ᠭᠤᠣᠯ ᠡᠭᠦᠷᠭᠡ | ᠰᠢᠶᠠᠨ ᠤ ᠬᠡᠪᠴᠢᠶᠡᠨ ᠳᠣᠲᠣᠷᠠᠬᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠰᠢᠯᠢᠳᠡᠭᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠠᠭᠤᠷᠢ ᠳᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠬᠤ ᠪᠠ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ ᠢ ᠬᠥᠭᠵᠢᠭᠦᠯᠦᠨ ᠪᠤᠵᠠᠭᠠᠶᠢᠷᠠᠭᠤᠯᠬᠤ ᠪᠠᠷ ᠭᠠᠷᠠᠳᠠᠬᠤ ᠴᠢᠭ ᠪᠣᠯᠭᠠᠵᠤ᠂ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ | ︵ᠨᠢᠭᠡ︶ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | 1. ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ ᠰᠤᠮᠤ ᠰᠢᠶᠠᠩ ᠪᠠᠯᠭᠠᠰᠤ ᠨᠢᠭᠡᠪᠦᠷᠢ ᠳᠤ 1 ᠡᠷᠡᠭᠦᠯ ᠬᠠᠮᠠᠭᠠᠯᠠᠯ ᠤᠨ ᠬᠤᠷᠢᠶ᠎ᠠ | ᠪᠠᠶᠢᠭᠤᠯᠤᠭᠰᠠᠨ ᠰᠠᠭᠤᠷᠢᠨ ᠳᠡᠭᠡᠷ᠎ᠡ᠂ ᠦᠢᠯᠡᠴᠢᠯᠡᠭᠡᠨ ᠤ ᠬᠡᠪᠴᠢᠶ᠎ᠡ᠂ ᠵᠠᠮ ᠬᠠᠷᠢᠯᠴᠠᠭᠠᠨ ᠤ ᠳᠥᠭᠦᠮ ᠳᠥᠲᠡ ᠶᠢᠨ ᠬᠡᠮᠵᠢᠶ᠎ᠡ ᠵᠢᠴᠢ ᠣᠷᠣᠨ ᠪᠦᠰᠡ ᠪᠣᠯᠤᠨ | ᠬᠥᠮᠦᠨ ᠠᠮᠠ ᠶᠢᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠨ᠂ 1 — 2 ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠣᠩᠭᠤᠵᠤ ᠰᠢᠶᠠᠨ ᠤ | ᠬᠡᠪᠴᠢᠶᠡᠨ ᠤ ᠡᠮᠴᠢᠯᠡᠭᠡᠨ ᠤ ᠦᠢᠯᠡᠴᠢᠯᠡᠭᠡᠨ ᠤ ᠳᠡᠳ᠋ᠯᠡᠬᠦ ᠲᠥᠪ ᠪᠣᠯᠭᠠᠵᠤ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶᠠᠨ ᠤ ᠦᠢᠯᠡᠴᠢᠯᠡᠭᠡᠨ ᠤ ᠬᠢᠷᠢ | ᠳᠥᠪᠰᠢᠨ ᠳᠤ ᠦᠨᠳᠦᠰᠦᠨ ᠳᠡᠭᠡᠨ ᠬᠦᠷᠦᠭᠦᠯᠦᠨ᠎ᠡ᠃ ᠵᠡᠭᠡᠯᠢ ᠭᠤᠳᠤᠮᠵᠢ ᠨᠢᠭᠡᠪᠦᠷᠢ 3 — 5 ᠲᠦᠮᠡᠨ ᠦᠢᠯᠡᠴᠢᠯᠡᠭᠡᠨ ᠤ ᠬᠥᠮᠦᠨ ᠠᠮᠠ ᠪᠦᠷᠢ ᠳᠤ 1 | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠠᠶᠢᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠥᠬᠡᠶ ᠣᠷᠣᠨ ᠪᠦᠰᠡ ᠳᠤ 0.8 — 2 ᠲᠦᠮᠡᠨ ᠪᠠᠶᠢᠩᠭᠤ ᠰᠠᠭᠤᠭ᠎ᠠ ᠬᠥᠮᠦᠨ ᠠᠮᠠ ᠳᠤ 1 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠥᠷᠲᠡᠭᠡ ᠪᠠᠶᠢᠭᠤᠯᠤᠨ᠎ᠠ︔ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠥᠷᠲᠡᠭᠡ︶ ᠢ ᠨᠢᠭᠡ | ᠴᠣᠭᠴᠠᠵᠢᠭᠤᠯᠤᠨ ᠬᠠᠮᠢᠶᠠᠷᠬᠤ ᠶᠢ ᠬᠡᠷᠡᠭᠵᠢᠭᠦᠯᠦᠨ᠎ᠡ᠃ ᠵᠠᠷᠴᠢᠮ ᠳᠡᠭᠡᠷ᠎ᠡ ᠪᠠᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠨᠢᠭᠡᠪᠦᠷᠢ ᠳᠤ 1 ᠭᠠᠴᠠᠭ᠎ᠠ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠠᠶᠢᠭᠤᠯᠵᠤ᠂ ᠦᠢᠯᠡᠴᠢᠯᠡᠭᠡᠨ ᠤ ᠬᠦᠷᠢᠶ᠎ᠡ ᠴᠠᠷᠠᠭ᠎ᠠ ᠨᠢ ᠪᠠᠭ᠎ᠠ᠂ ᠵᠠᠮ ᠬᠠᠷᠢᠯᠴᠠᠭ᠎ᠠ ᠲᠥᠬᠦᠮ᠂ ᠣᠶᠢᠷ᠎ᠠ | ᠬᠦᠷᠰᠢ ᠭᠠᠵᠠᠷ ᠣᠷᠣᠨ ᠤ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠬᠠᠮᠲᠤᠪᠡᠷ ᠪᠠᠶᠢᠭᠤᠯᠤᠨ᠎ᠠ︔ | ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠣᠶᠢᠷᠠᠬᠠᠨ᠂ ᠬᠥᠮᠥᠨ ᠠᠮᠠ ᠨᠡᠯᠢᠶᠡᠳ ᠴᠥᠭᠡᠨ ᠵᠡᠷᠭᠡ ᠭᠠᠴᠠᠭ᠎ᠠ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠢ ᠲᠤᠰᠭᠠᠷ ᠭᠠᠷᠭᠠᠬᠤ ᠳᠤ ᠲᠤᠬᠢᠷᠠᠬᠤ ᠦᠭᠡᠢ ᠵᠠᠰᠠᠭ ᠵᠠᠬᠢᠷᠭᠠᠨ ᠤ ᠲᠣᠰᠬᠤᠨ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ | ᠬᠤᠷᠢᠶ᠎ᠠ ᠠᠴᠠ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠡᠮᠴᠢᠯᠡᠬᠦ᠂ ᠲᠣᠮᠢᠯᠠᠨ ᠰᠠᠭᠤᠯᠭᠠᠬᠤ ᠵᠢᠴᠢ ᠬᠥᠷᠰᠢ ᠵᠡᠷᠭᠡᠯᠡᠳᠡᠭᠡ ︵ᠬᠤᠯᠪᠣᠭᠠᠯᠠᠬᠤ︶ | ᠲᠣᠰᠬᠤᠨ ᠤ ᠦᠢᠯᠡᠴᠢᠯᠡᠭᠡ ᠶᠢ ᠤᠷᠲᠤᠳᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠬᠠᠩᠭᠠᠯᠭ᠎ᠠ ᠶᠢ ᠪᠠᠲᠤᠯᠠᠨ᠎ᠠ᠃ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠲᠤᠰᠬᠠᠶ ᠠᠵᠢᠯᠲᠠᠨ ᠭᠠᠴᠠᠭ᠎ᠠ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠣᠴᠢᠵᠤ ᠠᠵᠢᠯᠯᠠᠬᠤ ᠲᠣᠭᠲᠠᠴᠠ ᠶᠢ ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃ ᠠᠵᠤ ᠠᠬᠤᠶ | ᠨᠡᠶᠢᠭᠡᠮ ᠤᠨ ᠬᠥᠭᠵᠢᠯᠲᠡ᠂ ᠬᠥᠳᠡᠭᠡ ᠲᠣᠰᠬᠤᠨ ᠤ ᠲᠥᠯᠥᠪᠵᠢᠭᠦᠯᠭᠡ ᠶᠢᠨ ᠲᠣᠬᠢᠷᠠᠭᠤᠯᠤᠯᠲᠠ ᠪᠠ ᠠᠷᠠᠳ ᠢ ᠨᠡᠭᠦᠯᠭᠡᠬᠦ ᠪᠠᠶᠢᠷᠢᠰᠢᠭᠤᠯᠤᠯᠲᠠ ᠶᠢᠨ | ᠪᠠᠶᠢᠳᠠᠯ ᠲᠠᠢ ᠤᠶᠠᠯᠳᠤᠭᠤᠯᠤᠨ᠂ ᠦᠢᠯᠡᠴᠢᠯᠡᠭᠡᠨ ᠤ ᠬᠥᠮᠦᠨ ᠠᠮᠠ ᠶᠢ ᠦᠨᠳᠦᠰᠦᠯᠡᠨ᠂ ︽ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠷᠢᠮᠵᠢᠶ᠎ᠠ ︵2022 ᠣᠨ ᠤ ᠬᠡᠪᠯᠡᠯ︶︾ ᠶᠢᠨ ᠱᠠᠭᠠᠷᠳᠠᠯᠭ᠎ᠠ ᠶᠢ ᠦᠨᠳᠦᠰᠦᠯᠡᠨ᠂ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠤᠬᠠᠶᠢᠯᠠᠭᠰᠠᠨ | ᠠᠵᠢᠯ ᠳᠤ ᠬᠡᠷᠡᠭᠯᠡᠬᠦ ᠬᠡᠷ ᠪᠠᠶᠢᠰᠢᠩ᠂ ᠰᠠᠭᠤᠷᠢ ᠳᠦᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠤᠨ᠎ᠠ᠃ | 2. ᠲᠥᠬᠦᠭᠡᠷᠦᠮᠵᠢ ᠶᠢᠨ ᠳᠥᠬᠦᠷᠵᠢᠭᠦᠯᠦᠯᠲᠡ ᠶᠢ ᠴᠢᠩᠭᠠᠳᠬᠠᠨ᠎ᠠ᠃ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠤᠤᠯ ᠤᠨ ᠡᠷᠡᠭᠦᠯ ᠬᠠᠮᠠᠭᠠᠯᠠᠯ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ | ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ︵ᠡᠷᠡᠭᠦᠯ ᠬᠠᠮᠠᠭᠠᠯᠠᠯ ᠡᠮᠴᠢᠯᠡᠭᠡ ᠲᠠᠷᠬᠠᠭᠠᠭᠰᠠᠨ | ︹1994︺30 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ᠣᠨᠣᠰᠢᠯᠠᠨ ᠡᠮᠨᠡᠬᠦ ᠲᠥᠷᠥᠯ ᠵᠦᠢᠯ ᠯᠦᠭᠡ ᠬᠠᠷᠢᠯᠴᠠᠨ | ᠵᠣᠬᠢᠴᠠᠯᠳᠤᠭᠰᠠᠨ ᠳᠦᠬᠦᠭᠡᠷᠦᠮᠵᠢ ᠶᠢ ᠳᠥᠬᠦᠷᠵᠢᠭᠦᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠬᠤᠯᠠ ᠪᠥᠬᠦᠶ ᠦᠢᠯᠡᠴᠢᠯᠡᠭᠡᠨ ᠤ | ᠳᠦᠭᠦᠭᠡᠷᠦᠮᠵᠢ ᠶᠢ ᠳᠦᠬᠦᠷᠵᠢᠭᠦᠯᠦᠨᠡ᠃ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠲᠤ ᠨᠠᠭᠠᠳᠤ ᠵᠠᠬ᠎ᠠ ᠳᠠᠭᠠᠨ DR᠂ ᠪᠤᠳᠤᠭᠲᠤ ᠬᠡᠳᠦ ᠳᠣᠯᠭᠢᠶᠠᠨ᠂ ᠪᠦᠷᠢᠨ ᠠᠦ᠋ᠲ᠋ᠣ᠋ ᠠᠮᠢᠳᠤ ᠪᠣᠳᠠᠰ ᠤᠨ ᠬᠢᠮᠢ ᠶᠢᠨ ᠵᠠᠳᠠᠯᠤᠯᠲᠠ ᠶᠢᠨ ᠬᠡᠮᠵᠢᠭᠦᠷᠯᠢᠭ᠂ | ᠵᠢᠷᠦᠬᠡᠨ ᠤ ᠯᠤᠭᠰᠢᠯᠲᠠ ᠶᠢᠨ ᠵᠢᠷᠤᠭ ᠤᠨ ᠮᠠᠰᠢᠨ᠂ ᠰᠢᠭᠡᠰᠦᠨ ᠤ ᠵᠠᠳᠠᠯᠤᠯᠲᠠ ᠶᠢᠨ ᠬᠡᠮᠵᠢᠭᠦᠷᠯᠢᠭ᠂ ᠴᠢᠰᠤᠨ ᠴᠣᠭᠴᠠ ᠶᠢ ᠲᠣᠭᠠᠯᠠᠬᠤ ᠬᠡᠮᠵᠢᠭᠦᠷᠯᠢᠭ᠂ | ᠠᠮᠢᠰᠬᠤᠯ ᠤᠨ ᠳᠦᠭᠦᠮ ᠮᠠᠰᠢᠨ᠂ ᠠᠭᠠᠷ ᠠᠷᠢᠭᠤᠳᠬᠠᠬᠤ ᠮᠠᠰᠢᠨ᠂ ᠠᠭᠤᠰᠬᠢᠨ ᠤ ᠠᠵᠢᠯᠯᠠᠭ᠎ᠠ ᠶᠢᠨ ᠬᠡᠮᠵᠢᠭᠦᠷᠯᠢᠭ᠂ ᠲᠦᠷᠭᠡᠨ ᠠᠪᠤᠷᠠᠬᠤ ᠲᠡᠷᠭᠡ ᠵᠡᠷᠭᠡ ᠶᠢ | ᠳᠦᠬᠦᠷᠵᠢᠭᠦᠯᠬᠦ ᠬᠡᠷᠡᠭᠲᠡᠶ᠃ ᠡᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠨᠠᠭᠠᠳᠤ ᠵᠠᠬ᠎ᠠ ᠳᠠᠭᠠᠨ ᠵᠢᠷᠦᠬᠡᠨ ᠤ ᠯᠤᠭᠰᠢᠯᠲᠠ ᠶᠢᠨ ᠵᠢᠷᠤᠭ ᠤᠨ ᠮᠠᠰᠢᠨ᠂ | ᠴᠢᠰᠤᠨ ᠤ ᠴᠣᠭᠴᠠ ᠶᠢ ᠲᠣᠭᠠᠯᠠᠬᠤ ᠬᠡᠮᠵᠢᠭᠦᠷᠯᠢᠭ᠂ ᠰᠢᠭᠡᠰᠦᠨ ᠤ ᠵᠠᠳᠠᠯᠤᠯᠲᠠ ᠶᠢᠨ ᠬᠡᠮᠵᠢᠭᠦᠷᠯᠢᠭ᠂ ᠠᠮᠢᠳᠤ ᠪᠣᠳᠠᠰ ᠤᠨ ᠬᠢᠮᠢ ᠶᠢᠨ ᠵᠠᠳᠠᠯᠤᠯᠲᠠ ᠶᠢᠨ | ᠬᠡᠮᠵᠢᠭᠦᠷᠯᠢᠭ᠂ X ᠰᠠᠴᠤᠷᠠᠭ ᠤᠨ ᠮᠠᠰᠢᠨ᠂ B ᠰᠠᠴᠤᠷᠠᠭ ︵ᠪᠤᠳᠤᠭᠲᠤ︶ ᠬᠡᠲᠦ ᠳᠤᠯᠬᠢᠶᠠᠨ᠂ ᠠᠮᠢᠰᠬᠤᠯ ᠤᠨ ᠳᠥᠭᠦᠮ ᠮᠠᠰᠢᠨ᠂ ᠠᠭᠠᠷ ᠠᠷᠢᠭᠤᠳᠬᠠᠬᠤ | ᠮᠠᠰᠢᠨ᠂ ᠠᠭᠤᠰᠬᠢᠨ ᠤ ᠠᠵᠢᠯᠯᠠᠭ᠎ᠠ ᠶᠢᠨ ᠬᠡᠮᠵᠢᠭᠦᠷᠯᠢᠭ᠂ ᠲᠦᠷᠭᠡᠨ ᠠᠪᠤᠷᠠᠬᠤ ᠲᠡᠷᠭᠡ ᠵᠡᠷᠭᠡ ᠶᠢ ᠳᠥᠬᠦᠷᠵᠢᠭᠦᠯᠦᠨᠡ᠃ ᠭᠠᠴᠠᠭ᠎ᠠ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠲᠤ ᠣᠨᠣᠰᠢᠯᠠᠨ ᠡᠮᠨᠡᠬᠦ ᠲᠥᠷᠥᠯ ᠵᠦᠢᠯ ᠯᠦᠭᠡ ᠵᠣᠬᠢᠴᠠᠯᠳᠤᠭᠰᠠᠨ ᠪᠠ ᠡᠮᠴᠢᠯᠡᠬᠦ ᠪᠠᠷ ᠭᠠᠷᠬᠤ ᠳᠤ ᠬᠡᠷᠡᠭᠰᠡᠬᠦ ᠲᠥᠬᠦᠭᠡᠷᠦᠮᠵᠢ ᠶᠢ | ᠳᠦᠬᠦᠷᠵᠢᠭᠦᠯᠦᠨᠡ᠃ | 3. ᠴᠢᠳᠠᠮᠵᠢ ᠶᠢᠨ ᠣᠷᠣᠨ ᠪᠠᠶᠢᠷᠢ ᠶᠢᠨ ᠲᠤᠭᠲᠠᠭᠠᠯᠲᠠ ᠶᠢ ᠲᠣᠳᠣᠷᠬᠠᠶᠢᠯᠠᠨ᠎ᠠ᠃ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︽ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠦᠢᠯᠡᠴᠢᠯᠡᠭᠡᠨ ᠤ ᠴᠢᠳᠠᠪᠤᠷᠢ ᠶᠢᠨ ᠪᠠᠷᠢᠮᠵᠢᠶ᠎ᠠ ︵2022 ᠣᠨ ᠤ ᠬᠡᠪᠯᠡᠯ︶︾ ᠳᠤ ᠲᠠᠨᠢᠯᠴᠠᠭᠤᠯᠤᠭᠰᠠᠨ ᠡᠪᠡᠳᠴᠢᠨ ᠤ ᠲᠥᠷᠥᠯ ᠳᠠᠬᠢ ᠪᠠᠶᠢᠩᠭᠤ | ᠲᠣᠬᠢᠶᠠᠯᠳᠤᠳᠠᠭ 50 ᠵᠦᠢᠯ ᠤᠨ ᠡᠪᠡᠳᠴᠢᠨ᠂ ᠣᠯᠠᠨ ᠡᠭᠦᠰᠬᠦ ᠡᠪᠡᠳᠴᠢᠨ ᠢ ᠢᠯᠭᠠᠨ ᠲᠠᠨᠢᠬᠤ ᠪᠠ ᠠᠩᠬ᠎ᠠ ᠠᠯᠬᠤᠮ ᠣᠨᠣᠰᠢᠯᠠᠨ ᠵᠠᠰᠠᠬᠤ ᠴᠢᠳᠠᠪᠤᠷᠢ ᠲᠠᠢ | ᠪᠤᠯᠭᠠᠨ᠎ᠠ︔ ᠦᠨᠳᠦᠰᠦᠨ ᠪᠠᠷᠢᠮᠵᠢᠶ᠎ᠠ ᠳᠤ ᠬᠦᠷᠦᠭᠰᠡᠨ ᠪᠠᠶᠢᠭᠤᠯᠤᠮᠵᠢ ᠶᠢ 66 ᠵᠦᠢᠯ ᠤᠨ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠬᠦ | ᠡᠪᠡᠳᠴᠢᠨ ᠢ ᠢᠯᠭᠠᠨ ᠲᠠᠨᠢᠬᠤ ᠪᠠ ᠠᠩᠬ᠎ᠠ ᠠᠯᠬᠤᠮ ᠣᠨᠣᠰᠢᠯᠠᠨ ᠵᠠᠰᠠᠬᠤ ᠴᠢᠳᠠᠪᠤᠷᠢ ᠲᠠᠢ ᠪᠣᠯᠭᠠᠨ᠎ᠠ︔ ᠲᠠᠨᠢᠯᠴᠠᠭᠤᠯᠬᠤ ᠪᠠᠷᠢᠮᠵᠢᠶ᠎ᠠ ᠳᠤ ᠬᠦᠷᠦᠭᠰᠡᠨ | ᠪᠠᠶᠢᠭᠤᠯᠤᠮᠵᠢ ᠶᠢ 100 ᠵᠦᠢᠯ ᠤᠨ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠬᠦ ᠡᠪᠡᠳᠴᠢᠨ ᠢ ᠠᠩᠬ᠎ᠠ ᠠᠯᠬᠤᠮ ᠢᠯᠭᠠᠨ ᠲᠠᠨᠢᠬᠤ ᠪᠠ | ᠣᠨᠣᠰᠢᠯᠠᠨ ᠵᠠᠰᠠᠬᠤ ᠴᠢᠳᠠᠪᠤᠷᠢ ᠲᠠᠢ ᠪᠣᠯᠭᠠᠨ᠎ᠠ᠃ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ 30 ᠵᠦᠢᠯ ᠤᠨ ᠪᠠᠶᠢᠩᠭᠤ ᠲᠣᠬᠢᠶᠠᠯᠳᠤᠳᠠᠭ | ᠡᠪᠡᠳᠴᠢᠨ᠂ ᠣᠯᠠᠨ ᠡᠭᠦᠰᠬᠦ ᠡᠪᠡᠳᠴᠢᠨ ᠢ ᠢᠯᠭᠠᠨ ᠲᠠᠨᠢᠬᠤ ᠪᠠ ᠠᠩᠬ᠎ᠠ ᠠᠯᠬᠤᠮ ᠡᠮᠨᠡᠨ ᠵᠠᠰᠠᠬᠤ ᠴᠢᠳᠠᠪᠤᠷᠢ ᠲᠠᠢ ᠪᠤᠯᠭᠠᠨ᠎ᠠ᠃ | ︵ᠬᠤᠶᠠᠷ︶ ᠦᠨᠳᠣᠰᠣᠨ ᠱᠠᠳᠣᠨ ᠤ ᠡᠮᠴᠢᠯᠡᠭᠡ ᠡᠷᠡᠬᠦᠯ ᠬᠠᠮᠠᠭᠠᠯᠠᠯ ᠤᠨ ᠴᠢᠳᠡᠪᠦᠷᠢᠳᠡᠨ ᠤ ᠡᠩᠨᠡᠭᠡ ᠶᠢᠨ ᠪᠠᠶᠢᠭᠤᠯᠥᠯᠳᠡ ᠶᠢ ᠴᠢᠩᠭᠠᠳᠬᠠᠨ᠎ᠠ | 1. ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠵᠠᠮ ᠢ ᠥᠷᠭᠡᠳᠬᠡᠨ᠎ᠡ᠃ ᠦᠨᠳᠣᠰᠣᠨ ᠱᠠᠳᠣᠨ ᠤ ᠡᠮᠴᠢᠯᠡᠭᠡ ᠡᠷᠡᠬᠦᠯ ᠬᠠᠮᠠᠭᠠᠯᠠᠯ ᠤᠨ | ᠴᠢᠳᠡᠪᠦᠷᠢᠳᠡᠨ ᠢ ᠬᠦᠮᠦᠵᠢᠬᠦᠯᠬᠦ ᠲᠣᠠᠠᠳᠡᠴᠠ ᠶᠢ ᠳᠡᠬᠦᠯᠳᠡᠷᠵᠢᠬᠦᠯᠵᠦ᠂ ᠶᠡᠷᠦᠩᠭᠡᠢ ᠰᠠᠯᠠᠭ᠎ᠠ᠂ ᠵᠢᠷᠤᠭ ᠳᠦᠷᠰᠦ᠂ ᠰᠢᠯᠭᠠᠨ ᠪᠠᠶᠢᠴᠠᠭᠠᠬᠤ ᠵᠢᠴᠢ ᠡᠮ ᠤᠨ | ᠣᠬᠠᠭᠠᠨ ᠵᠡᠷᠭᠡ ᠲᠣᠰᠬᠠᠢ ᠴᠢᠳᠡᠪᠦᠷᠢᠳᠡᠨ ᠤ ᠬᠠᠩᠭᠠᠯᠭ᠎ᠠ ᠶᠢ ᠦᠨᠡᠨᠬᠦ ᠨᠡᠮᠡᠭᠳᠡᠬᠦᠯᠦᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠢᠯᠡ ᠪᠠᠷ ᠤᠷᠢᠬᠤ ᠳᠤ ᠪᠠᠨ ᠳᠡᠰ ᠳᠠᠷᠠᠭᠠᠯᠠᠯ ᠢ ᠵᠣᠬᠢᠰᠲᠠᠶ ᠳᠥᠭᠦᠮᠴᠢᠯᠡᠵᠦ᠂ ᠰᠢᠯᠭᠠᠯᠲᠠ ᠡᠬᠢᠯᠡᠬᠦ ᠬᠠᠷᠢᠴᠠᠯ ᠢ ᠪᠠᠭᠤᠷᠠᠭᠤᠯᠬᠤ ᠪᠤᠶᠤ ᠰᠢᠭᠤᠳ | ᠰᠢᠯᠭᠠᠨ ᠬᠢᠨᠠᠵᠤ ᠪᠣᠯᠤᠨ᠎ᠠ᠃ ︽ᠰᠢᠶᠠᠨ ᠠᠴᠠ ᠡᠯᠰᠡᠨ ᠰᠢᠶᠠᠩ ᠠᠴᠠ ᠬᠡᠷᠡᠭᠯᠡᠬᠦ︾ ᠲᠤᠰᠬᠠᠶ ᠠᠵᠢᠯ ᠤᠨ ᠪᠠᠶᠢᠷᠢ ᠶᠢᠨ ᠲᠤᠰᠬᠠᠶ ᠬᠡᠷᠡᠭᠯᠡᠯᠲᠡ ᠶᠢ | ᠨᠠᠶᠢᠳᠠᠪᠤᠷᠢᠵᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠷᠡᠭᠦᠯ ᠬᠠᠮᠠᠭᠠᠯᠠᠯ ᠤᠨ ᠮᠡᠷᠭᠡᠵᠢᠯ ᠤᠨ | ᠠᠵᠢᠯᠲᠠᠨ᠂ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠤᠰᠢᠭᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠠᠴᠠ ᠰᠢᠭᠤᠳ ︽ᠰᠢᠶᠠᠨ ᠠᠴᠠ ᠡᠯᠰᠡᠨ ᠰᠢᠶᠠᠩ ᠠᠴᠠ ᠬᠡᠷᠡᠭᠯᠡᠬᠦ︾ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠰᠢᠶᠠᠨ ᠠᠴᠠ ᠡᠯᠰᠡᠨ | ᠰᠢᠶᠠᠩ ᠠᠴᠠ ᠬᠡᠷᠡᠭᠯᠡᠬᠦ︾ ᠲᠤᠰᠬᠠᠶ ᠠᠵᠢᠯ ᠤᠨ ᠪᠠᠶᠢᠷᠢ ᠶᠢ ᠬᠤᠰᠢᠭᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ | ᠣᠷᠣᠨ ᠪᠦᠰᠡ ᠶᠢᠨ ᠳᠣᠲᠣᠷᠠᠬᠢ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠯᠤᠰ ᠬᠡᠲᠦ ᠶᠢᠨ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ ᠲᠤᠬᠢᠷᠠᠭᠤᠯᠵᠤ᠂ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠨᠢᠭᠡᠨᠲᠡ 5 ᠵᠢᠯ ᠠᠴᠠ ᠳᠡᠭᠡᠭᠰᠢ | ᠵᠠᠯᠭᠠᠨ ᠤᠷᠢᠵᠤ ᠬᠡᠷᠡᠭᠯᠡᠭᠰᠡᠨ᠂ ᠠᠵᠢᠯ ᠡᠷᠬᠢᠯᠡᠬᠦ ᠡᠮᠴᠢ ᠶᠢᠨ ᠬᠢᠷᠢ ᠬᠡᠮ ᠤᠨ ᠦᠨᠡᠮᠯᠡᠯ ᠲᠠᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠲᠥᠷᠥᠯ ᠤᠨ | ᠠᠵᠢᠯ ᠮᠡᠷᠭᠡᠵᠢᠯ ᠤᠨ ᠵᠥᠪᠰᠢᠶᠡᠷᠡᠨ ᠤᠷᠤᠭᠤᠯᠬᠤ ᠨᠥᠬᠦᠴᠡᠯ ᠳᠤ ᠨᠡᠶᠢᠴᠡᠬᠦ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ | ᠠᠵᠢᠯᠴᠢᠨ ᠤ ᠰᠤᠷᠭᠠᠭᠤᠯᠢ ᠶᠢ ᠪᠠᠭᠲᠠᠭᠠᠨ᠎ᠠ︶ ᠠᠴᠠ ᠲᠡᠭᠦᠰᠦᠭᠰᠡᠳ ᠲᠤ ᠴᠢᠭᠯᠡᠭᠦᠯᠦᠨ᠂ ᠰᠢᠭᠤᠳ ᠰᠢᠯᠭᠠᠨ ᠪᠠᠶᠢᠴᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ | ᠂ ︽ᠰᠢᠶᠠᠨ ᠠᠴᠠ ᠡᠯᠰᠡᠨ ᠰᠢᠶᠠᠩ ᠠᠴᠠ ᠬᠡᠷᠡᠭᠯᠡᠬᠦ︾ ᠲᠤᠰᠬᠠᠶ ᠠᠵᠢᠯ ᠤᠨ ᠪᠠᠶᠢᠷᠢ ᠳᠤ ᠤᠷᠢᠨ ᠬᠡᠷᠡᠭᠯᠡᠵᠦ᠂ ᠤᠷᠢᠨ ᠬᠡᠷᠡᠭᠯᠡᠭᠰᠡᠨ ᠦᠷ᠎ᠡ ᠳ᠋ᠦᠩ ᠢ ᠨᠡᠶᠢᠭᠡᠮ | ᠨᠡᠶᠢᠲᠡ ᠳᠤ ᠢᠯᠡ ᠪᠤᠯᠭᠠᠨ᠎ᠠ᠃ | 2. ᠴᠢᠳᠠᠪᠤᠷᠢᠲᠠᠨ ᠬᠡᠷᠡᠭᠯᠡᠬᠦ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ | ᠨᠢᠭᠡ ᠴᠣᠭᠴᠠᠵᠢᠭᠤᠯᠤᠨ ᠲᠣᠬᠢᠷᠠᠭᠤᠯᠬᠤ ᠪᠠ ᠬᠠᠮᠢᠶᠠᠷᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ | ᠲᠡᠰᠢ ᠭᠤᠤᠯᠳᠠᠯᠭ᠎ᠠ ᠲᠠᠢ ᠬᠡᠯᠪᠠᠶᠢᠯᠭᠡᠨ᠂ ᠡᠮᠴᠢᠯᠡᠭᠡᠨ ᠤ ᠡᠬᠢ ᠪᠠᠶᠠᠯᠢᠭ ᠤᠨ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠪᠠ ᠡᠬᠢ ᠪᠠᠶᠠᠯᠢᠭ ᠢ ᠳᠣᠷᠣᠭᠰᠢ | ᠪᠠᠭᠤᠯᠭᠠᠬᠤ ᠶᠢ ᠠᠬᠢᠭᠤᠯᠤᠨ᠎ᠠ᠃ ᠡᠯᠰᠡᠨ ᠤᠷᠢᠵᠤ ᠣᠷᠣᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠳᠤ ᠰᠢᠶᠠᠨ ᠠᠴᠠ ᠬᠠᠮᠢᠶᠠᠷᠤᠨ | ᠰᠢᠶᠠᠩ ᠠᠴᠠ ᠬᠡᠷᠡᠭᠯᠡᠬᠦ᠂ ᠰᠢᠶᠠᠩ ᠠᠴᠠ ᠤᠷᠢᠵᠤ ᠭᠠᠴᠠᠭᠠᠨ ᠠᠴᠠ ᠬᠡᠷᠡᠭᠯᠡᠬᠦ ᠶᠢ ᠬᠡᠷᠡᠭᠵᠢᠭᠦᠯᠵᠦ᠂ ᠴᠢᠳᠠᠪᠤᠷᠢᠲᠠᠨ ᠤ ᠬᠤᠤᠰ ᠴᠢᠭᠯᠡᠯ ᠢᠶᠠᠷ ᠰᠢᠯᠵᠢᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠢᠭᠤᠯᠤᠮᠵᠢ ᠶᠢᠨ ᠠᠵᠢᠯ ᠡᠷᠬᠢᠯᠡᠬᠦ ︵ | ᠲᠤᠰᠠᠯᠠᠬᠤ︶ ᠡᠮᠴᠢ ᠶᠡᠷᠦᠩᠬᠡᠢ ᠰᠠᠯᠠᠭᠠᠨ ᠤ ᠡᠮᠴᠢ ᠶᠢᠨ ᠠᠵᠢᠯ ᠤᠨ ᠪᠠᠶᠢᠷᠢ ᠰᠢᠯᠵᠢᠬᠦ ᠪᠣᠯᠪᠠᠰᠤᠷᠠᠭᠤᠯᠤᠯ ᠳᠤ ᠣᠷᠣᠯᠴᠠᠬᠤ ᠶᠢ ᠯᠠᠪᠳᠠᠭᠤᠨ ᠢᠶᠠᠷ ᠠᠬᠢᠭᠤᠯᠵᠤ᠂ | ᠰᠢᠯᠭᠠᠨ ᠬᠢᠨᠠᠭᠠᠳ ᠬᠢᠷᠢ ᠲᠡᠩᠴᠡᠭᠰᠡᠨ ᠪᠦᠭᠡᠳ ᠵᠣᠬᠢᠬᠤ ᠦᠨᠡᠮᠯᠡᠯ ᠣᠯᠣᠭᠰᠠᠳ ᠲᠤ ᠴᠢᠭᠯᠡᠭᠦᠯᠦᠨ᠂ ᠤᠤᠯ ᠤᠨ ᠳᠠᠩᠰᠠᠯᠠᠭᠰᠠᠨ ᠠᠵᠢᠯ ᠡᠷᠬᠢᠯᠡᠬᠦ | ᠬᠡᠪᠴᠢᠶ᠎ᠡ ᠶᠢᠨ ᠰᠠᠭᠤᠷᠢᠨ ᠳᠡᠭᠡᠷ᠎ᠡ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠠᠵᠢᠯ ᠡᠷᠬᠢᠯᠡᠬᠦ ᠬᠡᠪᠴᠢᠶ᠎ᠡ ᠶᠢ ᠨᠡᠮᠡᠭᠳᠡᠭᠦᠯᠵᠦ᠂ | ᠲᠡᠭᠦᠨ ᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠢᠭᠤᠯᠤᠮᠵᠢ ᠳᠤ ᠶᠡᠷᠦᠩᠬᠡᠢ ᠰᠠᠯᠠᠭᠠᠨ ᠤ ᠡᠮᠴᠢᠯᠡᠭᠡ ᠶᠢᠨ ᠦᠢᠯᠡᠴᠢᠯᠡᠭᠡ ᠬᠠᠩᠭᠠᠬᠤ ᠶᠢ | ᠵᠥᠪᠰᠢᠶᠡᠷᠡᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯᠲᠠᠨ ᠤ ᠵᠡᠷᠭᠡ ᠳᠡᠪᠰᠢᠬᠦ ᠲᠥᠷᠥ ᠶᠢᠨ ᠪᠣᠳᠣᠯᠭ᠎ᠠ ᠶᠢ | ᠢᠳᠡᠪᠬᠢᠲᠡᠶ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠬᠥᠭᠵᠢᠯᠲᠡ ᠶᠢᠨ ᠠᠯᠤᠰ ᠬᠡᠳᠦ ᠶᠢᠨ ᠲᠥᠯᠥᠪ ᠢ ᠥᠷᠭᠡᠳᠬᠡᠵᠤ᠂ ᠰᠤᠮᠤ ᠰᠢᠶᠠᠩ ᠪᠠᠯᠭᠠᠰᠤ ᠶᠢᠨ | ᠡᠷᠡᠭᠦᠯ ᠬᠠᠮᠠᠭᠠᠯᠠᠯ ᠤᠨ ᠬᠤᠷᠢᠶ᠎ᠠ ᠳᠤ ᠵᠠᠯᠭᠠᠪᠠᠷ 15 ᠵᠢᠯ ᠠᠵᠢᠯᠯᠠᠭᠰᠠᠨ ᠪᠤᠶᠤ ᠨᠡᠶᠢᠲᠡ 25 ᠵᠢᠯ ᠠᠵᠢᠯᠯᠠᠭᠠᠳ ᠮᠥᠨ ᠬᠦ ᠰᠤᠮᠤ ᠰᠢᠶᠠᠩ ᠪᠠᠯᠭᠠᠰᠤ ᠶᠢᠨ | ᠡᠷᠡᠭᠦᠯ ᠬᠠᠮᠠᠭᠠᠯᠠᠯ ᠤᠨ ᠬᠤᠷᠢᠶ᠎ᠠ ᠳᠤ ᠠᠵᠢᠯᠯᠠᠵᠤ ᠪᠠᠶᠢᠭ᠎ᠠ ᠲᠤᠰᠬᠠᠶ ᠮᠡᠷᠭᠡᠵᠢᠯ ᠤᠨ ᠠᠵᠢᠯᠲᠠᠨ ᠳᠤ ᠴᠢᠭᠯᠡᠭᠦᠯᠦᠨ᠂ ᠤᠷᠢᠨ ᠬᠡᠷᠡᠭᠯᠡᠬᠦ ᠨᠥᠬᠦᠴᠡᠯ ᠢ ᠨᠢ | ᠬᠠᠩᠭᠠᠭᠰᠠᠨ ᠨᠥᠬᠦᠴᠡᠯ ᠳᠣᠤᠷ᠎ᠠ᠂ ︽ᠬᠠᠨᠳᠤᠯᠭ᠎ᠠ ᠲᠠᠢ ᠦᠨᠡᠯᠡᠬᠦ ᠪᠠ ᠬᠡᠷᠡᠭᠯᠡᠬᠦ︾ ᠪᠠᠷ ᠳᠠᠮᠵᠢᠭᠤᠯᠤᠨ ᠵᠣᠬᠢᠴᠠᠩᠭᠤᠶ ᠠᠵᠢᠯ ᠤᠨ ᠪᠠᠶᠢᠷᠢ ᠳᠤ ᠤᠷᠢᠨ | ᠬᠡᠷᠡᠭᠯᠡᠵᠦ ᠪᠣᠯᠤᠨ᠎ᠠ᠂ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠳᠤ ᠬᠢᠵᠠᠭᠠᠷᠯᠠᠭᠳᠠᠬᠤ ᠦᠭᠡᠶ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠳᠤᠮᠳᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢᠨ ᠬᠠᠷᠢᠴᠠᠯ ᠢ ᠵᠣᠬᠢᠰᠲᠠᠶ ᠳᠡᠭᠡᠭᠰᠢᠯᠡᠭᠦᠯᠵᠦ᠂ | ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠷᠡᠭᠦᠯ ᠬᠠᠮᠠᠭᠠᠯᠠᠯ ᠤᠨ ᠲᠥᠷᠥᠯ ᠤᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ | ᠠᠵᠢᠯ ᠤᠨ ᠪᠠᠶᠢᠷᠢ ᠶᠢᠨ ᠬᠠᠷᠢᠴᠠᠯ ᠢ 20% ᠪᠣᠯᠲᠠᠯ᠎ᠠ ᠳᠡᠭᠡᠭᠰᠢᠯᠡᠭᠦᠯᠵᠦ ᠪᠣᠯᠤᠨ᠎ᠠ᠃ | 3. ᠴᠢᠳᠠᠪᠤᠷᠢᠲᠠᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︽ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠠᠷᠭ᠎ᠠ | ᠬᠡᠮᠵᠢᠶ᠎ᠡ ᠨᠦᠭᠦᠳ︾ ︵ᠥᠪᠥᠷ ᠨᠠᠮ ᠠᠯᠪᠠᠨ ᠲᠠᠷᠬᠠᠭᠠᠭᠰᠠᠨ ︹2023︺ 15 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ︽ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠣᠳᠣ ᠶᠢᠨ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠴᠠᠯᠢᠩ ᠤᠨ ᠲᠣᠬᠢᠷᠠᠭᠤᠯᠭ᠎ᠠ ᠡᠵᠡᠮᠰᠢᠯ ᠤᠨ | ᠬᠢᠷᠢ ᠲᠦᠪᠰᠢᠨ ᠠᠴᠠ ᠳᠠᠪᠠᠭᠤᠯᠬᠤ ᠶᠢ ᠵᠥᠪᠰᠢᠶᠡᠷᠡᠵᠦ᠂ ᠡᠮᠴᠢᠯᠡᠭᠡ ᠶᠢᠨ ᠦᠢᠯᠡᠴᠢᠯᠡᠭᠡᠨ ᠤ ᠣᠷᠣᠯᠭ᠎ᠠ ᠠᠴᠠ ᠥᠪᠡᠷ ᠤᠨ ᠥᠷᠲᠡᠭ ᠢ ᠬᠠᠰᠤᠵᠤ | ᠭᠠᠷᠭᠠᠬᠤ ᠶᠢᠨ ᠬᠠᠮᠲᠤ ᠲᠣᠭᠲᠠᠭᠠᠯ ᠶᠣᠰᠣᠭᠠᠷ ᠡᠯ᠎ᠡ ᠵᠦᠢᠯ ᠤᠨ ᠰᠠᠭᠤᠷᠢ ᠮᠥᠩᠭᠦ ᠶᠢ ᠭᠠᠷᠭᠠᠨ ᠠᠪᠤᠭᠰᠠᠨ ᠤ ᠳᠠᠷᠠᠭ᠎ᠠ ᠭᠤᠣᠯᠳᠠᠭᠤ ᠠᠵᠢᠯᠲᠠᠨ ᠢ | ᠱᠠᠩᠨᠠᠬᠤ ᠳᠤ ᠬᠡᠷᠡᠭᠯᠡᠬᠦ ᠶᠢ ᠵᠥᠪᠰᠢᠶᠡᠷᠡᠬᠦ︾ ᠱᠠᠭᠠᠷᠳᠠᠯᠭ᠎ᠠ ᠶᠢ ᠦᠨᠳᠦᠰᠦᠯᠡᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠬᠠᠷᠭᠤᠭᠤᠯᠤᠨ ᠲᠣᠭᠲᠠᠭᠠᠭᠰᠠᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶᠡᠨ ᠳᠣᠲᠣᠷ᠎ᠠ ᠳᠣᠲᠣᠭᠠᠳᠤ ᠶᠢᠨ ᠠᠮᠵᠢᠯᠲᠠ | ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠠᠷᠭ᠎ᠠ ᠶᠢ ᠥᠪᠡᠷᠲᠡᠭᠡᠨ ᠲᠣᠭᠲᠠᠭᠠᠵᠤ ᠪᠣᠯᠣᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠬᠢᠭᠡᠳ ᠲᠤᠬᠠᠶ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠢᠷᠢ ᠳᠥᠪᠰᠢᠨ ᠯᠦᠭᠡ ᠶᠢᠨ ᠬᠠᠷᠢᠴᠠᠭ᠎ᠠ ᠶᠢ ᠨᠢᠭᠡᠳᠦᠯᠲᠡᠶ ᠲᠥᠯᠥᠪᠯᠡᠨ ᠲᠡᠩᠴᠡᠭᠦᠯᠵᠦ᠂ ᠠᠵᠢᠯ ᠤᠨ | ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠪᠠ ᠬᠢᠷᠢ ᠳᠥᠪᠰᠢᠨ ᠢ ᠵᠦᠢ ᠵᠣᠬᠢᠰᠲᠠᠶ ᠬᠢᠨᠠᠨ ᠲᠤᠭᠲᠠᠭᠠᠨ᠎ᠠ᠃ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠶᠡᠷᠦᠩᠬᠡᠶ ᠰᠠᠯᠠᠭᠠᠨ ᠤ ᠡᠮᠴᠢ ᠶᠢᠨ ᠴᠠᠯᠢᠩ ᠤᠨ ᠬᠢᠷᠢ ᠳᠥᠪᠰᠢᠨ ᠢ ᠳᠡᠭᠡᠭᠰᠢᠯᠡᠭᠦᠯᠵᠦ᠂ ᠬᠤᠰᠢᠭᠤ | ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠳᠠᠯᠢ ᠨᠥᠬᠦᠴᠡᠯ ᠤᠨ ᠡᠮᠴᠢᠯᠡᠭᠡᠨ ᠤ ᠡᠮᠴᠢ ᠶᠢᠨ ᠴᠠᠯᠢᠩ ᠤᠨ ᠬᠢᠷᠢ | ᠬᠡᠮᠵᠢᠶ᠎ᠡ ᠯᠦᠭᠡ ᠠᠯᠬᠤᠮ ᠠᠯᠬᠤᠮ ᠢᠶᠠᠷ ᠵᠣᠯᠭᠠᠭᠤᠯᠬᠤ ᠶᠢ ᠢᠶᠠᠷ ᠠᠬᠢᠭᠤᠯᠤᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ | ᠲᠥᠷᠥᠯ ᠵᠦᠢᠯ ᠤᠨ ᠵᠠᠷᠤᠳᠠᠯ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠪᠣᠯᠤᠨ ᠰᠠᠭᠤᠭᠠᠯᠢ ᠠᠷᠠᠳ ᠬᠤᠪᠢ ᠬᠥᠮᠦᠨ ᠠᠴᠠ ᠬᠠᠮᠲᠤᠪᠠᠷ ᠡᠭᠦᠷᠭᠡᠯᠡᠬᠦ | ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠵᠠᠷᠤᠳᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠠᠷᠴᠢᠮ ᠳᠡᠭᠡᠷ᠎ᠡ ᠪᠠᠨ | ᠠᠳᠠᠭ ᠲᠠᠭᠠᠨ ᠭᠡᠷ᠎ᠡ ᠲᠣᠭᠲᠠᠨ ᠦᠢᠯᠡᠴᠢᠯᠡᠬᠦ ᠵᠠᠷᠤᠳᠠᠯ ᠤᠨ 70% ᠶᠢ ᠨᠢ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠠᠵᠢᠯᠲᠠᠳ ᠤᠨ ᠴᠠᠯᠢᠩ | ᠬᠥᠯᠥᠰᠥ ᠶᠢᠨ ᠬᠤᠪᠢᠶᠠᠷᠢᠯᠠᠯᠲᠠ ᠳᠤ ᠬᠡᠷᠡᠭᠯᠡᠬᠦ ᠶᠢ ᠬᠡᠷᠡᠭᠡᠵᠢᠭᠦᠯᠦᠨᠡ᠃ | 4. ᠬᠥᠳᠡᠭᠡ ᠲᠣᠰᠬᠤᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠣᠯᠠᠨ ᠠᠷᠭ᠎ᠠ ᠵᠠᠮ ᠢᠶᠠᠷ | ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠳᠠᠩᠰᠠᠯᠠᠭᠤᠯᠬᠤ ᠶᠢᠨ | ᠬᠠᠮᠲᠤ ᠬᠥᠳᠡᠭᠡ ᠲᠣᠰᠬᠤᠨ ᠢ ᠨᠢᠭᠡ ᠴᠤᠭᠴᠠᠵᠢᠭᠤᠯᠤᠨ ᠬᠠᠮᠢᠶᠠᠷᠴᠤ ᠪᠠᠶᠢᠭ᠎ᠠ ᠠᠵᠢᠯ ᠤᠨ ᠪᠠᠶᠢᠷᠢ ᠳᠤ ᠪᠠᠶᠢᠭ᠎ᠠ ᠬᠥᠳᠡᠭᠡ ᠲᠣᠰᠬᠤᠨ ᠤ ᠡᠮᠴᠢ ᠳᠤ ᠬᠥᠮᠦᠨ | ᠨᠢᠭᠡᠪᠦᠷᠢ ᠳᠤ ᠰᠠᠷ᠎ᠠ ᠳᠤ ᠠᠳᠠᠭ ᠲᠠᠭᠠᠨ 1000 ᠲᠥᠭᠦᠷᠢᠭ ᠤᠨ ᠪᠠᠷᠢᠮᠵᠢᠶ᠎ᠠ ᠪᠠᠷ ᠲᠣᠭᠲᠠᠭᠰᠠᠨ ᠲᠤᠭ᠎ᠠ ᠪᠠᠷ ᠨᠥᠬᠦᠪᠥᠷᠢ ᠥᠭᠬᠦ ᠶᠢ ᠬᠢᠨᠠᠨ ᠲᠣᠭᠲᠠᠭᠠᠵᠤ᠂ | ᠬᠡᠷᠡᠭᠰᠡᠬᠦ ᠵᠠᠷᠤᠳᠠᠯ ᠢ ᠬᠤᠲᠠ᠂ ᠬᠤᠰᠢᠭᠤ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ ᠠᠴᠠ ᠬᠠᠷᠢᠴᠠᠯ ᠶᠣᠰᠣᠭᠠᠷ ᠬᠠᠮᠲᠤ ᠪᠠᠷ ᠡᠭᠦᠷᠭᠡᠯᠡᠨ᠎ᠡ︔ ᠭᠠᠴᠠᠭ᠎ᠠ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠥᠷᠭᠡᠳᠬᠡᠭᠰᠡᠨ ᠦᠢᠯᠡᠴᠢᠯᠡᠭᠡ ᠬᠠᠩᠭᠠᠵᠤ ᠪᠠᠶᠢᠭ᠎ᠠ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ | ᠬᠤᠷᠢᠶ᠎ᠠ ᠪᠤᠶᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠮᠨᠡᠯᠭᠡ ᠶᠢᠨ ᠠᠵᠢᠯᠲᠠᠨ ᠲᠣᠭᠲᠠᠭᠰᠠᠨ ᠲᠤᠭ᠎ᠠ ᠪᠠᠷ | ᠨᠥᠬᠦᠪᠥᠷᠢ ᠥᠭᠬᠦ ᠬᠡᠪᠴᠢᠶᠡᠨ ᠳᠤ ᠪᠠᠶᠢᠬᠤ ᠦᠭᠡᠢ᠃ ᠬᠥᠳᠡᠭᠡ ᠲᠣᠰᠬᠤᠨ ᠤ ᠡᠮᠴᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ | ᠦᠢᠯᠡᠴᠢᠯᠡᠭᠡᠨ ᠤ ᠨᠥᠬᠦᠪᠦᠷᠢ᠂ ᠦᠨᠳᠦᠰᠦᠨ ᠡᠮ ᠤᠨ ᠵᠦᠢᠯᠡᠰ ᠤᠨ ᠳᠦᠷᠢᠮ ᠤᠨ ᠨᠥᠬᠦᠪᠦᠷᠢ ᠪᠠ ᠨᠠᠰᠤᠵᠢᠯ ᠤᠨ ᠠᠰᠠᠷᠠᠮᠵᠢ ᠶᠢᠨ ᠨᠥᠬᠦᠪᠥᠷᠢ ᠵᠡᠷᠭᠡ | ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ 40% ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠡᠭᠦᠷᠭᠡ ᠶᠢ | ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠲᠤᠰᠢᠶᠠᠨ ᠡᠭᠦᠷᠭᠡᠯᠡᠭᠦᠯᠵᠦ᠂ ᠬᠥᠳᠡᠭᠡ ᠲᠣᠰᠬᠤᠨ ᠤ ᠡᠮᠴᠢ ᠶᠢᠨ ᠪᠡᠶᠡᠯᠡᠭᠦᠯᠦᠭᠰᠡᠨ ᠲᠤᠭ᠎ᠠ | ᠬᠡᠮᠵᠢᠶ᠎ᠡ ᠪᠠ ᠪᠡᠶᠡᠯᠡᠭᠦᠯᠦᠭᠰᠡᠨ ᠶᠠᠰᠤ ᠴᠢᠨᠠᠷ ᠢᠶᠠᠷ ᠨᠢ ᠵᠠᠷᠤᠳᠠᠯ ᠢ ᠨᠢ ᠬᠠᠷᠭᠤᠭᠤᠯᠵᠤ ᠥᠭᠬᠦ ᠬᠡᠷᠡᠭᠲᠡᠶ᠃ ᠲᠥᠪ ᠪᠠ ᠥᠪᠡᠷᠲᠡᠭᠡᠨ ᠵᠠᠰᠠᠬᠤ ᠣᠷᠣᠨ ᠤ | ᠨᠥᠬᠦᠪᠦᠷᠢ ᠶᠢᠨ ᠰᠠᠭᠤᠷᠢᠨ ᠳᠡᠭᠡᠷ᠎ᠡ᠂ ᠬᠤᠲᠠ᠂ ᠬᠤᠰᠢᠭᠤ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ ᠮᠠᠯᠵᠢᠬᠤ ᠲᠠᠷᠢᠶᠠᠯᠠᠬᠤ ᠣᠷᠣᠨ ᠤ 1000 | ᠦᠢᠯᠡᠴᠢᠯᠡᠭᠡᠨ ᠤ ᠬᠥᠮᠦᠨ ᠠᠮᠠ ︵ᠴᠤᠯ ᠮᠠᠯ ᠠᠵᠤ ᠠᠬᠤᠶ ᠶᠢᠨ ᠬᠤᠰᠢᠭᠤ ᠲᠣᠭᠤᠷᠢᠭ 600 ᠦᠢᠯᠡᠴᠢᠯᠡᠭᠡᠨ ᠤ ᠬᠥᠮᠦᠨ ᠠᠮᠠ︶ ᠨᠢᠭᠡᠪᠦᠷᠢ ᠳᠤ ᠵᠢᠯ ᠪᠦᠷᠢ | 5600 ᠲᠥᠭᠦᠷᠢᠭ ᠤᠨ ᠪᠠᠷᠢᠮᠵᠢᠶ᠎ᠠ ᠪᠠᠷ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠦᠨᠳᠦᠰᠦᠨ ᠡᠮ ᠤᠨ ᠳᠦᠷᠢᠮ ᠤᠨ ᠨᠥᠬᠦᠪᠦᠷᠢ ᠶᠢᠨ | ᠪᠡᠯᠡ ᠮᠥᠩᠭᠦ ᠶᠢ ᠲᠣᠬᠢᠷᠠᠭᠤᠯᠤᠨ᠎ᠠ᠃ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠡᠷᠴᠢᠮ ᠢᠶᠠᠨ ᠴᠢᠩᠭᠠᠷᠠᠭᠤᠯᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠦᠨᠳᠦᠰᠦᠯᠡᠨ ᠵᠣᠬᠢᠴᠠᠩᠭᠤᠶ ᠨᠥᠬᠦᠪᠦᠷᠢ ᠤᠯᠭᠤᠨ᠎ᠠ᠃ ᠬᠦᠳᠡᠭᠡ | ᠲᠤᠰᠬᠤᠨ ᠤ ᠡᠮᠴᠢ ᠶᠢᠨ ᠠᠵᠢᠯ ᠠᠴᠠ ᠪᠠᠨ ᠳᠠᠷᠠᠬᠠᠯᠠᠬᠤ ᠲᠤᠭᠳᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦᠯᠢ 60 ᠨᠠᠰᠤ ᠬᠦᠷᠦᠭᠰᠡᠨ | ᠠᠵᠢᠯ ᠠᠴᠠ ᠪᠠᠨ ᠳᠠᠷᠬᠠᠯᠠᠬᠤ ᠨᠦᠬᠦᠴᠡᠯ ᠳᠤ ᠨᠡᠶᠢᠴᠡᠭᠰᠡᠨ ᠬᠦᠳᠡᠭᠡ ᠲᠤᠰᠬᠤᠨ ᠤ ᠡᠮᠴᠢ ᠳᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠠᠰᠠᠷᠠᠮᠵᠢ ᠶᠢᠨ ᠲᠠᠭᠠᠳᠬᠠᠯ ᠪᠠ ᠤᠷᠤᠨ ᠨᠤᠳᠤᠭ ᠤᠨ ᠵᠠᠰᠠᠭ ᠤᠨ ᠤᠷᠳᠤᠨ ᠤ ᠲᠤᠭᠳᠠᠭᠰᠠᠨ ᠨᠤᠷᠮ᠎ᠠ ᠪᠠᠷ ᠨᠦᠬᠦᠪᠦᠷᠢᠯᠡᠬᠦ ᠶᠢ ᠬᠠᠷᠢᠯᠴᠠᠨ | ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠨᠦᠬᠦᠪᠦᠷᠢ ᠶᠢᠨ ᠲᠦᠷᠢᠮ ᠢ ᠦᠷᠭᠦᠯᠵᠢᠯᠡᠨ ᠬᠡᠷᠡᠭᠵᠢᠬᠦᠯᠵᠤ᠂ ᠡᠯ᠎ᠡ ᠬᠤᠰᠢᠭᠤ ᠲᠤᠭᠤᠷᠢᠭ ᠠᠵᠤ ᠠᠬᠤᠢ | ᠨᠡᠶᠢᠭᠡᠮ ᠤᠨ ᠬᠦᠭᠵᠢᠯᠳᠡ ᠶᠢ ᠳᠠᠭᠠᠯᠳᠤᠨ ᠨᠠᠰᠤᠵᠢᠯ ᠤᠨ ᠠᠰᠠᠷᠠᠮᠵᠢ ᠶᠢᠨ ᠤᠯᠭᠤᠮᠵᠢ ᠶᠢ ᠠᠯᠬᠤᠮ ᠠᠯᠬᠤᠮ ᠢᠶᠠᠷ ᠳᠡᠭᠡᠭᠰᠢᠯᠡᠬᠦᠯᠵᠤ᠂ ᠬᠦᠳᠡᠭᠡ ᠲᠤᠰᠬᠤᠨ ᠤ | ᠡᠮᠴᠢ ᠶᠢᠨ ᠠᠵᠢᠯ ᠤᠨ ᠪᠠᠶᠢᠷᠢ ᠶᠢᠨ ᠳᠠᠳᠠᠬᠤ ᠬᠦᠴᠦᠨ ᠢ ᠦᠨᠡᠨᠬᠦ ᠳᠡᠭᠡᠭᠰᠢᠯᠡᠭᠦᠯᠦᠨ᠎ᠡ᠃ | ︵ᠭᠤᠷᠪᠠ︶ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠲᠤᠭᠲᠠᠯᠴᠠᠭ᠎ᠠ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠎ᠡ | 1. ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠲᠦᠷᠭᠡᠳᠬᠡᠨ ᠪᠠᠶᠢᠭᠤᠯᠤᠨ᠎ᠠ᠃ ᠬᠤᠰᠢᠭᠤ | ᠲᠣᠭᠤᠷᠢᠭ ᠤᠨ ᠱᠠᠲᠤᠨ ᠤ ᠡᠮᠨᠡᠯᠭᠡ ᠶᠢᠨ ᠬᠤᠷᠢᠶ᠎ᠠ ᠪᠠᠷ ᠬᠥᠲᠥᠴᠢ ᠪᠣᠯᠭᠠᠭᠰᠠᠨ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠᠷ | ᠵᠠᠩᠭᠢᠯᠠᠭ᠎ᠠ ᠪᠣᠯᠭᠠᠭᠰᠠᠨ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢᠶᠠᠷ ᠰᠠᠭᠤᠷᠢ ᠪᠣᠯᠭᠠᠭᠰᠠᠨ ᠨᠢᠭᠲᠠ ᠬᠡᠯᠪᠡᠷᠢ ᠶᠢᠨ ᠰᠢᠶᠠᠨ ᠤ | ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠥᠷᠭᠡᠨ ᠢᠶᠠᠷ ᠬᠡᠷᠡᠭᠵᠢᠭᠦᠯᠵᠦ᠂ ᠬᠥᠮᠦᠨ ᠪᠠ ᠡᠳ᠋ ᠪᠣᠳᠠᠰ ᠢ ᠨᠢᠭᠡᠳᠦᠯᠲᠡᠶ | ᠲᠥᠪᠯᠡᠷᠡᠭᠦᠯᠦᠨ ᠬᠠᠮᠢᠶᠠᠷᠬᠤ ᠶᠢ ᠬᠡᠷᠡᠭᠵᠢᠭᠦᠯᠦᠨ᠎ᠡ᠃ ᠡᠮᠴᠢᠯᠡᠭᠡᠨ ᠤ ᠬᠠᠮᠳᠣ ᠶᠢᠨ ᠴᠣᠠᠠᠴᠠ ᠶᠢᠨ ᠲᠣᠳᠣᠭᠠᠳᠣ ᠶᠢᠨ ᠠᠯᠥᠰ ᠡᠵᠡᠮᠰᠢᠯᠳᠦ ᠡᠮᠴᠢᠯᠡᠭᠡᠨ ᠤ | ᠦᠢᠯᠡᠴᠢᠯᠡᠭᠡᠨ ᠤ ᠲᠤᠭᠲᠠᠯᠴᠠᠭ᠎ᠠ ᠶᠢ ᠳᠥᠷᠭᠡᠳᠭᠡᠨ ᠪᠠᠶᠢᠭᠤᠯᠵᠦ᠂ ᠠᠯᠥᠰ ᠡᠵᠡᠮᠰᠢᠯ ᠢᠶᠠᠷ ᠬᠠᠮᠳᠣᠷᠡᠨ ᠣᠨᠣᠰᠢᠯᠠᠬᠤ᠂ ᠪᠤᠯᠵᠤᠵᠦ ᠰᠢᠯᠵᠢᠬᠦᠯᠦᠨ ᠣᠨᠣᠰᠢᠯᠠᠬᠤ᠂ | ᠢᠨᠲ᠋ᠧᠷ ᠰᠦᠯᠵᠢᠶ᠎ᠡ ᠪᠠᠷ ᠲᠠᠬᠢᠨ ᠡᠮᠨᠡᠬᠦ᠂ ᠠᠯᠥᠰ ᠡᠵᠡᠮᠰᠢᠯ ᠢᠶᠠᠷ ᠪᠠᠶᠢᠴᠠᠭᠠᠯᠳᠡ ᠬᠢᠬᠦ ᠶᠢ ᠳᠡᠯᠭᠡᠷᠡᠬᠦᠯᠵᠦ᠂ ︽ᠦᠨᠳᠣᠰᠣᠡ ᠱᠠᠳᠣᠨ ᠳᠤ ᠪᠠᠶᠢᠴᠠᠭᠠᠬᠤ᠂ | ᠳᠡᠭᠡᠳᠦ ᠱᠠᠲᠤᠨ ᠳᠤ ᠣᠨᠣᠰᠢᠯᠠᠭᠤᠯᠬᠤ︾ ᠦᠢᠯᠡᠴᠢᠯᠡᠭᠡᠨ ᠤ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠬᠦᠯᠥᠨ᠎ᠠ᠃ ᠡᠮᠴᠢᠯᠡᠭᠡᠨ ᠤ ᠬᠠᠮᠲᠤ ᠶᠢᠨ | ᠴᠣᠭᠴᠠ ᠶᠢᠨ ᠲᠦᠷᠦᠭᠦᠯᠡᠬᠦ ᠡᠮᠨᠡᠯᠭᠡ ᠶᠢᠨ ᠬᠤᠷᠢᠶ᠎ᠠ ᠪᠠᠷ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ | ᠭᠠᠵᠠᠷ ᠪᠣᠯᠭᠠᠵᠤ᠂ ᠰᠦᠯᠵᠢᠶᠡᠨ ᠳᠡᠭᠡᠷᠡᠬᠢ ᠰᠠᠭᠤᠷᠢ ᠪᠣᠯᠪᠠᠰᠤᠷᠠᠯ ᠪᠠ ᠰᠦᠯᠵᠢᠶᠡᠨ ᠭᠠᠳᠠᠨᠠᠬᠢ ᠪᠣᠳᠠᠲᠠᠶ ᠪᠣᠯᠪᠠᠰᠤᠷᠠᠯ ᠤᠨ ᠰᠤᠷᠢᠯᠲᠠ ᠶᠢ ᠤᠶᠠᠯᠳᠤᠭᠤᠯᠬᠤ | ᠠᠷᠭ᠎ᠠ ᠮᠠᠶ᠋ᠢᠭ ᠢ ᠠᠪᠴᠤ᠂ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ ᠤ ᠲᠦᠷᠭᠡᠨ ᠡᠮᠨᠡᠬᠦ ᠲᠦᠷᠭᠡᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠤᠰᠬᠠᠶ ᠮᠡᠷᠭᠡᠵᠢᠯ ᠤᠨ ᠠᠵᠢᠯᠲᠠᠨ ᠪᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠣᠨᠣᠰᠢᠯᠠᠨ ᠡᠮᠨᠡᠬᠦ ᠲᠥᠬᠦᠭᠡᠷᠦᠮᠵᠢ᠂ ᠡᠮ ᠤᠨ ᠵᠦᠢᠯ ᠢ ᠵᠦᠶ ᠵᠣᠬᠢᠰᠲᠠᠶ ᠳᠣᠭᠢᠷᠠᠭᠤᠯᠵᠤ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠴᠢᠯᠡᠭᠡᠨ ᠤ ᠬᠠᠮᠳᠣ ᠶᠢᠨ ᠴᠣᠠᠠᠴᠠ ᠶᠢᠨ ᠠᠵᠢᠯ ᠤᠨ ᠠᠮᠵᠢᠯᠳᠡ ᠪᠦᠳᠦᠮᠵᠢ ᠶᠢᠨ | ᠰᠢᠯᠭᠠᠨ ᠬᠢᠨᠠᠯᠲᠠ ᠶᠢ ᠴᠢᠩᠭᠠᠳᠬᠠᠵᠦ᠂ ᠡᠬᠢ ᠪᠠᠶᠠᠯᠢᠭ ᠪᠠ ᠡᠪᠡᠳᠴᠢᠳᠡᠨ ᠤ ᠳᠤᠷᠤᠭᠰᠢ ᠦᠨᠳᠣᠰᠣᠡ ᠱᠠᠳᠣᠨ ᠤ ᠡᠮᠴᠢᠯᠡᠭᠡ ᠡᠷᠡᠬᠦᠯ ᠬᠠᠮᠠᠭᠠᠯᠠᠯ ᠤᠨ | ᠪᠠᠶᠢᠭᠤᠯᠥᠮᠵᠢ ᠳᠤ ᠡᠮᠨᠡᠭᠦᠯᠬᠦ ᠶᠢ ᠬᠥᠲᠦᠯᠦᠨ ᠵᠢᠯᠥᠭᠤᠳᠤᠨᠠ᠃ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠤᠰᠢᠭᠤ | ᠲᠣᠭᠤᠷᠢᠭ ᠤᠨ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠡᠮ ᠬᠡᠷᠡᠭᠯᠡᠬᠦ ᠭᠠᠷᠴᠠᠭ ᠢᠶᠠᠨ ᠵᠣᠯᠭᠠᠭᠤᠯᠤᠨ ᠨᠢᠭᠡᠳᠬᠡᠵᠦ᠂ ᠵᠣᠷ ᠢ ᠴᠢᠯᠥᠭᠡᠲᠡᠶ ᠰᠢᠯᠵᠢᠭᠦᠯᠬᠦ ᠶᠢ | ᠠᠬᠢᠭᠤᠯᠤᠨ᠎ᠠ᠃ 2025 ᠣᠨ ᠪᠣᠯᠬᠤ ᠳᠤ᠂ ᠰᠢᠶᠠᠨ ᠤ ᠬᠡᠪᠴᠢᠶᠡᠨ ᠳᠠᠬᠢ ᠦᠨᠳᠦᠰᠦᠨ ᠱᠠᠲᠤᠨ ᠳᠤ ᠡᠪᠡᠳᠴᠢᠨ ᠢᠶᠠᠨ ᠦᠵᠡᠭᠦᠯᠬᠦ ᠨᠣᠷᠮ᠎ᠠ ᠶᠢ | 65% ᠠᠴᠠ ᠳᠡᠭᠡᠭᠰᠢ ᠳᠤ ᠬᠦᠷᠦᠭᠦᠯᠦᠨ᠎ᠡ᠃ | 2. ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠬᠥᠰᠢᠭᠦᠷᠭᠡ ᠶᠢᠨ ᠲᠣᠬᠢᠷᠠᠭᠤᠯᠤᠯ ᠡᠵᠡᠮᠳᠡᠯ ᠤᠨ ᠦᠢᠯᠡᠳᠦᠯ ᠢ ᠪᠠᠳᠠᠷᠠᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠪᠠ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠡᠬᠢᠯᠡᠵᠦ ᠲᠥᠯᠥᠬᠦ ᠱᠤᠭᠤᠮ᠂ ᠲᠠᠩᠰᠠ ᠲᠠᠶᠢᠯᠬᠤ ᠬᠠᠷᠢᠴᠠᠯ ᠤᠨ ᠵᠥᠷᠢᠶ᠎ᠡ ᠶᠢ ᠵᠦᠶ | ᠵᠣᠬᠢᠰᠲᠠᠶ ᠪᠤᠯᠭᠠᠵᠤ᠂ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠬᠦ ᠡᠪᠡᠳᠴᠢᠨ ᠪᠠ ᠤᠵᠢᠭ ᠴᠢᠨᠠᠷᠲᠠᠶ ᠡᠪᠡᠳᠴᠢᠨ ᠲᠠᠢ ᠡᠪᠡᠳᠴᠢᠲᠡᠳ | ᠳᠤᠷᠤᠭᠰᠢ ᠦᠨᠳᠦᠰᠦᠨ ᠱᠠᠲᠤᠨ ᠳᠤ ᠡᠪᠡᠳᠴᠢᠨ ᠢᠶᠠᠨ ᠡᠮᠨᠡᠭᠦᠯᠬᠦ ᠶᠢ ᠬᠥᠲᠦᠯᠦᠨ ᠵᠢᠯᠥᠭᠤᠳᠴᠦ᠂ ᠡᠮᠴᠢᠯᠡᠭᠡᠨ ᠤ ᠡᠬᠢ ᠪᠠᠶᠠᠯᠢᠭ ᠢ ᠵᠦᠶ ᠵᠣᠬᠢᠰᠲᠠᠶ | ᠳᠣᠭᠢᠷᠠᠭᠤᠯᠬᠤ ᠪᠠ ᠡᠪᠡᠳᠴᠢᠲᠡᠨ ᠤ ᠡᠮᠬᠢ ᠵᠢᠷᠤᠮ ᠲᠠᠢ ᠪᠠᠷ ᠡᠮᠨᠡᠭᠦᠯᠬᠦ ᠶᠢ ᠠᠬᠢᠭᠤᠯᠤᠨ᠎ᠠ᠃ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ ᠰᠢᠶᠠᠨ ᠤ ᠬᠡᠪᠴᠢᠶᠡᠨ ᠳᠠᠬᠢ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠢᠭᠤᠯᠤᠮᠵᠢ ᠳᠤ ᠬᠡᠷᠡᠭᠯᠡᠬᠦ ᠬᠠᠷᠢᠴᠠᠯ ᠢ | ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠡᠮ ᠤᠨ ᠵᠦᠢᠯ ᠢ ᠬᠡᠮᠵᠢᠶ᠎ᠡ ᠲᠠᠢ ᠪᠠᠷ ᠬᠤᠳᠠᠯᠳᠤᠨ ᠠᠪᠴᠦ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢ | ᠦᠯᠡᠳᠡᠭᠡᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠢᠭᠤᠯᠤᠮᠵᠢ ᠳᠠᠰᠢ ᠬᠡᠯᠪᠠᠶᠢᠯᠭᠡᠨ᠎ᠡ᠃ | ᠡᠮᠴᠢᠯᠡᠭᠡᠨ ᠤ ᠲᠠᠭᠠᠳᠬᠠᠯ ᠤᠨ ᠳᠡᠩᠰᠡ ᠳᠡᠶᠢᠯᠬᠤ ᠭᠠᠷᠴᠠᠭ ᠲᠤ ᠮᠠᠯᠵᠢᠬᠤ ᠳᠡᠷᠢᠶᠡᠯᠡᠬᠤ ᠣᠷᠣᠨ ᠳᠤ ᠲᠣᠬᠢᠷᠡᠬᠤ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ | ᠳᠥᠷᠦᠯ ᠵᠦᠢᠯ ᠢ ᠨᠡᠮᠡᠵᠦ ᠪᠠᠶᠢᠭᠤᠯᠬᠤ ᠶᠢ ᠨᠡᠶᠢᠳᠡᠪᠦᠷᠢᠵᠢᠭᠤᠯᠵᠦ᠂ ᠬᠦᠳᠡᠭᠡ ᠲᠣᠰᠬᠤᠨ ᠤ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠶᠢᠨ | ᠦᠢᠯᠡᠴᠢᠯᠡᠭᠡᠨ ᠤ ᠣᠷᠣᠯᠭ᠎ᠠ ᠶᠢᠨ ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠬᠦᠯᠦᠨ᠎ᠡ᠃ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠤᠨ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠣᠳᠣᠯᠲᠠ ᠶᠢ ᠠᠬᠢᠭᠤᠯᠵᠤ᠂ ᠨᠢᠭᠡ ᠴᠣᠭᠴᠠᠵᠢᠭᠤᠯᠤᠨ ᠬᠠᠮᠢᠶᠠᠷᠬᠤ ᠶᠢ ᠪᠡᠶᠡᠯᠡᠭᠦᠯᠦᠭᠰᠡᠨ ᠭᠠᠴᠠᠭ᠎ᠠ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠳᠤ ᠣᠷᠣᠭᠤᠯᠵᠤ᠂ ᠰᠦᠯᠵᠢᠶ᠎ᠡ | ᠬᠤᠯᠪᠤᠬᠤ ᠴᠢᠳᠠᠪᠤᠷᠢ ᠶᠢ ᠬᠠᠮᠵᠢᠯᠴᠠᠨ ᠳᠡᠭᠡᠭᠰᠢᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠳ᠋ᠦᠩᠨᠡᠨ ᠪᠤᠳᠤᠬᠤ ᠶᠢ ᠨᠡᠭᠡᠭᠡᠵᠦ᠂ ᠣᠯᠠᠨ ᠲᠦᠮᠡᠨ ᠤ | ᠣᠶᠢᠷ᠎ᠠ ᠬᠠᠪᠢ ᠳᠤ ᠪᠠᠨ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠦᠨᠳᠦᠰᠦᠨ ᠱᠠᠲᠤᠨ ᠤ | ᠡᠪᠡᠳᠴᠢᠨ ᠤ ᠲᠥᠷᠥᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠬᠤ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠭᠡ ᠶᠢ ᠬᠥᠮᠦᠨ ᠤ ᠲᠤᠭ᠎ᠠ᠂ ᠡᠪᠡᠳᠴᠢᠨ ᠤ ᠲᠥᠷᠥᠯ ᠵᠦᠢᠯ ᠢᠶᠠᠷ ᠨᠢ ᠵᠠᠷᠤᠳᠠᠯ ᠥᠭᠬᠦ | ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠰᠦᠪᠡᠭᠴᠢᠯᠡᠬᠦ ᠬᠡᠷᠡᠭᠲᠡᠶ᠃ ᠡᠭᠦᠳᠡᠨ ᠡᠮᠨᠡᠯᠭᠡ ᠶᠢᠨ ᠪᠠᠶᠢᠴᠠᠭᠠᠨ ᠦᠵᠡᠬᠦ ᠵᠠᠷᠤᠳᠠᠯ ᠢ ᠡᠮᠴᠢ ᠶᠢᠨ ᠵᠡᠷᠭᠡ ᠳᠡᠰ ᠢᠶᠠᠷ | ᠬᠤᠪᠢᠶᠠᠨ ᠦᠨ᠎ᠡ ᠲᠣᠭᠲᠠᠭᠠᠵᠤ᠂ ᠢᠵᠢᠯ ᠬᠤᠲᠠ ᠳᠤ ᠢᠵᠢᠯ ᠦᠨ᠎ᠡ ᠪᠠᠶᠢᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠭᠡᠷ ᠪᠦᠯᠢ ᠶᠢᠨ ᠡᠮᠴᠢ ᠶᠢᠨ | ᠭᠡᠷ᠎ᠠ ᠲᠣᠠᠠᠳᠠᠨ ᠦᠢᠯᠡᠴᠢᠯᠡᠬᠦ ᠡᠮᠴᠢᠯᠡᠭᠡᠨ ᠤ ᠲᠠᠭᠠᠳᠬᠠᠯ ᠤᠨ ᠲᠣᠭᠠᠴᠠᠭ᠎ᠠ ᠬᠢᠬᠦ ᠲᠣᠷᠰᠢᠯᠳᠡ ᠶᠢᠨ ᠴᠢᠬ ᠢ ᠦᠷᠨᠢᠬᠦᠯᠵᠦ᠂ ᠭᠤᠤᠯᠳᠡᠯᠭ᠎ᠠ ᠲᠠᠢ ᠬᠦᠮᠦᠰ ᠢ | ᠬᠦᠮᠦᠨ ᠤ ᠲᠤᠭ᠎ᠠ ᠪᠠᠷ ᠵᠠᠷᠣᠳᠡᠯ ᠲᠣᠰᠢᠶᠡᠵᠦ᠂ ᠵᠢᠯ ᠤᠨ ᠰᠡᠬᠦᠯᠴᠢ ᠶᠢᠨ ᠦᠯᠡᠳᠡᠪᠦᠷᠢ ᠶᠢ ᠦᠯᠡᠳᠡᠭᠡᠨ ᠭᠡᠷᠡᠭᠯᠡᠵᠦ᠂ ᠭᠡᠷ ᠪᠦᠯᠢ ᠶᠢᠨ ᠡᠮᠴᠢ ᠶᠢᠨ ᠭᠡᠷ᠎ᠠ | ᠲᠣᠠᠠᠳᠠᠨ ᠦᠢᠯᠡᠴᠢᠯᠡᠬᠦ ᠢᠳᠡᠪᠬᠢᠵᠢᠯ ᠢ ᠳᠡᠭᠡᠭᠰᠢᠯᠡᠬᠦᠯᠥᠨ᠎ᠠ᠃ | 3. ᠰᠦᠯᠵᠢᠶᠡᠨ ᠤ ᠰᠠᠭᠤᠷᠢ ᠳᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠪᠥᠬᠦ ᠬᠤᠲᠠ ᠶᠢᠨ ᠦᠨᠳᠦᠰᠦᠨ | ᠱᠠᠲᠤᠨ ᠤ ᠨᠢᠭᠡ ᠴᠣᠭᠴᠠᠵᠢᠭᠤᠯᠤᠭᠰᠠᠨ ᠮᠡᠳᠡᠭᠡ ᠵᠠᠩᠭᠢ ᠶᠢᠨ ᠰᠢᠰᠲ᠋ᠧᠮ ᠢ ᠨᠢᠭᠡᠳᠦᠯᠲᠡᠶ ᠪᠠᠶᠢᠷᠢᠯᠠᠭᠤᠯᠵᠤ᠂ ᠬᠤᠲᠠ ᠶᠢᠨ ᠱᠠᠲᠤᠨ ᠤ ᠪᠥᠬᠦ ᠠᠷᠠᠳ ᠤᠨ | ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ ᠲᠤᠭ᠎ᠠ ᠪᠠᠷᠢᠮᠲᠠ ᠲᠠᠢ ᠵᠣᠯᠭᠠᠭᠤᠯᠵᠤ᠂ ᠡᠮᠴᠢᠯᠡᠭᠡ ᠬᠢᠭᠡᠳ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠲᠤᠬᠠᠶᠢᠯᠠᠭᠰᠠᠨ ᠠᠵᠢᠯ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ | ᠪᠡᠶᠡᠯᠡᠭᠦᠯᠦᠨ᠎ᠡ᠃ ᠰᠦᠯᠵᠢᠶᠡᠨ ᠤ ᠰᠠᠭᠤᠷᠢ ᠳᠥᠬᠦᠭᠡᠷᠦᠮᠵᠢ ᠶᠢᠨ ᠦᠢᠯᠡᠴᠢᠯᠡᠬᠡᠨ ᠤ ᠴᠢᠳᠠᠪᠤᠷᠢ ᠶᠢ ᠴᠢᠩᠭᠠᠳᠬᠠᠵᠤ᠂ ᠣᠲᠣ ᠶᠢᠨ ᠪᠠᠶᠢᠭ᠎ᠠ ᠰᠦᠯᠵᠢᠶᠡᠨ ᠤ | ᠴᠢᠳᠠᠮᠵᠢ ᠶᠢ ᠲᠠᠰᠤᠷᠠᠯᠲᠠ ᠥᠬᠡᠶ ᠰᠢᠯᠢᠳᠡᠭᠵᠢᠭᠦᠯᠵᠤ᠂ ᠰᠦᠯᠵᠢᠶᠡᠨ ᠤ ᠶᠠᠰᠤ ᠴᠢᠨᠠᠷ ᠪᠠ ᠬᠠᠮᠤᠷᠬᠤ ᠭᠦᠴᠦ ᠶᠢ ᠳᠡᠭᠡᠭᠰᠢᠯᠡᠭᠦᠯᠵᠦ᠂ ᠡᠮᠴᠢᠯᠡᠭᠡᠨ ᠤ ᠡᠷᠡᠭᠦᠯ | ᠮᠡᠨᠳᠦ ᠶᠢᠨ 5G ᠰᠦᠯᠵᠢᠶ᠎ᠡ ᠶᠢᠨ ᠬᠥᠳᠡᠭᠡ ᠲᠣᠰᠬᠤᠨ ᠳᠠᠬᠢ ᠪᠥᠲᠥᠭᠡᠨ ᠪᠠᠶᠢᠭᠤᠯᠤᠯᠲᠠ ᠶᠢ ᠴᠠᠭ ᠲᠤᠨᠢ ᠳᠣᠭᠢᠷᠠᠭᠤᠯᠤᠨ ᠠᠬᠢᠭᠤᠯᠵᠤ᠂ ᠬᠡᠷᠡᠭᠴᠡᠭᠡ ᠲᠠᠢ | ᠨᠥᠬᠦᠴᠡᠯ ᠲᠠᠢ ᠡᠮᠴᠢᠯᠡᠭᠡᠨ ᠤ ᠪᠠᠶᠢᠭᠤᠯᠤᠮᠵᠢ ᠳᠤ ᠮᠢᠩᠭᠠᠨ ᠮᠧᠭ᠎ᠠ ᠶᠢᠨ ᠬᠡᠷᠡᠯ ᠰᠢᠷᠬᠡᠭ ᠢ ᠵᠠᠯᠭᠠᠨ ᠣᠷᠣᠭᠤᠯᠵᠤ᠂ IPv6 ᠳᠤ ᠰᠠᠭᠤᠷᠢᠯᠠᠭᠰᠠᠨ | ᠲᠠᠷᠠᠭᠠᠴᠢ ᠶᠢᠨ ᠨᠢᠭᠡ ᠦᠶ᠎ᠡ ᠶᠢᠨ ᠢᠨᠲ᠋ᠧᠷ ᠰᠦᠯᠵᠢᠶᠡᠨ ᠤ ᠬᠡᠪᠴᠢᠶ᠎ᠡ ᠶᠢᠨ ᠪᠠᠶᠢᠷᠢᠯᠠᠭᠤᠯᠤᠯᠲᠠ ᠪᠠ ᠬᠡᠷᠡᠭᠯᠡᠯᠲᠡ ᠶᠢ ᠠᠬᠢᠭᠤᠯᠤᠨ᠎ᠠ᠃ ︽ᠨᠡᠭᠦᠳᠡᠯ | ᠡᠮᠨᠡᠯᠭᠡ ᠶᠢᠨ ᠬᠤᠷᠢᠶ᠎ᠠ︾ ᠶᠢᠨ ᠲᠥᠷᠥᠯ ᠵᠦᠢᠯ ᠢ ᠥᠷᠨᠢᠭᠦᠯᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠠᠯᠤᠰ ᠡᠵᠡᠮᠰᠢᠯᠲᠦ ᠡᠮᠴᠢᠯᠡᠭᠡᠨ ᠤ | ᠦᠢᠯᠡᠴᠢᠯᠡᠭᠡᠨ ᠤ ᠲᠤᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠠᠬᠢ | ᠵᠣᠬᠢᠶᠠᠮᠠᠯ ᠣᠶᠤᠨᠴᠢ ᠲᠤᠰᠠᠯᠠᠬᠤ ᠬᠡᠷᠡᠭᠯᠡᠯᠲᠡ ᠶᠢ ᠲᠦᠷᠭᠡᠳᠬᠡᠨ ᠠᠬᠢᠭᠤᠯᠤᠨ᠎ᠠ᠃ | 4. ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠡᠳ᠋ ᠤᠨ ᠵᠠᠰᠠᠭ ᠤᠨ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ ᠤ ᠬᠤᠪᠢ ᠬᠥᠮᠦᠨ ᠤ ᠵᠠᠷᠤᠳᠠᠯ ᠲᠤᠰᠢᠶᠠᠬᠤ ᠬᠡᠰᠡᠭ ᠢ | ᠲᠥᠷᠥᠯ ᠬᠤᠪᠢᠶᠠᠨ ᠲᠤᠰᠠᠯᠠᠨ᠎ᠠ᠃ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ | ᠪᠦᠷᠢᠨᠰᠢᠬᠦᠯᠵᠦ᠂ ᠲᠣᠭᠤᠷᠢᠨ ᠡᠮᠨᠡᠬᠦ᠂ ᠲᠣᠮᠢᠯᠠᠨ ᠰᠠᠭᠤᠯᠭᠠᠬᠤ ᠶᠢ ᠴᠢᠩᠭᠠᠳᠬᠠᠵᠤ᠂ ᠣᠯᠠᠨ ᠲᠦᠮᠡᠨ ᠤ ᠴᠠᠭ ᠲᠤᠬᠠᠶ ᠳᠤᠨᠢ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡ ᠭᠥᠷᠳᠡᠬᠦ ᠶᠢ ᠦᠨᠡᠨᠬᠦ ᠪᠠᠲᠤᠯᠠᠨ᠎ᠠ᠃ ᠶᠡᠭᠡ ᠡᠪᠡᠳᠴᠢᠲᠡᠨ᠂ ᠬᠦᠨᠳᠦ ᠡᠪᠡᠳᠴᠢᠲᠡᠨ ᠢ ᠠᠪᠤᠷᠠᠨ ᠵᠠᠰᠠᠭᠰᠠᠨ ᠪᠠᠶᠢᠳᠠᠯ ᠢ | ᠬᠥᠳᠡᠯᠦᠩᠭᠦᠶ ᠪᠠᠷ ᠬᠢᠨᠠᠨ ᠬᠡᠮᠵᠢᠬᠦ ᠶᠢ ᠴᠢᠩᠭᠠᠳᠬᠠᠵᠤ᠂ ᠠᠪᠤᠷᠠᠨ ᠵᠠᠰᠠᠵᠤ ᠡᠷᠡᠭᠦᠯᠵᠢᠭᠦᠯᠬᠦ ᠦᠢᠯᠡᠴᠢᠯᠡᠭᠡᠨ ᠢ ᠴᠠᠭ ᠲᠤᠬᠠᠶ ᠳᠤᠨᠢ ᠰᠠᠶᠢᠲᠤᠷ ᠬᠢᠨ᠎ᠡ᠃ | |