ᠦᠥᠰᠢᠨ ᠬᠤᠰᠢᠭᠤᠨ ᠤ ︽ᠮᠢᠩᠭᠠᠨᠪᠣᠣ ᠭᠡᠷ ᠪᠦᠯᠢ ᠶᠢᠨ ᠰᠤᠷᠭᠠᠨ ᠬᠦᠮᠦᠵᠢᠯ ᠤᠨ ᠣᠶᠢᠯᠡᠴᠢᠯᠡᠭᠡᠨ ᠤ ᠲᠦᠪ︾ 5 ᠵᠢᠯ ᠤᠨ ᠣᠢ ᠪᠠᠨ ᠪᠡᠯᠭᠡᠯᠡᠯ᠎ᠡ
ᠨᠡᠶᠢᠲᠡᠯᠡᠭᠰᠡᠨ ᠴᠠᠭ᠄
2025/3/20
      ᠣᠶᠢᠷ᠎ᠠ ᠶᠢᠨ ᠡᠳᠦᠷ᠂ ᠦᠥᠰᠢᠨ ᠬᠤᠰᠢᠭᠤᠨ ᠤ ︽ᠮᠢᠩᠭᠠᠨᠪᠣᠣ ᠭᠡᠷ ᠪᠦᠯᠢ ᠶᠢᠨ ᠰᠤᠷᠭᠠᠨ ᠬᠦᠮᠦᠵᠢᠯ ᠤᠨ ᠣᠶᠢᠯᠡᠴᠢᠯᠡᠭᠡᠨ ᠤ ᠲᠦᠪ︾ ᠤᠨ 2025 ᠣᠨ ᠤ ᠠᠵᠢᠯ ᠤᠨ ᠬᠤᠷᠠᠯ ᠵᠢᠴᠢ ᠲᠠᠪᠤᠨ ᠵᠢᠯ ᠤᠨ ᠣᠢ ᠪᠠᠨ ᠪᠡᠯᠭᠡᠯᠡᠬᠦ ᠠᠵᠢᠯᠯᠠᠭ᠎ᠠ ᠪᠠᠨ ᠭᠠᠯᠠᠭᠤᠲᠤ ᠪᠠᠯᠭᠠᠰᠤᠨ ᠳᠤ ᠶᠠᠪᠤᠭᠳᠠᠭᠤᠯᠤᠯ᠎ᠠ᠃
1.png     
      ᠠᠵᠢᠯᠯᠠᠭ᠎ᠠ ᠪᠠᠷ᠂ ᠣᠶᠢᠯᠡᠴᠢᠯᠡᠭᠡᠨ ᠤ ᠲᠦᠪ ᠤᠨ ᠥᠩᠭᠡᠷᠡᠭᠰᠡᠨ ᠲᠠᠪᠤᠨ ᠵᠢᠯ ᠤᠨ ᠠᠵᠢᠯ ᠤᠨ ᠠᠮᠵᠢᠯᠲᠠ ᠪᠥᠲᠥᠮᠵᠢ ᠪᠠᠨ ᠳ᠋ᠦᠩᠨᠡᠵᠦ᠂ 2025 ᠣᠨ ᠤ ᠠᠵᠢᠯ᠂ ᠢᠷᠡᠭᠡᠳᠦᠢ ᠶᠢᠨ ᠲᠥᠰᠦᠪ ᠲᠥᠯᠥᠪᠯᠡᠭᠡ ᠪᠠᠨ ᠲᠣᠭᠲᠠᠭᠠᠵᠤ᠂ ᠰᠢᠨ᠎ᠡ ᠨᠢᠭᠡ ᠡᠭᠡᠯᠵᠢ ᠶᠢᠨ ᠭᠡᠰᠢᠭᠦᠳ ᠢᠶᠠᠨ ᠰᠣᠩᠭᠤᠭᠰᠠᠨ ᠪᠥᠭᠡᠳ ᠦᠦᠰᠢᠨ ᠬᠤᠰᠢᠭᠤᠨ ᠤ ᠮᠢᠩᠭᠠᠨᠪᠣᠣ ᠭᠡᠷ ᠪᠦᠯᠢ ᠶᠢᠨ ᠰᠤᠷᠭᠠᠨ ᠬᠦᠮᠥᠵᠢᠯ ᠤᠨ ᠲᠥᠪ ᠤᠨ 16 ᠭᠠᠪᠢᠶᠠᠲᠤ ᠡᠵᠢ᠂ 15 ᠲᠡᠷᠢᠭᠦᠨ ᠤ ᠲᠤᠰᠠᠯᠠᠬᠤ ᠪᠠᠭᠰᠢ᠂ 52 ᠰᠢᠯᠢᠳᠡᠭ ᠭᠡᠷ ᠤᠨ ᠠᠬᠠᠮᠠᠳ ᠢ ᠱᠠᠩᠨᠠᠨ ᠬᠥᠬᠢᠭᠦᠯᠵᠡᠢ᠃
2.png
3.png
      ︽ᠭᠠᠪᠢᠶᠠᠲᠤ ᠡᠵᠢ︾ ᠶᠢᠨ ᠱᠠᠩᠨᠠᠯ ᠲᠤᠰᠤᠭᠴᠢ ᠨᠣᠮᠢᠨᠵᠤᠯᠠ᠄ ︽ᠦᠷ᠎ᠡ ᠲᠠᠢ ᠬᠥᠮᠦᠨ ᠬᠡᠵᠢᠶᠡᠳᠡ ᠪᠠᠨ ᠪᠠᠶᠠᠨ ᠭᠡᠳᠡᠭ ᠢ ᠮᠡᠳᠡᠷᠡᠭᠡᠳ ᠶᠡᠭᠡ ᠪᠠᠷ ᠪᠠᠶᠠᠷᠯᠠᠵᠤ ᠪᠠᠶᠢᠨ᠎ᠠ᠃ ᠥᠪᠡᠷ ᠢᠶᠠᠨ ᠭᠤᠷᠪᠠᠨ ᠬᠡᠥᠬᠡᠳ ᠤᠨ ᠡᠵᠢ ᠪᠤᠯᠤᠭᠰᠠᠨ ᠳᠤ ᠪᠠᠨ᠂ ᠮᠢᠨᠦ ᠦᠪᠡᠷ ᠤᠨ ᠡᠵᠢ᠂ ᠬᠠᠳᠠᠮ ᠡᠵᠢ ᠶᠠᠭᠠᠬᠢᠵᠦ ᠦᠷ᠎ᠡ ᠬᠡᠥᠬᠡᠳ ᠢᠶᠠᠨ ᠰᠤᠷᠭᠠᠭᠰᠠᠨ ᠳᠤᠬᠠᠢ ᠮᠡᠳᠡᠵᠦ ᠣᠶᠢᠯᠠᠭᠠᠭᠰᠠᠨ᠃ ᠮᠢᠩᠭᠠᠠᠪᠤᠤ ᠪᠠᠭᠰᠢ ᠶᠢᠨ ᠭᠡᠷ ᠪᠦᠯᠢ ᠶᠢᠨ ᠰᠤᠷᠭᠠᠨ ᠬᠥᠮᠦᠵᠢᠯ ᠤᠨ ᠲᠠᠯ᠎ᠠ ᠪᠠᠷ ᠬᠡᠯᠡᠪᠡᠯ ᠬᠡᠥᠬᠡᠳ ᠢ ᠦᠪᠡᠷ ᠤᠨ ᠭᠡᠰᠡᠨ ᠦᠵᠡᠯ ᠰᠠᠨᠠᠭ᠎ᠠ ᠲᠠᠢ᠂ ᠵᠣᠷᠢᠯᠲᠠ ᠲᠠᠢ ᠬᠡᠥᠬᠡᠳ ᠪᠣᠯᠭᠠᠵᠤ ᠥᠰᠬᠡᠪᠡᠯ ᠦᠪᠡᠷ ᠢᠶᠠᠨ ᠬᠢᠷᠢ ᠲᠡᠩᠴᠡᠭᠰᠡᠨ ᠭᠡᠷ ᠤᠨ ᠠᠬᠠᠮᠠᠳ ᠪᠤᠯᠵᠤ ᠳᠡᠶᠢᠯᠦᠨ᠎ᠡ ᠭᠡᠵᠦ ᠣᠶᠢᠯᠠᠭᠠᠵᠤ ᠮᠡᠳᠡᠭᠰᠡᠨ︾ ᠬᠡᠪᠡ᠃        2020 ᠣᠨ ᠤ 3 ᠳ᠋ᠤᠭᠠᠷ ᠰᠠᠷ᠎ᠠ ᠳᠤ ᠪᠠᠶᠢᠭᠤᠯᠤᠭᠳᠠᠭᠰᠠᠨ ᠦᠥᠰᠢᠨ ᠬᠤᠰᠢᠭᠤᠨ ᠤ ︽ᠮᠢᠩᠭᠠᠨᠪᠣᠣ ᠭᠡᠷ ᠪᠦᠯᠢ ᠶᠢᠨ ᠰᠤᠷᠭᠠᠨ ᠬᠦᠮᠦᠵᠢᠯ ᠤᠨ ᠣᠶᠢᠯᠡᠴᠢᠯᠡᠭᠡᠨ ᠤ ᠲᠦᠪ︾ ᠨᠢ  ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ᠂ ᠠᠰᠢᠭ ᠬᠤᠨᠵᠢᠪᠤᠷᠢ ᠬᠥᠭᠡᠭᠡᠴᠡᠯᠳᠦᠳᠡᠭ ᠦᠭᠡᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ᠎ᠠ᠃ ᠲᠤᠰ ᠲᠥᠪ ᠤᠨ ᠬᠢᠨ ᠲᠠᠪᠤᠨ ᠵᠢᠯ ᠤᠨ ᠬᠤᠭᠤᠴᠠᠭᠠᠨ ᠳᠤ 1825 ᠤᠳᠠᠭᠠᠨ ᠤ ᠰᠦᠯᠵᠢᠶᠡᠨ ᠤ ᠬᠢᠴᠢᠶᠡᠯᠯᠡᠭᠡ ᠶᠢ ᠪᠡᠶᠡᠯᠡᠭᠦᠯᠵᠦ 60 ᠬᠤᠭᠤᠴᠠᠭ᠎ᠠ ᠶᠢᠨ ᠪᠣᠯᠪᠠᠰᠤᠷᠠᠯ ᠤᠨ ᠠᠩᠭᠢ ᠡᠷᠬᠢᠯᠡᠨ 3 ᠲᠦᠮᠡ ᠭᠠᠷᠤᠢ ᠬᠦᠮᠦᠨ ᠣᠷᠣᠯᠴᠠᠵᠠᠢ᠃ ᠡᠭᠦᠨ ᠤ ᠬᠠᠮᠲᠤ 50 ᠭᠠᠷᠤᠢ ᠤᠳᠠᠭᠠᠨ ᠤ ᠲᠣᠮᠥ ᠬᠡᠯᠪᠡᠷᠢ ᠶᠢᠨ ᠠᠵᠢᠯᠯᠠᠭ᠎ᠠ ᠥᠷᠨᠢᠭᠦᠯᠵᠦ 1000 ᠢᠯᠡᠭᠦᠦ ᠬᠦᠮᠦᠨ ᠳᠤ ᠠᠰᠢᠭ ᠬᠦᠷᠲᠡᠭᠡᠵᠡᠢ᠃
4.png     
4.jpg
           ᠥᠪᠥᠷ ᠮᠤᠩᠭᠤᠯ ᠤᠨ ᠭᠡᠷ ᠪᠦᠯᠢ ᠶᠢᠨ ᠰᠤᠷᠭᠠᠨ ᠬᠥᠮᠥᠵᠢᠯ ᠤᠨ ᠰᠤᠳᠤᠯᠭᠠᠨ ᠤ ᠨᠡᠶᠢᠬᠡᠮᠯᠢᠭ ᠤᠨ ᠣᠨᠴᠠ ᠤᠷᠢᠭᠰᠠᠨ ᠪᠠᠭᠰᠢ ᠮᠢᠩᠭᠠᠠᠪᠤᠤ᠄ ︽ᠶᠡᠷᠦᠩᠬᠡᠢ ᠱᠦᠵᠢ ᠶᠠᠷᠢᠭᠰᠠᠨ᠂ ᠭᠡᠷ ᠤᠨ ᠬᠥᠮᠦᠵᠢᠯ ᠪᠤᠯ ᠰᠤᠷᠲᠠᠯ ᠢ ᠴᠢᠬᠤᠯᠠᠴᠢᠯᠠᠬᠤ ᠶᠠᠪᠤᠳᠠᠯ ᠪᠤᠯᠤᠨ᠎ᠠ᠃ ᠬᠦᠮᠦᠨ ᠤ ᠠᠮᠢᠳᠤᠷᠠᠯ ᠤᠨ ᠬᠠᠮᠤᠭ ᠤᠨ ᠵᠠᠩᠭᠢᠯᠠᠭ᠎ᠠ ᠪᠣᠯᠬᠤ ᠪᠠᠷ ᠪᠠᠷᠠᠬᠤ ᠦᠭᠡᠢ᠂ ᠨᠠᠮ ᠤᠨ ᠠᠷᠢᠭᠤᠨ ᠴᠢᠭᠡᠴᠢ ᠶᠢ ᠪᠥᠲᠦᠭᠡᠨ ᠪᠠᠶᠢᠭᠤᠯᠬᠤ ᠴᠢᠬᠤᠯᠠ ᠤᠷᠢᠳᠠᠯ ᠪᠠᠶᠢᠵᠤ ᠤᠯᠠᠮᠵᠢᠯᠠᠯᠲᠤ ᠰᠢᠯᠢᠳᠡᠭ ᠰᠤᠶᠤᠯ ᠢ ᠥᠪᠯᠡᠨ ᠵᠠᠯᠭᠠᠮᠵᠢᠯᠠᠬᠤ ᠠᠴᠢᠶᠠᠯᠠᠯ ᠮᠥᠨ᠃ ᠰᠤᠷᠭᠠᠨ ᠬᠦᠮᠦᠵᠢᠯ ᠭᠡᠳᠡᠭ ᠢ ᠨᠢᠭᠡ ᠪᠠᠭᠰᠢ ᠬᠦᠮᠦᠨ ᠬᠢᠳᠡᠭ ᠪᠢᠰᠢ᠂ ᠪᠦᠬᠦ ᠨᠡᠶᠢᠬᠡᠮ ᠢᠶᠠᠷ ᠢᠶᠠᠨ ᠬᠢᠳᠡᠭ᠃ ᠢᠩᠬᠢᠬᠦᠯᠡᠷ ᠲᠡᠳᠡᠭᠡᠷ ᠢ ᠢᠳᠡᠪᠬᠢᠲᠠᠢ ᠤᠷᠢᠨ ᠠᠪᠴᠢᠷᠠᠵᠤ ᠬᠠᠮᠲᠤ ᠪᠠᠷ ᠡᠨᠡ ᠦᠢᠯᠡᠰ ᠢ ᠵᠥᠪᠳᠡᠵᠦ ᠶᠠᠷᠢᠯᠴᠠᠭᠰᠠᠨ ᠪᠠᠶᠢᠨ᠎ᠠ︾ ᠭᠡᠯ᠎ᠡ᠃                                 ᠰᠤᠷᠪᠤᠯᠵᠢᠯᠠᠭᠴᠢ᠄ ᠬᠠᠰᠪᠤᠶᠠᠨᠲᠤ  ᠲᠠᠨ᠎ᠠ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ