︽ᠳᠤᠮᠳᠠᠳᠤ ᠤᠯᠤᠰ ᠤᠨ ᠤᠰᠤᠨ ᠤ ᠭᠠᠷᠠᠭ︾ ᠢᠶᠠᠷ ᠰᠤᠷᠤᠭᠴᠢᠳ ᠠᠵᠤ ᠠᠬᠤᠶᠢᠯᠠᠯ ᠳᠤ ᠬᠦᠷᠴᠦ ᠲᠣᠭᠤᠷᠢᠨ ᠰᠣᠷᠣᠯᠴᠠᠪᠠ
ᠨᠡᠶᠢᠲᠡᠯᠡᠭᠰᠡᠨ ᠴᠠᠭ᠄
2025/3/27
      3 ᠰᠠᠷ᠎ᠠ ᠶᠢᠨ 22 ᠤᠨ ᠡᠳᠦᠷ ᠠᠴᠠ 28 ᠤ ᠡᠳᠦᠷ ᠪᠤᠯ 38 ᠳ᠋ᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠪᠣᠯᠤᠨ᠎ᠠ᠃ ᠡᠶᠢᠨᠬᠦ ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠤᠰᠤ ᠠᠷᠪᠢᠯᠠᠬᠤ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠤᠰᠤ ᠶᠢ ᠠᠷᠪᠢᠯᠠᠬᠤ ᠰᠤᠳᠤᠯᠭᠠᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠡᠯ᠎ᠡ ᠠᠵᠤ ᠠᠬᠤᠶᠢᠯᠠᠯ  ᠢᠶᠠᠷ ᠥᠷᠨᠢᠭᠦᠯᠦᠨ᠂ ᠰᠤᠷᠤᠭᠴᠢᠳ ᠲᠤ ᠠᠮᠢᠳᠤᠷᠠᠯ ᠤᠨ ᠪᠣᠬᠢᠷ ᠤᠰᠤ ᠪᠣᠯᠤᠨ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠰᠢᠢᠳᠪᠦᠷᠢᠯᠡᠬᠦ ᠶᠠᠪᠤᠴᠠ ᠶᠢ ᠲᠣᠭᠤᠷᠢᠨ ᠦᠵᠡᠭᠦᠯᠵᠦ᠂ ᠤᠰᠤᠨ ᠤ ᠡᠷᠭᠢᠯᠲᠡ ᠶᠢᠨ ᠰᠢᠨᠵᠢᠯᠡᠭᠡ ᠮᠡᠷᠭᠡᠵᠢᠯ ᠤᠨ ᠷᠢᠳᠢ ᠰᠢᠳᠢ ᠶᠢ ᠣᠶᠢᠯᠠᠭᠠᠭᠤᠯᠤᠨ ︽ᠤᠰᠤ ᠠᠷᠪᠢᠯᠠᠬᠤ ᠶᠢ ᠪᠠᠭ᠎ᠠ ᠠᠴᠠ ᠨᠢ ᠡᠬᠢᠯᠡᠵᠦ ᠠᠳᠬᠤᠬᠤ︾ ᠶᠢ ᠦᠢᠯᠡᠳᠦᠯᠭᠡᠵᠢᠭᠦᠯᠦᠭᠰᠡᠨ ᠪᠠᠶᠢᠨ᠎ᠠ᠃      ᠲᠣᠭᠤᠷᠢᠨ ᠰᠤᠷᠤᠯᠴᠠᠬᠤ ᠠᠩᠭᠢ ᠶᠢᠨ ᠬᠢᠨ ᠡᠩ ᠲᠡᠷᠢᠭᠦᠨ ᠳᠤ ᠳ᠋ᠦᠩ ᠶᠤᠸᠠᠨ ᠤ ᠦᠦᠰᠢᠨ ᠬᠤᠰᠢᠭᠤᠨ ᠳᠠᠬᠢ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠬᠦᠷᠴᠦ᠂ ᠪᠣᠬᠢᠷ ᠤᠰᠤ ᠠᠴᠠ ᠴᠡᠪᠡᠷ ᠤᠰᠤ ᠪᠤᠯᠭᠠᠨ ᠰᠢᠢᠳᠪᠦᠷᠢᠯᠡᠬᠦ ᠤᠭ ᠶᠣᠰᠣ ᠪᠠ  ᠰᠢᠢᠳᠪᠦᠷᠢᠯᠡᠬᠦ ᠶᠠᠪᠤᠴᠠ ᠶᠢ ᠲᠣᠭᠤᠷᠢᠨ ᠰᠤᠷᠤᠯᠴᠠᠪᠠ᠃ ᠰᠤᠷᠤᠭᠴᠢᠳ ᠲᠠᠶᠢᠯᠤᠮᠵᠢ ᠶᠢ ᠰᠡᠳᠬᠢᠯ ᠲᠠᠯᠪᠢᠨ ᠰᠣᠨᠣᠰᠴᠦ ᠬᠢᠨᠠᠮᠠᠭᠠᠶ ᠰᠤᠷᠤᠯᠴᠠᠵᠤ᠂ ᠪᠣᠬᠢᠷ ᠤᠰᠤ ᠶᠢ ᠬᠡᠷᠬᠢᠨ ᠲᠤᠩᠭᠠᠬᠤ᠂ ᠱᠦᠭᠦᠬᠦ᠂ ᠮᠢᠺᠷᠣᠪ ᠢ ᠵᠠᠳᠠᠷᠠᠭᠤᠯᠬᠤ᠂ ᠠᠷᠢᠭᠤᠳᠬᠠᠬᠤ ᠵᠡᠷᠭᠡ ᠠᠵᠢᠯ ᠤᠨ ᠶᠠᠪᠤᠴᠠ ᠶᠢ ᠤᠶᠢᠯᠠᠭᠠᠵᠤ ᠠᠮᠢ ᠠᠬᠤᠶ  ᠶᠢᠨ ᠬᠠᠮᠠᠭᠠᠯᠠᠯᠲᠠ ᠳᠤ ᠬᠡᠷᠡᠭᠰᠡᠬᠦ ᠤᠰᠤ ᠪᠠ ᠬᠤᠲᠠ ᠶᠢᠨ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ ᠪᠣᠯᠭᠠᠨ ᠰᠢᠢᠳᠪᠦᠷᠢᠯᠡᠳᠡᠭ ᠢ ᠪᠡᠶᠡᠴᠢᠯᠡᠨ ᠤᠶᠢᠯᠠᠭᠠᠪᠠ᠃      ᠳᠠᠷᠠᠭ᠎ᠠ ᠨᠢ᠂  ᠲᠣᠭᠤᠷᠢᠨ ᠰᠤᠷᠤᠯᠴᠠᠬᠤ ᠠᠩᠭᠢ ᠶᠢᠨ ᠬᠢᠨ ᠮᠤᠤᠠᠤᠰᠤ ᠤᠰᠤᠨ ᠤ ᠶᠠᠪᠤᠳᠠᠯ ᠤᠨ ᠬᠢᠵᠠᠭᠠᠷᠲᠤ ᠺᠣᠮᠫᠠᠨᠢ  ᠳᠤ ᠬᠦᠷᠴᠦ᠂ ᠦᠢᠯᠡᠳᠪᠦᠷᠢᠯᠡᠯ ᠤᠨ ᠲᠠᠰᠤᠭ ᠤᠨ ᠣᠳᠣᠬᠢᠴᠢᠯᠠᠭᠰᠠᠨ ᠲᠤᠨᠤᠭ ᠲᠥᠬᠦᠭᠡᠷᠦᠮᠵᠢ ᠶᠢ ᠲᠣᠭᠤᠷᠢᠨ ᠦᠵᠡᠵᠦ᠂ ᠤᠰᠤᠨ ᠤ ᠡᠬᠢ ᠰᠤᠷᠪᠤᠯᠵᠢ ᠶᠢ ᠴᠤᠭᠯᠠᠭᠤᠯᠬᠤ᠂ ᠱᠦᠭᠦᠵᠦ ᠴᠡᠪᠡᠷᠰᠢᠭᠦᠯᠬᠦ᠂ ᠪᠠᠺᠲ᠋ᠧᠷᠢ ᠠᠯᠠᠵᠤ ᠠᠷᠢᠭᠤᠳᠬᠠᠬᠤ ᠠᠴᠠ ᠯᠣᠩᠬᠤᠨ ᠳᠤ ᠰᠠᠪᠠᠯᠠᠵᠤ ᠪᠢᠲᠡᠭᠦᠮᠵᠢᠯᠡᠬᠦ ᠵᠡᠷᠭᠡ ᠠᠵᠢᠯ ᠤᠨ ᠶᠠᠪᠤᠴᠠ ᠶᠢ ᠲᠣᠭᠤᠷᠢᠨ ᠰᠤᠷᠤᠯᠴᠠᠪᠠ᠃ ᠰᠤᠷᠤᠭᠴᠢᠳ ᠲᠠᠶᠢᠯᠪᠤᠷᠢᠯᠠᠭᠴᠢ ᠶᠢ ᠳᠠᠭᠠᠵᠤ᠂ ᠭᠤᠭᠴᠤᠭ᠎ᠠ ᠪᠦᠷᠢ ᠶᠢ ᠰᠣᠨᠢᠷᠬᠠᠨ ᠠᠵᠢᠭᠯᠠᠵᠤ᠂ ᠷᠠᠰᠢᠶᠠᠨ ᠤᠰᠤᠨ ᠤ ᠦᠢᠯᠡᠳᠪᠦᠷᠢᠯᠡᠯ ᠢ  ᠤᠶᠢᠯᠠᠭᠠᠨ ᠳᠤᠰᠤᠯ ᠪᠦᠷᠢ ᠤᠤᠭᠤᠬᠤ ᠤᠰᠤᠨ ᠤ ᠠᠷᠤ ᠳᠠᠬᠢ ᠨᠠᠷᠢᠨ ᠪᠤᠳᠤᠯᠢᠶᠠᠨᠲᠠᠶ ᠰᠢᠢᠳᠪᠦᠷᠢᠯᠡᠨ ᠦᠢᠯᠡᠳᠪᠦᠷᠢᠯᠡᠬᠦ ᠶᠠᠪᠤᠴᠠ ᠪᠣᠯᠤᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠴᠢᠬᠤᠯᠠ ᠴᠢᠨᠠᠷ ᠢ ᠣᠶᠢᠯᠠᠭᠠᠪᠠ᠃      ᠡᠴᠦᠰ ᠲᠤ᠂ ᠲᠣᠭᠤᠷᠢᠨ ᠰᠤᠷᠤᠯᠴᠠᠬᠤ ᠠᠩᠭᠢ  ᠶᠢᠨ ᠬᠢᠨ ᠵᠦᠩ ᠲᠢᠶᠠᠨ ᠾᠧ ᠴᠤᠸᠠᠩ ᠬᠢᠮᠢ ᠶᠢᠨ ᠠᠵᠤ ᠦᠢᠯᠡᠳᠪᠦᠷᠢ ᠶᠢᠨ ᠬᠤᠪᠢᠶᠠᠷᠢ ᠺᠣᠮᠫᠠᠨᠢ  ᠳᠤ ᠬᠦᠷᠴᠦ᠂ ᠬᠡᠷᠬᠢᠨ ᠤᠳᠤᠬᠢᠴᠢᠯᠠᠭᠰᠠᠨ ᠰᠢᠨᠵᠢᠯᠡᠭᠡ ᠮᠡᠷᠭᠡᠵᠢᠯ ᠢ ᠠᠰᠢᠭᠯᠠᠨ ᠡᠨᠧᠷᠭᠢ ᠪᠣᠯᠣᠨ ᠤᠰᠤ ᠶᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠤᠶᠢᠯᠠᠭᠠᠨ ᠰᠤᠷᠤᠭᠴᠢᠳ ᠤᠨ ᠤᠰᠤᠨ ᠤ ᠡᠬᠢ ᠪᠠᠶᠠᠯᠢᠭ ᠢ ᠡᠷᠭᠢᠯᠲᠡ ᠲᠠᠢ ᠠᠰᠢᠭᠯᠠᠬᠤ ᠲᠤᠬᠠᠢ ᠲᠠᠨᠢᠯᠲᠠ ᠶᠢ ᠭᠦᠨᠵᠡᠭᠡᠶᠢᠷᠡᠭᠦᠯᠪᠡ᠃ ᠡᠭᠦᠨ ᠤ ᠬᠠᠮᠲᠤ᠂ ᠪᠠᠭᠰᠢ ᠶᠢᠨ ᠢᠶᠠᠨ ᠵᠢᠯᠣᠭᠤᠳᠣᠯᠭ᠎ᠠ ᠳᠣᠤᠷ᠎ᠠ᠂ ᠰᠤᠷᠤᠭᠴᠢᠳ ᠤᠰᠤ ᠱᠦᠭᠦᠬᠦ ᠲᠤᠷᠰᠢᠯᠲᠠ ᠬᠢᠪᠡ᠃ ᠰᠤᠷᠤᠭᠴᠢᠳ ᠴᠠᠭᠠᠰᠤ᠂ ᠲᠥᠬᠦᠭᠡᠷᠦᠮᠵᠢ  ᠪᠡᠯᠡᠳᠬᠡᠨ᠂ ᠪᠤᠯᠠᠩᠭᠢᠷᠲᠤ ᠤᠰᠤ ᠶᠢ ᠭᠤᠭᠤᠵᠢᠭᠤᠷ ᠲᠤ ᠬᠢᠵᠦ᠂ ᠠᠯᠬᠤᠮ ᠪᠦᠷᠢ ᠳᠤ ᠠᠩᠬᠠᠷᠤᠯ ᠢᠶᠠᠨ ᠲᠥᠪᠯᠡᠷᠡᠭᠦᠯᠦᠨ ᠠᠯᠢ ᠴᠢᠳᠠᠬᠤ ᠪᠠᠷ ᠣᠨᠣᠪᠴᠢᠲᠠᠶ ᠬᠢᠬᠦ ᠪᠠᠷ ᠴᠢᠷᠮᠠᠶᠢᠪᠠ᠃ ᠴᠡᠪᠡᠷᠰᠢᠭᠦᠯᠦᠭᠰᠡᠨ ᠦᠷ᠎ᠡ ᠪᠦᠲᠦᠭᠡᠯ ᠢᠶᠠᠨ ᠬᠠᠷᠠᠭᠠᠳ ᠰᠤᠷᠤᠭᠴᠢ ᠪᠦᠬᠦᠨ ᠣᠯᠣᠯᠲᠠ ᠲᠥᠷᠥᠭᠳᠡᠯ ᠢᠶᠠᠷ ᠭᠦᠨ ᠪᠠᠶᠢᠯ᠎ᠠ᠃                                   ᠰᠤᠷᠪᠤᠯᠵᠢᠯᠠᠭᠴᠢ᠄ ᠷᠢᠸᠠᠳᠢ᠂ ᠬᠠᠨ ᠱᠢ ᠬᠤᠢ᠂ ᠴᠧᠨ ᠸᠧᠶ
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ