ᠠᠯᠠᠭ ᠵᠢᠷᠦᠬᠡᠨ ᠤ ᠴᠣᠬᠢᠯᠭ᠎ᠠ ᠮᠡᠲᠦ ᠬᠤᠩᠬᠤᠨ ᠳᠠᠭᠤ ᠪᠠᠷ ᠠᠮᠢᠳᠤᠷᠠᠯ ᠦᠢᠯᠡᠰ ᠤᠨ ᠢᠶᠠᠨ ᠠᠶᠢᠵᠠᠮ ᠴᠢᠪᠬᠠᠳᠠᠰᠤ ᠪᠣᠯᠭᠠᠨ᠂ ᠡᠷᠬᠢᠭᠦ ᠲᠦᠷᠪᠡᠨ | ᠤᠯᠠᠷᠢᠯ᠂ ᠡᠭᠡᠯᠵᠢᠯᠡᠬᠦ ᠡᠳᠦᠷ ᠬᠤᠨᠤᠭ ᠤᠳ ᠢ ᠬᠥᠮᠦᠨ ᠤ ᠦᠷ᠎ᠡ ᠶᠢᠨ ᠲᠥᠯᠥᠭᠡ ᠠᠯᠢᠪᠠ ᠪᠠᠨ ᠵᠤᠷᠢᠭᠤᠯᠵᠤ ᠶᠠᠪᠤᠭᠰᠠᠨ ᠦᠤᠰᠢᠨ ᠬᠤᠰᠢᠭᠤᠨ ᠤ ᠦᠦᠰᠢᠨ | ᠳᠤᠮᠳᠠᠳᠤ ᠰᠤᠷᠭᠠᠭᠤᠯᠢ ᠶᠢᠨ ᠲᠤᠭᠠᠨ ᠤ ᠤᠬᠠᠭᠠᠨ ᠤ ᠪᠠᠭᠰᠢ ᠴᠢᠯᠠᠭᠤᠨᠪᠠᠶᠠᠷ ᠪᠠᠭᠰᠢ 44 ᠵᠢᠯ ᠵᠢᠭᠠᠨ ᠰᠤᠷᠭᠠᠯᠳᠠ ᠶᠢᠨ ᠠᠵᠢᠯ ᠳᠤ ᠰᠢᠭᠤᠷᠬᠠᠶᠢᠯᠠᠨ | ᠠᠵᠢᠯᠯᠠᠵᠤ᠂ ᠰᠤᠷᠭᠠᠨ ᠬᠦᠮᠦᠵᠢᠯᠳᠡᠨ ᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ ᠪᠠᠭᠰᠢ ᠶᠢᠨ ᠠᠭᠤᠤ ᠬᠠᠶᠢᠷ᠎ᠠ ᠶᠢ ᠰᠤᠷᠤᠭᠴᠢ ᠨᠢᠭᠡᠪᠦᠷᠢ ᠳᠡᠭᠡᠨ | ᠠᠯᠠᠭ ᠦᠭᠡᠢ ᠬᠦᠷᠳᠡᠭᠡᠭᠰᠡᠭᠡᠷ ᠪᠠᠶᠢᠨ᠎ᠠ᠃ | ᠴᠢᠯᠠᠭᠤᠨᠪᠠᠶᠠᠷ ᠪᠠᠭᠰᠢ 1981 ᠣᠨ ᠳᠤ ᠥᠪᠥᠷ ᠮᠣᠩᠭᠤᠯ ᠤᠨ ᠦᠨᠳᠦᠰᠦᠲᠡᠨ ᠤ ᠪᠠᠭᠰᠢ ᠶᠢᠨ ᠰᠤᠷᠭᠠᠭᠤᠯᠢ ᠶᠢᠨ ᠪᠠᠭᠰᠢ ᠶᠢᠨ ᠠᠩᠬᠢ ᠠᠴᠠ | ᠰᠢᠯᠢᠳᠡᠭ ᠬᠢᠷᠢ ᠪᠦᠲᠦᠮᠵᠢ ᠪᠠᠷ ᠲᠡᠭᠦᠰᠴᠦ ᠣᠲᠤᠭ ᠤᠨ ᠡᠮᠦᠨᠡᠲᠦ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ | ᠪᠠᠭᠰᠢ ᠶᠢᠨ ᠠᠵᠢᠯ ᠢᠶᠠᠨ ᠡᠬᠢᠯᠡᠭᠦᠯᠵᠠᠢ᠃ 2004 ᠣᠨ ᠳᠤ ᠤᠷᠳᠤᠰ ᠬᠤᠳᠠ ᠶᠢᠨ ᠮᠤᠩᠭᠤᠯ ᠦᠨᠳᠤᠰᠣᠳᠡᠨ ᠤ ᠬᠤᠶᠠᠳᠤᠭᠠᠷ ᠲᠤᠮᠳᠠᠳᠤ ᠰᠤᠷᠭᠠᠭᠤᠯᠢ ᠳᠤ | ᠠᠵᠢᠯ ᠰᠢᠯᠵᠢᠨ ᠢᠷᠡᠵᠦ᠂ 2020 ᠣᠨ ᠳᠤ ᠠᠵᠢᠯ ᠠᠴᠠ ᠪᠠᠨ ᠲᠠᠷᠬᠠᠯᠠᠭᠳᠠᠵᠣ ᠡᠳᠣᠭᠡ ᠦᠤᠰᠢᠨ ᠲᠤᠮᠳᠠᠳᠤ ᠰᠤᠷᠭᠠᠭᠤᠯᠢ ᠳᠤ ᠤᠷᠢᠭᠳᠠᠨ ᠪᠠᠭᠰᠢᠯᠠᠵᠤ | ᠪᠠᠶᠢᠨ᠎ᠠ᠃ | ᠴᠢᠯᠠᠭᠤᠨᠪᠠᠶᠠᠷ ᠪᠠᠭᠰᠢ ᠳᠥᠴᠢᠨ ᠳᠥᠷᠪᠡᠨ ᠵᠢᠯ ᠵᠢᠭᠠᠨ ᠰᠤᠷᠭᠠᠬᠤ ᠠᠵᠢᠯ ᠢ ᠬᠢᠵᠦ ᠶᠠᠪᠤᠬᠤ ᠳᠠᠭᠠᠨ ᠬᠤᠷᠢ ᠭᠠᠷᠤᠶ ᠵᠢᠯ ᠤᠨ ᠠᠩᠭᠢ ᠶᠢᠨ ᠡᠷᠬᠢᠯᠡᠭᠴᠢ | ᠬᠢᠵᠦ᠂ ᠡᠭᠦᠨ ᠤ ᠳᠠᠭᠠᠤ ᠳᠤᠨᠢ ᠪᠠᠰᠠ ᠣᠨ ᠤ ᠳᠤᠭᠤᠶᠢᠯᠠᠩ ᠤᠨ ᠳᠠᠷᠤᠭ᠎ᠠ᠂ ᠬᠢᠴᠢᠶᠡᠯ ᠬᠥᠮᠦᠵᠢᠯ ᠤᠨ ᠭᠠᠵᠠᠷ ᠤᠨ ᠡᠷᠬᠢᠯᠡᠭᠴᠢ᠂ ᠰᠤᠷᠭᠠᠭᠤᠯᠢ ᠶᠢᠨ | ᠵᠢᠭᠠᠬᠤ ᠶᠢ ᠰᠤᠳᠤᠯᠬᠤ ᠲᠠᠰᠤᠭ ᠤᠨ ᠡᠷᠬᠢᠯᠡᠭᠴᠢ ᠵᠡᠷᠭᠡ ᠶᠢᠨ ᠠᠵᠢᠯ ᠢ ᠬᠠᠪᠰᠤᠷᠭᠠᠨ ᠬᠢᠵᠦ ᠪᠠᠶᠢᠵᠠᠢ᠃ ᠴᠢᠯᠠᠭᠤᠨᠪᠠᠶᠠᠷ ᠪᠠᠭᠰᠢ ᠰᠤᠷᠤᠭᠴᠢᠳ ᠤᠨ | ᠲᠣᠭᠠᠨ ᠤ ᠤᠬᠠᠭᠠᠨ ᠤ ᠬᠢᠴᠢᠶᠡᠯ ᠲᠦᠷᠦᠯ ᠢ ᠰᠤᠷᠬᠤ ᠤᠷᠮ᠎ᠠ ᠵᠣᠷᠢᠭ ᠢ ᠬᠥᠭᠵᠢᠭᠡᠬᠦ ᠲᠠᠯ᠎ᠠ ᠪᠠᠷ ᠴᠠᠭ ᠢᠮᠠᠭᠲᠠ ᠰᠤᠳᠤᠯᠵᠤ ᠰᠤᠷᠤᠭᠴᠢᠳ ᠤᠨ ᠪᠡᠶ᠎ᠡ ᠪᠠᠨ | ᠳᠠᠭᠠᠭᠠᠵᠤ ᠰᠤᠷᠬᠤ᠂ ᠥᠪᠡᠷᠲᠡᠭᠡᠨ ᠰᠤᠷᠬᠤ᠂ ᠠᠰᠠᠭᠤᠳᠠᠯ ᠢ ᠰᠦᠪᠡᠭᠴᠢᠯᠡᠵᠦ ᠰᠤᠷᠬᠤ᠂ ᠬᠤᠷᠰᠢᠨ ᠰᠤᠷᠬᠤ᠂ ᠦᠵᠡᠭᠦᠯᠭᠡ ᠬᠢᠵᠦ ᠰᠤᠷᠬᠤ᠂ ᠳ᠋ᠦᠩᠨᠡᠵᠦ | ᠪᠠᠲᠤᠳᠬᠠᠵᠤ ᠰᠤᠷᠬᠤ ᠲᠠᠯ᠎ᠠ ᠪᠠᠷ ᠴᠠᠭ ᠦᠷᠭᠦᠯᠵᠢ ᠵᠢᠯᠣᠭᠤᠳᠤᠯᠭ᠎ᠠ ᠬᠢᠵᠦ ᠢᠷᠡᠭᠰᠡᠨ ᠠᠴᠠ ᠲᠡᠭᠦᠨ ᠤ ᠵᠢᠭᠠᠭᠰᠠᠨ ᠠᠩᠭᠢ ᠶᠢᠨ ᠲᠣᠭᠠᠨ ᠤ ᠤᠬᠠᠭᠠᠨ ᠤ | ᠬᠢᠷᠢ ᠪᠦᠲᠦᠮᠵᠢ ᠨᠢ ᠨᠡᠶᠢᠳᠡᠮ ᠳᠡᠭᠡᠨ ᠰᠠᠶᠢᠨ ᠪᠠᠶᠢᠳᠠᠭ ᠪᠠᠶᠢᠨ᠎ᠠ᠃ | ᠴᠢᠯᠠᠭᠤᠨᠪᠠᠶᠠᠷ ᠪᠠᠭᠰᠢ ᠦᠪᠡᠷ ᠤᠨ ᠰᠢᠷᠭᠠᠭᠤ ᠴᠢᠷᠮᠠᠶᠢᠯᠭ᠎ᠠ᠂ ᠬᠠᠯᠠᠰᠢᠷᠠᠯ ᠦᠭᠡᠢ ᠤᠷᠤᠯᠳᠤᠯᠭ᠎ᠠ ᠪᠠᠷ ᠢᠶᠠᠨ ᠤᠷᠢᠳ ᠬᠤᠵᠢᠳ ᠣᠷᠣᠨ᠂ ᠬᠤᠳᠠ᠂ | ᠬᠤᠰᠢᠭᠤ ᠲᠠᠰ ᠤᠨ ᠤᠯᠠᠨ ᠱᠠᠩᠨᠠᠯ ᠬᠦᠭᠢᠭᠦᠯᠦᠯ ᠢᠶᠠᠷ ᠡᠩᠭᠡᠷ ᠢᠶᠠᠨ ᠮᠢᠯᠢᠶᠠᠯᠭᠠᠵᠤ᠂ ᠤᠶᠢᠯᠡᠰ ᠤᠨ ᠠᠯᠳᠠᠷ ᠢᠶᠠᠨ ᠦᠩᠭᠡᠯᠡᠵᠦ ᠶᠠᠪᠤᠵᠠᠢ᠃ ᠱᠠᠩᠨᠠᠯ | ᠬᠦᠭᠢᠭᠦᠯᠦᠯ ᠨᠢ ᠵᠦᠪᠭᠡᠨ ᠦᠩᠭᠡᠷᠡᠭᠰᠡᠨ ᠢ ᠯᠠ ᠲᠦᠯᠥᠭᠡᠯᠡᠨᠡ᠂ ᠬᠠᠷᠢᠨ ᠢᠳᠡᠬᠡᠯ ᠬᠦᠰᠡᠯ ᠤᠨ ᠢᠶᠠᠨ ᠬᠤᠯᠠ ᠶᠢᠨ ᠵᠠᠢ ᠶᠢ ᠡᠷᠢᠯ ᠵᠤᠷᠢᠯᠲᠠ᠂ ᠠᠯᠤᠰ ᠢ | ᠪᠠᠷᠠᠯᠠᠭᠰᠠᠨ ᠲᠠᠮᠡᠤᠯᠠᠯ ᠢᠶᠠᠷ ᠢᠶᠠᠨ ᠲᠦᠭᠦᠷᠭᠡᠵᠦ ᠶᠠᠪᠤᠭ᠎ᠠ ᠴᠢᠯᠠᠭᠤᠨᠪᠠᠶᠠᠷ ᠪᠠᠭᠰᠢ ᠰᠤᠷᠭᠠᠨ ᠬᠥᠮᠦᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠰᠤᠷᠭᠠᠨ | ᠬᠦᠮᠦᠵᠢᠯ ᠤᠨ ᠦᠢᠯᠡᠰ ᠲᠤ ᠦᠪᠡᠷ ᠤᠨ ᠨᠢᠭᠡᠨ ᠬᠤᠪᠢ ᠬᠦᠴᠦ ᠪᠠᠨ ᠡᠷᠭᠦᠵᠦ ᠶᠠᠪᠤᠨ᠎ᠠ᠃ | | ᠰᠤᠷᠪᠤᠯᠵᠢᠯᠠᠭᠴᠢ᠄ ᠪᠤᠶᠠᠨᠳᠤ᠂ ᠲᠠᠸᠠᠩᠨᠤᠷᠪᠤ |