ᠭᠠᠯᠠᠭᠤᠲᠤ ᠪᠠᠯᠭᠠᠰᠤᠨ ᠤ ︽ᠬᠠᠮᠲᠤ ᠪᠠᠷ ᠪᠠᠶᠠᠵᠢᠬᠤ ᠢᠳᠡᠰᠢᠨ ᠨᠣᠭᠤᠭ᠎ᠠ ᠶᠢᠨ ᠬᠦᠷᠢᠶᠡᠯᠡᠩ︾ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2025/3/25
      ᠦᠢᠷ᠎ᠠ ᠶᠢᠨ ᠡᠳᠦᠷ᠂ ᠭᠠᠯᠠᠭᠤᠲᠤ ᠪᠠᠯᠭᠠᠰᠤᠨ ᠤ ᠳᠠᠪᠴᠠᠭ ᠲᠣᠰᠬᠤᠨ ᠤ ︽ᠬᠠᠮᠲᠤ ᠪᠠᠷ ᠪᠠᠶᠠᠵᠢᠬᠤ ᠢᠳᠡᠰᠢᠨ ᠨᠣᠭᠤᠭ᠎ᠠ ᠶᠢᠨ ᠬᠦᠷᠢᠶᠡᠯᠡᠩ︾ ᠳᠤ ᠲᠠᠷᠢᠶᠠᠴᠢᠳ ᠬᠠᠪᠤᠷ ᠤᠨ ᠤᠯᠠᠷᠢᠯ ᠤᠨ ᠲᠠᠷᠢᠶᠠᠨ ᠠᠵᠢᠯ ᠳᠤ ᠶᠠᠭᠠᠷᠠᠯᠲᠠᠶ ᠪᠡᠯᠡᠳᠬᠡᠯ ᠬᠢᠵᠦ᠂ ᠠᠷᠠᠳ ᠤᠯᠠᠨ ᠳᠤ ᠪᠣᠬᠢᠷᠲᠤᠯ ᠦᠭᠡᠢ ᠣᠷᠭᠠᠨᠢᠭ ᠢᠳᠡᠰᠢᠨ ᠨᠣᠭᠤᠭ᠎ᠠ ᠬᠠᠩᠭᠠᠬᠤ ᠪᠠᠷ ᠴᠢᠷᠮᠠᠶᠢᠵᠦ ᠪᠠᠶᠢᠨ᠎ᠠ᠃      ᠳᠠᠪᠴᠠᠭ ᠲᠣᠰᠬᠤᠨ ᠤ ︽ᠬᠠᠮᠲᠤ ᠪᠠᠷ ᠪᠠᠶᠠᠵᠢᠬᠤ ᠢᠳᠡᠰᠢᠨ ᠨᠣᠭᠤᠭ᠎ᠠ ᠶᠢᠨ ᠬᠦᠷᠢᠶᠡᠯᠡᠩ ︾ ᠨᠢ 1000 ᠭᠠᠷᠤᠢ ᠮᠦ ᠨᠡᠶᠢᠲᠡ ᠶᠢᠨ ᠭᠠᠵᠠᠷ ᠰᠢᠷᠣᠢ ᠶᠢ ᠨᠡᠶᠢᠳᠬᠡᠨ᠂ 42 ᠰᠠᠭᠤᠷᠢ ᠥᠨᠳᠥᠷ ᠪᠠᠷᠢᠮᠵᠢᠶᠠᠲᠤ ᠬᠦᠯᠡᠮᠵᠢ ᠪᠠ 200 ᠭᠠᠷᠤᠢ ᠭᠤᠯᠳᠤᠩ ᠬᠦᠯᠡᠮᠵᠢ᠂ ᠳᠤᠯᠠᠭᠠᠨ ᠬᠦᠯᠡᠮᠵᠢ ᠪᠠᠶᠢᠭᠤᠯᠤᠭᠰᠠᠨ ᠪᠠᠶᠢᠨ᠎ᠠ᠃ ᠢᠳᠡᠰᠢᠨ ᠨᠣᠭᠤᠭ᠎ᠠ ᠶᠢᠨ ᠬᠦᠷᠢᠶᠡᠯᠡᠩ ᠳᠤ᠂ ᠵᠢᠮᠢᠰ ᠢᠳᠡᠰᠢᠨ ᠨᠣᠭᠤᠭ᠎ᠠ ᠶᠢᠨ ᠲᠥᠷᠥᠯ ᠵᠦᠢᠯ ᠡᠯᠪᠡᠭ ᠪᠠᠶᠢᠵᠤ ᠭᠦᠵᠡᠯᠵᠡᠭᠡᠨ᠎ᠡ᠂ ᠵᠢᠵᠢᠭ ᠴᠠᠭᠠᠨ ᠨᠣᠭᠤᠭ᠎ᠠ᠂ ᠥᠷᠭᠡᠰᠦᠲᠦ ᠬᠡᠮᠬᠡ ᠵᠡᠷᠭᠡ ᠦᠷᠭᠦᠯᠵᠢ ᠬᠠᠷᠠᠭᠳᠠᠳᠠᠭ ᠲᠥᠷᠥᠯ ᠵᠦᠢᠯ ᠪᠠᠶᠢᠬᠤ ᠪᠠᠷ ᠪᠠᠷᠠᠬᠤ ᠦᠭᠡᠶ ᠪᠠᠰᠠ ᠬᠠᠮᠢᠯ ᠬᠡᠮᠬᠡ᠂ ᠠᠮᠲᠠᠲᠤ ᠬᠡᠮᠬᠡ᠂ ᠲᠤᠭᠤᠷ ᠵᠡᠷᠭᠡ ᠰᠢᠨ᠎ᠡ ᠲᠥᠷᠥᠯ ᠵᠦᠢᠯ ᠢ ᠲᠠᠷᠢᠬᠤ ᠪᠣᠯᠣᠨ᠎ᠠ᠃ ᠡᠭᠦᠨ ᠤ ᠬᠠᠮᠲᠦ ᠪᠠᠰᠠ ᠬᠠᠰ ᠤᠨ ᠳᠡᠯᠳᠡᠦ᠂ ᠮᠥᠭᠦ ᠶᠢᠨ ᠲᠥᠷᠥᠯ ᠢ ᠣᠷᠣᠭᠤᠯᠤᠭᠰᠠᠨ ᠪᠠᠶᠢᠪᠠ᠃      ᠤᠶᠢᠯᠠᠭᠠᠭᠰᠠᠨ ᠢᠶᠠᠷ ᠣᠳᠣᠬᠠᠨ ᠳᠤ᠂ ᠲᠣᠰᠬᠤᠨ ᠤ ᠠᠷᠠᠳ ︽ᠬᠠᠮᠲᠤ ᠪᠠᠷ ᠪᠠᠶᠠᠵᠢᠬᠤ ᠢᠳᠡᠰᠢᠨ ᠨᠣᠭᠤᠭ᠎ᠠ ᠶᠢᠨ ᠬᠦᠷᠢᠶᠡᠯᠡᠩ ︾ ᠤᠨ ᠡᠵᠡᠩᠨᠡᠯᠲᠡ ᠳᠤ ᠤᠯᠠᠨ ᠠᠷᠭ᠎ᠠ ᠬᠡᠯᠪᠡᠷᠢ ᠪᠠᠷ ᠣᠷᠣᠯᠴᠠᠵᠤ ᠪᠤᠢ᠃ ᠭᠠᠵᠠᠷ ᠰᠢᠷᠣᠢ ᠳᠤ ᠬᠤᠪᠢ  ᠣᠷᠣᠭᠤᠯᠬᠤ᠂  ᠬᠦᠯᠡᠮᠵᠢ ᠳᠠᠭᠠᠭᠠᠴᠢᠯᠠᠨ ᠲᠠᠷᠢᠬᠤ ᠪᠤᠶᠤ ᠬᠥᠯᠥᠰᠥᠨ ᠠᠵᠢᠯ ᠬᠢᠵᠦ ᠪᠦᠷ ᠪᠣᠯᠤᠨ᠎ᠠ᠃ ᠲᠠᠷᠢᠶᠠᠯᠠᠬᠤ ᠮᠡᠷᠭᠡᠵᠢᠯ ᠢ ᠳᠡᠭᠡᠭᠰᠢᠯᠡᠭᠦᠯᠬᠦ ᠶᠢᠨ ᠲᠥᠯᠥᠭᠡ᠂ ᠭᠠᠯᠠᠭᠤᠲᠤ ᠪᠠᠯᠭᠠᠰᠤ ᠱᠠᠨᠳᠦ᠋ᠩ ᠤᠨ ᠱᠸᠤ ᠭᠤᠸᠠᠩ ᠲᠠᠷᠢᠶᠠᠯᠠᠩ ᠤᠨ ᠺᠣᠮᠫᠠᠨᠢ ᠲᠠᠢ ᠬᠠᠮᠲᠤᠷᠠᠯᠴᠠᠵᠤ᠂ ᠲᠡᠳᠡᠨ ᠤ ᠲᠡᠷᠢᠭᠦᠨ ᠤ ᠮᠡᠷᠭᠡᠵᠢᠯ ᠢ ᠰᠤᠷᠤᠯᠴᠠᠵᠤ᠂ ᠪᠣᠰᠤᠭ᠎ᠠ ᠵᠡᠯ᠎ᠡ ᠡᠯᠭᠦᠬᠦ᠂ ᠬᠥᠮᠦᠨ ᠤ ᠬᠦᠴᠦ ᠪᠠᠷ ᠲᠣᠭᠤᠰᠣ ᠬᠦᠷᠲᠡᠭᠡᠬᠦ ᠵᠡᠷᠭᠡ ᠰᠢᠨ᠎ᠡ ᠮᠡᠷᠭᠡᠵᠢᠯ ᠢ ᠳᠡᠯᠭᠡᠷᠡᠭᠦᠯᠵᠦ ᠲᠣᠰᠬᠤᠨ ᠤ ᠠᠷᠠᠳ ᠲᠤ ᠮᠡᠷᠭᠡᠵᠢᠯ ᠤᠨ ᠳᠡᠮᠵᠢᠯᠭᠡ  ᠬᠠᠩᠭᠠᠭᠰᠠᠨ ᠪᠠᠶᠢᠨ᠎ᠠ᠃      ᠤᠢᠢᠷ᠎ᠠ ᠶᠢᠨ ᠵᠢᠯ ᠠᠴᠠ ᠭᠠᠯᠠᠭᠤᠲᠤ ᠪᠠᠯᠭᠠᠰᠤ ᠦᠦᠰᠢᠨ ᠬᠤᠰᠢᠭᠤᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠲᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠬᠠᠮᠲᠤᠪᠠᠷ ᠪᠠᠶᠠᠵᠢᠬᠤ ᠰᠲ᠋ᠣᠺ ᠤᠨ ᠡᠷᠬᠡ ᠶᠢᠨ ᠲᠤᠷᠰᠢᠯᠲᠠ ᠶᠢ ᠰᠦᠪᠡᠭᠴᠢᠯᠡᠨ ᠪᠦᠳᠦᠬᠡᠨ ᠪᠠᠶᠢᠭᠤᠯᠵᠤ᠂ ᠲᠥᠬᠦᠭᠡᠷᠦᠮᠵᠢᠲᠦ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠵᠠᠭᠪᠤᠷ ᠢ ᠡᠷᠴᠢᠮᠵᠢᠭᠦᠯᠬᠦ᠂ ᠬᠡᠪᠴᠢᠶᠡᠵᠢᠭᠦᠯᠬᠦ᠂ ᠪᠣᠬᠢᠷᠲᠤᠯ ᠦᠬᠡᠢ ᠪᠣᠯᠭᠠᠨ ᠬᠥᠭᠵᠢᠭᠦᠯᠬᠦ ᠶᠢ ᠠᠬᠢᠭᠤᠯᠵᠤ ᠴᠢᠬᠢ ᠰᠤᠶᠤᠭ᠎ᠠ ᠶᠢ ᠪᠤᠶᠢᠵᠢᠭᠤᠯᠬᠤ᠂ ᠬᠥᠮᠥᠷᠭᠡᠯᠡᠨ ᠬᠠᠳᠠᠭᠠᠯᠠᠬᠤ ᠪᠠ ᠭᠦᠢᠯᠭᠡᠭᠡᠨ ᠪᠣᠷᠣᠯᠠᠭᠤᠯᠬᠤ᠂ ᠡᠳ᠋ᠰᠢᠭᠦᠯᠦᠨ ᠪᠣᠷᠣᠯᠠᠭᠤᠯᠬᠤ ᠵᠡᠷᠭᠡ ᠶᠢ ᠨᠢᠭᠡ ᠴᠤᠬᠴᠠᠵᠢᠭᠤᠯᠤᠬᠰᠠᠨ ᠲᠠᠷᠢᠶᠠᠯᠠᠩ ᠤᠨ ᠠᠵᠤ ᠦᠢᠯᠡᠰ ᠤᠨ ᠬᠡᠯᠬᠢᠶᠡᠵᠢᠯ  ᠢ ᠴᠢᠷᠮᠠᠶᠢᠨ ᠪᠠᠶᠢᠭᠤᠯᠵᠤ ᠰᠢᠨᠵᠢᠯᠡᠬᠦ ᠤᠬᠠᠭᠠᠨᠴᠢᠯᠠᠭᠰᠠᠨ ᠲᠥᠬᠦᠭᠡᠷᠦᠮᠵᠢᠲᠦ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠪᠦᠳᠦᠬᠡᠨ ᠪᠠᠶᠢᠭᠤᠯᠬᠤ ᠪᠠᠷ ᠴᠢᠷᠮᠠᠶᠢᠵᠤ ᠪᠠᠶᠢᠨ᠎ᠠ᠃ ︽ᠬᠠᠮᠲᠤ ᠪᠠᠷ ᠪᠠᠶᠠᠵᠢᠬᠤ ᠢᠳᠡᠰᠢᠨ ᠨᠣᠭᠤᠭ᠎ᠠ ᠶᠢᠨ ᠬᠦᠷᠢᠶᠡᠯᠡᠩ︾ ᠨᠢ ᠲᠣᠰᠬᠤᠨ ᠤ ᠠᠷᠠᠳ ᠤᠨ ᠤᠷᠤᠯᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠬᠤᠲᠠ ᠬᠦᠳᠡᠭᠡ ᠶᠢᠨ ᠵᠤᠭᠠᠴᠠᠭᠰᠠᠳ ᠲᠤ ᠨᠤᠭᠤᠭ᠎ᠠ ᠵᠢᠮᠢᠰ  ᠪᠡᠶᠡᠴᠢᠯᠡᠨ ᠲᠡᠬᠦᠬᠦ ᠨᠦᠬᠦᠴᠡᠯ ᠬᠠᠩᠭᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠮᠢᠳᠤᠯᠢᠭ ᠦᠢᠯᠡᠳᠦᠯᠭᠡ ᠪᠠ ᠢᠯᠡ ᠲᠣᠳᠣ ᠨᠡᠷᠡᠲᠤ ᠲᠡᠮᠲᠡᠭ ᠪᠤᠯᠵᠤ ᠴᠢᠳᠠᠭᠰᠠᠨ ᠪᠠᠶᠢᠨ᠎ᠠ᠃                                          ᠰᠤᠷᠪᠤᠯᠵᠢᠯᠠᠭᠴᠢ᠄ ᠷᠢᠸᠠᠳᠢ᠂ ᠸᠠᠩ ᠴᠢ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ