᠭᠦᠯᠦᠨ ᠬᠥᠮᠥᠨ ᠦᠬᠦᠵᠦ ᠰᠢᠷᠬᠠᠲᠤᠬᠤ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ | ︵ᠵᠢᠷᠭᠤᠭ᠎ᠠ︶ ᠶᠠᠮᠠᠷᠪᠠ ᠪᠠᠶᠢᠭᠤᠯᠭ᠎ᠠ ᠨᠢᠭᠡᠴᠢ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ | ᠮᠡᠳᠡᠪᠡᠯ ᠲᠤᠬᠠᠢ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠪᠠᠶᠢᠭᠤᠯᠤᠮᠵᠢ ᠳᠤ ᠳᠠᠷᠦ᠋ᠢᠬᠠᠨ ᠮᠡᠳᠡᠭᠦᠯᠵᠦ᠂ ᠶᠠᠮᠠᠷᠪᠠ | ᠪᠠᠶᠢᠭᠤᠯᠭ᠎ᠠ ᠨᠢᠭᠡᠴᠢ ᠪᠣᠯᠣᠨ ᠬᠤᠪᠢ ᠬᠥᠮᠥᠨ ᠨᠥᠬᠦᠴᠡᠯ ᠦᠭᠡᠢ ᠪᠠᠷ ᠲᠦᠭᠰᠢᠭᠦᠷᠢ ᠮᠡᠳᠡᠭᠦᠯᠬᠦ ᠳᠤ ᠲᠥᠬᠦᠮ ᠦᠵᠡᠭᠦᠯᠵᠦ ᠣᠶ ᠰᠢᠭᠤᠢ ᠨᠤᠲᠤᠭ | ᠪᠡᠯᠴᠢᠭᠡᠷ ᠤᠨ ᠲᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ ᠪᠠ ᠳᠤᠷ᠎ᠠ ᠪᠠᠷ ᠢᠶᠠᠨ ᠮᠡᠳᠡᠭᠦᠯᠬᠦ ᠶᠢ ᠴᠠᠭᠠᠵᠠᠯᠠᠨ᠎ᠠ᠃ ᠭᠠᠯ ᠲᠦᠢᠮᠡᠷ ᠤᠨ ᠠᠶᠤᠯ ᠢ ᠮᠡᠳᠡᠭᠦᠯᠬᠦ | ᠤᠲᠠᠰᠤ᠄ 12119᠃ | ᠲᠦᠷᠪᠡ᠂ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠵᠠᠷᠯᠢᠭ ᠪᠠᠶᠢᠲᠠᠯ᠎ᠠ ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ᠂ | ᠬᠠᠰᠢ ᠶᠠᠰᠢ ᠬᠠᠨᠳᠤᠭᠰᠠᠨ ᠠᠴᠠ ᠪᠣᠯᠵᠤ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠪᠤᠶᠤ ᠲᠤᠶᠢᠮᠠᠷ ᠤᠨ ᠳᠠᠯᠳᠠ ᠬᠡᠮ ᠢ ᠡᠭᠦᠰᠬᠡᠭᠰᠡᠨ | ᠪᠠᠶᠢᠭᠤᠯᠭ᠎ᠠ ᠨᠢᠭᠡᠴᠢ ᠪᠠ ᠬᠤᠪᠢ ᠬᠥᠮᠥᠨ ᠢ ᠬᠠᠤᠯᠢ ᠶᠣᠰᠣᠭᠠᠷ ᠴᠢᠩᠭ᠎ᠠ ᠰᠢᠳᠬᠡᠨ᠎ᠡ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠣᠶ ᠰᠢᠭᠤᠢ ᠶᠢᠨ ᠲᠦᠢᠮᠡᠷ ᠢ ᠴᠢᠩᠭ᠎ᠠ ᠰᠡᠷᠭᠡᠶᠢᠯᠡᠬᠦ ᠣᠷᠣᠨ ᠳᠤ ᠣᠶ ᠰᠢᠭᠤᠢ ᠨᠤᠲᠤᠭ ᠪᠡᠯᠴᠢᠭᠡᠷ ᠤᠨ | ᠲᠦᠢᠮᠡᠷ ᠭᠠᠷᠪᠠᠯ ᠲᠣᠰ ᠣᠷᠣᠨ ᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ ᠬᠤᠰᠢᠭᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠢ ᠦᠨᠳᠦᠰᠦᠯᠡᠨ ᠰᠢᠳᠬᠡᠯ ᠥᠭᠬᠦ ᠶᠢᠨ | ᠬᠠᠮᠲᠤ ᠢᠯᠡ ᠪᠠᠷ ᠨᠡᠶᠢᠲᠡᠯᠡᠵᠦ ᠢᠯᠡᠴᠢᠯᠡᠬᠦ ᠬᠡᠷᠡᠭᠲᠡᠢ᠃ | ᠲᠠᠪᠤ᠂ ᠭᠠᠯ ᠲᠦᠢᠮᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠡᠯ᠎ᠡ ᠰᠤᠮᠤ ᠪᠠᠯᠭᠠᠰᠤᠨ ᠤ ᠬᠠᠷᠢᠶ᠎ᠠ | ᠭᠠᠵᠠᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ | ᠵᠠᠰᠠᠮᠠᠯ ᠵᠠᠮ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ᠂ ᠨᠡᠭᠦᠷᠡᠰᠦ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠳᠠᠯᠳᠠ ᠭᠡᠮ ᠢ | ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠪᠠᠭᠠᠵᠢ ᠬᠡᠷᠡᠭᠰᠡᠯ ᠪᠣᠯᠤᠨ ᠡᠳ᠋ ᠪᠠᠷᠠᠭ᠎ᠠ ᠲᠣᠬᠢᠷᠠᠭᠤᠯᠬᠤ ᠬᠡᠷᠡᠭᠲᠡᠶ᠃ | ᠭᠠᠯ ᠰᠡᠷᠭᠡᠶᠢᠯᠡᠬᠦ ᠬᠤᠭᠤᠴᠠᠭᠠᠨ ᠳᠤ᠂ ᠡᠯ᠎ᠡ ᠱᠠᠲᠤᠨ ᠤ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠪᠣᠯᠤᠨ | ᠬᠠᠷᠢᠭᠤᠴᠠᠯᠭᠠᠲᠤ ᠨᠢᠭᠡᠴᠢ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ ᠢ ᠬᠡᠷᠡᠭᠵᠢᠭᠦᠯᠬᠦ ᠬᠡᠷᠡᠭᠲᠠᠢ᠃ | ᠵᠢᠷᠭᠤᠭ᠎ᠠ᠂ ᠪᠤᠰᠤᠳ ᠭᠤᠣᠯᠳᠠᠯᠭ᠎ᠠ ᠲᠠᠢ ᠭᠠᠵᠠᠷ ᠲᠤ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠤᠯᠲᠠ ᠶᠠᠪᠤᠭᠤᠯᠬᠤ ᠪᠤᠶᠤ ᠴᠢᠩᠭ᠎ᠠ | ᠰᠡᠷᠭᠡᠶᠢᠯᠡᠯᠲᠡ ᠶᠢᠨ ᠬᠤᠭᠤᠴᠠᠭ᠎ᠠ ᠶᠢ ᠤᠷᠲᠤᠳᠬᠠᠬᠤ ᠴᠢᠬᠤᠯᠠᠲᠠᠢ ᠪᠣᠯ ᠬᠤᠰᠢᠭᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ | ᠠᠵᠢᠯ ᠤᠨ ᠵᠢᠯᠤᠭᠤᠳᠬᠤ ᠭᠠᠵᠠᠷ ᠠᠴᠠ ᠪᠣᠳᠠᠲᠠᠢ ᠪᠠᠶᠢᠳᠠᠯ ᠢᠶᠠᠨ ᠦᠨᠳᠦᠰᠦᠯᠡᠨ ᠠᠰ ᠲᠤᠨᠢ ᠨᠡᠶᠢᠲᠡᠯᠡᠨ᠎ᠡ᠃ | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | |