ᠮᠠᠨ ᠤ ᠬᠤᠰᠢᠭᠤ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠵᠦ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2025/3/18
      ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠴᠠᠭ ᠭᠥᠷᠴᠤ ᠢᠷᠠᠭᠦ ᠪᠠᠷ᠂ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ ᠤᠶᠢᠷ᠎ᠠ ᠶᠢᠨ ᠡᠳᠦᠷ ᠮᠠᠨ ᠤ ᠬᠤᠰᠢᠭᠤ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠶᠢ ᠥᠷᠨᠢᠭᠦᠯᠪᠡ᠃      ᠪᠠᠶᠢᠴᠠᠭᠠᠯᠲᠠ ᠳᠤ᠂ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢᠨ ᠠᠵᠢᠯᠲᠠᠨ ᠬᠢᠮᠢ ᠶᠢᠨ ᠪᠣᠷᠳᠣᠭᠤᠷ᠂ ᠦᠷ᠎ᠡ ᠭᠥᠷᠤᠩᠭᠡ᠂ ᠰᠦᠯᠢᠶᠣᠣ ᠪᠦᠷᠬᠦᠪᠴᠢ᠂ ᠳᠤᠰᠤᠯᠭᠠᠨ ᠤᠰᠤᠯᠠᠬᠤ ᠪᠦᠰᠡ ᠵᠡᠷᠭᠡ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠪᠤᠷᠤᠯᠠᠭᠤᠯᠭ᠎ᠠ ᠪᠠ ᠦᠢᠯᠡᠳᠪᠦᠷᠢᠯᠡᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠪᠠᠷ ᠭᠤᠣᠯᠳᠠᠯᠭ᠎ᠠ ᠪᠤᠯᠭᠠᠨ᠂ ᠪᠦᠬᠦ ᠲᠠᠯ᠎ᠠ ᠶᠢᠨ ᠪᠠᠶᠢᠴᠠᠭᠠᠯᠲᠠ ᠭᠢᠭᠦ ᠪᠠ ᠭᠤᠣᠯᠳᠠᠯᠭ᠎ᠠ ᠲᠠᠢ ᠰᠣᠩᠭᠤᠨ ᠪᠠᠶᠢᠴᠠᠭᠠᠯᠲᠠ ᠶᠢ ᠤᠶᠠᠯᠳᠤᠭᠤᠯᠬᠤ ᠠᠷᠭ᠎ᠠ ᠶᠢ ᠭᠡᠷᠡᠭᠯᠡᠨ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠬᠢᠷᠢ ᠬᠡᠮ᠂ ᠪᠠᠷᠠᠭ᠎ᠠ ᠣᠷᠣᠭᠤᠯᠵᠤ ᠪᠣᠷᠣᠯᠠᠭᠤᠯᠬᠤ ᠡᠬᠡ ᠳᠠᠩᠰᠠ᠂ ᠪᠦᠲᠦᠭᠡᠭᠳᠡᠬᠦᠨ ᠤ ᠪᠣᠭᠤᠳᠠᠯ ᠤᠨ ᠲᠡᠮᠳᠡᠭ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ ᠵᠢᠴᠢ ᠶᠠᠰᠤ ᠴᠢᠨᠠᠷ ᠤᠨ ᠬᠢᠷᠢ ᠲᠡᠩᠴᠡᠭᠰᠡᠨ ᠭᠡᠷᠡᠴᠢ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠨᠠᠷᠢᠨ ᠬᠢᠨᠠᠮᠠᠭᠠᠶ ᠬᠢᠨᠠᠨ ᠪᠠᠶᠢᠴᠠᠭᠠᠪᠠ᠃ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠤᠨ ᠲᠤᠬᠠᠶ ᠠᠵᠢᠯᠲᠠᠨ ᠠᠴᠠ ᠬᠤᠯᠪᠣᠭᠳᠠᠯ ᠪᠥᠬᠦᠶ ᠬᠠᠷᠢᠭᠤᠴᠠᠯᠭᠠᠲᠠᠨ ᠢ ᠳᠠᠷᠦ᠋ᠢᠬᠠᠨ ᠴᠡᠭᠴᠡᠯᠡᠨ ᠥᠭᠡᠷᠡᠴᠢᠯᠡᠵᠦ᠂ ᠵᠢᠷᠤᠮᠵᠢᠭᠰᠠᠨ ᠡᠵᠡᠩᠨᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠦᠨ ᠲᠠᠷᠢᠶᠠᠴᠢᠨ ᠡᠷᠦᠬᠡ ᠶᠢᠨ ᠠᠮᠤᠷ ᠲᠦᠪᠰᠢᠨ᠂ ᠨᠠᠶᠢᠳᠠᠪᠤᠷᠢᠲᠠᠶ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠬᠠᠩᠭᠠᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠭᠰᠠᠨ ᠪᠦᠭᠡᠳ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠡᠷᠦᠬᠡ ᠳᠤ ᠦᠷ᠎ᠡ ᠭᠥᠷᠥᠩᠭᠡ᠂ ᠲᠠᠷᠢᠶᠠᠨ ᠡᠮ᠂ ᠬᠢᠮᠢ ᠶᠢᠨ ᠪᠣᠷᠲᠣᠭᠤᠷ ᠵᠡᠷᠭᠡ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ ᠬᠠᠤᠯᠢ ᠶᠤᠰᠤ᠂ ᠲᠣᠭᠲᠠᠭᠠᠯ ᠵᠢᠷᠤᠮ ᠳᠤ ᠨᠡᠶᠢᠴᠡᠭᠦᠯᠦᠨ ᠡᠵᠡᠩᠨᠡᠬᠦ ᠶᠢᠨ ᠴᠢᠬᠤᠯᠠ ᠴᠢᠨᠠᠷ ᠢ ᠴᠢᠬᠤᠯᠠᠴᠢᠯᠠᠨ ᠡᠵᠡᠩᠨᠡᠯᠲᠡ ᠶᠢᠨ ᠡᠷᠦᠬᠡ ᠶᠢᠨ ᠬᠠᠤᠯᠢ ᠴᠠᠭᠠᠵᠠ ᠶᠢᠨ ᠡᠭᠦᠷᠭᠡ ᠬᠠᠷᠢᠭᠤᠴᠠᠯᠭ᠎ᠠ ᠶᠢ ᠳᠠᠬᠢᠨᠲᠠ ᠲᠤᠲᠤᠷᠬᠠᠶᠢᠯᠠᠨ ᠴᠢᠩᠭᠠᠳᠬᠠᠭᠰᠠᠨ ᠪᠠᠶᠢᠨ᠎ᠠ᠃       ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢᠨ ᠠᠵᠢᠯᠲᠠᠨ ᠪᠠᠰᠠ ᠬᠠᠷᠢᠶ᠎ᠠ ᠣᠷᠣᠨ ᠤ ᠪᠠᠨ ᠳᠠᠷᠢᠵᠤ ᠲᠡᠵᠢᠭᠡᠬᠦ ᠡᠷᠦᠬᠡ ᠵᠢᠴᠢ ᠠᠯᠠᠵᠤ ᠨᠢᠲᠤᠯᠬᠤ ᠭᠠᠵᠠᠷ ᠢᠶᠠᠷ ᠪᠠᠶᠢᠴᠠᠭᠠᠵᠤ᠂ ᠲᠠᠷᠢᠶᠠᠯᠠᠩ ︵ᠮᠠᠯ︶ ᠤᠨ ᠡᠮ᠂ ᠪᠣᠷᠳᠣᠭᠤᠷ᠂ ᠲᠡᠵᠢᠭᠡᠯ ᠪᠣᠷᠳᠤᠭ᠎ᠠ ᠵᠡᠷᠭᠡ  ᠶᠢᠨ ᠬᠡᠷᠡᠭᠯᠡᠭᠡᠨ ᠤ ᠪᠠᠶᠢᠳᠠᠯ ᠵᠢᠴᠢ ᠦᠢᠯᠡᠳᠪᠦᠷᠢᠯᠡᠯ ᠤᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠣᠶᠢᠯᠠᠭᠠᠭᠰᠠᠨ ᠪᠥᠭᠡᠳ ᠦᠢᠯᠡᠳᠪᠦᠷᠢᠯᠡᠯ ᠤᠨ ᠭᠤᠤᠯ ᠴᠣᠭᠴᠠ ᠶᠢᠨ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠠᠮᠤᠷ ᠲᠥᠪᠰᠢᠨ ᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠭᠠᠷᠳᠠᠵᠠᠢ ᠃ ᠡᠭᠦᠨ ᠤ ᠬᠠᠮᠲᠤ᠂ ᠢᠳᠡᠰᠢᠨ ᠨᠣᠭᠤᠭ᠎ᠠ ᠵᠢᠴᠢ ᠮᠢᠬᠠᠨ ᠤ ᠲᠦᠷᠦᠯ ᠤᠨ ᠢᠳᠡᠭᠡᠨ ᠤ ᠴᠢᠨᠠᠷ ᠴᠢᠨᠰᠠᠭ᠎ᠠ ᠳᠤ ᠭᠤᠤᠯᠳᠠᠯᠭ᠎ᠠ ᠲᠠᠢ ᠰᠤᠩᠭᠤᠨ ᠪᠠᠶᠢᠴᠠᠭᠠᠯᠲᠠ ᠬᠢᠵᠡᠶ᠃ ᠠᠬᠤᠢ ᠲᠠᠯᠠᠪᠠᠢ ᠳᠤ ᠂ ᠢᠳᠡᠰᠢᠨ ᠨᠣᠭᠤᠭ᠎ᠠ ᠶᠢᠨ ᠥᠯᠢᠭᠡᠷ ᠡᠳ᠋ ᠢ 8 ᠪᠦᠯᠦᠭ᠂ ᠵᠢᠭᠦᠷᠲᠡᠨ ᠤ ᠥᠨᠳᠡᠭᠡ ᠶᠢ 2 ᠪᠦᠯᠦᠭ᠂ ᠭᠠᠭ᠋ᠠᠶ ᠶᠢᠨ ᠮᠢᠬ᠎ᠠ ᠶᠢ 5 ᠪᠦᠯᠦᠭ ᠰᠤᠩᠭᠤᠨ ᠠᠪᠴᠤ᠂ ᠠᠵᠢᠯᠲᠠᠳ ᠬᠤᠯᠪᠣᠭᠳᠠᠯ ᠪᠥᠬᠦᠶ ᠪᠠᠷᠢᠮᠵᠢᠶ᠎ᠠ ᠲᠤᠭᠲᠠᠭᠠᠯ ᠢ ᠡᠷᠡᠰ ᠵᠢᠷᠤᠮᠯᠠᠨ ᠥᠯᠢᠭᠡᠷ ᠡᠳ᠋ ᠠᠪᠬᠤ ᠶᠢᠨ ᠰᠢᠨᠵᠢᠯᠡᠬᠦ ᠤᠬᠠᠭᠠᠨᠴᠢ ᠴᠢᠨᠠᠷ ᠪᠠ ᠲᠥᠯᠥᠭᠡᠯᠡᠬᠦ ᠴᠢᠨᠠᠷ ᠢ ᠪᠠᠲᠤᠯᠠᠭᠰᠠᠨ ᠪᠠᠶᠢᠨ᠎ᠠ᠃ ᠤᠳᠤᠬᠠᠨ ᠪᠤᠯᠳᠠᠯ᠎ᠠ᠂ 1 ᠠᠯᠠᠵᠤ ᠨᠢᠲᠤᠯᠬᠤ ᠲᠠᠯᠠᠪᠠᠶ᠂ 1 ᠲᠡᠵᠢᠭᠡᠨ ᠦᠷᠡᠵᠢᠭᠦᠯᠬᠦ ᠲᠠᠯᠠᠪᠠᠶ᠂ 2 ᠲᠠᠷᠢᠶᠠᠯᠠᠩ ᠤᠨ ᠪᠦᠲᠦᠭᠡᠭᠳᠡᠬᠦᠨ ᠤ ᠲᠠᠷᠢᠮᠠᠯ ᠤᠨ ᠡᠷᠦᠬᠡ ᠂ 1 ᠲᠠᠷᠢᠮᠠᠯ ᠤᠨ ᠬᠤᠷᠰᠢᠶᠠᠵᠢᠯ ᠢ ᠰᠣᠩᠭᠤᠨ ᠪᠠᠶᠢᠴᠠᠭᠠᠵᠤ᠂ 3 ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ᠂ 1 ᠨᠢᠮᠭᠡᠨ ᠪᠥᠷᠭᠦᠭᠦᠯ ᠬᠤᠷᠢᠶᠠᠨ ᠠᠪᠬᠤ ᠦᠢᠯᠡᠳᠪᠦᠷᠢ᠂ 1 ᠲᠠᠷᠢᠶᠠᠨ ᠡᠮ ᠤᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠴᠡᠭ ᠢ ᠪᠦᠬᠦ ᠲᠠᠯ᠎ᠠ ᠪᠠᠷ ᠪᠠᠶᠢᠴᠠᠭᠠᠪᠠ᠃      ᠦᠦᠰᠢᠨ ᠬᠤᠰᠢᠭᠤᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠺᠠᠩ ᠰᠢᠶᠤᠤ ᠫᠢᠩ ᠬᠡᠯᠡᠬᠦ ᠳᠤ ᠪᠠᠨ᠄ ︽ᠲᠠᠷᠠᠭᠠᠴᠢ ᠶᠢᠨ ᠠᠯᠬᠤᠮ ᠳᠤ ᠪᠢᠳᠠ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ ᠠᠷᠠᠳ ᠲᠦᠮᠡᠨ ᠤ ᠤᠯᠠᠨᠲᠠ ᠲᠤᠰᠬᠠᠭᠰᠠᠨ᠂ ᠲᠣᠪᠤᠶᠢᠮ᠎ᠠ ᠠᠰᠠᠭᠤᠳᠠᠯ ᠲᠠᠢ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠰᠤᠩᠭᠤᠨ ᠪᠠᠶᠢᠴᠠᠭᠠᠬᠤ ᠡᠷᠴᠢᠮ ᠢᠶᠠᠨ ᠤᠯᠠᠮ ᠴᠢᠩᠭᠠᠷᠠᠭᠤᠯᠵᠤ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠴᠡᠭᠴᠡᠯᠡᠨ ᠵᠠᠰᠠᠵᠤ᠂ ᠬᠠᠤᠯᠢ ᠴᠠᠭᠠᠵᠠ ᠲᠥᠷᠢᠮ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ ᠪᠥᠬᠦ ᠬᠤᠰᠢᠭᠤᠨ ᠤ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠠᠮᠤᠷ ᠲᠦᠪᠰᠢᠨ ᠵᠢᠴᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠠᠲᠤᠯᠠᠨ᠎ᠠ ︾ ᠭᠡᠯ᠎ᠡ᠃      ᠤᠶᠢᠯᠠᠭᠠᠭᠰᠠᠨ ᠢᠶᠠᠷ᠂ ᠲᠣᠰ ᠤᠳᠠᠭᠠᠨ ᠤ ᠲᠠᠷᠢᠶᠠᠯᠠᠩ  ᠦᠢᠯᠡᠳᠪᠦᠷᠢᠯᠡᠯ ᠤᠨ ᠬᠡᠷᠡᠭᠰᠡᠯ ᠤᠨ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠨᠢ 3 ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠬᠤ ᠪᠠᠷ ᠪᠠᠶᠢᠵᠤ ᠪᠠᠶᠢᠴᠠᠭᠠᠯᠳᠠ ᠶᠢᠨ ᠬᠤᠭᠤᠴᠠᠭᠠᠨ ᠳᠤ ᠬᠤᠳᠠᠯ ᠬᠠᠭᠤᠷᠮᠠᠭ᠂ ᠴᠢᠨᠠᠷ ᠮᠠᠭᠤᠲᠠᠢ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠦᠢᠯᠡᠳᠴᠦ ᠪᠣᠷᠣᠯᠠᠭᠤᠯᠤᠭᠠᠳ ᠲᠠᠷᠢᠶᠠᠴᠢᠳ ᠢ ᠮᠡᠬᠡᠯᠡᠵᠦ ᠲᠠᠷᠢᠶᠠᠴᠢᠳ ᠢ ᠬᠤᠬᠢᠷᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠪᠠᠶᠢᠴᠠᠭᠠᠯᠳᠠ ᠭᠢᠵᠤ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ ᠮᠠᠯᠴᠢᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ ᠪᠥᠬᠦ ᠬᠤᠰᠢᠭᠤᠨ ᠤ ᠲᠠᠷᠢᠶᠠᠯᠠᠩ ᠤᠨ ᠭᠠᠷᠤᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠠᠷ ᠪᠠᠶᠢᠨ᠎ᠠ᠃                                   ᠰᠤᠷᠪᠤᠯᠵᠢᠯᠠᠭᠴᠢ᠄ ᠷᠢᠸᠠᠳᠢ᠂ ᠯᠢᠦᠶ ᠵᠤᠤ ᠲᠧᠩ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ