ᠠᠵᠢᠯ ᠤᠨ ᠡᠭᠦᠷᠭᠡ | ︵ᠨᠢᠭᠡ︶ ᠭᠠᠵᠠᠷ ᠲᠠᠷᠢᠶᠠᠨ ᠤ ᠳᠠᠷᠤᠭ᠎ᠠ ᠶᠢᠨ ᠲᠣᠬᠢᠷᠠᠭᠤᠯᠤᠯᠲᠠ ᠵᠢᠴᠢ ᠲᠡᠭᠦᠨ ᠤ ᠲᠤᠰᠢᠶᠠᠯ ᠬᠠᠷᠢᠭᠤᠴᠠᠯᠭ᠎ᠠ᠃ ᠭᠠᠵᠠᠷ ᠲᠠᠷᠢᠶᠠᠨ ᠤ ᠳᠠᠷᠤᠭ᠎ᠠ ᠶᠢᠨ | ᠲᠣᠬᠢᠷᠠᠭᠤᠯᠤᠯᠲᠠ ᠶᠢ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠪᠠᠷ ᠭᠤᠣᠯ ᠴᠣᠭᠴᠠ ᠪᠣᠯᠭᠠᠵᠤ᠂ ᠭᠠᠴᠠᠭᠠᠨ ᠤ ︽ᠬᠤᠶᠠᠷ ᠵᠥᠪᠯᠡᠯ︾ ᠤᠨ ᠭᠤᠣᠯ | ᠬᠠᠷᠢᠭᠤᠴᠠᠯᠭᠠᠲᠠᠨ ᠢᠶᠠᠷ ᠭᠠᠵᠠᠷ ᠲᠠᠷᠢᠶᠠᠨ ᠤ ᠳᠠᠷᠤᠭ᠎ᠠ ᠪᠣᠯᠭᠠᠵᠤ᠂ ᠭᠠᠴᠠᠭᠠᠨ ᠤ ︽ᠬᠤᠶᠠᠷ ᠵᠥᠪᠯᠡᠯ︾ ᠤᠨ ᠪᠦᠷᠢᠯᠳᠦᠭᠦᠨ᠂ ᠭᠠᠴᠠᠭᠠᠨ ᠤ ᠠᠷᠠᠳ ᠤᠨ | ᠳᠤᠭᠤᠶᠢᠯᠠᠩ ᠤᠨ ᠳᠠᠷᠤᠭ᠎ᠠ᠂ ᠭᠠᠴᠠᠭᠠᠨ ᠤ ᠠᠷᠠᠳ ᠤᠨ ᠲᠥᠯᠥᠭᠡᠯᠡᠭᠴᠢ ᠪᠤᠶᠤ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ | ᠬᠠᠷᠢᠭᠤᠴᠠᠯᠭᠠᠲᠠᠨ ᠢᠶᠠᠷ ᠲᠣᠣᠷᠵᠢᠯ ᠬᠠᠮᠢᠶᠠᠷᠤᠯᠲᠠ ᠶᠢᠨ ᠭᠠᠵᠠᠷ ᠲᠠᠷᠢᠶᠠᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠲᠣᠣᠷᠵᠢᠯ ᠬᠠᠮᠢᠶᠠᠷᠤᠯᠲᠠ ᠶᠢᠨ | ᠭᠠᠵᠠᠷ ᠲᠠᠷᠢᠶᠠᠨ ᠤ ᠳᠠᠷᠤᠭ᠎ᠠ ᠶᠢᠨ ᠥᠷᠢᠰᠦᠯᠳᠦᠭᠡᠨ ᠢᠶᠠᠷ ᠠᠵᠢᠯ ᠤᠨ ᠪᠠᠶᠢᠷᠢ ᠳᠤ ᠭᠠᠷᠬᠤ ᠶᠢ ᠵᠣᠷᠢᠭᠵᠢᠭᠤᠯᠤᠨ᠎ᠠ᠃ ᠭᠠᠵᠠᠷ ᠲᠠᠷᠢᠶᠠᠨ ᠤ ᠳᠠᠷᠤᠭ᠎ᠠ ᠪᠠ | ᠲᠣᠣᠷᠵᠢᠯ ᠬᠠᠮᠢᠶᠠᠷᠤᠯᠲᠠ ᠶᠢᠨ ᠭᠠᠵᠠᠷ ᠲᠠᠷᠢᠶᠠᠨ ᠤ ᠳᠠᠷᠤᠭ᠎ᠠ ᠶᠢ ᠲᠣᠭᠲᠠᠭᠠᠭᠰᠠᠨ ᠤ ᠳᠠᠷᠠᠭ᠎ᠠ ᠬᠤᠰᠢᠭᠤ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ | ᠭᠠᠵᠠᠷ ᠲᠠᠷᠢᠶᠠᠨ ᠤ ᠳᠠᠷᠤᠭ᠎ᠠ ᠶᠢᠨ ᠭᠤᠣᠯ ᠲᠤᠰᠢᠶᠠᠯ ᠬᠠᠷᠢᠭᠤᠴᠠᠯᠭ᠎ᠠ᠄ ᠭᠠᠵᠠᠷ ᠲᠠᠷᠢᠶᠠᠨ ᠤ ᠳᠠᠷᠤᠭ᠎ᠠ ᠪᠣᠯ ᠲᠠᠷᠢᠶᠠᠨ ᠭᠠᠵᠠᠷ ᠪᠠ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠰᠢᠭᠤᠳ ᠬᠠᠷᠢᠭᠤᠴᠠᠯᠭᠠᠲᠠᠨ ᠮᠥᠨ᠂ ᠬᠠᠷᠢᠶ᠎ᠠ ᠣᠷᠣᠨ ᠳᠠᠬᠢ ᠲᠠᠷᠢᠶᠠᠨ ᠭᠠᠵᠠᠷ ᠪᠠ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠤᠨ ᠡᠳᠦᠷ ᠲᠤᠲᠤᠮ ᠤᠨ ᠬᠠᠮᠢᠶᠠᠷᠤᠯᠲᠠ ᠬᠠᠮᠠᠭᠠᠯᠠᠯᠲᠠ ᠶᠢ ᠬᠠᠷᠢᠭᠤᠴᠠᠨ᠎ᠠ︔ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ | ᠶᠢᠨ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠲᠣᠰᠬᠤᠨ ᠤ ᠳᠣᠲᠣᠷᠠᠬᠢ ᠭᠠᠵᠠᠷ ᠰᠢᠷᠣᠢ ᠶᠢᠨ | ᠳᠠᠭᠠᠭᠠᠴᠢᠯᠠᠯᠲᠠ ᠶᠢᠨ ᠡᠷᠦᠬᠡ ᠪᠠ ᠡᠵᠡᠩᠨᠡᠭᠴᠢ ᠳᠤ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢ | ᠥᠷᠨᠢᠭᠦᠯᠦᠨ᠎ᠡ︔ ᠬᠠᠷᠢᠶ᠎ᠠ ᠣᠷᠣᠨ ᠤ ᠪᠠᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠬᠤ ᠶᠢᠨ ᠬᠠᠮᠲᠤ ᠰᠠᠶᠢᠲᠤᠷ ᠲᠡᠮᠳᠡᠭᠯᠡᠯ ᠬᠢᠨ᠎ᠡ︔ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ | ᠡᠵᠡᠯᠡᠨ ᠬᠡᠷᠡᠭᠯᠡᠵᠦ ᠭᠡᠷ ᠪᠠᠷᠢᠬᠤ᠂ ᠦᠢᠯᠡᠳᠪᠦᠷᠢ ᠪᠠᠶᠢᠭᠤᠯᠬᠤ᠂ ᠨᠦᠬᠡᠨ ᠭᠡᠷ ᠪᠠᠷᠢᠬᠤ᠂ ᠬᠠᠶᠢᠷ ᠮᠠᠯᠲᠠᠬᠤ᠂ ᠰᠢᠷᠣᠢ ᠠᠪᠬᠤ᠂ ᠲᠡᠵᠢᠭᠡᠨ ᠦᠷᠡᠵᠢᠭᠦᠯᠬᠦ᠂ ᠨᠠᠭᠤᠷ | ᠮᠠᠯᠲᠠᠵᠤ ᠦᠵᠡᠮᠵᠢ ᠭᠠᠷᠭᠠᠬᠤ᠂ ᠬᠠᠲᠠᠭᠤ ᠪᠡᠶᠡᠲᠦ ᠪᠣᠳᠠᠰ ᠣᠪᠣᠭᠠᠯᠠᠬᠤ ᠵᠢᠴᠢ ᠪᠣᠬᠢᠷᠲᠤᠯ ᠪᠣᠳᠠᠰ ᠭᠠᠳᠠᠭᠰᠢᠯᠠᠭᠤᠯᠬᠤ ᠪᠠ ᠬᠠᠶᠠᠬᠤ ᠵᠡᠷᠭᠡ ᠦᠢᠯᠡ | ᠠᠵᠢᠯᠯᠠᠭ᠎ᠠ ᠶᠢ ᠢᠳᠬᠠᠬᠤ ᠶᠢᠨ ᠬᠠᠮᠲᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠮᠡᠳᠡᠭᠦᠯᠦᠨ᠎ᠡ᠃ ᠲᠠᠷᠢᠶᠠᠨ ᠭᠠᠵᠠᠷ ᠪᠠ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ︽ᠠᠮᠤ ᠪᠤᠳᠠᠭᠠᠨ ᠤ ᠪᠤᠰᠤ ᠪᠣᠯᠭᠠᠬᠤ︾ ᠪᠠ ᠠᠲᠠᠷᠰᠢᠭᠤᠯᠬᠤ ᠦᠢᠯᠡ ᠠᠵᠢᠯᠯᠠᠭ᠎ᠠ ᠶᠢ | ᠢᠳᠬᠠᠨ ᠰᠠᠨᠠᠭᠤᠯᠬᠤ ᠶᠢᠨ ᠬᠠᠮᠲᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠮᠡᠳᠡᠭᠦᠯᠵᠦ᠂ ᠢᠯᠡᠷᠡᠭᠦᠯᠦᠭᠰᠡᠨ ᠬᠦᠨᠳᠦ ᠶᠡᠭᠡ ᠬᠠᠤᠯᠢ ᠠᠴᠠ | ᠵᠥᠷᠢᠴᠡᠭᠰᠡᠨ ᠠᠰᠠᠭᠤᠳᠠᠯ ᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠮᠡᠳᠡᠭᠦᠯᠬᠦ ᠠᠴᠠ ᠭᠠᠳᠠᠨ᠎ᠠ᠂ ᠬᠤᠰᠢᠭᠤ ᠲᠣᠭᠤᠷᠢᠭ ᠪᠤᠶᠤ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠵᠡᠷᠭᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠰᠢᠭᠤᠳ ᠮᠡᠳᠡᠭᠦᠯᠵᠦ | ᠪᠣᠯᠣᠨ᠎ᠠ︔ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠡᠮᠳᠡᠭ ᠫᠠᠶᠢᠰᠠ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ︔ ᠰᠤᠮᠤ | ᠰᠢᠶᠠᠩ ᠪᠠᠯᠭᠠᠰᠤ ︵ ᠵᠡᠭᠡᠯᠢ ᠭᠤᠳᠤᠮᠵᠢ︶ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠲᠠᠷᠢᠶᠠᠨ ᠭᠠᠵᠠᠷ ᠤᠨ ᠦᠢᠯᠡᠳᠪᠦᠷᠢᠯᠡᠯ ᠤᠨ ᠢᠵᠢ | ᠪᠦᠷᠢᠳᠦᠭᠦᠯᠬᠦ ᠲᠥᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ ᠶᠢ ᠬᠠᠷᠢᠭᠤᠴᠠᠨ᠎ᠠ︔ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢ ᠬᠠᠮᠵᠢᠨ ᠨᠥᠬᠦᠪᠦᠷᠢ | ᠲᠠᠷᠢᠶᠠᠨ ᠭᠠᠵᠠᠷ ᠤᠨ ᠲᠥᠷᠥᠯ ᠵᠦᠢᠯ ᠢ ᠬᠠᠷᠠᠵᠤ ᠬᠠᠮᠠᠭᠠᠯᠠᠬᠤ ᠶᠢ ᠬᠠᠷᠢᠭᠤᠴᠠᠨ᠎ᠠ︔ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠲᠠᠷᠢᠶᠠᠨ ᠭᠠᠵᠠᠷ | ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ᠎ᠡ᠃ | | ᠲᠣᠣᠷᠵᠢᠯ ᠬᠠᠮᠢᠶᠠᠷᠤᠯᠲᠠ ᠶᠢᠨ ᠭᠠᠵᠠᠷ ᠲᠠᠷᠢᠶᠠᠨ ᠤ ᠳᠠᠷᠤᠭ᠎ᠠ ᠶᠢᠨ ᠭᠤᠣᠯ ᠲᠤᠰᠢᠶᠠᠯ ᠬᠠᠷᠢᠭᠤᠴᠠᠯᠭ᠎ᠠ᠄ ᠭᠠᠵᠠᠷ ᠲᠠᠷᠢᠶᠠᠨ ᠤ ᠳᠠᠷᠤᠭ᠎ᠠ ᠶᠢ ᠬᠠᠪᠰᠤᠷᠤᠨ | ᠡᠳᠦᠷ ᠲᠤᠲᠤᠮ ᠤᠨ ᠠᠵᠢᠯ ᠢ ᠥᠷᠨᠢᠭᠦᠯᠵᠦ᠂ ᠭᠠᠵᠠᠷ ᠲᠠᠷᠢᠶᠠᠨ ᠤ ᠳᠠᠷᠤᠭ᠎ᠠ ᠳᠤ ᠡᠳᠦᠷ ᠲᠤᠲᠤᠮ ᠤᠨ ᠢᠯᠡᠷᠡᠭᠦᠯᠦᠭᠰᠡᠨ ᠠᠰᠠᠭᠤᠳᠠᠯ ᠢ ᠮᠡᠳᠡᠭᠦᠯᠵᠦ᠂ | ᠢᠯᠡᠷᠡᠭᠦᠯᠦᠭᠰᠡᠨ ᠬᠦᠨᠳᠦ ᠶᠡᠭᠡ ᠬᠠᠤᠯᠢ ᠠᠴᠠ ᠵᠥᠷᠢᠴᠡᠭᠰᠡᠨ ᠠᠰᠠᠭᠤᠳᠠᠯ ᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠤᠶᠤ ᠬᠤᠰᠢᠭᠤ ᠲᠣᠭᠤᠷᠢᠭ ᠤᠨ | ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠵᠡᠷᠭᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠰᠢᠭᠤᠳ ᠮᠡᠳᠡᠭᠦᠯᠵᠦ | ᠪᠣᠯᠣᠨ᠎ᠠ᠃ | ᠡᠯ᠎ᠡ ᠬᠤᠰᠢᠭᠤ ᠲᠣᠭᠤᠷᠢᠭ ᠨᠢ ᠬᠠᠷᠢᠶ᠎ᠠ ᠣᠷᠣᠨ ᠤ ᠳᠣᠲᠣᠷᠠᠬᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠠᠵᠠᠷ ᠲᠠᠷᠢᠶᠠᠨ ᠤ | ᠳᠠᠷᠤᠭ᠎ᠠ ᠶᠢᠨ ᠲᠠᠰ ᠳᠠᠪᠬᠤᠷᠭ᠎ᠠ ᠶᠢ ᠲᠣᠬᠢᠷᠠᠭᠤᠯᠵᠤ ᠪᠣᠯᠣᠨ᠎ᠠ᠃ | ︵ᠬᠤᠶᠠᠷ︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ | ᠡᠯ᠎ᠡ ᠬᠤᠰᠢᠭᠤ ᠲᠣᠭᠤᠷᠢᠭ ᠤᠨ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠢ ᠪᠠᠶᠢᠭᠤᠯᠬᠤ ᠪᠠ ᠬᠡᠷᠡᠭᠵᠢᠭᠦᠯᠬᠦ ᠶᠢ | ᠱᠠᠭᠠᠷᠳᠠᠨ ᠵᠢᠯᠤᠭᠤᠳᠬᠤ ᠶᠢ ᠬᠠᠷᠢᠭᠤᠴᠠᠨ᠎ᠠ᠃ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ ᠣᠷᠣᠨ ᠤ ᠪᠠᠨ ᠲᠠᠷᠢᠶᠠᠨ ᠭᠠᠵᠠᠷ ᠢ | ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ ᠶᠢ ᠬᠠᠷᠢᠭᠤᠴᠠᠨ ᠲᠣᠭᠲᠠᠭᠠᠵᠤ᠂ ᠲᠤᠰᠢᠶᠠᠯ ᠬᠠᠷᠢᠭᠤᠴᠠᠯᠭ᠎ᠠ ᠶᠢᠨ | ᠡᠭᠦᠷᠭᠡ ᠪᠠᠨ ᠨᠠᠷᠢᠯᠢᠭᠵᠢᠭᠤᠯᠤᠨ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠣᠯᠣᠨ ᠭᠠᠵᠠᠷ ᠲᠠᠷᠢᠶᠠᠨ ᠤ ᠳᠠᠷᠤᠭ᠎ᠠ ᠲᠣᠣᠷᠵᠢᠯ ᠬᠠᠮᠢᠶᠠᠷᠤᠯᠲᠠ ᠶᠢᠨ | ᠭᠠᠵᠠᠷ ᠲᠠᠷᠢᠶᠠᠨ ᠤ ᠳᠠᠷᠤᠭ᠎ᠠ ᠶᠢᠨ ᠬᠢᠨᠠᠨ ᠰᠢᠯᠭᠠᠯᠲᠠ ᠱᠠᠩᠨᠠᠯ ᠲᠣᠷᠭᠠᠭᠤᠯᠢ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠭᠠᠵᠠᠷ ᠲᠠᠷᠢᠶᠠᠨ ᠤ ᠳᠠᠷᠤᠭ᠎ᠠ | ᠲᠣᠣᠷᠵᠢᠯ ᠤᠨ ᠬᠠᠮᠢᠶᠠᠷᠤᠯᠲᠠ ᠶᠢᠨ ᠭᠠᠵᠠᠷ ᠲᠠᠷᠢᠶᠠᠨ ᠤ ᠳᠠᠷᠤᠭ᠎ᠠ ᠶᠢᠨ ᠠᠰᠠᠭᠤᠳᠠᠯ ᠢ ᠮᠡᠳᠡᠭᠦᠯᠬᠦ ᠠᠷᠭ᠎ᠠ ᠵᠠᠮ ᠢ ᠪᠠᠶᠢᠭᠤᠯᠤᠨ᠎ᠠ︔ ᠡᠯ᠎ᠡ ᠰᠤᠮᠤ ᠰᠢᠶᠠᠩ | ᠪᠠᠯᠭᠠᠰᠤ ︵ᠵᠡᠭᠡᠯᠢ ᠭᠤᠳᠤᠮᠵᠢ︶ ᠶᠢᠨ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠠᠵᠢᠯ ᠢ | ᠱᠠᠭᠠᠷᠳᠠᠨ ᠵᠢᠯᠤᠭᠤᠳᠬᠤ ᠶᠢ ᠬᠠᠷᠢᠭᠤᠴᠠᠨ᠎ᠠ︔ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠬᠤ ᠶᠢ ᠵᠣᠬᠢᠶᠠᠨ ᠪᠠᠶᠢᠭᠤᠯᠤᠨ᠎ᠠ︔ ᠭᠠᠵᠠᠷ ᠲᠠᠷᠢᠶᠠᠨ ᠤ ᠳᠠᠷᠤᠭ᠎ᠠ ᠪᠠ ᠲᠣᠣᠷᠵᠢᠯ ᠬᠠᠮᠢᠶᠠᠷᠤᠯᠲᠠ ᠶᠢᠨ ᠭᠠᠵᠠᠷ | ᠲᠠᠷᠢᠶᠠᠨ ᠤ ᠳᠠᠷᠤᠭ᠎ᠠ ᠶᠢᠨ ᠪᠣᠯᠪᠠᠰᠤᠷᠠᠯ ᠬᠢᠨ᠎ᠡ︔ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ ᠠᠵᠢᠯ ᠤᠨ ᠬᠤᠷᠠᠯ ᠢ | ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ | ᠳᠤᠨᠢ ᠰᠢᠢᠳᠪᠦᠷᠢᠯᠡᠨ᠎ᠡ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠭᠠᠵᠠᠷ ᠲᠠᠷᠢᠶᠠᠨ ᠤ ᠳᠠᠷᠤᠭ᠎ᠠ ᠶᠢᠨ | ᠳᠦᠷᠢᠮ ᠢ ᠥᠷᠨᠢᠭᠦᠯᠦᠭᠰᠡᠨ ᠪᠠᠶᠢᠳᠠᠯ ᠢ ᠬᠢᠨᠠᠨ ᠰᠢᠯᠭᠠᠨ᠎ᠠ︔ ᠬᠠᠷᠢᠶ᠎ᠠ ᠣᠷᠣᠨ ᠤ ᠳᠣᠲᠣᠷᠠᠬᠢ ᠡᠯ᠎ᠡ ᠲᠥᠷᠥᠯ ᠤᠨ ᠬᠠᠤᠯᠢ ᠠᠴᠠ ᠵᠥᠷᠢᠴᠡᠨ ᠲᠠᠷᠢᠶᠠᠨ ᠭᠠᠵᠠᠷ | ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠬᠦ ᠶᠢᠨ ᠬᠠᠮᠲᠤ ᠪᠣᠳᠠᠲᠠᠢ ᠴᠡᠭᠴᠡᠯᠡᠨ ᠰᠠᠶᠢᠵᠢᠷᠠᠭᠤᠯᠤᠨ᠎ᠠ᠃ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠳᠣᠲᠣᠷ᠎ᠠ᠂ | ᠭᠠᠴᠠᠭ᠎ᠠ ᠲᠣᠰᠬᠤᠨ ᠪᠠ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠢᠯᠡᠷᠬᠡᠢ ᠣᠷᠣᠨ ᠪᠠᠶᠢᠷᠢ ᠳᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ | ᠲᠠᠷᠢᠶᠠᠨ ᠤ ᠳᠠᠷᠤᠭ᠎ᠠ ᠶᠢᠨ ᠳᠦᠷᠢᠮ ᠤᠨ ᠲᠡᠮᠳᠡᠭ ᠫᠠᠶᠢᠰᠠ ᠭᠠᠷᠭᠠᠵᠤ᠂ ᠨᠥᠬᠦᠪᠦᠷᠢ ᠲᠠᠷᠢᠶᠠᠨ ᠭᠠᠵᠠᠷ ᠤᠨ ᠲᠥᠷᠥᠯ ᠵᠦᠢᠯ ᠳᠤ ᠨᠥᠬᠦᠪᠦᠷᠢ ᠲᠠᠷᠢᠶᠠᠨ | ᠭᠠᠵᠠᠷ ᠤᠨ ᠲᠥᠷᠥᠯ ᠵᠦᠢᠯ ᠤᠨ ᠢᠯᠡ ᠨᠡᠶᠢᠲᠡᠯᠡᠬᠦ ᠫᠠᠶᠢᠰᠠ ᠭᠠᠷᠭᠠᠵᠤ᠂ ᠭᠠᠵᠠᠷ ᠲᠠᠷᠢᠶᠠᠨ ᠤ ᠳᠠᠷᠤᠭ᠎ᠠ ︵ᠲᠣᠣᠷᠵᠢᠯ ᠬᠠᠮᠢᠶᠠᠷᠤᠯᠲᠠ ᠶᠢᠨ ᠭᠠᠵᠠᠷ ᠲᠠᠷᠢᠶᠠᠨ ᠤ | ᠳᠠᠷᠤᠭ᠎ᠠ︶ ᠶᠢᠨ ᠬᠠᠮᠵᠢᠨ ᠬᠠᠷᠠᠵᠤ ᠬᠠᠮᠠᠭᠠᠯᠠᠬᠤ ᠪᠠ ᠨᠡᠶᠢᠭᠡᠮ ᠤᠨ ᠬᠢᠨᠠᠯᠲᠠ ᠲᠠᠯᠪᠢᠬᠤ ᠳᠤ ᠲᠥᠬᠦᠮ ᠪᠣᠯᠭᠠᠨ᠎ᠠ︔ ᠠᠯᠤᠰ ᠰᠡᠷᠡᠯ ᠤᠨ ᠲᠤᠭ᠎ᠠ ᠪᠠᠷᠢᠮᠲᠠ᠂ ᠲᠡᠮᠦᠷ | ᠰᠤᠪᠤᠷᠭ᠎ᠠ ᠶᠢᠨ ᠸᠢᠳᠢᠤ᠋᠂ ᠵᠢᠯᠣᠭᠤᠴᠢ ᠦᠭᠡᠢ ᠨᠢᠰᠬᠡᠯ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠶᠢ ᠠᠰᠢᠭᠯᠠᠨ᠂ ᠮᠡᠳᠡᠭᠡ ᠵᠠᠩᠭᠢᠵᠢᠯᠲᠠ ᠶᠢᠨ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠤ ᠪᠥᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠦᠨ᠎ᠡ᠃ | ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠨᠢ ᠬᠤᠰᠢᠭᠤ ᠱᠠᠲᠤᠨ ᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ | ᠳᠦᠷᠢᠮ ᠤᠨ ᠬᠡᠷᠡᠭᠵᠢᠭᠦᠯᠬᠦ ᠠᠷᠭ᠎ᠠ ᠶᠢᠨ ᠰᠠᠭᠤᠷᠢᠨ ᠳᠡᠭᠡᠷ᠎ᠡ᠂ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠬᠢᠨᠠᠨ ᠰᠢᠯᠭᠠᠯᠲᠠ | ᠱᠠᠩᠨᠠᠯ ᠲᠣᠷᠭᠠᠭᠤᠯᠢ ᠶᠢᠨ ᠠᠷᠭ᠎ᠠ ᠬᠡᠮᠵᠢᠶ᠎ᠡ ᠪᠠ ᠬᠠᠮᠢᠶᠠᠷᠴᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠲᠠᠷᠢᠶᠠᠨ | ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ︔ ᠭᠠᠵᠠᠷ ᠲᠠᠷᠢᠶᠠᠨ ᠤ ᠳᠠᠷᠤᠭ᠎ᠠ ᠪᠣᠯᠣᠨ | ᠲᠣᠣᠷᠵᠢᠯ ᠬᠠᠮᠢᠶᠠᠷᠤᠯᠲᠠ ᠶᠢᠨ ᠭᠠᠵᠠᠷ ᠲᠠᠷᠢᠶᠠᠨ ᠤ ᠳᠠᠷᠤᠭ᠎ᠠ ᠶᠢ ᠲᠣᠭᠲᠠᠭᠠᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠤᠨ᠎ᠠ︔ᠲᠠᠷᠢᠶᠠᠨ ᠭᠠᠵᠠᠷ ᠢ | ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ ᠠᠵᠢᠯ ᠢ ᠬᠠᠷᠢᠭᠤᠴᠠᠬᠤ ᠰᠠᠯᠠᠭ᠎ᠠ ᠮᠥᠴᠢᠷ ᠪᠠ ᠠᠵᠢᠯᠲᠠᠨ ᠢ ᠲᠣᠳᠣᠷᠬᠠᠢ ᠲᠣᠭᠲᠠᠭᠠᠨ᠎ᠠ︔ | ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ | ᠤᠬᠠᠭᠤᠯᠬᠤ ᠶᠢ ᠵᠣᠬᠢᠶᠠᠨ ᠪᠠᠶᠢᠭᠤᠯᠤᠨ᠎ᠠ︔ ᠭᠠᠵᠠᠷ ᠲᠠᠷᠢᠶᠠᠨ ᠤ ᠳᠠᠷᠤᠭ᠎ᠠ ᠶᠢᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ ᠡᠳᠦᠷ ᠲᠤᠲᠤᠮ ᠤᠨ ᠬᠢᠨᠠᠯᠲᠠ ᠲᠠᠯᠪᠢᠯᠲᠠ ᠪᠠ ᠵᠢᠯ ᠤᠨ ᠬᠢᠨᠠᠨ ᠰᠢᠯᠭᠠᠯᠲᠠ ᠬᠢᠨ᠎ᠡ︔ ᠬᠠᠤᠯᠢ | ᠪᠤᠰᠤ ᠪᠠᠷ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ | ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠨ᠎ᠠ︔ ᠲᠠᠷᠢᠶᠠᠨ ᠭᠠᠵᠠᠷ ᠢ | ᠨᠥᠬᠦᠪᠦᠷᠢᠯᠡᠬᠦ ᠵᠦᠢᠯᠡᠰ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠎ᠠ︔ ᠭᠤᠣᠯ ᠬᠠᠷᠢᠭᠤᠴᠠᠯᠭᠠᠲᠠᠨ ᠨᠢ ᠲᠣᠭᠲᠠᠮᠠᠯ ᠬᠤᠭᠤᠴᠠᠭ᠎ᠠ ᠲᠠᠢ ᠪᠠᠷ ᠭᠠᠵᠠᠷ | ᠲᠠᠷᠢᠶᠠᠨ ᠤ ᠳᠠᠷᠤᠭ᠎ᠠ ᠶᠢᠨ ᠬᠤᠷᠠᠯ ᠢ ᠬᠤᠷᠠᠯᠳᠤᠭᠤᠯᠵᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ | ᠬᠤᠰᠢᠭᠤ ᠲᠣᠭᠤᠷᠢᠭ ᠲᠤ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ | ᠠᠵᠢᠯ ᠤᠨ ᠰᠠᠨᠠᠭᠤᠯᠭ᠎ᠠ ᠪᠠ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠳᠤᠷᠠᠳᠤᠨ᠎ᠠ᠃ | ︵ᠭᠤᠷᠪᠠ︶ ᠰᠢᠯᠭᠠᠨ ᠬᠢᠨᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ | ᠳᠦᠷᠢᠮ ᠤᠨ ᠠᠵᠢᠯ ᠢ ᠬᠡᠷᠡᠭᠵᠢᠭᠦᠯᠦᠭᠰᠡᠨ ᠪᠠᠶᠢᠳᠠᠯ ᠢ ᠡᠯ᠎ᠡ ᠱᠠᠲᠤᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ | ᠲᠣᠭᠲᠠᠯᠴᠠᠭ᠎ᠠ ᠳᠤ ᠣᠷᠣᠭᠤᠯᠵᠤ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠨᠠᠷᠢᠯᠢᠭᠵᠢᠭᠤᠯᠤᠨ᠂ ᠬᠢᠨᠠᠨ ᠰᠢᠯᠭᠠᠭᠰᠠᠨ ᠦᠷ᠎ᠡ ᠳ᠋ᠦᠩ ᠨᠢ ᠲᠠᠷᠢᠶᠠᠨ ᠭᠠᠵᠠᠷ ᠢ | ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ ᠠᠵᠢᠯ ᠤᠨ ᠦᠷ᠎ᠡ ᠪᠦᠲᠦᠮᠵᠢ ᠶᠢ ᠦᠨᠡᠨ ᠪᠣᠳᠠᠲᠠᠢ ᠪᠠᠷ ᠲᠤᠰᠬᠠᠵᠤ ᠴᠢᠳᠠᠬᠤ ᠶᠢ ᠦᠨᠡᠨ ᠬᠦ | ᠪᠠᠲᠤᠯᠠᠨ᠎ᠠ᠃ ᠡᠯ᠎ᠡ ᠬᠤᠰᠢᠭᠤ ᠲᠣᠭᠤᠷᠢᠭ ᠨᠢ ᠬᠠᠷᠢᠶ᠎ᠠ ᠣᠷᠣᠨ ᠤ ᠳᠣᠲᠣᠷᠠᠬᠢ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ | ᠳᠦᠷᠢᠮ ᠤᠨ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢᠨ ᠬᠠᠮᠲᠤ ᠲᠠᠷᠢᠶᠠᠨ ᠭᠠᠵᠠᠷ ᠢ ᠬᠠᠮᠠᠭᠠᠯᠠᠬᠤ ᠲᠠᠷᠢᠶᠠᠨ | ᠭᠠᠵᠠᠷ ᠤᠨ ᠳᠠᠷᠤᠭ᠎ᠠ ᠶᠢᠨ ᠳᠦᠷᠢᠮ ᠢ ᠰᠢᠯᠭᠠᠨ ᠬᠢᠨᠠᠭᠰᠠᠨ ᠦᠷ᠎ᠡ ᠳ᠋ᠦᠩ ᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠲᠠᠷᠢᠶᠠᠨ ᠭᠠᠵᠠᠷ ᠢ | ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢᠨ ᠰᠢᠯᠭᠠᠨ ᠬᠢᠨᠠᠯᠲᠠ ᠳᠤ ᠣᠷᠣᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠭᠠᠴᠠᠭ᠎ᠠ | ᠲᠣᠰᠬᠤᠨ ᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ ᠠᠵᠢᠯ ᠤᠨ ᠬᠢᠨᠠᠨ ᠰᠢᠯᠭᠠᠯᠲᠠ ᠶᠢ ᠭᠠᠴᠠᠭ᠎ᠠ ᠲᠣᠰᠬᠤᠨ ᠤ | ᠲᠡᠷᠢᠭᠦᠨ ᠤ ᠬᠢ ᠵᠢᠴᠢ ᠰᠢᠯᠢᠳᠡᠭ ᠢ ᠰᠣᠩᠭᠤᠬᠤ ᠪᠠ ᠲᠣᠰᠬᠤᠨ ᠤ ᠶᠠᠪᠤᠳᠠᠯ ᠤᠨ ᠠᠵᠢᠯᠲᠠᠨ ᠳᠤ ᠲᠤᠰᠠᠯᠠᠮᠵᠢ ᠣᠯᠭᠤᠬᠤ ᠱᠠᠩᠨᠠᠨ ᠵᠠᠯᠬᠠᠭᠠᠬᠤ ᠶᠠᠪᠤᠳᠠᠯ ᠯᠤᠭ᠎ᠠ | ᠬᠤᠯᠪᠣᠭᠳᠠᠭᠤᠯᠤᠨ᠎ᠠ᠃ | ︵ᠳᠥᠷᠪᠡ︶ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠵᠡᠷᠭᠡ | ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ | ᠠᠵᠢᠯ ᠢ ᠬᠠᠤᠯᠢ ᠬᠡᠷᠡᠭᠵᠢᠭᠦᠯᠦᠨ ᠲᠣᠭᠤᠷᠢᠨ ᠪᠠᠶᠢᠴᠠᠭᠠᠬᠤ ᠠᠵᠢᠯ ᠯᠤᠭ᠎ᠠ ᠤᠶᠠᠯᠳᠤᠭᠤᠯᠵᠤ᠂ ᠭᠠᠵᠠᠷ ᠲᠠᠷᠢᠶᠠᠨ ᠤ ᠳᠠᠷᠤᠭ᠎ᠠ ᠯᠤᠭ᠎ᠠ ᠢᠳᠡᠪᠬᠢᠲᠡᠢ | ᠵᠣᠯᠭᠠᠭᠤᠯᠵᠤ᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠶᠢᠭᠤᠯᠬᠤ᠂ ᠨᠠᠭᠤᠷ ᠮᠠᠯᠲᠠᠵᠤ ᠦᠵᠡᠮᠵᠢ ᠭᠠᠷᠭᠠᠬᠤ ᠵᠡᠷᠭᠡ ᠲᠠᠷᠢᠶᠠᠨ ᠭᠠᠵᠠᠷ | ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠡᠪᠳᠡᠭᠰᠡᠨ ︽ᠲᠠᠷᠢᠶᠠᠯᠠᠩ ᠤᠨ ᠪᠤᠰᠤ ᠪᠣᠯᠭᠠᠬᠤ︾ ᠦᠢᠯᠡ ᠠᠵᠢᠯᠯᠠᠭ᠎ᠠ ᠶᠢ ᠡᠷᠲᠡᠬᠡᠨ | ᠢᠯᠡᠷᠡᠭᠦᠯᠵᠦ᠂ ᠲᠠᠷᠢᠶᠠᠨ ᠭᠠᠵᠠᠷ ᠢ ᠠᠲᠠᠷᠰᠢᠭᠤᠯᠬᠤ ᠪᠠ ᠲᠠᠷᠢᠶᠠᠨ ᠭᠠᠵᠠᠷ ᠤᠨ ᠲᠠᠷᠢᠮᠠᠯ ᠤᠨ ᠪᠦᠲᠦᠴᠡ ᠶᠢ ᠬᠤᠪᠢᠷᠠᠭᠤᠯᠵᠤ ᠠᠮᠤ ᠪᠤᠳᠠᠭ᠎ᠠ ᠲᠠᠷᠢᠬᠤ ᠦᠭᠡᠢ | ︽ᠠᠮᠤ ᠪᠤᠳᠠᠭᠠᠨ ᠤ ᠪᠤᠰᠤ ᠪᠣᠯᠭᠠᠬᠤ︾ ᠦᠵᠡᠭᠳᠡᠯ ᠢ ᠴᠠᠭ ᠲᠤᠬᠠᠢ ᠳᠤᠨᠢ ᠵᠠᠯᠠᠷᠠᠭᠤᠯᠤᠨ᠎ᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠣᠯᠵᠤ | ᠮᠡᠳᠡᠪᠡᠯ᠂ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠪᠣᠯᠣᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠵᠡᠷᠭᠡ | ᠨᠢᠭᠲᠠ ᠬᠠᠮᠵᠢᠯᠴᠠᠨ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ ᠲᠠᠷᠢᠶᠠᠨ ᠭᠠᠵᠠᠷ ᠢ ᠬᠠᠮᠠᠭᠠᠯᠠᠬᠤ ᠭᠠᠵᠠᠷ | ᠲᠠᠷᠢᠶᠠᠨ ᠤ ᠳᠠᠷᠤᠭ᠎ᠠ ᠶᠢᠨ ᠳᠦᠷᠢᠮ ᠢ ᠪᠠᠶᠢᠭᠤᠯᠬᠤ ᠪᠠ ᠬᠡᠷᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠬᠠᠷᠢᠭᠤᠴᠠᠯᠭᠠᠲᠠᠨ ᠲᠠᠷᠢᠶᠠᠨ | ᠭᠠᠵᠠᠷ ᠢ ᠬᠠᠮᠠᠭᠠᠯᠠᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠡᠭᠦᠷᠭᠡᠯᠡᠵᠦ᠂ ᠬᠢᠨᠠᠨ ᠵᠢᠯᠤᠭᠤᠳᠬᠤ ᠪᠠᠨ ᠴᠢᠩᠭᠠᠳᠬᠠᠨ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ ᠠᠵᠢᠯ ᠢ ᠡᠮᠬᠢ | ᠵᠢᠷᠤᠮ ᠲᠠᠢ ᠠᠬᠢᠭᠤᠯᠵᠤ᠂ ᠪᠦᠲᠦᠮᠵᠢᠲᠡᠶ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃ | ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠬᠢᠭᠡᠳ ᠵᠠᠷᠤᠯᠭ᠎ᠠ ᠶᠢᠨ | ᠬᠠᠷᠢᠭᠤᠴᠠᠯᠭ᠎ᠠ ᠶᠢ ᠬᠠᠷᠢᠯᠴᠠᠨ ᠵᠣᠬᠢᠴᠠᠭᠤᠯᠬᠤ ᠵᠠᠷᠴᠢᠮ ᠶᠣᠰᠣᠭᠠᠷ᠂ ᠠᠵᠢᠯ ᠤᠨ ᠵᠠᠷᠤᠳᠠᠯ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠷᠮᠠᠰᠢᠭᠤᠯᠬᠤ ᠪᠡᠯᠡ | ᠮᠥᠩᠭᠦ ᠵᠡᠷᠭᠡ ᠶᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ | ᠠᠵᠢᠯ ᠤᠨ ᠤᠷᠤᠭᠰᠢᠲᠠᠢ ᠥᠷᠨᠢᠬᠦ ᠶᠢ ᠪᠠᠲᠤᠯᠠᠬᠤ ᠬᠡᠷᠡᠭᠲᠡᠢ᠃ ᠬᠤᠲᠠ ᠶᠢᠨ ᠱᠠᠲᠤᠨ ᠤ ᠡᠳ᠋ ᠤᠨ ᠵᠠᠰᠠᠭ ᠠᠴᠠ ᠲᠠᠷᠢᠶᠠᠨ ᠭᠠᠵᠠᠷ ᠢ ᠬᠠᠮᠠᠭᠠᠯᠠᠬᠤ ᠭᠠᠵᠠᠷ | ᠲᠠᠷᠢᠶᠠᠨ ᠤ ᠳᠠᠷᠤᠭ᠎ᠠ ᠶᠢᠨ ᠳᠦᠷᠢᠮ ᠤᠨ ᠤᠬᠠᠭᠤᠯᠬᠤ ᠵᠠᠷᠤᠳᠠᠯ ᠪᠠ ᠲᠠᠷᠢᠶᠠᠨ ᠭᠠᠵᠠᠷ ᠢ ᠬᠠᠮᠠᠭᠠᠯᠠᠬᠤ ᠤᠷᠮᠠᠰᠢᠭᠤᠯᠬᠤ ᠪᠡᠯᠡ ᠮᠥᠩᠭᠦ ᠶᠢ ᠲᠣᠬᠢᠷᠠᠭᠤᠯᠵᠤ᠂ | ᠡᠯ᠎ᠡ ᠬᠤᠰᠢᠭᠤ ᠲᠣᠭᠤᠷᠢᠭ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ ᠠᠵᠢᠯ ᠤᠨ ᠵᠠᠷᠤᠳᠠᠯ ᠢ ᠬᠠᠷᠢᠭᠤᠴᠠᠨ | ᠲᠣᠬᠢᠷᠠᠭᠤᠯᠵᠤ᠂ ᠡᠯ᠎ᠡ ᠵᠦᠢᠯ ᠤᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ︶᠂ ᠭᠠᠴᠠᠭ᠎ᠠ ᠲᠣᠰᠬᠤᠨ ᠳᠤ ᠬᠢᠵᠠᠭᠠᠷᠯᠠᠬᠤ ᠪᠠ ᠱᠠᠩᠨᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠣᠯᠣᠨ᠎ᠠ᠃ | ︵ᠭᠤᠷᠪᠠ︶ ᠱᠠᠩᠨᠠᠯ ᠲᠣᠷᠭᠠᠭᠤᠯᠢ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ | ᠳᠦᠷᠢᠮ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠤᠲᠠ ᠶᠢᠨ ᠱᠠᠲᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠷᠮᠠᠰᠢᠭᠤᠯᠬᠤ ᠪᠡᠯᠡ | ᠮᠥᠩᠭᠦ ᠶᠢ ᠦᠨᠡᠯᠡᠨ ᠲᠣᠭᠲᠠᠭᠠᠬᠤ ᠲᠠᠢ ᠬᠤᠯᠪᠣᠭᠳᠠᠭᠤᠯᠤᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠢ | ᠨᠠᠶᠢᠳᠠᠪᠤᠷᠢᠵᠢᠭᠤᠯᠬᠤ ᠠᠵᠢᠯ ᠢ ᠨᠡᠯᠢᠶᠡᠳ ᠰᠠᠶᠢᠲᠤᠷ ᠪᠡᠶᠡᠯᠡᠭᠦᠯᠦᠭᠰᠡᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ᠵᠢᠴᠢ ᠭᠠᠵᠠᠷ | ᠲᠠᠷᠢᠶᠠᠨ ᠤ ᠳᠠᠷᠤᠭ᠎ᠠ ︵ ᠲᠣᠣᠷᠵᠢᠯ ᠬᠠᠮᠢᠶᠠᠷᠤᠯᠲᠠ ᠶᠢᠨ ᠭᠠᠵᠠᠷ ᠲᠠᠷᠢᠶᠠᠨ ᠤ ᠳᠠᠷᠤᠭ᠎ᠠ︶ ᠶᠢ ᠨᠡᠶᠢᠲᠡᠯᠡᠨ ᠰᠠᠶᠢᠰᠢᠶᠠᠵᠤ᠂ ᠠᠵᠢᠯ ᠳᠠᠭᠠᠨ ᠬᠦᠴᠦᠨ ᠦᠭᠡᠢ᠂ ᠬᠠᠰᠢ | ᠶᠠᠰᠢ ᠪᠠᠷ ᠠᠷᠭᠠᠴᠠᠵᠤ᠂ ᠠᠰᠠᠭᠤᠳᠠᠯ ᠲᠣᠪᠣᠶᠢᠮ᠎ᠠ ᠪᠠᠶᠢᠭ᠎ᠠ ᠶᠢ ᠨᠢ ᠨᠡᠶᠢᠲᠡᠯᠡᠨ ᠰᠢᠭᠦᠮᠵᠢᠯᠡᠬᠦ ᠶᠢᠨ ᠬᠠᠮᠲᠤ ᠴᠠᠭ ᠲᠤᠨᠢ ᠪᠣᠯᠵᠣᠨ ᠶᠠᠷᠢᠯᠴᠠᠨ᠎ᠠ᠃ | ︵ᠳᠥᠷᠪᠡ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠤᠬᠠᠭᠤᠯᠭ᠎ᠠ ᠶᠢᠨ ᠡᠷᠴᠢᠮ ᠢ | ᠴᠢᠩᠭᠠᠷᠠᠭᠤᠯᠵᠤ᠂ ᠰᠣᠨᠢᠨ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ ᠥᠷᠭᠡᠨ ᠢᠶᠠᠷ ᠤᠬᠠᠭᠤᠯᠵᠤ᠂ ᠪᠥᠬᠦ ᠨᠡᠶᠢᠭᠡᠮ ᠢᠶᠠᠷ ᠢᠶᠠᠨ ᠲᠠᠷᠢᠶᠠᠨ | ᠭᠠᠵᠠᠷ ᠤᠨ ᠬᠠᠮᠠᠭᠠᠯᠠᠯᠲᠠ ᠶᠢ ᠬᠠᠯᠠᠮᠵᠢᠯᠠᠨ ᠳᠡᠮᠵᠢᠵᠤ᠂ ᠣᠷᠣᠯᠴᠠᠬᠤ ᠪᠠ ᠬᠢᠨᠠᠯᠲᠠ ᠲᠠᠯᠪᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | | |