3 ᠰᠠᠷ᠎ᠠ ᠶᠢᠨ 26 ᠤ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ | ᠨᠠᠢᠮᠠᠳᠤᠭᠠᠷ ᠣᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯᠳᠣᠭᠠᠨ ᠬᠤᠷᠠᠯᠳᠣᠵᠤ᠂ ᠬᠤᠰᠢᠭᠤ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ | ᠣᠷᠣᠯᠴᠠᠭᠰᠠᠨ ᠪᠠᠶᠢᠨ᠎ᠠ᠃ | | | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ ᠮᠤᠵᠢ ᠳᠤ ᠠᠵᠢᠯ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ | ᠬᠤᠷᠠᠯᠳᠤᠭᠠᠨ ᠤ ᠵᠣᠷᠢᠭ ᠰᠠᠨᠠᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ | ᠤᠳᠠᠭᠠᠨ ᠤ ᠬᠤᠷᠠᠯᠳᠤᠭᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯᠳᠤᠭᠠᠨ ᠳᠤ | ᠣᠷᠣᠯᠴᠠᠭᠰᠠᠨ ᠠᠷᠠᠳᠴᠢᠯᠠᠭᠰᠠᠨ ᠬᠤᠯᠪᠣᠭ᠎ᠠ᠂ ᠠᠷᠠᠳᠴᠢᠯᠠᠯ ᠢᠶᠠᠷ ᠠᠬᠢᠭᠤᠯᠬᠤ ᠬᠤᠷᠠᠯ᠂ ᠰᠤᠷᠭᠠᠨ ᠬᠥᠮᠦᠵᠢᠯ ᠤᠨ ᠡᠲᠡᠭᠡᠳ ᠤᠨ ᠭᠡᠰᠢᠭᠦᠳ ᠢ ᠪᠣᠯᠭᠤᠭᠠᠨ | ᠦᠵᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠬᠤᠶᠠᠷ ᠭᠤᠶᠢᠪᠢᠰᠢ ᠦᠭᠡᠢ | ᠶᠢᠨ ᠵᠣᠷᠢᠭ ᠰᠠᠨᠠᠭ᠎ᠠ ᠶᠢ ᠪᠠᠷᠢᠮᠲᠠᠯᠠᠨ ᠨᠠᠶᠢᠳᠠᠪᠤᠷᠢᠵᠢᠭᠤᠯᠬᠤ︾ ᠵᠡᠷᠭᠡ ᠠᠭᠤᠯᠭ᠎ᠠ ᠶᠢ ᠤᠯᠠᠮᠵᠢᠯᠠᠨ ᠰᠣᠷᠣᠯᠴᠠᠵᠣ᠂ ︽ᠬᠤᠰᠢᠭᠤ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠣᠯᠳᠠᠯᠭ᠎ᠠ︾ ︽ᠭᠡᠰᠢᠭᠦᠳ ᠤᠨ ᠲᠤᠰᠢᠶᠠᠯ ᠢᠶᠠᠨ ᠭᠦᠢᠴᠡᠳᠬᠡᠬᠦ ᠶᠢ | ᠪᠠᠲᠤᠯᠠᠬᠤ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠪᠠ ︽ᠤᠯᠤᠰ ᠲᠥᠷᠥ ᠶᠢᠨ ᠵᠥᠪᠯᠡᠯᠭᠡᠨ ᠤ ᠦᠦᠰᠢᠨ ᠬᠤᠰᠢᠭᠤᠨ ᠤ | ᠬᠤᠷᠢᠶ᠎ᠠ ᠶᠢᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠤᠨ ᠠᠷᠭ᠎ᠠ︾ ᠵᠡᠷᠭᠡ ᠵᠦᠢᠯᠡᠰ ᠢ ᠬᠢᠨᠠᠨ | ᠵᠦᠪᠰᠢᠶᠡᠷᠡᠪᠡ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠰᠠᠨᠠᠯ | ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠰᠡᠨ ᠪᠠᠶᠢᠳᠠᠯ ᠢ ᠮᠡᠳᠡᠭᠳᠡᠭᠰᠡᠨ ᠪᠥᠭᠡᠳ ᠡᠯ᠎ᠡ ᠵᠥᠪᠯᠡᠯ ᠤᠨ ᠠᠯᠪᠠᠨ ᠭᠡᠷ ᠤᠨ ᠲᠥᠪ ᠤᠨ 2025 ᠣᠨ ᠤ | ᠠᠵᠢᠯ ᠤᠨ ᠲᠣᠬᠢᠷᠠᠭᠤᠯᠤᠯᠲᠠ ᠶᠢ ᠰᠣᠨᠣᠰᠪᠠ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠵᠢᠴᠢ ᠵᠣᠬᠢᠶᠠᠯ ᠤᠨ ᠵᠣᠷᠢᠭ ᠰᠠᠨᠠᠭ᠎ᠠ ᠶᠢ | ᠭᠦᠨᠵᠡᠭᠡᠢ ᠣᠶᠢᠯᠠᠭᠠᠵᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠭᠯᠡᠯ ᠢᠶᠠᠨ ᠣᠨᠣᠪᠴᠢᠲᠠᠶ ᠡᠵᠡᠮᠰᠢᠨ ︽ᠳᠥᠷᠪᠡᠨ ᠤᠬᠠᠮᠰᠠᠷ︾ ᠢᠶᠠᠨ ᠤᠯᠠᠮ ᠨᠢᠭᠡ | ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠭᠰᠠᠨ︾ ᠢ ᠪᠡᠶᠡᠯᠡᠭᠦᠯᠵᠦ ᠮᠠᠨ ᠤ ᠬᠤᠰᠢᠭᠤᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠭᠤᠣᠯᠳᠠᠯᠭ᠎ᠠ ᠲᠠᠢ ᠬᠦᠴᠢᠷᠳᠠᠯ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠢᠳᠡᠪᠬᠢᠲᠡᠢ ᠪᠠᠷ | ᠠᠷᠭ᠎ᠠ ᠤᠬᠠᠭᠠᠨ ᠭᠠᠷᠭᠠᠵᠤ ᠬᠤᠪᠢ ᠨᠡᠮᠡᠷᠢ ᠪᠠᠨ ᠡᠷᠬᠦᠬᠦ ᠬᠡᠷᠡᠭᠲᠡᠢ᠃ ᠡᠯ᠎ᠡ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ ᠪᠣᠳᠠᠲᠤ | ᠦᠷ᠎ᠡ ᠪᠦᠲᠦᠮᠵᠢ ᠣᠯᠬᠤ ᠶᠢ ᠪᠠᠲᠤᠯᠠᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠦᠨᠡᠨᠬᠦ ᠮᠠᠨ ᠤ ᠬᠤᠰᠢᠭᠤᠨ ᠤ ᠬᠥᠭᠵᠢᠯᠲᠡ ᠶᠢ | ᠠᠬᠢᠭᠤᠯᠬᠤ᠂ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠬᠦᠴᠦᠲᠡᠢ ᠭᠠᠷᠳᠠᠴᠠ ᠪᠣᠯᠭᠠᠬᠤ ᠬᠡᠷᠡᠭᠲᠡᠢ᠃ ᠤᠯᠤᠰ ᠲᠥᠷᠥ ᠶᠢᠨ ᠵᠥᠪᠯᠡᠯᠭᠡᠨ ᠤ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠵᠤ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠵᠤ ᠪᠦᠬᠦ ᠭᠡᠰᠢᠭᠦᠳ ᠤᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠥᠲᠥᠯᠥᠨ ᠵᠢᠯᠤᠭᠤᠳᠴᠤ ᠪᠦᠯᠬᠦᠮᠳᠡᠯ ᠲᠠᠢ᠂ ᠡᠶ᠎ᠡ ᠵᠣᠬᠢᠴᠠᠯ ᠲᠠᠢ ᠠᠵᠢᠯ ᠤᠨ ᠠᠭᠤᠷ ᠠᠮᠢᠰᠬᠤᠯ ᠢ ᠪᠤᠢ | ᠪᠣᠯᠭᠠᠵᠤ ᠬᠠᠮᠲᠤ ᠶᠢᠨ ᠲᠠᠨᠢᠯᠲᠠ ᠶᠢ ᠴᠢᠩᠭᠠᠳᠬᠠᠨ ᠬᠦᠴᠦᠨ ᠴᠢᠳᠠᠯ ᠢ ᠨᠢᠭᠲᠠᠷᠠᠭᠤᠯᠵᠤ ᠤᠯᠤᠰ ᠲᠦᠷᠦ ᠶᠢᠨ ᠵᠥᠪᠯᠡᠯᠭᠡᠨ ᠢ ᠠᠮᠢᠵᠢᠷᠠᠯ ᠤᠨ ᠬᠦᠴᠦᠨ ᠢᠶᠠᠷ | ᠪᠢᠯᠬᠠᠮ᠎ᠠ ᠪᠣᠯᠭᠠᠬᠤ ᠬᠡᠷᠡᠭᠲᠡᠢ᠃ ᠢᠳᠡᠪᠬᠢᠲᠡᠢ ᠪᠠᠷ ᠰᠠᠨᠠᠯ ᠳᠤᠷᠠᠳᠤᠯᠭ᠎ᠠ ᠠᠷᠭ᠎ᠠ ᠤᠬᠠᠭᠠᠨ ᠭᠠᠷᠭᠠᠵᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠴᠢᠨᠠᠷ | ᠰᠠᠶᠢᠲᠠᠢ ᠬᠥᠭᠵᠢᠯᠲᠡ ᠳᠤ ᠣᠶᠤᠨ ᠤᠬᠠᠭᠠᠨ ᠨᠡᠮᠡᠷᠢᠯᠡᠵᠦ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠠᠭ ᠦᠶ᠎ᠡ ᠶᠢᠨ ᠱᠠᠭᠠᠷᠳᠠᠯᠭ᠎ᠠ ᠳᠤ ᠨᠠᠩ ᠢᠯᠡᠭᠦᠦ | ᠵᠣᠬᠢᠴᠠᠭᠤᠯᠤᠨ ᠣᠯᠠᠨ ᠲᠦᠮᠡᠨ ᠤ ᠬᠦᠰᠡᠯ ᠡᠷᠡᠮᠡᠯᠵᠡᠯ ᠢ ᠨᠠᠩ ᠢᠯᠡᠭᠦᠦ ᠬᠠᠩᠭᠠᠵᠤ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠰᠢᠨ᠎ᠡ ᠠᠶᠠᠨ ᠵᠠᠮ ᠳᠤ ᠨᠠᠩ ᠶᠡᠭᠡ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠣ ᠴᠢᠬᠤᠯᠠᠴᠢᠯᠠᠭᠰᠠᠨ ᠪᠠᠶᠢᠨ᠎ᠠ᠃ | |