ᠣᠯᠠᠨ ᠨᠡᠶᠢᠲᠡ ᠶᠢᠨ ᠰᠦᠷᠢᠶ᠎ᠡ ᠡᠪᠡᠳᠴᠢᠨ ᠤ ᠲᠤᠬᠠᠶ ᠤᠶᠢᠯᠠᠭᠠᠯᠲᠠ ᠲᠠᠨᠢᠯᠲᠠ ᠶᠢ ᠭᠦᠨᠵᠡᠭᠡᠶᠢᠷᠡᠭᠦᠯᠵᠦ ᠥᠪᠡᠷ ᠢ ᠪᠠᠨ ᠬᠠᠮᠠᠭᠠᠯᠠᠬᠤ ᠤᠬᠠᠮᠰᠠᠷ ᠢ | ᠴᠢᠩᠭᠠᠳᠬᠠᠬᠤ ᠶᠢᠨ ᠲᠥᠯᠥᠭᠡ ᠤᠶᠢᠷ᠎ᠠ ᠶᠢᠨ ᠡᠳᠦᠷ ᠮᠠᠨ ᠤ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠠᠷᠠᠳ ᠤᠨ ᠡᠮᠨᠡᠯᠭᠡ ᠶᠢᠨ | ᠬᠤᠷᠢᠶ᠎ᠠ᠂ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠭᠠᠯᠠᠭᠤᠲᠤ ᠪᠠᠯᠭᠠᠰᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡ ᠶᠢᠨ ᠲᠥᠪ ᠵᠡᠷᠭᠡ ᠡᠮᠴᠢᠯᠡᠭᠡᠨ ᠤ ᠪᠠᠶᠢᠭᠤᠯᠤᠮᠵᠢ ᠠᠴᠠ ᠬᠠᠮᠲᠤᠷᠠᠨ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠵᠢᠴᠢ ᠠᠯᠪᠠᠨ | ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃ | ᠠᠬᠤᠢ ᠲᠠᠯᠠᠪᠠᠢ ᠳᠤ ᠂ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠰᠦᠷᠢᠶ᠎ᠡ ᠡᠪᠡᠳᠴᠢᠨ ᠤ ᠰᠠᠯᠠᠭᠠᠨ ᠤ ᠠᠵᠢᠯᠲᠠᠳ ᠠᠴᠠ | ᠰᠠᠭᠤᠭᠠᠯᠢ ᠠᠷᠠᠳ ᠲᠤ ᠰᠦᠷᠢᠶ᠎ᠡ ᠡᠪᠡᠳᠴᠢᠨ ᠤ ᠬᠠᠯᠳᠠᠪᠤᠷᠢᠯᠠᠯ ᠤᠨ ᠵᠠᠮ᠂ ᠪᠠᠶᠢᠩᠭᠤ ᠲᠣᠬᠢᠶᠠᠯᠳᠤᠬᠤ ᠡᠪᠡᠳᠴᠢᠨ ᠤ ᠢᠯᠡᠷᠡᠯ᠂ ᠤᠷᠢᠳᠴᠢᠯᠠᠨ ᠰᠡᠷᠭᠡᠶᠢᠯᠡᠬᠦ | ᠠᠷᠭ᠎ᠠ ᠬᠡᠮᠵᠢᠶ᠎ᠡ ᠵᠢᠴᠢ ᠤᠯᠤᠰ ᠤᠨ ᠰᠦᠢᠳᠬᠡᠯ ᠬᠤᠷᠢᠶᠠᠬᠤ ᠥᠬᠡᠶ ᠪᠠᠷ ᠡᠮᠨᠡᠨ ᠵᠠᠰᠠᠬᠤ ᠲᠥᠷᠥ ᠶᠢᠨ ᠪᠣᠳᠣᠯᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ | ᠲᠠᠶᠢᠯᠪᠤᠷᠢᠯᠠᠵᠤ ᠥᠭᠪᠡ᠃ ᠪᠤᠰᠤᠳ ᠡᠮᠴᠢᠯᠡᠭᠡᠨ ᠤ ᠪᠠᠶᠢᠭᠤᠯᠤᠮᠵᠢ ᠠᠴᠠ ᠰᠦᠷᠢᠶ᠎ᠡ ᠡᠪᠡᠳᠴᠢᠨ ᠤ ᠢᠯᠡᠷᠡᠯ ᠢ ᠢᠯᠭᠠᠨ ᠲᠠᠨᠢᠬᠤ ᠠᠷᠭ᠎ᠠ ᠪᠠ ᠬᠠᠮᠢᠶ᠎ᠠ ᠪᠦᠬᠦᠢ | ᠡᠮ ᠬᠡᠷᠡᠭᠯᠡᠬᠦ ᠲᠤᠬᠠᠢ ᠵᠢᠯᠤᠭᠤᠳᠤᠨ ᠤᠬᠠᠭᠤᠯᠵᠤ᠂ ᠠᠷᠠᠳ ᠤᠯᠠᠨ ᠳᠤ ᠴᠢᠰᠤᠨ ᠳᠠᠷᠤᠯᠲᠠ ᠴᠢᠰᠤᠨ ᠰᠢᠬᠢᠷ ᠢ ᠬᠡᠮᠵᠢᠬᠦ ᠵᠡᠷᠭᠡ ᠦᠢᠯᠡᠴᠢᠯᠡᠭᠡ ᠬᠠᠩᠭᠠᠭᠰᠠᠨ ᠤ | ᠬᠠᠮᠲᠤ ᠰᠦᠷᠢᠶ᠎ᠡ ᠡᠪᠡᠳᠴᠢᠨ ᠤ ᠬᠠᠯᠳᠠᠪᠤᠷᠢᠯᠠᠯ ᠤᠨ ᠵᠠᠮ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ᠂ ᠡᠮᠨᠡᠨ ᠵᠠᠰᠠᠬᠤ ᠠᠷᠭ᠎ᠠ ᠵᠡᠷᠭᠡ ᠠᠭᠤᠯᠭ᠎ᠠ ᠪᠦᠬᠦᠢ | ᠬᠤᠤᠰ ᠬᠡᠯᠡᠨ ᠤ ᠤᠬᠠᠭᠤᠯᠭ᠎ᠠ ᠶᠢᠨ ᠮᠠᠲ᠋ᠧᠷᠢᠶᠠᠯ᠂ ᠬᠡᠷ ᠪᠦᠯᠢ ᠶᠢᠨ ᠡᠷᠡᠭᠦᠯ ᠮᠡᠨᠳᠦ ᠶᠢᠨ ᠪᠡᠯᠡᠭ ᠤᠨ ᠪᠣᠭᠴᠣ ᠶᠢ 500 ᠭᠠᠷᠤᠶ ᠬᠤᠪᠢ ᠬᠤᠪᠢᠶᠠᠵᠤ᠂ ᠣᠯᠠᠨ | ᠲᠦᠮᠡᠨ ᠤ ᠬᠦᠷᠢᠶᠡᠯᠡᠯ ᠢ ᠣᠯᠤᠭᠰᠠᠨ ᠪᠠᠶᠢᠨ᠎ᠠ᠃ | ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠰᠠᠭᠤᠭᠠᠯᠢ | ᠠᠷᠠᠳ ᠤᠨ ᠳᠡᠷᠭᠡᠳᠡ ᠬᠦᠷᠭᠡᠵᠦ᠂ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠪᠥᠬᠦ | ᠨᠡᠶᠢᠭᠡᠮ ᠢᠶᠠᠷ ᠢᠶᠠᠨ ᠰᠦᠷᠢᠶ᠎ᠡ ᠡᠪᠡᠳᠴᠢᠨ ᠢ ᠦᠭᠡᠶᠢᠰᠬᠡᠬᠦ ᠠᠵᠢᠯᠯᠠᠭ᠎ᠠ ᠳᠤ ᠬᠠᠮᠲᠤ ᠪᠠᠷ ᠣᠷᠣᠯᠴᠠᠬᠤ ᠢᠳᠡᠭᠡᠯ ᠵᠣᠷᠢᠭ ᠢ ᠢᠯᠡᠷᠡᠭᠦᠯᠦᠭᠰᠡᠨ ᠪᠠᠶᠢᠨ᠎ᠠ᠃ | ᠬᠤᠶᠢᠰᠢᠲᠠ ᠮᠠᠨ ᠤ ᠬᠤᠰᠢᠭᠤ ︽ᠳᠡᠯᠡᠬᠡᠶ ᠶᠢᠨ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠡᠳᠦᠷ︾ ᠢᠶᠠᠷ ᠠᠵᠠ ᠲᠣᠬᠢᠶᠠᠯ ᠪᠣᠯᠭᠠᠨ᠂ ᠰᠦᠷᠢᠶ᠎ᠡ | ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠦᠷᠢᠶ᠎ᠡ ᠡᠪᠡᠳᠴᠢᠨ ᠢ ᠦᠭᠡᠶᠢᠰᠬᠡᠬᠦ ᠳᠤ | ᠬᠦᠴᠦᠨ ᠢᠶᠠᠨ ᠡᠷᠭᠦᠵᠦ᠂ ᠥᠷᠭᠡᠨ ᠣᠯᠠᠨ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ | ᠪᠠᠷ ᠴᠢᠷᠮᠠᠶᠢᠵᠤ ᠪᠠᠶᠢᠨ᠎ᠠ᠃ | | | ᠰᠤᠷᠪᠤᠯᠵᠢᠯᠠᠭᠴᠢ᠄ ᠷᠢᠸᠠᠳᠢ ᠵᠠᠩ ᠵᠢᠩ ᠵᠢᠩ |