ᠲᠤᠭ ᠪᠠᠯᠭᠠᠰᠤᠨ ᠤ ᠪᠠᠯᠭᠠᠰᠤᠨ ᠲᠣᠭᠤᠷᠢᠭ ᠤᠨ ᠲᠥᠯᠥᠪᠵᠢᠭᠦᠯᠭᠡ ᠶᠢᠨ ᠲᠥᠰᠥᠪ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/20
      3 ᠰᠠᠷ᠎ᠠ ᠶᠢᠨ 18 ᠤ ᠡᠳᠦᠷ᠂ ᠲᠤᠭ ᠪᠠᠯᠭᠠᠰᠤᠨ ᠤ ᠪᠠᠯᠭᠠᠰᠤᠨ ᠲᠣᠭᠤᠷᠢᠭ ᠤᠨ ᠲᠥᠯᠥᠪᠵᠢᠭᠦᠯᠭᠡ ᠶᠢᠨ ᠲᠥᠰᠥᠪ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠵᠤ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠰᠢᠤᠸᠠᠢ ᠹᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠳᠡᠳ᠋ ᠳᠠᠷᠤᠭ᠎ᠠ ᠱᠠ ᠵᠢᠶᠠᠨ ᠬᠤᠷᠠᠯ ᠢ ᠡᠷᠭᠢᠯᠡᠪᠡ᠃
1.png     
      ᠬᠤᠷᠠᠯ ᠠᠴᠠ᠂ ᠡᠯ᠎ᠡ ᠪᠠᠶᠢᠭᠤᠯᠭ᠎ᠠ ᠨᠢᠭᠡᠴᠢ ᠶᠢᠨ ᠲᠤᠭ ᠪᠠᠯᠭᠠᠰᠤᠨ ᠤ ᠪᠠᠯᠭᠠᠰᠤᠨ ᠲᠣᠭᠤᠷᠢᠭ ᠤᠨ ᠲᠥᠯᠥᠪᠵᠢᠭᠦᠯᠭᠡ ᠶᠢᠨ ᠲᠥᠰᠥᠪ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠬᠤᠷᠠᠯ ᠳᠤ ᠣᠷᠣᠯᠴᠠᠭᠰᠠᠳ ᠲᠥᠰᠦᠯ ᠤᠨ ᠠᠭᠤᠯᠭ᠎ᠠ ᠶᠢᠨ ᠲᠤᠬᠠᠶ ᠰᠠᠨᠠᠯ ᠢᠶᠠᠨ ᠰᠣᠯᠢᠯᠴᠠᠪᠠ᠃      ᠸᠠᠩ ᠰᠢᠤᠸᠠᠢ ᠹᠧᠩ ᠶᠠᠷᠢᠬᠤ ᠳᠠᠭᠠᠨ᠂ ᠲᠤᠭ ᠪᠠᠯᠭᠠᠰᠤ ᠨᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠴᠢᠬᠤᠯᠠ ᠪᠠᠯᠭᠠᠰᠤ ᠪᠠᠶᠢᠵᠤ᠂ ᠣᠯᠠᠨ ᠲᠣᠮᠣ ᠲᠥᠷᠥᠯ ᠵᠦᠢᠯ ᠢ ᠨᠠᠶᠢᠲᠠᠪᠤᠷᠢᠵᠢᠭᠤᠯᠤᠭᠰᠠᠨ ᠢᠶᠠᠷ ᠠᠵᠤ ᠦᠢᠯᠡᠰ ᠤᠨ ᠠᠵᠢᠯᠴᠢᠨ ᠣᠯᠠᠨ ᠪᠠᠶᠢᠵᠤ᠂ ᠬᠤᠲᠠ ᠪᠠᠯᠭᠠᠰᠤᠨ ᠤ ᠦᠢᠯᠡᠴᠢᠯᠡᠭᠡ ᠪᠠᠲᠤᠯᠠᠭ᠎ᠠ ᠶᠢᠨ ᠴᠢᠳᠠᠮᠵᠢ ᠶᠢ ᠳᠡᠭᠡᠭᠰᠢᠯᠡᠭᠦᠯᠬᠦ ᠨᠢ ᠠᠵᠤ ᠠᠬᠤᠶᠢᠯᠠᠯ ᠤᠨ ᠬᠥᠭᠵᠢᠯᠲᠡ ᠪᠣᠯᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠬᠦ ᠯᠦᠭᠡ ᠴᠢᠬᠤᠯᠠ ᠦᠢᠯᠡᠳᠦᠯ ᠲᠠᠢ ᠶᠤᠮ᠃ ᠲᠥᠯᠥᠪᠵᠢᠭᠦᠯᠭᠡ ᠶᠢᠨ ᠨᠠᠶᠢᠲᠠᠪᠤᠷᠢᠵᠢᠭᠤᠯᠤᠯᠲᠠ ᠶᠢ ᠥᠨᠳᠥᠷ ᠪᠦᠲᠦᠮᠵᠢᠲᠡᠢ ᠠᠬᠢᠭᠤᠯᠵᠤ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠤᠲᠠᠭᠳᠠᠯ ᠢ ᠲᠦᠷᠭᠡᠨ ᠨᠥᠬᠦᠪᠥᠷᠢᠯᠡᠵᠦ ᠬᠤᠳᠠ ᠪᠠᠯᠭᠠᠰᠤᠨ ᠤ ᠴᠢᠳᠠᠮᠵᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ ᠲᠤᠬᠠᠶ ᠶᠢᠨ ᠭᠠᠵᠠᠷ ᠤᠨ ᠠᠵᠤ ᠦᠢᠯᠡᠰ ᠤᠨ ᠣᠨᠴᠠᠯᠢᠭ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠵᠡᠷᠭᠡ ᠪᠣᠳᠠᠲᠤ ᠬᠦᠴᠦᠨ ᠵᠦᠢᠯ ᠲᠠᠢ ᠤᠶᠠᠯᠳᠤᠭᠤᠯᠤᠨ ᠣᠷᠣᠨ ᠵᠠᠶ ᠶᠢᠨ ᠪᠠᠶᠢᠷᠢᠰᠢᠭᠤᠯᠤᠯ ᠢ ᠵᠦᠢ ᠵᠣᠬᠢᠰᠲᠠᠶ ᠲᠣᠬᠢᠷᠠᠭᠤᠯᠵᠤ ᠪᠠᠭ᠎ᠠ ᠨᠠᠷᠢᠯᠢᠭ ᠵᠦᠢᠯ ᠠᠴᠠ ᠭᠠᠷᠳᠠᠨ ᠲᠣᠬᠢᠷᠠᠮᠵᠢᠲᠠᠢ ᠲᠣᠬᠢᠯᠢᠭ ᠴᠢᠨᠠᠷᠵᠢᠭᠤᠨ ᠥᠭᠡᠷᠡᠴᠢᠯᠡᠯᠲᠡ ᠪᠠᠶᠢᠭᠤᠯᠤᠯᠲᠠ ᠶᠢᠨ ᠵᠠᠭᠪᠤᠷ ᠢ ᠬᠡᠷᠡᠭᠵᠢᠭᠦᠯᠬᠦ ᠬᠡᠷᠡᠭᠲᠡᠢ᠃ ᠪᠦᠬᠦᠯᠢ ᠴᠣᠭᠴᠠ ᠶᠢᠨ ᠦᠵᠡᠯ ᠰᠠᠨᠠᠭ᠎ᠠ ᠪᠠᠷ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠪᠥᠬᠦ ᠬᠤᠰᠢᠭᠤᠨ ᠤ ᠠᠵᠤ  ᠦᠢᠯᠡᠰ ᠤᠨ ᠬᠥᠭᠵᠢᠯᠲᠡ ᠶᠢᠨ ᠶᠡᠭᠡ ᠲᠠᠯ᠎ᠠ ᠲᠠᠢ ᠤᠶᠠᠯᠳᠤᠭᠤᠯᠵᠤ ᠪᠥᠬᠦ ᠲᠠᠯ᠎ᠠ ᠶᠢ ᠪᠣᠳᠣᠯᠬᠢᠯᠠᠨ ᠠᠯᠤᠰ ᠬᠤᠯᠠ ᠶᠢ ᠪᠣᠳᠣᠯᠬᠢᠯᠠᠨ ᠪᠠᠶᠢᠷᠢᠰᠢᠭᠤᠯᠵᠤ ᠣᠯᠠᠨ ᠨᠡᠶᠢᠲᠡ ᠶᠢᠨ ᠦᠢᠯᠡᠴᠢᠯᠡᠭᠡ ᠰᠢᠯᠢᠳᠡᠭ ᠴᠢᠨᠠᠷᠵᠢᠭᠤᠨ᠂ ᠬᠤᠲᠠ ᠪᠠᠯᠭᠠᠰᠤᠨ ᠤ ᠴᠢᠳᠠᠮᠵᠢ ᠶᠢᠨ ᠦᠢᠯᠡᠴᠢᠯᠡᠭᠡ ᠪᠦᠷᠢᠨ ᠲᠡᠭᠦᠯᠳᠡᠷ᠂ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠢ ᠣᠳᠣᠬᠢᠴᠢᠯᠠᠭᠰᠠᠨ ᠬᠤᠲᠠ ᠪᠠᠯᠭᠠᠰᠤ ᠶᠢ ᠥᠨᠳᠥᠷ ᠪᠠᠷᠢᠮᠵᠢᠶ᠎ᠠ ᠪᠠᠷ ᠪᠠᠶᠢᠭᠤᠯᠬᠤ ᠬᠡᠷᠡᠭᠲᠡᠶ ᠭᠡᠵᠡᠢ᠃      ᠬᠤᠰᠢᠭᠤ ᠤᠳᠤᠷᠢᠳᠤᠯᠭ᠎ᠠ ᠬᠠᠨ ᠹᠸᠢ ᠬᠤᠷᠠᠯ ᠳᠤ ᠣᠷᠣᠯᠴᠠᠪᠠ᠃                                ᠰᠣᠷᠪᠣᠯᠵᠢᠯᠠᠭᠴᠢ᠄ ᠬᠠᠰᠰᠡᠴᠡᠨ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ