ᠮᠠᠨ ᠤ ᠬᠤᠰᠢᠭᠤ 2025 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠲᠤᠶᠢᠮᠠᠷ ᠤᠨ ᠠᠶᠣᠯ ᠢ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2025/3/25
      ᠪᠥᠬᠦ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠠᠩᠭᠢ ᠶᠢᠨ ᠵᠢᠷᠤᠮᠵᠢᠭᠤᠯᠤᠯᠲᠠ᠂ ᠲᠤᠰᠬᠠᠶᠢᠵᠢᠯᠲᠠ᠂ ᠪᠣᠳᠠᠲᠤ ᠦᠢᠯᠡᠳᠦᠯᠭᠡᠵᠢᠭᠦᠯᠦᠯᠲᠡ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠭᠠᠯ ᠤᠨᠲᠠᠷᠠᠭᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠲᠦᠷᠭᠡᠨ ᠲᠤᠰᠬᠠᠬᠤ᠂ ᠬᠠᠮᠵᠢᠯᠴᠠᠨ ᠶᠠᠪᠤᠭᠳᠠᠭᠤᠯᠬᠤ︾ ᠳᠥᠷᠪᠡᠨ ᠶᠡᠭᠡ ᠭᠤᠣᠯᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠭᠦ ᠶᠢᠨ ᠲᠦᠯᠦᠭᠡ᠂ 3 ᠰᠠᠷ᠎ᠠ ᠶᠢᠨ 21 ᠤ ᠡᠳᠦᠷ ᠮᠠᠨ ᠤ ᠬᠤᠰᠢᠭᠤ 2025 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ  ᠲᠤᠶᠢᠮᠠᠷ ᠤᠨ ᠠᠶᠣᠯ ᠢ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠦᠭᠰᠡᠨ ᠪᠠᠶᠢᠨ᠎ᠠ᠃      ᠰᠣᠷᠢᠯᠲᠠ ᠠᠴᠠ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ   ᠬᠤᠰᠢᠭᠤ ᠣᠶ ᠰᠢᠭᠤᠢ ᠨᠤᠲᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠤᠨ ᠳᠡᠳ᠋ ᠶᠡᠷᠦᠩᠬᠡᠢ ᠵᠢᠯᠣᠭᠤᠳᠤᠭᠴᠢ ᠮᠠ ᠶᠠ ᠳ᠋ᠦᠩ ᠦᠦᠰᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠤᠰᠢᠭᠤᠴᠢ ᠠᠩᠭᠢ ᠳᠤ ᠲᠤᠭ ᠭᠠᠷᠳᠠᠭᠤᠯᠵᠣ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ ᠲᠡᠷᠡ ᠬᠡᠯᠡᠬᠦ ᠳᠡᠭᠡᠨ ᠂ ᠲᠣᠰ ᠤᠳᠠᠭᠠᠨ ᠤ ᠰᠣᠷᠢᠯᠲᠠ ᠪᠠᠷ ᠲᠠᠮᠵᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ ᠬᠠᠷᠢᠭᠤᠴᠠᠯᠭ᠎ᠠ ᠪᠠ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ ᠤᠬᠠᠭᠤᠯᠬᠤ ᠡᠷᠴᠢᠮ ᠢᠶᠠᠨ ᠨᠡᠮᠡᠭᠳᠡᠭᠦᠯᠦᠨ ᠪᠥᠬᠦ ᠨᠡᠶᠢᠭᠡᠮ ᠤᠨ ᠭᠠᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠦ ᠭᠠᠯ ᠢ ᠰᠡᠷᠭᠡᠶᠢᠯᠡᠬᠦ ᠠᠵᠢᠯ ᠤᠨ ᠳᠣᠭᠲᠠᠯᠴᠠᠭ᠎ᠠ ᠶᠢ ᠪᠦᠷᠢᠨᠰᠢᠭᠦᠯᠵᠦ᠂ ᠭᠠᠯ ᠤᠨ ᠰᠤᠷᠪᠤᠯᠵᠢ ᠶᠢ ᠪᠣᠳᠠᠲᠠᠢ ᠡᠵᠡᠮᠳᠡᠬᠦ ᠶᠢ ᠴᠢᠩᠭᠠᠳᠬᠠᠨ ᠬᠠᠤᠯᠢ ᠶᠣᠰᠣᠨ ᠤ ᠪᠠᠶᠢᠴᠠᠭᠠᠯᠲᠠ ᠶᠢ ᠠᠬᠢᠭᠤᠯᠵᠤ ᠡᠯ᠎ᠡ ᠵᠦᠢᠯ ᠤᠨ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃      ᠰᠣᠷᠢᠯᠲᠠ ᠳᠤ᠂ ᠭᠠᠯ ᠤᠨ ᠲᠠᠯᠠᠪᠠᠶ ᠠᠴᠠ ᠠᠮᠢ ᠵᠢᠭᠤᠲᠠᠬᠤ ᠪᠠ ᠪᠠᠴᠢᠮ ᠠᠪᠤᠷᠠᠯᠳᠠ ᠬᠢᠬᠦ᠂ ᠨᠣᠲᠤᠭ ᠪᠡᠯᠴᠢᠭᠡᠷ ᠤᠨ ᠭᠠᠵᠠᠷ ᠤᠨ ᠭᠠᠳᠠᠷᠭᠤ ᠶᠢᠨ ᠲᠤᠶᠢᠮᠠᠷ ᠢ ᠪᠢᠲᠡᠭᠦᠮᠵᠢᠯᠡᠨ ᠡᠵᠡᠮᠳᠡᠬᠦ᠂ ᠮᠣᠳᠣᠨ ᠰᠠᠷᠠᠪᠴᠢ ᠶᠢᠨ ᠭᠠᠯ ᠢ ᠰᠢᠨᠵᠢᠯᠡᠬᠦ  ᠣᠬᠠᠭᠠᠨᠴᠢ ᠪᠠᠷ ᠰᠢᠢᠳᠪᠦᠷᠢᠯᠡᠬᠦ ᠵᠡᠷᠭᠡ ᠳᠥᠷᠪᠡᠨ ᠶᠡᠭᠡ ᠲᠥᠷᠥᠯ ᠤᠨ ᠰᠣᠷᠢᠯᠲᠠ ᠶᠠᠪᠤᠭᠳᠠᠭᠤᠯᠪᠠ᠃ ᠮᠣᠳᠣᠨ ᠰᠠᠷᠠᠪᠴᠢ ᠶᠢᠨ ᠭᠠᠯ ᠢ ᠰᠢᠨᠵᠢᠯᠡᠬᠦ ᠤᠬᠠᠭᠠᠨᠴᠢ ᠪᠠᠷ ᠤᠨᠲᠠᠷᠠᠭᠠᠬᠤ ᠰᠣᠷᠢᠯᠲᠠ ᠳᠤ ᠤᠯᠠᠨ ᠲᠦᠷᠦᠯ ᠤᠨ ᠴᠡᠷᠢᠭ ᠠᠩᠭᠢ ᠬᠠᠮᠵᠢᠯᠴᠠᠨ   ᠵᠢᠯᠣᠭᠤᠴᠢ ᠦᠭᠡᠢ ᠨᠢᠰᠬᠡᠯ ᠢᠶᠠᠷ ᠭᠠᠯ ᠤᠨᠲᠠᠷᠠᠭᠠᠬᠤ ᠪᠥᠮᠪᠦᠭᠡ ᠶᠢ ᠰᠢᠳᠡᠵᠦ᠂ ᠭᠠᠯ ᠤᠨᠲᠠᠷᠠᠭᠠᠬᠤ ᠮᠠᠰᠢᠨ ᠬᠥᠮᠥᠨ ᠪᠣᠯᠣᠨ ᠥᠨᠳᠥᠷ ᠳᠠᠷᠤᠯᠲᠠᠲᠤ ᠭᠠᠯ ᠤᠨᠲᠠᠷᠠᠭᠠᠬᠤ ᠲᠡᠷᠭᠡ ᠲᠠᠢ ᠬᠠᠮᠵᠢᠯᠴᠠᠨ ᠤᠨᠲᠠᠷᠠᠭᠠᠬᠤ ᠪᠠᠷ ᠳᠠᠮᠵᠢᠨ ᠭᠠᠯ ᠤᠨ ᠪᠠᠶᠢᠳᠠᠯ ᠢ ᠬᠠᠮᠳᠣᠷᠠᠨ ᠨᠠᠮᠳᠠᠭᠤᠯᠤᠭᠰᠠᠨ ᠪᠠᠶᠢᠨ᠎ᠠ᠃ ᠲᠣᠰ ᠣᠳᠠᠭᠠᠨ ᠤ ᠰᠣᠷᠢᠯᠲᠠ ᠲᠣᠮᠲᠠ ᠠᠵᠢᠯ ᠤᠨ ᠬᠤᠪᠢᠶᠠᠷᠢᠯᠠᠯ ᠲᠣᠳᠣᠷᠬᠠᠢ ᠪᠦᠭᠡᠳ ᠭᠠᠯ ᠤᠨ ᠪᠠᠶᠢᠳᠠᠯ ᠢ ᠲᠠᠩᠨᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠬᠤ ᠳᠤ ᠵᠣᠬᠢᠴᠠᠭᠤᠯᠤᠨ ᠪᠥᠬᠦ ᠶᠠᠪᠤᠴᠠ ᠶᠢ ᠨᠢᠭᠲᠠ ᠬᠠᠮᠵᠢᠯᠴᠠᠭᠤᠯᠤᠨ ᠪᠡᠶᠡᠯᠡᠭᠦᠯᠵᠤ ᠡᠴᠦᠰ ᠲᠡᠭᠡᠨ ᠭᠠᠯ ᠢ ᠠᠮᠵᠢᠯᠲᠠ ᠲᠠᠢ ᠪᠠᠷ ᠤᠨᠲᠠᠷᠠᠭᠠᠵᠤ ᠰᠣᠷᠢᠯᠲᠠ ᠶᠢ ᠲᠡᠭᠦᠰ ᠠᠮᠵᠢᠯᠲᠠ ᠲᠠᠢ ᠶᠠᠪᠣᠭᠳᠠᠭᠤᠯᠣᠭᠰᠠᠨ ᠪᠠᠶᠢᠨ᠎ᠠ᠃       ᠲᠤᠰ ᠤᠳᠠᠭᠠᠨ ᠤ ᠰᠣᠷᠢᠯᠲᠠ ᠲᠣᠮᠳᠠ ︽ᠴᠡᠷᠢᠭ ᠢ ᠰᠢᠯᠢᠳᠡᠭᠵᠢᠬᠦᠯᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠠᠮᠤᠷ ᠲᠦᠪᠰᠢᠨ ᠢ ᠪᠠᠲᠤᠯᠠᠬᠤ︾ ᠪᠠᠷ ᠭᠤᠣᠯ ᠰᠡᠳᠦᠪ ᠪᠣᠯᠭᠠᠵᠤ᠂ ᠭᠠᠯ ᠤᠨ ᠲᠠᠯᠠᠪᠠᠶ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠬᠠᠮᠲᠤᠷᠠᠯᠴᠠᠭ᠎ᠠ᠂ ᠠᠶᠤᠯ ᠠᠴᠠ ᠪᠠᠴᠢᠮ ᠵᠠᠶᠢᠯᠠᠨ ᠥᠪᠡᠷ ᠢ ᠪᠠᠨ ᠠᠪᠤᠷᠠᠬᠤ᠂ ᠲᠣᠨᠤᠭ ᠲᠥᠬᠦᠭᠡᠷᠦᠮᠵᠢ ᠶᠢᠨ ᠴᠢᠳᠠᠪᠤᠷᠢ ᠶᠢ ᠰᠢᠯᠭᠠᠨ ᠪᠠᠶᠢᠴᠠᠭᠠᠬᠤ ᠭᠤᠷᠪᠠᠨ ᠶᠡᠭᠡ ᠰᠢᠪᠲᠤᠯᠤᠯᠲᠠ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠯ ᠤᠨ ᠲᠠᠯᠠᠪᠠᠶ ᠶᠢᠨ ᠣᠷᠴᠢᠨ ᠲᠣᠭᠤᠷᠢᠨ ᠤ ᠣᠯᠠᠨ ᠵᠦᠢᠯ ᠤᠨ ᠲᠦᠭᠰᠢᠭᠦᠷᠢᠲᠦ ᠪᠠᠶᠢᠳᠠᠯ ᠳᠤ ᠦᠨᠳᠦᠰᠦᠯᠡᠨ ᠬᠤᠰᠢᠭᠤ ᠣᠶ ᠰᠢᠭᠤᠢ ᠨᠤᠲᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠬᠦ ᠲᠣᠭᠤᠷᠢᠨ ᠬᠠᠮᠠᠭᠠᠯᠠᠬᠤ ᠲᠤᠰᠬᠠᠢ ᠠᠩᠭᠢ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠠᠩᠭᠢ᠂ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠢᠴᠢ ᠡᠯ᠎ᠡ ᠰᠤᠮᠤ ᠪᠠᠯᠭᠠᠰᠤᠨ ᠤ ᠬᠠᠭᠠᠰ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠠᠩᠭᠢ ᠵᠡᠷᠭᠡ 140 ᠰᠢᠯᠢᠳᠡᠭ ᠬᠦᠴᠦᠨ ᠢ ᠵᠣᠬᠢᠶᠠᠨ ᠪᠠᠶᠢᠭᠤᠯᠵᠤ ᠵᠢᠩᠬᠢᠨᠢ ᠦᠢᠯᠡᠳᠦᠯᠭᠡᠵᠢᠭᠦᠯᠦᠭᠰᠡᠨ ᠴᠡᠷᠢᠭ ᠪᠣᠯᠪᠠᠰᠤᠷᠠᠭᠤᠯᠬᠤ ᠠᠵᠢᠯᠯᠠᠭ᠎ᠠ ᠶᠢ ᠦᠷᠨᠢᠭᠦᠯᠦᠭᠰᠡᠨ ᠪᠠᠶᠢᠨ᠎ᠠ᠃                                ᠰᠤᠷᠪᠤᠯᠵᠢᠯᠠᠭᠴᠢ᠄ ᠲᠠᠨ᠎ᠠ᠂ ᠮᠢᠩᠭ᠎ᠠ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ